ᠴᠢᠩᠱᠠᠨ ᠲᠤᠭᠤᠷᠢᠭ ᠤᠨ ᠰᠢᠶᠠᠨ ᠹᠧᠩ ᠵᠡᠬᠡᠯᠢ ᠭᠤᠳᠤᠮᠵᠢ ᠬᠠᠷᠢᠶ᠎ᠠ ᠲᠤᠭᠤᠷᠢᠭ ᠤᠨ ᠤᠷᠴᠢᠨ  ᠲᠤᠭᠤᠷᠢᠨ ᠤ ᠡᠷᠡᠬᠦᠯ ᠬᠠᠮᠠᠭᠠᠯᠠᠯ ᠤᠨ ᠶᠠᠰᠦ ᠴᠢᠨᠠᠷ ᠢᠶᠠᠨ ᠪᠦᠬᠦ ᠲᠠᠯ᠎ᠠ ᠪᠠᠷ ᠲᠡᠬᠡᠭᠰᠢᠯᠡᠬᠦᠯᠵᠡᠢ
ᠨᠡᠶᠢᠲᠡᠯᠡᠭᠰᠡᠨ ᠴᠠᠭ᠄
2018/4/28
  ᠤᠢᠢᠷ᠎ᠠ ᠳᠤ᠂ ᠴᠢᠩᠱᠠᠨ ᠲᠤᠭᠤᠷᠢᠭ ᠤᠨ ᠰᠢᠶᠠᠨ ᠹᠧᠩ ᠵᠡᠬᠡᠯᠢ ᠭᠤᠳᠤᠮᠵᠢ 30 ᠳ᠋ᠤᠭᠠᠷ ᠤᠳᠠᠭ᠎ᠠ ᠶᠢᠨ ᠪᠦᠬᠦ  ᠤᠯᠤᠰ ᠤᠨ ︽ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠰᠠᠷ᠎ᠠ︾᠎ ᠶᠢᠨ ᠠᠵᠢᠯᠯᠠᠭ᠎ᠠ ᠶᠢ ᠢᠳᠡᠪᠬᠢᠳᠡᠢ  ᠴᠤᠤᠷᠢᠶᠠᠳᠤᠵᠤ᠂ ᠵᠡᠬᠡᠯᠢ ᠭᠤᠳᠤᠮᠵᠢ ᠶᠢᠨ ᠠᠵᠢᠯᠳᠠᠳ᠂ ᠦᠪᠦᠷ ᠮᠤᠩᠭᠤᠯ ᠤᠨ ᠤᠮᠠᠷᠠᠳᠤ ᠶᠢᠨ ᠬᠦᠨᠳᠤ ᠠᠵᠤ  ᠦᠢᠯᠡᠳᠪᠦᠷᠢ ᠶᠢᠨ ᠪᠦᠯᠦᠭᠯᠡᠯᠳᠤ ᠬᠢᠵᠠᠭᠠᠷᠳᠤ ᠺᠤᠮᠫᠠᠨᠢ ᠶᠢᠨ ᠠᠳᠠᠯ ᠠᠬᠤᠢ ᠶᠢᠨ ᠠᠵᠢᠯᠳᠠᠳ ᠵᠢᠴᠢ ᠰᠠᠶᠢᠨ  ᠲᠤᠷᠠᠴᠤᠳ ᠢ ᠵᠤᠬᠢᠶᠠᠨ ᠪᠠᠶᠢᠭᠤᠯᠵᠤ᠂ ᠡᠷᠡᠬᠦᠯ ᠬᠠᠮᠠᠭᠠᠯᠠᠯ ᠤᠨ ᠬᠤᠳᠠ ᠶᠢ ᠡᠬᠦᠳᠦᠨ ᠪᠠᠶᠢᠭᠤᠯᠬᠤ ᠤᠬᠠᠭᠤᠯᠭ᠎ᠠ ᠪᠠ  ᠤᠷᠴᠢᠨ ᠲᠤᠭᠤᠷᠢᠨ ᠢ ᠴᠡᠭᠴᠡᠯᠡᠨ ᠴᠡᠪᠡᠷᠯᠡᠬᠦ ᠠᠵᠢᠯᠯᠠᠭ᠎ᠠ ᠶᠢ ᠲᠦᠪᠯᠡᠷᠡᠬᠦᠯᠦᠨ ᠦᠷᠨᠢᠬᠦᠯᠵᠡᠢ᠃     ᠤᠳᠤᠬᠠᠨ ᠪᠤᠯᠳᠠᠯ᠎ᠠ᠂ ︽ᠦᠬᠡᠷ ᠢᠯᠢᠳᠤ︾ ᠵᠢᠵᠢᠭ ᠵᠡᠷ ᠮᠡᠳᠡᠭᠡ ᠶᠢ ᠨᠠᠶᠢᠳᠠ 1.5 ᠲᠦᠮᠡᠨ ᠬᠤᠪᠢ  ᠴᠡᠪᠡᠷᠯᠡᠵᠤ᠂ ᠡᠵᠡᠨ ᠦᠬᠡᠢ ᠪᠤᠯᠤᠬᠰᠠᠨ ᠪᠠᠷᠢᠯᠭ᠎ᠠ ᠶᠢᠨ ᠬᠠᠶᠠᠬᠳᠠᠮᠠᠯ᠂ ᠲᠤᠷ᠎ᠠ ᠪᠠᠷ ᠤᠪᠤᠭᠠᠯᠠᠵᠤ ᠲᠤᠷ᠎ᠠ ᠪᠠᠷ  ᠬᠠᠶᠠᠬᠰᠠᠨ ᠬᠤᠭ ᠨᠣᠪᠰᠢ ᠎ ᠶᠢ 80 ᠭᠠᠷᠤᠢ ᠲᠡᠷᠬᠡ ᠴᠡᠪᠡᠷᠯᠡᠵᠤ᠂ 21 ᠬᠡᠰᠡᠭ ᠤᠬᠠᠭᠤᠯᠭ᠎ᠠ ᠶᠢᠨ ᠰᠠᠮᠪᠡᠷ᠎ᠡ ᠶᠢ  ᠨᠠᠭᠠᠵᠤ᠂ 12 ᠬᠤᠪᠢ ᠤᠬᠠᠭᠤᠯᠭ᠎ᠠ ᠶᠢᠨ ᠤᠷᠢᠶ᠎ᠠ ᠯᠤᠽᠦ᠋ᠩ ᠡᠯᠬᠦᠵᠡᠢ᠃  ᠲᠠᠷᠠᠭᠠᠴᠢ ᠪᠠᠷ᠂ ᠰᠢᠶᠠᠨ ᠹᠧᠩ ᠵᠡᠬᠡᠯᠢ ᠭᠤᠳᠤᠮᠵᠢ ᠬᠠᠮᠢᠶ᠎ᠠ ᠪᠦᠬᠦᠢ ᠰᠠᠯᠠᠭ᠎ᠠ ᠮᠦᠴᠢᠷ ᠯᠦᠭᠡ ᠬᠠᠮᠵᠢᠯᠴᠠᠵᠤ  ᠬᠠᠷᠢᠶ᠎ᠠ ᠲᠤᠭᠤᠷᠢᠭ ᠤᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠢ ᠴᠡᠭᠴᠡᠯᠡᠨ ᠵᠢᠷᠤᠮᠵᠢᠭᠤᠯᠬᠤ ᠶᠢ  ᠯᠠᠪᠳᠠᠭᠤᠨ ᠢᠶᠠᠷ ᠠᠬᠢᠭᠤᠯᠵᠤ᠂ ᠦᠷᠬᠡᠨ ᠤᠯᠠᠨ ᠰᠠᠭᠤᠭᠠᠯᠢ ᠠᠷᠠᠳ ᠲᠤ ᠡᠷᠡᠬᠦᠯ ᠬᠠᠮᠠᠭᠠᠯᠠᠯ ᠠᠷᠢᠭᠤᠨ ᠴᠡᠪᠡᠷ᠂  ᠤᠷᠤᠰᠢᠨ ᠰᠠᠭᠤᠬᠤ ᠳᠤ ᠲᠠᠭᠠᠯᠠᠮᠵᠢᠳᠠᠢ ᠠᠮᠢᠳᠦᠷᠠᠯ ᠤᠨ ᠤᠷᠴᠢᠨ ᠢ ᠪᠤᠢ ᠪᠤᠯᠭᠠᠵᠤ ᠦᠭᠬᠦᠨ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号