ᠬᠦᠨᠳᠡᠯᠡᠨ ᠲᠤᠭᠤᠷᠢᠭ ᠤᠨ ᠰᠤᠶᠤᠯ ᠪᠡᠶ᠎ᠠ ᠲᠠᠮᠢᠷ ᠷᠠᠳᠢᠤ᠋ ᠲᠧᠯᠸᠢᠰ ᠵᠤᠭᠠᠴᠠᠯ ᠤᠨ ᠲᠤᠪᠴᠢᠶ᠎ᠠ ᠤᠳᠬ᠎ᠠ ᠤᠷᠠᠯᠢᠭ ᠤᠨ ᠰᠢᠨ᠎ᠠ ᠡᠭᠦᠳᠦᠯᠳᠡ ᠶᠢ ᠠᠬᠢᠭᠤᠯᠵᠤ ᠠᠷᠠᠳ ᠤᠯᠠᠨ ᠳᠤ ᠦᠢᠯᠡᠴᠢᠯᠡᠵᠤ ᠪᠠᠶᠢᠨ᠎ᠠ
ᠨᠡᠶᠢᠲᠡᠯᠡᠭᠰᠡᠨ ᠴᠠᠭ᠄
2018/4/28
   ᠬᠦᠨᠳᠡᠯᠡᠨ ᠲᠤᠭᠤᠷᠢᠭ ᠤᠨ ᠰᠤᠶᠤᠯ ᠪᠡᠶ᠎ᠠ ᠲᠠᠮᠢᠷ ᠷᠠᠳᠢᠤ᠋ ᠲᠧᠯᠸᠢᠰ ᠵᠤᠭᠠᠴᠠᠯ ᠤᠨ ᠲᠤᠪᠴᠢᠶ᠎ᠠ ᠤᠳᠬ᠎ᠠ  ᠤᠷᠠᠯᠢᠭ ᠤᠨ ᠰᠢᠨ᠎ᠠ ᠡᠭᠦᠳᠦᠯᠳᠡ ᠶᠢ ᠠᠬᠢᠭᠤᠯᠵᠤ ᠠᠷᠠᠳ ᠤᠯᠠᠨ ᠳᠤ ᠦᠢᠯᠡᠴᠢᠯᠡᠵᠤ ᠪᠠᠶᠢᠨ᠎ᠠ ᠲᠦᠷᠦᠭᠦᠬᠡᠨ᠂ ᠬᠦᠨᠳᠡᠯᠡᠨ ᠲᠤᠭᠤᠷᠢᠭ ᠤᠨ ᠰᠤᠶᠤᠯ ᠪᠡᠶ᠎ᠠ ᠲᠠᠮᠢᠷ ᠷᠠᠳᠢᠣ᠋ ᠲᠧᠯᠸᠢᠰ ᠵᠤᠭᠠᠴᠠᠯ ᠤᠨ  ᠲᠤᠪᠴᠢᠶ᠎ᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ  ᠰᠤᠷᠤᠯᠴᠠᠨ ᠲᠤᠤᠱᠯᠠᠭᠤᠯᠵᠤ᠂ ᠤᠯᠠᠭᠠᠨᠮᠦ᠋ᠴᠢᠷ ᠤᠨ ᠭᠡᠷᠡᠯ ᠰᠠᠴᠤᠷᠠᠩᠭᠤᠢ ᠲᠡᠤᠬᠡᠨ ᠶᠠᠪᠤᠴᠠ ᠪᠤᠯᠤᠨ ᠰᠢᠯᠢᠳᠡᠭ  ᠤᠯᠠᠮᠵᠢᠯᠠᠯ ᠢ ᠨᠠᠷᠢᠨ ᠬᠢᠨᠠᠮᠠᠭᠠᠢ ᠳ᠋ᠦᠩᠨᠡᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢᠶᠠᠷ ᠵᠢᠯᠤᠭᠤᠳᠤᠯᠭ᠎ᠠ  ᠪᠤᠯᠭᠠᠵᠤ᠂ ᠤᠳᠬ᠎ᠠ ᠤᠷᠠᠯᠢᠭ ᠤᠨ ᠰᠢᠨ᠎ᠠ ᠡᠭᠦᠳᠦᠯᠳᠡ ᠶᠢ ᠲᠠᠰᠤᠷᠠᠯᠳᠠ ᠦᠭᠡᠢ ᠠᠬᠢᠭᠤᠯᠵᠤ᠂ ᠤᠯᠠᠨ ᠲᠦᠮᠡᠨ ᠳᠤ  ᠦᠨᠡᠨ ᠰᠡᠳᠭᠢᠯ ᠠᠴᠠ ᠪᠠᠨ ᠦᠢᠯᠡᠴᠢᠯᠡᠵᠤ᠂ ᠠᠯᠢ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡ ᠶᠢᠨ  ᠠᠵᠢᠯᠯᠠᠭ᠎ᠠ ᠦᠷᠨᠢᠭᠦᠯᠵᠤ᠂ ᠤᠯᠠᠨ ᠲᠦᠮᠡᠨ ᠤ ᠮᠠᠭᠳᠠᠭᠠᠯ ᠰᠠᠶᠢᠰᠢᠶᠠᠯ ᠢ ᠤᠯᠵᠠᠢ᠃           ᠲᠤᠰ ᠲᠤᠪᠴᠢᠶ᠎ᠠ ᠶᠢᠨ ᠬᠢᠨ ᠲᠤᠭᠤᠷᠢᠭ ᠤᠨ ᠰᠤᠶᠤᠯ ᠤᠨ ᠤᠷᠳᠤᠨ ᠲᠠᠢ ᠬᠠᠮᠲᠤᠷᠠᠨ ︽ᠬᠦᠨᠳᠡᠯᠡᠨ  ᠲᠤᠭᠤᠷᠢᠭ ᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠬᠤ  ᠵᠢᠴᠢ ᠶᠡᠷᠦᠩᠬᠡᠢ ᠱᠦᠵᠢ ᠰᠢ ᠶᠢᠨ ᠫᠢᠩ ᠤᠨ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠲᠤ ᠢᠯᠡᠭᠡᠭᠰᠡᠨ ᠬᠠᠷᠢᠭᠤ ᠵᠠᠬᠢᠳᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ︾ ᠤᠷᠠᠨ ᠰᠠᠶᠢᠢᠬᠠᠨ ᠤ  ᠦᠵᠡᠭᠦᠯᠦᠯᠭᠡ ᠭᠠᠷᠭᠠᠵᠤ᠂ ᠭᠤᠴᠤ ᠰᠠᠶᠢᠬᠠᠨ ᠲᠤᠭᠯᠠᠯᠳᠠ ᠨᠤᠭᠤᠳ ᠢ ᠵᠤᠬᠢᠶᠠᠨ ᠪᠦᠲᠦᠭᠡᠵᠤ᠂ ᠴᠠᠷᠭᠢᠯ ᠬᠤᠯᠪᠤᠭ᠎ᠠ  ᠂ ᠬᠤᠤᠰ ᠬᠦᠮᠦᠨ᠂ ᠬᠤᠶᠠᠷ ᠬᠦᠮᠦᠨ ᠤ ᠵᠦᠴᠦᠭᠡ᠂ ᠪᠦᠵᠢᠭ ᠵᠡᠷᠭᠡ ᠬᠡᠯᠪᠡᠷᠢ ᠪᠠᠷ ᠨᠠᠮ ᠤᠨ ᠠᠷᠪᠠ ᠶᠢᠰᠦᠳᠦᠭᠡᠷ  ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠪᠠ︔ ᠲᠤᠰ ᠲᠤᠭᠤᠷᠢᠭ ᠤᠨ ᠨᠤᠮ ᠤᠨ ᠰᠠᠩ ᠤᠨ ᠬᠢᠨ ᠬᠤᠤᠷ  ᠲᠠᠳᠠᠬᠤ ᠶᠢ ᠵᠤᠭᠰᠤᠭᠠᠬᠤ ᠭᠠᠵᠠᠷ ᠲᠤ ᠨᠤᠮ ᠪᠢᠴᠢᠭ ᠪᠠ ᠰᠡᠳᠭᠦᠯ ᠬᠦᠷᠭᠡᠭᠰᠡᠨ ᠪᠦᠭᠡᠳ ᠬᠤᠤᠷ ᠲᠠᠳᠠᠬᠤ ᠶᠢ  ᠵᠤᠭᠰᠤᠭᠠᠬᠤ ᠭᠠᠵᠠᠷ ᠲᠠᠢ ᠨᠤᠮ ᠪᠢᠴᠢᠭ ᠤᠨ ᠬᠠᠩᠭᠠᠯᠭ᠎ᠠ ᠶᠢᠨ ᠵᠦᠪᠯᠡᠯᠴᠡᠭᠡᠷ ᠲᠤᠭᠳᠠᠵᠤ᠂ ᠬᠤᠤᠷ ᠳᠠᠳᠠᠭᠰᠠᠳ ᠤᠨ  ᠨᠤᠮ ᠤᠩᠰᠢᠬᠤ ᠬᠡᠷᠡᠭᠴᠡᠭᠡ ᠶᠢ ᠬᠠᠩᠭᠠᠬᠤ ᠪᠠᠷ ᠪᠤᠯᠵᠠᠢ︔ ᠡᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ  ᠭᠠᠵᠠᠷ ᠤᠨ ᠬᠢᠨ ᠨᠠᠶᠢᠷᠠᠯ ᠳᠠᠭᠤᠤ᠂ ᠱᠤᠭ ᠵᠦᠴᠦᠭᠡ᠂ ᠤᠷᠠᠨ ᠤᠩᠰᠢᠯᠭ᠎ᠠ ᠶᠢᠨ ᠤᠷᠤᠯᠳᠤᠭᠠᠨ ᠵᠡᠷᠭᠡ ᠬᠡᠯᠪᠡᠷᠢ ᠪᠠᠷ  ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠨᠠᠭ᠎ᠠ ᠶᠢ ᠤᠬᠠᠭᠤᠯᠪᠠ᠃          ᠬᠦᠨᠳᠡᠯᠡᠨ ᠲᠤᠭᠤᠷᠢᠭ ᠤᠨ ᠬᠢᠨ ︽ᠤᠯᠠᠨ ᠲᠦᠮᠡᠨ ᠤ ᠪᠦᠵᠢᠭ ᠤᠨ ᠲᠠᠪᠴᠠᠩ︾ ᠭᠡᠬᠦ ᠰᠢᠷᠢᠰ  ᠰᠤᠶᠤᠯ ᠤᠨ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠤ᠂ ᠵᠠᠰᠠᠭ ᠤᠨ ᠤᠷᠳᠤᠨ ᠠᠴᠠ ᠰᠤᠶᠤᠯ ᠤᠨ ᠦᠢᠯᠡᠴᠢᠯᠡᠭᠡ  ᠬᠤᠳᠠᠯᠳᠤᠨ ᠠᠪᠬᠤ᠂ ᠨᠡᠶᠢᠭᠡᠮ ᠤᠨ ᠵᠤᠬᠢᠶᠠᠨ ᠪᠠᠶᠢᠢᠭᠤᠯᠤᠯᠳᠠ ᠶᠢ ᠤᠷᠤᠯᠴᠠᠭᠤᠯᠬᠤ ᠬᠡᠯᠪᠡᠷᠢ ᠪᠠᠷ᠂ ᠠᠷᠠᠳ ᠤᠨ  ᠠᠭᠤᠳᠠᠮ ᠲᠠᠯᠠᠪᠠᠢ ᠶᠢᠨ ᠭᠤᠤᠯ ᠲᠠᠯᠠᠪᠤᠷ᠂ ᠲᠤᠭᠤᠷᠢᠭ ᠤᠨ ︽ᠬᠤᠶᠠᠷ ᠤᠷᠳᠤᠨ︾ ᠂ ᠡᠯ᠎ᠠ ᠵᠡᠭᠡᠯᠢ ᠭᠤᠳᠤᠮᠵᠢ᠂  ᠪᠠᠯᠭᠠᠰᠤ ᠶᠢᠨ ᠡᠯ᠎ᠠ ᠲᠠᠯᠠᠪᠤᠷ ᠲᠤ  ᠪᠦᠬᠦ ᠵᠢᠯ ᠢ ᠬᠠᠮᠤᠷᠤᠭᠰᠠᠨ 8 ᠶᠡᠭᠡ ᠲᠦᠷᠦᠯ ᠤᠨ 450 ᠰᠤᠶᠤᠯ ᠤᠨ  ᠠᠵᠢᠯᠯᠠᠭ᠎ᠠ ᠦᠷᠨᠢᠭᠦᠯᠬᠦ ᠪᠠᠷ ᠪᠤᠯᠵᠤ᠂ ᠤᠯᠠᠨ ᠲᠦᠮᠡᠨ ᠲᠠᠢ ᠨᠡᠩ ᠤᠶᠢᠷᠠᠳᠤᠭᠰᠠᠨ᠂ ᠤᠯᠠᠨ ᠲᠦᠮᠡᠨ ᠤ ᠳᠤᠮᠳᠠ  ᠳᠡᠯᠭᠡᠷᠡᠭᠳᠡᠬᠦ᠂ ᠤᠯᠠᠨ ᠲᠦᠮᠡᠨ ᠳᠤ ᠲᠠᠭᠠᠰᠢᠶᠠᠭᠳᠠᠬᠤ ᠰᠢᠯᠢᠳᠡᠭ ᠪᠦᠲᠦᠭᠡᠯ ᠢ ᠵᠤᠬᠢᠶᠠᠨ ᠪᠦᠳᠦᠭᠡᠵᠤ ᠪᠠᠶᠢᠨ᠎ᠠ᠃
 
ᠢᠷᠡᠯᠲᠡ᠄ ᠲᠣᠳᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号