ᠪᠤᠭᠤᠳᠤ ᠶᠢᠨ ᠮᠣᠩᠭᠤᠯ ᠲᠧᠯᠸᠢᠰ ᠨᠣᠮ ᠤᠩᠰᠢᠯᠭ᠎ᠠ ᠶᠢᠨ ᠬᠦᠳᠡᠯᠭᠡᠭᠡᠨ ᠢ ᠰᠠᠶᠢᠲᠤᠷ ᠲᠦᠯᠬᠢᠨ ᠠᠬᠢᠭᠤᠯᠵᠤ ᠂ | 《 4.23》 ᠤ ᠲᠡᠯᠡᠬᠡᠢ ᠶᠢᠨ ᠨᠣᠮ ᠣᠩᠰᠢᠬᠤ ᠡᠳᠦᠷ ᠢ ᠲᠤᠷᠠᠰᠬᠠᠨ᠂ ᠪᠤᠭᠤᠳᠤ ᠶᠢᠨ ᠬᠡᠪᠴᠢᠶᠡᠨ ᠳᠠᠬᠢ | ᠢᠷᠠᠭᠤ ᠨᠠᠶᠢᠷᠠᠭᠴᠢᠳ᠂ ᠰᠤᠷᠤᠭᠴᠢᠳ᠂ ᠪᠠᠭᠠᠴᠤᠤᠯ᠂ ᠬᠡᠤᠬᠡᠳ ᠤᠨ ᠨᠣᠮ ᠤᠩᠰᠢᠬᠤ ᠤᠷᠮ᠎ᠠ ᠪᠠᠬ᠎ᠠ ᠶᠢ | ᠬᠦᠭᠵᠢᠭᠡᠬᠦ ᠶᠢᠨ ᠲᠦᠯᠦᠭᠡ 4 ᠰᠠᠷ᠎ᠠ ᠶᠢᠨ 22 ᠤ ᠡᠳᠦᠷ ᠤᠨ ᠦᠳᠡ ᠶᠢᠨ ᠬᠤᠶᠢᠨ᠎ᠠ᠂ ᠪᠤᠭᠤᠳᠤ ᠶᠢᠨ ᠷᠠᠳᠢᠣ᠋ | ᠲᠧᠯᠸᠢᠰ ᠬᠤᠷᠢᠶᠠᠨ ᠤ ᠨᠡᠪᠲᠡᠷᠡᠭᠦᠯᠭᠡ ᠶᠢᠨ ᠲᠢᠩᠬᠢᠮ ᠳᠤ《ᠨᠣᠮ ᠲᠠᠢ ᠮᠣᠩᠭᠤᠯ ᠰᠢᠯᠦᠭ ᠤᠨ ᠡᠳᠦᠷᠯᠢᠭ | 》ᠭᠤᠣᠯ ᠰᠡᠳᠦᠪᠳᠦ ᠬᠦᠳᠡᠯᠭᠡᠭᠡᠨ ᠢ ᠵᠣᠬᠢᠶᠠᠨ ᠪᠠᠶᠢᠭᠤᠯᠵᠤ ᠨᠣᠮ ᠣᠩᠰᠢᠵᠤ᠂ ᠨᠣᠮ ᠲᠠᠢ ᠬᠠᠨᠢᠯᠠᠬᠤ ᠶᠢ | ᠰᠤᠷᠲᠠᠯᠴᠢᠯᠠᠨ ᠤᠬᠠᠭᠤᠯᠬᠤ ᠦᠢᠯᠡ ᠠᠵᠢᠯᠯᠠᠭ᠎ᠠ ᠶᠢ ᠦᠷᠨᠢᠭᠦᠯᠵᠦ᠂ ᠠᠬᠤᠢ ᠲᠠᠯᠠᠪᠠᠢ ᠶᠢᠨ ᠰᠢᠩᠭᠡᠭᠡᠯᠲᠡ ᠬᠢᠭᠰᠡᠨ | ᠪᠠᠶᠢᠨ᠎ᠠ᠃ | ᠰᠢᠯᠦᠭ ᠤᠨ ᠡᠳᠦᠷᠯᠢᠭ ᠲᠤ᠂ ᠪᠤᠭᠤᠳᠤ ᠶᠢᠨ ᠬᠡᠪᠴᠢᠶᠡᠨ ᠳᠠᠬᠢ ᠢᠷᠠᠭᠤ ᠨᠠᠶᠢᠷᠠᠭᠴᠢᠳ᠂ ᠰᠤᠷᠤᠭᠴᠢᠳ᠂ | ᠪᠠᠭᠠᠴᠤᠳ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠮᠤᠩᠭᠤᠯ ᠰᠤᠷᠭᠠᠭᠤᠯᠢ ᠶᠢᠨ ᠪᠠᠭᠰᠢ ᠳ᠋ᠦᠩ | ᠰᠣᠶᠣᠯᠳᠤ ᠶᠢᠨ ᠲᠦᠯᠦᠭᠡᠯᠡᠭᠴᠢ ᠪᠦᠳᠦᠭᠡᠯ《 ᠬᠠᠨ ᠴᠠᠭᠠᠨ ᠦᠷᠭᠦᠭᠡ》᠂《 ᠮᠠᠯ ᠤᠨ ᠬᠡᠰᠢᠭ ᠲᠠᠢ ᠬᠦᠳᠡᠭᠡ》 ᠂ | 《 ᠦᠪᠡᠷ ᠢ ᠪᠠᠨ ᠡᠪᠦᠷ ᠠᠴᠠ ᠪᠠᠨ ᠬᠡᠮᠨᠡᠨᠡᠮ》 ᠵᠡᠷᠭᠡ ᠠᠷᠪᠠ ᠭᠠᠷᠤᠢ ᠰᠢᠯᠦᠭ ᠢ ᠠᠮᠢᠯᠠᠭᠤᠯᠤᠨ ᠤᠶᠠᠩᠭᠠᠯᠠᠪᠠ ᠃ | ᠦᠷᠭᠡᠨ ᠣᠯᠠᠨ ᠪᠠᠭᠰᠢ᠂ ᠰᠤᠷᠤᠭᠴᠢᠳ᠂ ᠤᠶᠤᠲᠠᠳ᠂ ᠭᠡᠷ ᠤᠨ ᠠᠬᠠᠮᠠᠳ ᠪᠠ ᠢᠷᠠᠭᠤ ᠨᠠᠶᠢᠷᠠᠭ ᠲᠤ ᠪᠠᠭ᠋ᠠᠲᠠᠢ | ᠬᠦᠮᠦᠰ ᠮᠣᠩᠭᠤᠯ ᠢᠶᠠᠷ ᠢᠶᠠᠨ ᠭᠤᠶᠤᠯᠠᠨ ᠠᠬᠤᠢ ᠲᠠᠯᠠᠪᠠᠢ ᠳᠤ ᠬᠦᠷᠦᠯᠴᠡᠨ ᠢᠷᠡᠵᠤ᠂ ᠰᠢᠯᠦᠭᠴᠢ᠂ ᠢᠷᠠᠭᠤ | ᠨᠠᠶᠢᠷᠠᠭᠴᠢ ᠳᠤ ᠪᠠᠨ ᠤᠷᠮ᠎ᠠ ᠬᠠᠶᠢᠷᠠᠯᠠᠨ᠂ ᠣᠶᠣᠨ ᠪᠢᠯᠢᠭ ᠤᠨ ᠭᠡᠭᠡ᠂ ᠰᠡᠳᠭᠢᠯ ᠤᠨ ᠡᠷᠴᠢ ᠲᠠᠮᠢᠷ ᠠᠪᠤᠨ | ᠳᠡᠯᠡᠬᠡᠢ ᠶᠢᠨ ᠨᠣᠮ ᠤᠩᠰᠢᠬᠤ ᠡᠳᠦᠷ ᠢᠶᠠᠨ ᠤᠳᠬ᠎ᠠ ᠠᠭᠤᠯᠭ᠎ᠠ ᠲᠠᠢ ᠲᠡᠮᠳᠡᠭᠯᠡᠭᠰᠡᠨ ᠪᠠᠶᠢᠨ᠎ᠠ᠃ | | | | | | | | | | | |