ᠵᠢᠦ ᠶᠤᠸᠠᠨ ᠲᠤᠭᠤᠷᠢᠭ ︽ᠤᠨᠤᠯ ᠰᠤᠷᠤᠯᠴᠠᠵᠤ᠂ ᠨᠠᠮᠴᠢ ᠴᠢᠨᠠᠷ ᠢᠶᠠᠨ ᠴᠢᠩᠭᠠᠳᠬᠠᠵᠤ᠂ ᠬᠦᠭᠵᠢᠯᠳᠠ ᠶᠢ ᠠᠬᠢᠭᠤᠯᠤᠶ᠎ᠠ︾ ᠵᠢᠴᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ  ᠲᠤᠤᠱᠯᠠᠭᠤᠯᠬᠤ ᠭᠤᠤᠯ ᠰᠡᠳᠦᠪᠲᠦ ᠮᠡᠳᠡᠯᠭᠡ ᠶᠢᠨ ᠤᠷᠤᠯᠳᠤᠭᠠᠨ ᠦᠷᠨᠢᠭᠦᠯᠪᠡ
ᠨᠡᠶᠢᠲᠡᠯᠡᠭᠰᠡᠨ ᠴᠠᠭ᠄
2018/4/27
    ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ︽ ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠢ  ᠪᠠᠶᠢᠩᠭᠤᠵᠢᠭᠤᠯᠤᠨ ᠳᠦᠷᠢᠮᠵᠢᠭᠦᠯᠵᠤ᠂ ᠦᠷᠭᠡᠨ ᠤᠯᠠᠨ ᠨᠠᠮ ᠤᠨ ᠭᠡᠰᠢᠭᠦᠨ ᠤ ᠬᠦᠰᠡᠯᠡᠩ ᠢᠳᠡᠭᠡᠯ ᠵᠤᠷᠢᠭ ᠢ  ᠤᠯᠠᠮ ᠴᠢᠨᠠᠭᠰᠢᠳᠠ ᠪᠠᠲᠤᠳᠬᠠᠵᠤ᠂ ᠡᠯ᠎ᠠ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ  ᠨᠠᠮ ᠤᠨ ᠭᠡᠰᠢᠭᠦᠨ ᠤ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠭᠴᠢ ᠤᠬᠠᠮᠰᠠᠷ  ᠪᠤᠯᠤᠨ ᠨᠢᠭᠡᠳᠦᠯᠲᠠᠢ ᠪᠠᠶᠢᠬᠤ ᠤᠬᠠᠮᠰᠠᠷ ᠢ ᠲᠠᠰᠤᠷᠠᠯᠳᠠ ᠦᠭᠡᠢ ᠴᠢᠩᠭᠠᠳᠬᠠᠬᠤ ᠶᠢᠨ ᠲᠦᠯᠦᠭᠡ᠂ 12 ᠰᠠᠷ᠎ᠠ ᠶᠢᠨ  13᠎ ᠤ ᠦᠳᠡ ᠶᠢᠨ ᠬᠤᠶᠢᠨ᠎ᠠ᠂ ᠵᠢᠦ ᠶᠤᠸᠠᠨ ᠲᠤᠭᠤᠷᠢᠭ ᠤᠨ ᠬᠢᠨ ︽ᠤᠨᠤᠯ ᠰᠤᠷᠤᠯᠴᠠᠵᠤ᠂ ᠨᠠᠮᠴᠢ ᠴᠢᠨᠠᠷ ᠢᠶᠠᠨ  ᠴᠢᠩᠭᠠᠳᠬᠠᠵᠤ᠂ ᠬᠦᠭᠵᠢᠯᠳᠠ ᠶᠢ ᠠᠬᠢᠭᠤᠯᠤᠶ᠎ᠠ︾ ᠵᠢᠴᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ  ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠳᠦ ᠮᠡᠳᠡᠯᠭᠡ ᠶᠢᠨ ᠤᠷᠤᠯᠳᠤᠭᠠᠨ ᠦᠷᠨᠢᠭᠦᠯᠵᠠᠢ᠃  ᠲᠤᠭᠤᠷᠢᠭ ᠤᠨ ᠤᠳᠤᠷᠢᠳᠤᠯᠭ᠎ᠠ ᠪᠠᠢ ᠰᠢᠶᠠᠩ ᠬᠤᠸᠠ᠂ ᠴᠠᠩ ᠸᠧᠨ ᠯᠸᠢ᠂ ᠴᠢᠶᠤᠤ ᠵᠢᠶᠦ᠋ᠨ ᠲᠤᠰ  ᠠᠵᠢᠯᠯᠠᠭ᠎ᠠ ᠳᠤ ᠤᠷᠤᠯᠴᠠᠵᠤ᠂ ᠲᠤᠭᠤᠷᠢᠭ ᠤᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ᠂  ᠲᠤᠭᠤᠷᠢᠭ ᠤᠨ ᠤᠬᠠᠭᠤᠯᠬᠤ ᠬᠡᠯᠳᠡᠰ᠂ ᠪᠠᠶᠢᠭᠤᠯᠤᠯᠭ᠎ᠠ ᠶᠢᠨ ᠨᠠᠮ ᠤᠨ ᠠᠵᠢᠯ ᠤᠨ ᠬᠤᠷᠢᠶ᠎ᠠ᠂ ᠲᠤᠭᠤᠷᠢᠭ ᠤᠨ  ᠠᠷᠠᠳ ᠤᠨ ᠰᠢᠭᠦᠬᠦ ᠬᠤᠷᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠲᠤᠰ ᠤᠳᠠᠭ᠎ᠠ ᠶᠢᠨ ᠤᠷᠤᠯᠳᠤᠭᠠᠨ ᠤ  ᠬᠢᠨᠠᠭᠴᠢ ᠪᠤᠯᠪᠠ᠃   ᠱᠠᠳᠤ ᠱᠠᠳᠤ ᠪᠠᠷ ᠰᠤᠩᠭᠤᠬᠤ ᠪᠠᠷ ᠳᠠᠮᠵᠢᠵᠤ᠂ ᠰᠤᠮᠤ᠂ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ  ᠡᠷᠬᠢᠯᠡᠬᠦ ᠭᠠᠵᠠᠷ᠂ ᠬᠦᠷᠢᠶᠡᠯᠡᠩ ᠲᠤᠭᠤᠷᠢᠭ᠂ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠤᠯᠭ᠎ᠠ᠂ ᠲᠤᠭᠤᠷᠢᠭ ᠲᠤ  ᠰᠠᠭᠤᠭ᠎ᠠ ᠡᠯ᠎ᠠ ᠨᠢᠭᠡᠴᠡ ᠰᠠᠯᠠᠭ᠎ᠠ ᠮᠦᠴᠢᠷ᠂ ᠨᠢᠭᠡᠴᠡ ᠶᠢᠨ ᠬᠡᠰᠡᠭ ᠨᠠᠮ ᠤᠨ ᠭᠡᠰᠢᠭᠦᠨ ᠺᠠᠳ᠋ᠷ᠂ ᠭᠠᠴᠠᠭ᠎ᠠ ᠲᠤᠰᠬᠤᠨ᠂ ᠨᠡᠶᠢᠭᠡᠮ ᠲᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠳᠠ ᠶᠢᠨ ᠬᠠᠷᠢᠭᠤᠴᠠᠯᠭᠠᠳᠠᠨ ᠢᠶᠠᠷ  ᠪᠦᠷᠢᠯᠳᠦᠭᠰᠡᠨ 8 ᠲᠦᠯᠦᠭᠡᠯᠡᠭᠴᠢᠳ ᠤᠨ ᠪᠦᠯᠬᠦᠮ᠂ 24 ᠬᠦᠮᠦᠨ ᠤᠷᠤᠯᠳᠤᠭᠠᠨ ᠳᠤ ᠤᠷᠤᠯᠴᠠᠵᠠᠢ᠃  ᠤᠷᠤᠯᠳᠤᠭᠠᠨ ᠳᠤ ᠵᠠᠪᠠᠯ ᠬᠠᠷᠢᠭᠤᠯᠬᠤ ᠠᠰᠠᠭᠤᠯᠳᠠ᠂ ᠰᠤᠩᠭᠤᠵᠤ ᠬᠠᠷᠢᠭᠤᠯᠬᠤ ᠰᠡᠳᠦᠪ ᠵᠡᠷᠭᠡ ᠭᠤᠭᠴᠤᠭ᠎ᠠ  ᠲᠤᠬᠢᠷᠠᠭᠤᠯᠵᠤ᠂ ᠤᠷᠤᠯᠳᠤᠭᠠᠨ ᠨᠢ ᠬᠦᠭᠵᠢᠶᠡᠨᠳᠠᠢ ᠪᠦᠭᠡᠳ ᠰᠢᠷᠦᠭᠦᠨ ᠶᠠᠪᠤᠭᠳᠠᠵᠤ᠂ ᠤᠷᠤᠯᠴᠠᠭᠰᠠᠳ  ᠠᠩᠬᠠᠷᠤᠯ ᠢᠶᠠᠨ ᠳᠡᠭᠡᠳᠦ ᠬᠡᠮᠵᠢᠶ᠎ᠠ ᠪᠠᠷ ᠲᠦᠪᠯᠡᠷᠡᠭᠦᠯᠦᠨ᠂ ᠢᠳᠡᠪᠬᠢᠲᠠᠢ ᠪᠠᠷ ᠰᠡᠳᠦᠪ ᠬᠠᠷᠢᠭᠤᠯᠵᠤ᠂ ᠬᠤᠷᠴᠠ  ᠦᠷᠢᠰᠦᠯᠳᠦᠭᠡᠨ ᠢᠶᠠᠷ ᠳᠠᠮᠵᠢᠵᠤ᠂ ᠬᠤᠲᠠ ᠶᠢᠨ ᠬᠠᠮᠢᠶᠠᠷᠤᠯᠳᠠ ᠶᠢᠨ ᠰᠠᠯᠪᠤᠷᠢ ᠲᠤᠪᠴᠢᠶ᠎ᠠ ᠶᠢᠨ  ᠲᠦᠯᠦᠭᠡᠯᠡᠭᠴᠢᠳ ᠤᠨ ᠪᠦᠯᠬᠦᠮ ᠮᠠᠩᠯᠠᠶᠢᠯᠠᠵᠤ᠂ ᠰᠠᠷᠠᠭᠤᠯ ᠵᠡᠭᠡᠯᠢ ᠶᠢᠨ ᠲᠦᠯᠦᠭᠡᠯᠡᠭᠴᠢᠳ ᠤᠨ ᠪᠦᠯᠬᠦᠮ᠂ ᠰᠤᠶᠤᠯ  ᠪᠡᠶ᠎ᠠ ᠲᠠᠮᠢᠷ ᠷᠠᠳᠢᠣ᠋ ᠲᠧᠯᠸᠢᠰ ᠵᠤᠭᠠᠴᠠᠯ ᠤᠨ ᠲᠤᠪᠴᠢᠶ᠎ᠠ ᠶᠢᠨ ᠲᠦᠯᠦᠭᠡᠯᠡᠭᠴᠢᠳ ᠤᠨ ᠪᠦᠯᠬᠦᠮ᠂ ᠬᠤᠶᠠᠷ  ᠬᠤᠳᠳᠤᠭ ᠪᠠᠯᠭᠠᠰᠤ ᠶᠢᠨ ᠲᠦᠯᠦᠭᠡᠯᠡᠭᠴᠢᠳ ᠤᠨ ᠪᠦᠯᠬᠦᠮ ᠬᠤᠶᠠᠳᠤᠭᠠᠷ ᠲᠤ ᠤᠷᠤᠵᠤ᠂ ᠰᠤᠷᠭᠠᠨ ᠬᠦᠮᠦᠵᠢᠯ ᠤᠨ  ᠲᠤᠪᠴᠢᠶ᠎ᠠ ᠶᠢᠨ ᠲᠦᠯᠦᠭᠡᠯᠡᠭᠴᠢᠳ ᠤᠨ ᠪᠦᠯᠬᠦᠮ᠂ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ  ᠲᠤᠪᠴᠢᠶ᠎ᠠ ᠶᠢᠨ ᠲᠦᠯᠦᠭᠡᠯᠡᠭᠴᠢᠳ ᠤᠨ ᠪᠦᠯᠬᠦᠮ᠂ ᠤᠢ ᠰᠢᠭᠤᠢ ᠶᠢᠨ ᠲᠤᠪᠴᠢᠶ᠎ᠠ ᠶᠢᠨ ᠲᠦᠯᠦᠭᠡᠯᠡᠭᠴᠢᠳ ᠤᠨ  ᠪᠦᠯᠬᠦᠮ᠂ ᠤᠰᠤᠨ ᠤ ᠶᠠᠪᠤᠳᠠᠯ ᠤᠨ ᠲᠤᠪᠴᠢᠶ᠎ᠠ ᠶᠢᠨ ᠲᠦᠯᠦᠭᠡᠯᠡᠭᠴᠢᠳ ᠤᠨ ᠪᠦᠯᠬᠦᠮ ᠭᠤᠷᠪᠠᠳᠤᠭᠠᠷ ᠲᠤ ᠤᠷᠤᠵᠤ  ᠂ ᠰᠠᠷᠠᠭᠤᠯ ᠵᠡᠭᠡᠯᠢ ᠶᠢᠨ ᠲᠦᠯᠦᠭᠡᠯᠡᠭᠴᠢᠳ ᠤᠨ ᠪᠦᠯᠬᠦᠮ ᠤᠨ ᠯᠢ ᠷᠦᠩ ᠰᠢᠤᠸᠠᠨ ᠬᠠᠮᠤᠭ ᠤᠨ ᠰᠢᠯᠢᠳᠡᠭ  ᠤᠷᠤᠯᠴᠠᠭᠴᠢ ᠪᠠᠷ ᠰᠤᠩᠭᠤᠭᠳᠠᠵᠤ᠂ ᠤᠯᠤᠰ ᠲᠦᠷᠦ ᠶᠢᠨ ᠵᠦᠪᠯᠡᠯᠭᠡᠨ ᠤ ᠠᠯᠪᠠᠨ ᠭᠡᠷ ᠤᠨ ᠨᠠᠮ ᠤᠨ ᠡᠭᠦᠷ᠂  ᠠᠭᠠᠷᠤᠳᠠᠢ ᠰᠤᠮᠤ ᠶᠢᠨ ᠨᠠᠮ ᠤᠨ ᠬᠤᠷᠢᠶ᠎ᠠ᠂ ᠬᠤᠷᠢᠨᠭᠡᠷ ᠪᠠᠯᠭᠠᠰᠤ ᠶᠢᠨ ᠨᠠᠮ ᠤᠨ ᠬᠤᠷᠢᠶ᠎ᠠ᠂ ᠬᠤᠳᠠᠯᠳᠤᠭᠠᠨ ᠤ  ᠶᠠᠪᠤᠳᠠᠯ ᠤᠨ ᠲᠤᠪᠴᠢᠶ᠎ᠠ ᠶᠢᠨ ᠨᠠᠮ ᠤᠨ ᠡᠭᠦᠷ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠲᠤᠪᠴᠢᠶ᠎ᠠ ᠶᠢᠨ  ᠨᠠᠮ ᠤᠨ ᠬᠤᠷᠢᠶ᠎ᠠ᠂ ᠲᠤᠭ᠎ᠠ ᠪᠦᠷᠢᠳᠭᠡᠯ ᠤᠨ ᠲᠤᠪᠴᠢᠶ᠎ᠠ ᠶᠢᠨ ᠨᠠᠮ ᠤᠨ ᠡᠭᠦᠷ ᠰᠢᠯᠢᠳᠡᠭ ᠵᠤᠬᠢᠶᠠᠨ  ᠪᠠᠶᠢᠭᠤᠯᠤᠯᠳᠠ ᠶᠢᠨ ᠱᠠᠩᠨᠠᠯ ᠬᠦᠷᠳᠡᠪᠡ᠃   ᠭᠦᠶᠠᠩ ᠰᠢᠶᠠᠨ ᠤ ᠬᠤᠳᠠᠯᠳᠤᠭᠠᠨ ᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠠᠵᠢᠯ ᠤᠨ  ᠦᠭᠡᠷᠡᠴᠢᠯᠡᠯᠳᠡ ᠤᠷᠤᠭᠰᠢᠳᠠᠢ ᠠᠬᠢᠵᠤ ᠪᠤᠢ᠂ ᠳᠡᠭᠡᠳᠦ ᠱᠠᠳᠤᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠪᠢᠴᠢᠭ  ᠮᠠᠲ᠋ᠧᠷᠢᠶᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮᠴᠢᠯᠡᠭᠰᠡᠨ  ᠨᠠᠰᠤᠵᠢᠯ ᠤᠨ ᠠᠰᠠᠷᠠᠮᠵᠢ ᠶᠢᠨ ᠠᠵᠢᠯ ᠤᠨ ᠦᠭᠡᠷᠡᠴᠢᠯᠡᠯᠳᠡ ᠶᠢᠨ ᠲᠠᠯ᠎ᠠ ᠪᠠᠷ ᠤᠷᠢᠳᠠᠪᠡᠷ ᠲᠤᠷᠰᠢᠨ ᠤᠷᠢᠳᠠᠪᠡᠷ  ᠬᠡᠷᠡᠭᠵᠢᠭᠦᠯᠬᠦ ᠶᠢᠨ ᠲᠦᠯᠦᠭᠡ᠂ ᠨᠠᠰᠤᠲᠠᠶᠢᠴᠤᠳ ᠤᠨ ᠡᠳᠦᠷ ᠢᠷᠡᠬᠦᠶ᠎ᠠ ᠨᠡᠮᠡᠭᠳᠡᠵᠤ ᠪᠠᠶᠢᠭ᠎ᠠ ᠨᠠᠰᠤᠵᠢᠯ ᠤᠨ  ᠦᠢᠯᠡᠴᠢᠯᠡᠭᠡ ᠶᠢᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠪᠠᠷ ᠵᠤᠷᠢᠯᠳᠠ ᠪᠠ ᠳᠤᠰᠤᠯᠳᠠ ᠪᠤᠯᠭᠠᠵᠤ᠂  ᠪᠠᠶᠢᠭᠤᠯᠤᠮᠵᠢ ᠲᠤᠭᠳᠠᠴᠠ ᠳᠤ ᠰᠢᠨ᠎ᠠ ᠶᠢ ᠡᠭᠦᠳᠴᠤ᠂ ᠨᠡᠶᠢᠭᠡᠮ ᠤᠨ ᠠᠮᠢᠵᠢᠷᠠᠯ ᠤᠨ ᠬᠦᠴᠦᠨ ᠢ ᠬᠦᠭᠵᠢᠭᠡᠵᠤ᠂  ᠨᠠᠰᠤᠵᠢᠯ ᠤᠨ ᠦᠢᠯᠡᠴᠢᠯᠡᠭᠡ ᠶᠢᠨ ᠰᠢᠰᠲ᠋ᠧᠮ ᠢ ᠪᠦᠷᠢᠨᠰᠢᠭᠦᠯᠦᠨ᠂ ᠨᠠᠰᠤᠵᠢᠯ ᠤᠨ ᠦᠢᠯᠡᠴᠢᠯᠡᠭᠡ ᠶᠢᠨ ᠦᠢᠯᠡᠰ ᠢ  ᠬᠦᠮᠦᠨ ᠠᠮᠠ ᠶᠢᠨ ᠬᠦᠭᠰᠢᠷᠡᠬᠦ ᠬᠠᠨᠳᠤᠰᠢ ᠶᠢ ᠠᠷᠭᠠᠴᠠᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ  ᠴᠢᠬᠤᠯᠠ ᠠᠷᠭ᠎ᠠ ᠬᠡᠮᠵᠢᠶ᠎ᠠ ᠪᠤᠯᠭᠠᠵᠤ᠂ ᠡᠨᠡ ᠵᠢᠯ ᠠᠴᠠ ᠨᠠᠰᠢ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ  ᠵᠠᠰᠠᠭ ᠤᠨ ᠤᠷᠳᠤᠨ ᠤ ᠵᠦᠪ ᠤᠳᠤᠷᠢᠳᠤᠯᠭ᠎ᠠ ᠳᠤᠤᠷ᠎ᠠ᠂ ᠰᠢᠶᠠᠨ ᠤ ᠠᠷᠠᠳ ᠤᠨ ᠶᠠᠪᠤᠳᠠᠯ ᠤᠨ  ᠲᠤᠪᠴᠢᠶ᠎ᠠ ᠶᠢᠨ ᠬᠢᠨ ᠰᠢᠶᠠᠨ ᠤ ᠠᠵᠤ ᠠᠬᠤᠢ ᠪᠤᠯᠤᠨ ᠮᠡᠳᠡᠭᠡ ᠵᠠᠩᠭᠢᠵᠢᠯᠳᠠ ᠶᠢᠨ ᠲᠤᠪᠴᠢᠶ᠎ᠠ ᠲᠠᠢ ᠬᠠᠮᠵᠢᠯᠴᠠᠵᠤ᠂  ︽᠎ ᠶᠢᠨ ᠰᠢᠦ ᠤᠷᠤᠨ ᠰᠠᠭᠤᠴᠠ︾ ᠭᠡᠬᠦ ᠨᠠᠰᠤᠳᠠᠨ ᠢ ᠠᠰᠠᠷᠠᠬᠤ ᠬᠦᠷᠢᠶᠡᠯᠡᠩ ᠢ ᠦᠭᠡᠷᠡᠴᠢᠯᠡᠨ ᠰᠢᠨᠡᠴᠢᠯᠡᠬᠦ ᠠᠵᠢᠯ ᠢ  ᠪᠦᠬᠦ ᠬᠦᠴᠦ ᠪᠠᠷ ᠢᠶᠠᠨ ᠰᠠᠶᠢᠲᠤᠷ ᠬᠢᠪᠡ᠃ 2016 ᠤᠨ ᠤ 8 ᠰᠠᠷ᠎ᠠ ᠳᠤ᠂ ᠪᠤᠭᠤᠳᠤ ᠶᠢᠨ ᠵᠢᠢ ᠹᠠᠨ ᠭᠡᠷ ᠭᠠᠵᠠᠷ ᠬᠦᠷᠦᠩᠭᠡ ᠶᠢᠨ ᠬᠠᠷᠢᠭᠤᠴᠠᠯᠭᠠᠲᠦ  ᠬᠢᠵᠠᠭᠠᠷᠲᠦ ᠺᠤᠮᠫᠠᠨᠢ ᠶᠢᠨ ᠬᠢᠨ ︽ᠲᠠᠪᠴᠠᠩ ᠪᠠᠶᠢᠭᠤᠯᠵᠤ᠂ ᠤᠷᠤᠭᠤᠯᠤᠯᠳᠠ ᠶᠢ ᠬᠦᠳᠦᠯᠦᠨ ᠵᠢᠯᠤᠭᠤᠳᠴᠤ᠂ ᠵᠠᠬ᠎ᠠ  ᠳᠡᠯᠭᠡᠭᠦᠷ ᠢ ᠰᠠᠶᠢᠳᠤᠷ ᠠᠰᠢᠭᠯᠠᠵᠤ᠂ ᠠᠭᠤᠰᠤᠯᠴᠠᠭᠤᠯᠤᠨ ᠬᠦᠭᠵᠢᠭᠦᠯᠬᠦ︾ ᠰᠡᠳᠭᠢᠭᠦᠢ ᠪᠠᠷ᠂ ᠰᠠᠭᠤᠷᠢ ᠮᠦᠩᠭᠦ ᠶᠢᠨ  ᠲᠠᠪᠴᠠᠩ ᠢ ᠪᠠᠶᠢᠭᠤᠯᠵᠤ᠂ ᠭᠡᠷ ᠲᠡᠭᠡᠨ ᠰᠠᠭᠤᠵᠤ ᠨᠠᠰᠤᠵᠢᠯ ᠤᠨ ᠠᠰᠠᠷᠠᠮᠵᠢ ᠬᠦᠷᠳᠡᠬᠦ᠂ ᠨᠡᠶᠢᠢᠭᠡᠮ ᠤᠨ  ᠶᠡᠷᠦᠩᠬᠡᠶᠢᠯᠡᠭᠰᠡᠨ ᠦᠢᠯᠡᠴᠢᠯᠡᠭᠡ ᠶᠢ ᠬᠦᠭᠵᠢᠭᠦᠯᠬᠦ ᠵᠡᠷᠭᠡ ᠤᠯᠠᠨ ᠬᠡᠯᠪᠡᠷᠢ ᠪᠠᠷ᠂ ᠦᠨᠳᠦᠰᠦᠨ ᠱᠠᠳᠤᠨ ᠤ ᠤᠯᠠᠨ  ᠲᠦᠮᠡᠨ ᠤ ᠨᠠᠰᠤᠵᠢᠯ ᠤᠨ ᠦᠢᠯᠡᠴᠢᠯᠡᠭᠡᠨ ᠤ ᠠᠵᠤ ᠦᠢᠯᠡᠰ ᠲᠤ ᠴᠢᠭᠯᠡᠭᠦᠯᠦᠨ᠂ ᠦᠪᠡᠷᠳᠡᠭᠡᠨ ᠵᠠᠰᠠᠬᠤ ᠤᠷᠤᠨ ᠤ  ᠨᠠᠰᠤᠵᠢᠯ ᠤᠨ ᠦᠢᠯᠡᠴᠢᠯᠡᠭᠡᠨ ᠤ ᠠᠵᠤ ᠦᠢᠯᠡᠰ ᠤᠨ ᠲᠦᠷᠭᠡᠨ ᠬᠦᠭᠵᠢᠬᠦ᠂ ᠠᠭᠤᠰᠤᠯᠴᠠᠨ ᠬᠦᠭᠵᠢᠬᠦ ᠶᠢ  ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠮᠠᠶ᠋ᠢᠭ᠂ ᠬᠤᠳᠠᠯᠳᠤᠭᠠᠨ ᠤ ᠮᠠᠶ᠋ᠢᠭ ᠢᠶᠠᠷ ᠨᠠᠰᠤᠵᠢᠯ ᠤᠨ ᠦᠢᠯᠡᠴᠢᠯᠡᠭᠡᠨ ᠤ  ᠠᠵᠤ ᠦᠢᠯᠡᠰ ᠤᠨ ᠡᠷᠡᠭᠦᠯ ᠢᠶᠠᠷ ᠬᠦᠭᠵᠢᠬᠦ ᠶᠢ ᠳᠡᠮᠵᠢᠬᠦ ᠪᠠᠶᠢᠭᠤᠯᠤᠮᠵᠢ ᠪᠠ ᠪᠦᠲᠦᠮᠵᠢᠲᠠᠢ ᠵᠠᠭᠪᠤᠷ ᠢ ᠰᠦᠪᠡᠭᠴᠢᠯᠡᠨ  ᠪᠠᠶᠢᠭᠤᠯᠵᠤ᠂ ᠪᠤᠭᠤᠮᠳᠤ ᠶᠢᠨ ᠭᠦᠶᠠᠩ ᠰᠢᠶᠠᠨ ᠤ ᠪᠤᠭᠤᠳᠤ — ᠭᠦᠶᠠᠩ ᠤᠨ ᠨᠢᠭᠡᠳᠦᠭᠡᠷ ᠳᠡᠰ ᠤᠨ ᠵᠠᠰᠠᠮᠠᠯ  ᠵᠠᠮ ᠤᠨ ᠬᠠᠵᠠᠭᠤ ᠳᠤ  ᠪᠠᠶᠢᠷᠢᠯᠠᠭ᠎ᠠ ︽᠎ ᠶᠢᠨ ᠰᠢᠦ ᠤᠷᠤᠨ ᠰᠠᠭᠤᠴᠠ︾᠎ ᠶᠢᠨ ᠲᠦᠷᠦᠯ ᠵᠦᠢᠯ ᠢᠶᠠᠨ ︽ᠪᠤᠭᠤᠳᠤ  ᠬᠤᠲᠠ ᠶᠢᠨ ᠶᠢᠨ ᠰᠢᠦ ᠨᠠᠰᠤᠲᠠᠨ ᠢ ᠠᠰᠠᠷᠠᠬᠤ ᠬᠦᠷᠢᠶᠡᠯᠡᠩ︾ ᠪᠤᠯᠭᠠᠨ ᠬᠤᠪᠢᠷᠠᠭᠤᠯᠵᠤ᠂ ᠹᠠᠨ ᠴᠢᠩ ᠬᠠᠢ  ᠬᠠᠤᠯᠢ ᠶᠢᠨ ᠡᠷᠬᠡᠳᠡᠨ ᠪᠤᠯᠪᠠ᠃ ᠲᠤᠰ ᠨᠠᠰᠤᠵᠢᠯ ᠤᠨ ᠲᠦᠷᠦᠯ ᠵᠦᠢᠯ ᠤᠨ ᠲᠠᠯᠠᠪᠠᠢ ᠨᠢ 370 ᠮᠦ᠂  ᠪᠠᠷᠢᠯᠭ᠎ᠠ ᠶᠢᠨ ᠲᠠᠯᠠᠪᠠᠢ ᠨᠢ 158400 ᠳᠡᠭᠰᠢ ᠳᠦᠷᠪᠡᠯᠵᠢᠨ ᠮᠧᠲᠷ ᠪᠤᠯᠤᠨ᠎ᠠ᠃ ᠪᠠᠶᠢᠭᠤᠯᠤᠭᠳᠠᠭᠰᠠᠨ ᠤ ᠳᠠᠷᠠᠭ᠎ᠠ  ᠂ 1000᠎ ᠠᠴᠠ ᠳᠡᠭᠡᠭᠰᠢ ᠨᠠᠰᠤᠳᠠᠨ ᠢ ᠰᠠᠭᠤᠯᠭᠠᠵᠤ ᠳᠡᠶᠢᠯᠦᠨ᠎ᠠ᠃  ᠲᠦᠷᠦᠯ ᠵᠦᠢᠯ ᠳᠤ ᠨᠠᠰᠤᠵᠢᠯ ᠤᠨ ᠡᠮᠨᠡᠯᠭᠡ ᠶᠢᠨ ᠬᠤᠷᠢᠶ᠎ᠠ᠂ ᠠᠮᠢᠳᠤᠷᠠᠯ ᠤᠨ ᠦᠢᠯᠡᠴᠢᠯᠡᠭᠡᠨ ᠤ ᠲᠦᠪ᠂  ᠰᠤᠶᠤᠯ ᠲᠠᠮᠢᠷ ᠤᠨ ᠬᠦᠳᠡᠯᠭᠡᠭᠡᠨ ᠤ ᠲᠦᠪ᠂ ᠲᠦᠷᠦᠯ ᠰᠠᠳᠤᠨ ᠢ ᠵᠤᠴᠢᠯᠠᠬᠤ ᠲᠦᠪ᠂ ᠬᠤᠭᠤᠯᠠᠨ ᠲᠦᠪ᠂  ᠨᠤᠮ ᠤᠨ ᠰᠠᠩ᠂ ᠡᠷᠡᠭᠦᠯ ᠬᠠᠮᠠᠭᠠᠯᠠᠯ ᠤᠨ ᠲᠦᠪ ᠵᠡᠷᠭᠡ ᠭᠠᠵᠠᠷ ᠪᠠᠶᠢᠨ᠎ᠠ᠃ ᠤᠳᠤᠬᠠᠨ ᠳᠤ᠂ ᠲᠤᠰ ᠲᠦᠷᠦᠯ  ᠵᠦᠢᠯ ᠨᠢ ᠨᠢᠭᠡᠨᠳᠡ ᠡᠬᠢᠨ ᠤ ᠬᠤᠭᠤᠴᠠᠭ᠎ᠠ ᠶᠢᠨ ᠰᠠᠨᠠᠭᠤᠯᠭ᠎ᠠ ᠶᠢᠨ ᠪᠢᠴᠢᠭ᠂ ᠪᠤᠯᠤᠮᠵᠢᠳᠤ ᠴᠢᠨᠠᠷ ᠤᠨ  ᠰᠤᠳᠤᠯᠭᠠᠨ ᠤ ᠮᠡᠳᠡᠭᠦᠯᠦᠯᠳᠡ ᠪᠤᠯᠤᠨ ᠰᠢᠨᠵᠢᠯᠡᠨ ᠪᠠᠶᠢᠴᠠᠭᠠᠬᠤ ᠵᠡᠷᠭᠡ ᠠᠵᠢᠯ ᠢ ᠪᠡᠶᠡᠯᠡᠭᠦᠯᠪᠡ᠃ ᠤᠶᠢᠢᠷ᠎ᠠ ᠶᠢᠨ  ᠡᠳᠦᠷ᠂ ᠡᠬᠢᠨ ᠤ ᠬᠤᠭᠤᠴᠠᠭ᠎ᠠ ᠶᠢᠨ 20 ᠰᠠᠭᠤᠷᠢ ᠤᠷᠤᠨ ᠰᠠᠭᠤᠴᠠ ᠶᠢᠨ ᠳᠤᠳᠤᠷ᠎ᠠ ᠲᠠᠯ᠎ᠠ ᠶᠢᠨ ᠵᠠᠰᠠᠯᠳᠠ ᠶᠢ  ᠪᠡᠶᠡᠯᠡᠭᠦᠯᠵᠤ᠂ ᠡᠯ᠎ᠠ ᠵᠦᠢᠯ ᠤᠨ ᠠᠵᠢᠯ ᠶᠠᠭ ᠡᠮᠬᠢ ᠲᠢᠭᠯᠡᠮ ᠲᠠᠢ ᠶᠠᠪᠤᠭᠳᠠᠵᠤ ᠪᠠᠶᠢᠢᠨ᠎ᠠ᠃
 
ᠢᠷᠡᠯᠲᠡ᠄ ᠪᠣᠭᠤᠳᠣ ᠬᠤᠳᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号