ᠬᠤᠪᠣᠷ ᠰᠢᠷᠣᠢ ᠶᠢᠨ ᠲᠡᠭᠡᠳᠣ ᠰᠢᠨ᠎ᠠ ᠮᠡᠷᠭᠡᠵᠢᠯ ᠤᠨ ᠣᠷᠣᠨ ᠤ ᠲᠠᠪᠠᠭᠤᠯᠢᠭ ᠲᠠᠯ᠎ᠠ
ᠨᠡᠶᠢᠲᠡᠯᠡᠭᠰᠡᠨ ᠴᠠᠭ᠄
2021/1/22
    ᠪᠣᠭᠤᠳᠣ ᠶᠢᠨ ᠬᠤᠪᠣᠷ ᠰᠢᠷᠣᠢ ᠶᠢᠨ ᠲᠡᠭᠡᠳᠣ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠣᠷᠣᠨ ᠨᠢ 1990 ᠣᠨ ᠳᠤ ᠪᠠᠶᠢᠭᠤᠯᠣᠭᠳᠠᠵᠣ᠂ 1992 ᠣᠨ ᠳᠤ ᠲᠦᠷᠦ ᠶᠢᠨ ᠶᠠᠪᠣᠳᠠᠯ ᠤᠨ ᠬᠤᠷᠢᠶᠠᠨ ᠳᠤ ᠣᠯᠣᠰ ᠤᠨ ᠲᠡᠰ ᠤᠨ ᠲᠡᠭᠡᠳᠣ ᠰᠢᠨ᠎ᠠ ᠮᠡᠷᠭᠡᠵᠢᠯ ᠤᠨ ᠣᠷᠣᠨ ᠢᠶᠠᠷ ᠵᠦᠪᠰᠢᠶᠡᠷᠡᠭᠳᠡᠭᠰᠡᠨ ᠪᠦᠭᠦ ᠣᠯᠣᠰ ᠤᠨ ᠴᠣᠷ ᠎ ᠤᠨ ᠭᠠᠭᠴᠠ ᠬᠤᠪᠣᠷ ᠰᠢᠷᠣᠢ ᠶᠢᠨ ᠡᠬᠢ ᠪᠠᠶᠠᠯᠢᠭ ᠢᠶᠠᠷ ᠨᠡᠷᠡᠯᠡᠭᠳᠡᠭᠰᠡᠨ ᠲᠡᠭᠡᠳᠣ ᠰᠢᠨ᠎ᠠ ᠮᠡᠷᠭᠡᠵᠢᠯ ᠤᠨ ᠣᠷᠣᠨ ᠮᠦᠨ᠃ ᠲᠡᠭᠡᠳᠣ ᠰᠢᠨ᠎ᠠ ᠮᠡᠷᠭᠡᠵᠢᠯ ᠤᠨ ᠣᠷᠣᠨ ᠨᠢ ᠬᠠᠷᠢᠶᠠᠨ ᠳᠤ ᠪᠠᠨ 116 ᠲᠡᠭᠰᠢ ᠲᠦᠷᠪᠡᠯᠵᠢᠨ ᠺᠢᠯᠣᠮᠧᠲᠷ ᠎ ᠤᠨ ᠲᠠᠯᠠᠪᠠᠢ᠂ 6600 ᠭᠠᠷᠣᠢ ᠲᠠᠩᠰᠠᠯᠠᠭᠳᠠᠭᠰᠠᠨ ᠠᠵᠣ ᠠᠬᠤᠶᠢᠯᠠᠯ ᠲᠠᠢ᠃ ᠣᠷᠣᠨ ᠨᠢ ᠣᠷᠢᠳ ᠬᠤᠵᠢᠳ ᠣᠯᠣᠰ ᠤᠨ ᠬᠠᠮᠢᠶ᠎ᠠ ᠪᠦᠭᠦᠢ ᠶᠠᠮᠣᠨ ᠳᠤ ︽ᠣᠯᠣᠰ ᠤᠨ ᠰᠢᠨ᠎ᠠ ᠬᠡᠯᠪᠡᠷᠢ ᠶᠢᠨ ᠠᠵᠣ ᠦᠢᠯᠡᠳᠪᠦᠷᠢᠵᠢᠭᠰᠡᠨ ᠦᠢᠯᠡᠰ ᠤᠨ ᠵᠢᠱᠢᠶᠡᠴᠢ ᠬᠤᠪᠣᠷ ᠰᠢᠷᠣᠢ ᠶᠢᠨ ᠰᠢᠨ᠎ᠠ ᠮᠠᠲ᠋ᠧᠷᠢᠶᠠᠯ ᠤᠨ ᠰᠠᠭᠤᠷᠢᠨ︾ ︽ᠣᠯᠣᠰ ᠤᠨ ᠭᠠᠳᠠᠭᠠᠳᠣ ᠎ ᠶᠢᠨ ᠲᠡᠭᠡᠳᠣ ᠲᠡᠰ ᠤᠨ ᠴᠢᠳᠠᠪᠦᠷᠢᠳᠡᠨ ᠰᠢᠨ᠎ᠠ ᠶᠢ ᠡᠭᠦᠳᠦᠨ ᠦᠢᠯᠡᠰ ᠪᠣᠰᠬᠠᠭᠴᠢ ᠰᠠᠭᠤᠷᠢᠨ︾ ︽ᠣᠯᠣᠰ ᠤᠨ ᠲᠡᠰ ᠤᠨ ᠰᠢᠨ᠎ᠠ ᠶᠢ ᠡᠭᠦᠳᠦᠨ ᠦᠢᠯᠡᠰ ᠪᠣᠰᠬᠠᠭᠴᠢ ᠵᠢᠱᠢᠶᠡᠴᠢ ᠰᠠᠭᠤᠷᠢᠨ︾ ︽ᠣᠯᠣᠰ ᠤᠨ ᠭᠠᠳᠠᠭᠠᠳᠣ ᠠᠷᠠᠯᠵᠢᠶᠠᠨ ᠤ ᠬᠡᠯᠪᠡᠷᠢ ᠪᠠᠨ ᠦᠭᠡᠷᠴᠢᠯᠡᠨ ᠲᠡᠰᠵᠢᠭᠦᠯᠦᠭᠰᠡᠨ ᠰᠠᠭᠤᠷᠢᠨ︾ ᠭᠡᠵᠣ ᠦᠨᠡᠯᠡᠭᠳᠡᠭᠰᠡᠨ 27 ᠤᠯᠤᠰ ᠤᠨ ᠲᠡᠰ ᠤᠨ ᠰᠠᠭᠤᠷᠢᠨ ︵ᠲᠦᠪ︶ ᠪᠣᠢ᠃     ᠬᠤᠪᠣᠷ ᠰᠢᠷᠣᠢ ᠶᠢᠨ ᠲᠡᠭᠡᠳᠣ ᠰᠢᠨ᠎ᠠ ᠮᠡᠷᠭᠡᠵᠢᠯ ᠤᠨ ᠣᠷᠣᠨ ᠨᠢ ᠨᠢᠭᠡᠨᠳᠡ ᠬᠤᠪᠣᠷ ᠰᠢᠷᠣᠢ ᠶᠢᠨ ᠰᠢᠨ᠎ᠠ ᠮᠠᠲ᠋ᠧᠷᠢᠶᠠᠯ᠂ ᠦᠩᠭᠡᠳᠣ ᠲᠡᠮᠦᠷᠯᠢᠭ ᠤᠨ ᠭᠦᠨ ᠪᠤᠯᠪᠠᠰᠤᠷᠠᠭᠤᠯᠬᠤ᠂ ᠲᠡᠭᠡᠳᠣ ᠲᠡᠰ ᠤᠨ ᠲᠣᠨᠤᠭ ᠲᠦᠭᠦᠭᠡᠷᠦᠮᠵᠢ ᠎ ᠶᠢᠨ ᠦᠢᠯᠡᠳᠪᠦᠷᠢᠯᠡᠯ᠂ ᠲᠡᠭᠡᠳᠣ ᠰᠢᠨ᠎ᠠ ᠮᠡᠷᠭᠡᠵᠢᠯ ᠢᠶᠠᠷ ᠨᠢᠷᠣᠭᠤᠴᠢᠯᠠᠭᠰᠠᠨ ᠠᠵᠣ ᠠᠬᠤᠢ ᠶᠢᠨ ᠲᠣᠭᠳᠠᠯᠴᠠᠭ᠎ᠠ ᠎ ᠲᠠᠢ ᠪᠣᠯᠵᠠᠢ᠃ ᠬᠤᠪᠣᠷ ᠰᠢᠷᠣᠢ ᠶᠢᠨ ᠰᠢᠨ᠎ᠠ ᠮᠠᠲ᠋ᠧᠷᠢᠶᠠᠯ ᠤᠨ ᠦᠢᠯᠡᠰ ᠨᠢ ᠣᠮᠠᠷᠠᠳᠣ ᠶᠢᠨ ᠬᠤᠪᠣᠷ ᠰᠢᠷᠣᠢ᠂ ᠲᠢᠶᠠᠨ ᠡᠾᠧ ᠰᠣᠷᠢᠨᠵᠢᠨ᠂ ᠶᠦᠨ ᠱᠧᠩ ᠬᠦᠴᠦᠳᠣ ᠰᠣᠷᠢᠨᠵᠢᠨ ᠵᠡᠷᠭᠡ ᠪᠠᠷ ᠲᠣᠯᠣᠭᠠᠶᠢᠯᠠᠭᠤᠯᠵᠣ ᠵᠠᠭᠤ ᠭᠠᠷᠣᠢ ᠬᠤᠪᠣᠷ ᠰᠢᠷᠣᠢ ᠶᠢᠨ ᠠᠵᠣ ᠠᠬᠤᠶᠢᠯᠠᠯ ᠢ ᠴᠣᠭᠯᠠᠷᠠᠭᠤᠯᠣᠨ ᠲᠣᠭᠳᠠᠮᠠᠯ ᠰᠣᠷᠢᠨᠵᠢᠨ᠂ ᠤᠰᠤᠲᠦ᠋ᠷᠦᠭᠴᠢ ᠬᠠᠳᠠᠭᠠᠯᠠᠬᠤ᠂ ᠲᠦᠷᠭᠡᠳᠭᠡᠭᠦᠷ ᠲᠣᠰᠠᠯᠠᠭᠴᠢ᠂ ᠦᠩᠭᠡᠯᠡᠭᠦ᠂ ᠬᠠᠶᠢᠯᠣᠰᠢ ᠵᠡᠷᠭᠡ 5 ᠠᠵᠣ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠣ ᠣᠶᠢᠷ᠎ᠠ ᠶᠢᠨ ᠵᠢᠯ ᠤᠨ ᠣᠨ ᠤ ᠦᠰᠦᠯᠳᠡ ᠶᠢᠨ ᠬᠤᠷᠳᠣᠴᠨ 30%᠎ ᠶᠢ ᠲᠠᠪᠠᠵᠠᠢ᠃ ᠦᠩᠭᠡᠳᠣ ᠲᠡᠮᠦᠷᠯᠢᠭ ᠤᠨ ᠭᠦᠨ ᠪᠤᠯᠪᠠᠰᠤᠷᠠᠭᠤᠯᠬᠤ ᠦᠢᠯᠡᠰ ᠨᠢ  ᠰᠢ ᠸᠠᠩ ᠬᠦᠩᠭᠡᠨᠴᠠᠭᠠᠨ ᠤ ᠦᠢᠯᠡᠰ᠂ ᠬᠤᠸ᠋ᠨ ᠳ᠋ᠢᠩ ᠵᠡᠰ ᠎ ᠤᠨ ᠦᠢᠯᠡᠰ᠂ ᠸᠧᠢ ᠹᠧᠩ ᠴᠠᠬᠢᠯᠭᠠᠨ ᠰᠣᠷᠵᠢᠨᠵᠢᠨ ᠵᠡᠷᠭᠡ ᠪᠠᠷ ᠲᠣᠯᠣᠭᠠᠶᠢᠯᠠᠭᠤᠯᠵᠣ 88 ᠲᠦᠮᠡᠨ ᠲᠣᠨ ᠤ ᠬᠦᠩᠭᠡᠨᠴᠠᠭᠠᠨ ᠤ ᠣᠰᠣ᠂ 10 ᠲᠦᠮᠡᠨ ᠲᠣᠨ ᠴᠠᠬᠢᠯᠭᠠᠨ ᠵᠠᠳᠠᠷᠠᠭᠤᠯᠣᠭᠴᠢ ᠵᠡᠰ ᠢ 100%᠎ ᠪᠠᠷ ᠲᠣᠬᠠᠢ ᠳᠤ ᠎ ᠨᠢ ᠣᠯᠠᠷᠢᠯᠠᠭᠤᠯᠵᠣ ᠴᠢᠳᠠᠬᠤ ᠪᠣᠯᠵᠠᠢ᠃ ᠲᠡᠭᠡᠳᠣ ᠲᠡᠰ ᠤᠨ ᠲᠣᠨᠤᠭ ᠲᠦᠭᠦᠭᠡᠷᠦᠮᠵᠢ ᠶᠢᠨ ᠦᠢᠯᠡᠳᠪᠦᠷᠢᠯᠡᠯ ᠤᠨ ᠦᠢᠯᠡᠰ ᠨᠢ ᠣᠮᠠᠷᠠᠳᠣ ᠶᠢᠨ ᠬᠤᠪᠢ ᠣᠷᠣᠭᠤᠯᠣᠭᠰᠠᠨ ᠺᠣᠮᠫᠠᠨᠢ᠂ ᠵᠦᠩ ᠴᠧ ᠴᠠᠬᠢᠯᠭᠠᠨ ᠮᠠᠰᠢᠨ᠂ ᠲᠢᠶᠠᠨ ᠱᠦᠨ ᠰᠠᠯᠬᠢᠨ ᠡᠨᠧᠷᠬᠢ ᠵᠡᠷᠭᠡ ᠪᠠᠷ ᠲᠣᠯᠣᠭᠠᠶᠢᠯᠠᠭᠤᠯᠵᠣ ᠬᠦᠨᠳᠦ ᠮᠠᠰᠢᠨ ᠪᠠ ᠲᠣᠨᠤᠭ ᠰᠡᠯᠪᠢᠭ᠂ ᠰᠠᠯᠬᠢᠨ ᠴᠠᠬᠢᠯᠭᠠᠨ ᠤ ᠲᠦᠭᠦᠭᠡᠷᠦᠮᠵᠢ᠂ ᠢᠨᠵᠧᠨ᠋ᠷᠢᠭ ᠮᠠᠰᠢᠨᠴᠢᠯᠠᠯ ᠤᠨ ᠲᠣᠨᠤᠭ ᠲᠦᠭᠦᠭᠡᠷᠦᠮᠵᠢ ᠶᠢᠨ ᠬᠠᠮᠳᠣ ᠶᠢ ᠴᠣᠭᠴᠠᠯᠠᠵᠠᠢ᠃ ᠲᠡᠭᠡᠳᠣ ᠰᠢᠨ᠎ᠠ ᠮᠡᠷᠭᠡᠵᠢᠯ ᠤᠨ ᠠᠵᠣ ᠦᠢᠯᠡᠰ ᠨᠢ ︽ᠢᠨᠲ᠋ᠧᠷ +︾᠂ ᠶᠡᠭᠡ ᠳ᠋ᠠᠶᠢᠲᠨ᠂ ᠡᠷᠡᠭᠦᠯ ᠡᠩᠬᠡ ᠡᠮ ᠡᠮᠨᠡᠯᠭᠡ᠂ ᠰᠣᠶᠣᠯ ᠵᠢᠭᠤᠯᠴᠢᠠᠯᠠᠯ ᠵᠡᠷᠭᠡ ᠰᠢᠨ᠎ᠠ ᠪᠠᠷ ᠮᠠᠨᠳᠣᠭᠰᠠᠨ ᠠᠵᠣ ᠦᠢᠢᠯᠡᠰ ᠢᠶᠠᠷ ᠭᠤᠣᠯᠯᠠᠵᠣ ᠪᠠᠶᠢᠨ᠎ᠠ᠃ 26 ᠲᠦᠮᠡᠨ ᠲᠡᠭᠰᠢ ᠲᠦᠷᠪᠡᠯᠵᠢᠨ ᠶᠡᠷᠦᠩᠭᠡᠢ ᠲᠠᠯᠠᠪᠠᠢ ᠲᠠᠢ ᠲᠡᠭᠡᠳᠣ ᠰᠢᠨ᠎ᠠ ᠮᠡᠷᠭᠡᠵᠢᠯ ᠤᠨ ᠠᠵᠣ ᠦᠢᠯᠡᠰ ᠤᠨ ᠰᠠᠭᠤᠷᠢᠨ ᠨᠢ ᠠᠰᠢᠭᠯᠠᠯᠳᠠ ᠳᠤ ᠣᠷᠣᠵᠣ ᠬᠤᠪᠣᠷ ᠰᠢᠷᠣᠢ ᠶᠢᠨ ᠪᠦᠳᠦᠭᠡᠭᠳᠡᠭᠦᠨ ᠤ ᠪᠣᠷᠣᠯᠠᠭᠤᠯᠭ᠎ᠠ ᠮᠢᠩᠭᠠᠨ ᠳ᠋ᠦᠩᠰᠢᠭᠤᠷ ᠲᠦᠭᠦᠷᠢᠭ ᠲᠤ ᠬᠦᠷᠴᠠᠢ᠃     ᠲᠡᠭᠡᠳᠣ ᠰᠢᠨ᠎ᠠ ᠮᠡᠷᠭᠡᠵᠢᠯ ᠤᠨ ᠣᠷᠣᠨ ᠨᠢ ᠡᠶᠢᠨ ᠬᠦ ᠲᠠᠪᠠᠭᠤᠯᠢᠭ ᠲᠠᠯ᠎ᠠ ᠲᠠᠢ ᠪᠠᠶᠢᠭ᠎ᠠ ᠳᠤ ᠣᠯᠣᠰ ᠤᠨ ᠲᠡᠰ ᠤᠨ ᠲᠧᠭᠨᠢᠭ ᠮᠡᠷᠭᠡᠵᠢᠯ ᠤᠨ ᠦᠢᠯᠡᠰ ᠪᠣᠰᠬᠠᠬᠤ ᠦᠢᠯᠡᠴᠢᠯᠡᠭᠡᠨ ᠤ ᠲᠦᠪ᠂ ᠦᠪᠡᠷᠳᠡᠭᠡᠨ ᠵᠠᠰᠠᠬᠤ ᠣᠷᠣᠨ ᠤ ᠰᠣᠹᠲ ᠤᠨ ᠬᠦᠷᠢᠶᠡᠯᠡᠩ᠂ ᠡᠭᠦᠳᠦᠯᠳᠡ ᠶᠢᠨ ᠣᠷᠣᠨ ᠵᠡᠷᠭᠡ ᠪᠠᠶᠢᠭ᠎ᠠ ᠪᠠᠷ ᠪᠠᠷᠠᠬᠤ ᠦᠭᠡᠢ ᠣᠶᠢᠷ᠎ᠠ ᠶᠢᠨ ᠵᠢᠯ ᠳᠤ ᠲᠣᠮᠳᠠᠳᠣ ᠣᠯᠣᠰ ᠤᠨ ᠰᠢᠨᠵᠢᠯᠡᠭᠦ ᠮᠡᠷᠭᠡᠵᠢᠯ ᠤᠨ ᠬᠦᠷᠢᠶᠡᠯᠡᠩ ᠤᠨ ᠪᠣᠭᠤᠳᠣ ᠶᠢᠨ ᠬᠤᠪᠣᠷ ᠰᠢᠷᠣᠢ ᠶᠢᠨ ᠰᠣᠳᠣᠯᠭᠠᠨ ᠤ ᠲᠦᠪ᠂ ᠱᠠᠩᠬᠠᠢ ᠵᠠᠮ ᠬᠠᠷᠢᠯᠴᠠᠭᠠᠨ ᠤ ᠶᠡᠭᠡ ᠰᠣᠷᠭᠠᠭᠤᠯᠢ ᠶᠢᠨ ᠪᠣᠭᠤᠳᠣ ᠶᠢᠨ ᠮᠠᠲ᠋ᠧᠷᠢᠶᠠᠯ ᠤᠨ ᠰᠣᠳᠣᠯᠭᠠᠨ ᠤ ᠬᠦᠷᠢᠶᠡᠯᠡᠩ᠂ ᠲᠢᠶᠠᠨᠵᠢᠨ ᠶᠡᠭᠡ ᠰᠣᠷᠭᠠᠭᠤᠯᠢ ︵ᠪᠣᠭᠤᠳᠣ︶᠎ ᠶᠢᠨ ᠮᠡᠷᠭᠡᠵᠢᠯ ᠰᠢᠯᠵᠢᠯᠳᠠ ᠶᠢᠨ ᠲᠦᠪ ᠵᠡᠷᠭᠡ ᠰᠢᠨᠡᠷᠭᠡᠭ ᠰᠣᠳᠣᠯᠭᠠᠨ ᠤ ᠪᠠᠶᠢᠭᠤᠯᠣᠮᠵᠢ ᠶᠢ ᠪᠣᠢ ᠪᠣᠯᠭᠠᠵᠠᠢ᠃ ᠲᠣᠮᠳᠠᠳᠣ ᠣᠯᠣᠰ ᠤᠨ ᠰᠢᠨᠵᠢᠯᠡᠭᠦ ᠮᠡᠷᠭᠡᠵᠢᠯ ᠤᠨ ᠬᠦᠷᠢᠶᠡᠯᠡᠩ ᠤᠨ ᠠᠵᠣ ᠦᠢᠯᠡᠰ ᠤᠨ ᠣᠷᠣᠨ᠂ ᠱᠠᠩᠬᠠᠢ ᠵᠠᠮ ᠬᠠᠷᠢᠯᠴᠠᠭᠠᠨ ᠤ ᠶᠡᠭᠡ ᠰᠣᠷᠭᠠᠭᠤᠯᠢ ᠎ ᠶᠢᠨ ᠠᠵᠣ ᠦᠢᠯᠡᠰ ᠤᠨ ᠣᠷᠣᠨ᠂ ᠬᠤᠪᠣᠷ ᠰᠢᠷᠣᠢ ᠶᠢᠨ ᠴᠢᠨᠠᠷ ᠦᠭᠡᠷᠡᠴᠢᠯᠡᠭᠰᠡᠨ ᠬᠥᠬᠡ ᠪᠠᠳᠮᠠᠷᠠᠭ᠎ᠠ ᠴᠢᠯᠠᠭᠤ᠂ ᠲᠡᠭᠡᠳᠣ ᠴᠡᠪᠡᠷᠴᠨ ᠲᠠᠢ ᠬᠦᠩᠭᠡᠨᠴᠠᠭᠠᠨ ᠤ ᠢᠰᠦᠯ᠂ ᠬᠤᠪᠣᠷ ᠰᠢᠷᠣᠢ ᠶᠢᠨ ᠬᠦᠩᠭᠡᠨᠴᠠᠭᠠᠨ ᠤ ᠪᠣᠳᠠᠰ ᠤᠨ ᠦᠩᠭᠡᠯᠡᠯ ᠵᠡᠷᠭᠡ ᠲᠦᠷᠦᠯ ᠵᠦᠢᠯ ᠨᠢ ᠠᠵᠣ ᠦᠢᠯᠡᠰ ᠤᠨ ᠬᠤᠭᠤᠰᠣᠨ ᠣᠷᠣᠨ ᠵᠠᠢ ᠶᠢ ᠨᠦᠭᠦᠪᠦᠷᠢᠯᠡᠵᠠᠢ᠃    ᠭᠤᠴᠢ ᠭᠠᠷᠣᠢ ᠵᠢᠯ ᠤᠨ ᠴᠦᠭᠦᠷᠡᠰᠢ ᠦᠭᠡᠢ ᠴᠢᠷᠮᠠᠶᠢᠯᠭ᠎ᠠ ᠪᠠᠷ ᠬᠤᠪᠣᠷ ᠰᠢᠷᠣᠢ ᠶᠢᠨ ᠲᠡᠭᠡᠳᠣ ᠰᠢᠨ᠎ᠠ ᠮᠡᠷᠭᠡᠵᠢᠯ ᠤᠨ ᠣᠷᠣᠨ ᠨᠢ ᠨᠢᠭᠡᠨᠳᠡ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠳᠤ ᠠᠵᠣ ᠠᠬᠤᠢ ᠶᠢᠨ ᠦᠰᠦᠯᠳᠡ ᠰᠢᠷᠦᠭᠦᠨ᠂ ᠠᠵᠣ ᠦᠢᠯᠡᠰ ᠤᠨ ᠬᠠᠮᠳᠣ ᠶᠢᠨ ᠬᠦᠭᠵᠢᠯᠳᠡ ᠬᠠᠮᠤᠭ ᠴᠢᠬᠤᠯᠨ᠂ ᠲᠧᠭᠨᠢᠭ ᠮᠡᠷᠭᠡᠵᠢᠯ ᠤᠨ ᠡᠭᠦᠳᠦᠯᠳᠡ ᠬᠠᠮᠤᠭ ᠢᠳᠡᠪᠬᠢᠵᠢᠯ ᠲᠠᠢ ᠣᠷᠣᠨ ᠤ ᠨᠢᠭᠡ ᠪᠣᠯᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号