ᠬᠤᠪᠣᠷ ᠰᠢᠷᠣᠢ ᠶᠢᠨ ᠲᠡᠭᠡᠳᠣ ᠰᠢᠨ᠎ᠠ ᠮᠡᠷᠭᠡᠵᠢᠯ ᠤᠨ ᠣᠷᠣᠨ ᠠᠷᠪᠠᠨ ᠭᠤᠷᠪᠠᠳᠣᠭᠠᠷ ᠣᠳᠠᠭᠠᠨ ᠤ ᠨᠠᠮ ᠠᠵᠢᠯᠴᠢᠨ ᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2018/6/9
    5 ᠰᠠᠷ᠎ᠠ ᠶᠢᠨ 25 ᠤ ᠡᠳᠦᠷ᠂ ᠨᠠᠮ ᠠᠵᠢᠯᠴᠢᠨ ᠤ ᠵᠦᠪᠯᠡᠯ ᠤᠨ ᠲᠡᠳ᠋ ᠱᠦᠵᠢ᠂ ᠬᠠᠮᠢᠶᠠᠷᠣᠯᠳᠠ ᠶᠢᠨ ᠵᠦᠪᠯᠡᠯ  ᠤᠨ ᠡᠷᠬᠢᠯᠡᠭᠴᠢ ᠮᠢᠶᠣᠣ ᠢᠣᠢ ᠯᠢᠶᠠᠩ ᠠᠴᠠ ᠲᠡᠭᠡᠳᠣ ᠰᠢᠨ᠎ᠠ ᠮᠡᠷᠭᠡᠵᠢᠯ ᠤᠨ ᠣᠷᠣᠨ ᠤ ᠠᠷᠪᠠᠨ ᠭᠤᠷᠪᠠᠳᠣᠭᠠᠷ ᠣᠳᠠᠭᠠᠨ ᠤ ᠨᠠᠮ ᠠᠵᠢᠯᠴᠢᠨ ᠤ ᠵᠦᠪᠯᠡᠯ ᠤᠨ ᠬᠤᠷᠠᠯ ᠢ ᠬᠤᠷᠠᠯᠳᠣᠭᠤᠯᠪᠠ᠃ ᠬᠤᠷᠠᠯ ᠳᠤ ᠨᠠᠮ ᠠᠵᠢᠯᠴᠢᠨ ᠤ ᠵᠦᠪᠯᠡᠯ᠂ ᠬᠠᠮᠢᠶᠠᠷᠣᠯᠳᠠ ᠶᠢᠨ ᠵᠦᠪᠯᠡᠯ ᠤᠨ ᠠᠵᠢᠯ ᠤᠨ ᠹᠷᠣᠨᠲ ᠠᠴᠠ ᠰᠠᠯᠣᠭᠰᠠᠨ ᠣᠳᠣᠷᠢᠳᠬᠤ ᠪᠠᠭ ᠬᠢᠭᠡᠳ ᠬᠠᠷᠢᠶ᠎ᠠ ᠡᠯ᠎ᠡ ᠲᠠᠰᠤᠭ ᠤᠨ ᠬᠠᠷᠢᠭᠤᠴᠠᠯᠭᠠᠳᠠᠨ ᠨᠠᠷ 30 ᠭᠠᠷᠣᠢ ᠬᠦᠮᠦᠨ ᠣᠷᠣᠯᠴᠠᠪᠠ᠃   ᠬᠤᠷᠠᠯ ᠳᠤ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠠᠯ ᠤᠨ ᠡᠷᠬᠢᠯᠡᠭᠴᠢ ᠯᠢ ᠵᠢᠢ ᠡᠾᠧᠩ ᠤᠨ ᠰᠢᠨ᠎ᠠ ᠬᠠᠭᠤᠴᠢᠨ ᠤ ᠰᠣᠯᠢᠭᠳᠠᠯ ᠢ ᠠᠬᠢᠭᠤᠯᠣᠨ ᠦᠨᠳᠦᠷ ᠴᠢᠨᠠᠷᠳᠣ ᠠᠵᠣ ᠠᠬᠤᠢ ᠶᠢᠨ ᠬᠦᠭᠵᠢᠯᠳᠠ ᠶᠢ ᠠᠬᠢᠭᠤᠯᠬᠤ ᠲᠣᠬᠠᠢ ᠶᠢᠨ ᠲᠠᠯᠠᠪᠣᠷ ᠤᠨ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠮᠠᠨ ᠤ ᠣᠷᠣᠨ ᠤ ᠠᠵᠢᠯ ᠤᠨ ᠲᠣᠭᠤᠰᠢᠯᠠᠭᠤᠯᠣᠯ ᠢ ᠲᠣᠬᠢᠷᠠᠭᠤᠯᠪᠠ᠃    ᠮᠢᠶᠣᠣ ᠢᠣᠢ ᠯᠢᠶᠠᠩ ᠠᠴᠠ ᠯᠢ ᠵᠢᠢ ᠡᠾᠧᠩ ᠱᠦᠵᠢ ᠶᠢᠨ ᠬᠤᠷᠠᠯᠳᠣᠭᠤᠯᠣᠭᠰᠠᠨ ᠲᠣᠰ ᠬᠤᠷᠠᠯ ᠨᠢ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠬᠤᠭᠤᠴᠠᠭᠠᠨ ᠤ ᠲᠠᠪᠣᠳᠡᠬᠢ ᠪᠦᠭᠦᠳᠡ ᠬᠤᠷᠠᠯᠳᠣᠭᠠᠨ᠂ ᠦᠪᠡᠷᠳᠡᠭᠡᠨ ᠵᠠᠰᠠᠬᠤ ᠣᠷᠣᠨ ᠤ ︽ᠬᠤᠶᠠᠷ ᠬᠤᠷᠠᠯ︾᠂ ᠦᠪᠡᠷᠳᠡᠭᠡᠨ ᠵᠠᠰᠠᠬᠤ ᠣᠷᠳ ᠤ ᠨᠠᠮ ᠤᠨ ᠬᠤᠷᠢᠶᠠᠨ ᠤ ᠠᠷᠪᠠᠳᠣᠭᠠᠷ ᠬᠤᠭᠤᠴᠠᠭᠠᠨ ᠤ ᠵᠢᠷᠭᠤᠭᠠᠳᠡᠬᠢ ᠪᠦᠭᠦᠳᠡ ᠬᠤᠷᠠᠯ ᠠᠴᠠ ᠪᠦᠭᠦ ᠲᠠᠯ᠎ᠠ ᠶᠢ ᠲᠣᠬᠢᠷᠠᠭᠤᠯᠣᠭᠰᠠᠨ ᠤ ᠰᠠᠭᠤᠷᠢᠨ ᠲᠡᠭᠡᠷ᠎ᠡ ᠲᠣᠰᠬᠠᠢ ᠰᠡᠳᠣᠪ ᠢᠶᠠᠷ ᠬᠤᠷᠠᠯᠳᠣᠭᠤᠯᠣᠭᠰᠠᠨ ᠪᠠᠷᠢᠮᠵᠢᠶ᠎ᠠ ᠦᠨᠳᠦᠷ᠂ ᠦᠷᠭᠡᠴᠨ ᠦᠷᠭᠡᠨ ᠬᠤᠷᠠᠯ ᠪᠣᠯᠣᠭᠰᠠᠨ ᠠᠴᠠ ᠲᠡᠷᠨ ᠨᠢ ᠪᠦᠭᠦ ᠦᠪᠡᠷᠳᠡᠭᠡᠨ ᠵᠠᠰᠠᠬᠤ ᠣᠷᠣᠨ ᠢᠶᠠᠷ ᠢᠶᠠᠨ ᠦᠨᠳᠦᠷ ᠴᠢᠨᠠᠷᠳᠣ ᠠᠵᠣ ᠠᠬᠤᠢ ᠶᠢᠨ ᠬᠦᠭᠵᠢᠯᠳᠡ ᠶᠢ ᠴᠢᠩᠭᠠᠳᠬᠤ ᠶᠢᠨ ᠰᠣᠷᠠᠭ ᠲᠣᠬᠢᠶ᠎ᠠ ᠪᠣᠯᠬᠤ ᠨᠢ ᠭᠠᠷᠴᠠᠭ᠎ᠠ ᠦᠭᠡᠢ ᠭᠡᠵᠣ ᠵᠢᠭᠠᠨ ᠭᠠᠷᠭᠠᠪᠠ᠃    ᠮᠢᠶᠣᠣ ᠢᠣᠢ ᠯᠢᠶᠠᠩ ᠬᠤᠷᠠᠯᠳᠣᠭᠠᠨ ᠳᠤ ᠪᠠᠰᠨ ᠣᠳᠣᠬᠠᠨ ᠤ ᠪᠠᠶᠢᠳᠠᠯ ᠢ ᠰᠠᠶᠢᠳᠣᠷ ᠲᠠᠨᠢᠵᠣ ᠰᠢᠨ᠎ᠠ ᠮᠠᠶ᠋ᠢᠭ  ᠤᠨ ᠡᠨᠧᠷᠬᠢ᠂ ᠰᠢᠨ᠎ᠠ ᠮᠠᠶ᠋ᠢᠭ ᠤᠨ ᠦᠰᠦᠯᠳᠡ ᠵᠡᠷᠭᠡ ᠶᠢᠨ ᠬᠦᠭᠵᠢᠯᠳᠠ ᠶᠢ ᠠᠩᠬᠷᠣᠨ ᠬᠦᠴᠣ ᠪᠠᠨ ᠲᠦᠪᠯᠡᠷᠭᠦᠯᠦᠨ ᠬᠠᠷᠠᠯᠳᠠ ᠪᠠᠨ ᠲᠣᠳᠣᠵᠢᠭᠤᠯᠵᠣ  ᠦᠨᠳᠦᠷ ᠴᠢᠨᠠᠷᠳᠣ ᠠᠵᠣ ᠠᠬᠤᠢ ᠶᠢᠨ ᠭᠦᠭᠵᠢᠯᠳᠠ ᠶᠢ ᠲᠦᠷᠭᠡᠳᠭᠡᠭᠦ ᠡᠯ᠎ᠡ ᠵᠦᠢᠯ ᠤᠨ ᠠᠵᠢᠯ ᠢ ᠰᠠᠶᠢᠳᠣᠷ ᠬᠢᠭᠦ ᠶᠢ ᠴᠢᠬᠤᠯᠠᠴᠢᠯᠠᠭᠰᠠᠨ ᠤ ᠬᠠᠮᠳᠣ ᠣᠳᠣᠬᠢᠴᠢᠯᠠᠭᠰᠠᠨ ᠮᠠᠶ᠋ᠢᠭ ᠤᠨ ᠠᠵᠣ ᠦᠢᠯᠡᠰ ᠤᠨ ᠰᠢᠰᠲ᠋ᠧᠮ ᠢ ᠴᠣᠭᠴᠠᠯᠬᠤ ᠶᠢ ᠠᠬᠢᠭᠤᠯᠣᠨ ᠰᠠᠭᠤᠷᠢ ᠲᠦᠭᠦᠭᠡᠷᠦᠮᠵᠢ ᠶᠢ ᠪᠠᠶᠢᠭᠤᠯᠣᠯᠳᠠ ᠶᠢ ᠰᠠᠶᠢᠵᠢᠷᠠᠭᠤᠯᠵᠣ ᠠᠵᠣ ᠠᠬᠤᠢ ᠶᠢᠨ ᠪᠦᠳᠦᠴᠨ ᠶᠢᠨ ᠦᠭᠡᠷᠡᠴᠢᠯᠡᠯᠳᠡ ᠶᠢ ᠬᠦᠨᠵᠡᠭᠡᠶᠢᠷᠢᠭᠦᠯᠵᠣ ᠨᠡᠭᠡᠭᠡᠯᠳᠣ ᠰᠢᠨᠵᠢ ᠪᠦᠭᠦᠢ ᠠᠵᠣ ᠠᠬᠤᠢ ᠶᠢᠨ ᠰᠢᠨ᠎ᠠ ᠪᠠᠶᠢᠳᠠᠯ ᠢ ᠪᠣᠢ ᠪᠣᠯᠭᠠᠨ ᠬᠤᠳᠠ ᠬᠦᠳᠡᠭᠡ ᠶᠢᠨ ᠵᠣᠬᠢᠴᠠᠯᠳᠣ ᠬᠦᠭᠵᠢᠯᠳᠡ ᠶᠢ ᠠᠬᠢᠭᠤᠯᠵᠣ ᠣᠷᠴᠢᠨ ᠲᠣᠭᠤᠷᠢᠨ ᠤ ᠬᠠᠮᠠᠭᠠᠯᠠᠯᠳᠠ ᠶᠢᠨ ᠲᠣᠬᠠᠢ ᠨᠠᠢᠮᠠᠨ ᠵᠦᠢᠯ ᠤᠨ ᠭᠤᠣᠯ ᠠᠵᠢᠯ  ᠢ ᠴᠢᠩᠭᠠᠳᠬᠠᠬᠤ ᠬᠡᠷᠡᠭᠳᠡᠢ︔ ᠦᠪᠡᠷ ᠦᠪᠡᠷ ᠤᠨ ᠠᠵᠢᠯ ᠤᠨ ᠣᠬᠠᠮᠰᠠᠷ᠂ ᠬᠠᠷᠢᠭᠤᠴᠠᠯᠭ᠎ᠠ ᠪᠠᠨ ᠲᠡᠭᠡᠭᠰᠢᠯᠡᠭᠦᠯᠦᠨ ᠠᠵᠢᠯ ᠤᠨ ᠢᠳᠡᠪᠬᠢ ᠠᠭᠤᠷ ᠠᠮᠢᠰᠬᠤᠯ ᠢ ᠦᠳᠭᠡᠷᠡᠭᠦᠯᠦᠨ ᠰᠢᠨ᠎ᠠ ᠭᠦᠭᠵᠢᠯᠳᠡ ᠶᠢᠨ ᠣᠨᠣᠯᠵᠢᠬᠤᠨ ᠢ ᠦᠨᠳᠦᠷ ᠴᠢᠨᠠᠷᠳᠣ ᠠᠵᠣ ᠠᠬᠤᠢ ᠶᠢᠨ ᠬᠦᠭᠵᠢᠯᠳᠡ ᠶᠢᠨ ᠦᠨᠡᠨᠬᠦ ᠵᠢᠯᠣᠭᠤᠳᠣᠮᠵᠢ ᠪᠣᠯᠭᠠᠬᠤ ᠬᠡᠷᠡᠭᠳᠡᠢ ᠭᠡᠵᠣ ᠱᠠᠭᠠᠷᠳᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号