ᠳᠡᠭᠡᠳᠦ ᠰᠢᠨ᠎ᠡ ᠮᠡᠷᠭᠡᠵᠢᠯ ᠤᠨ ᠣᠷᠣᠨ ᠮᠥᠩᠭᠦᠨ ᠭᠦᠢᠯᠭᠡᠭᠡᠨ ᠤ ᠰᠠᠶᠢᠨ ᠠᠷᠭ᠎ᠠ ᠠᠪᠴᠢᠯ ᠎ ᠢᠶᠠᠷ ᠬᠦᠴᠢᠷ ᠲᠦᠪᠡᠭ ᠢ ᠰᠢᠢᠳᠪᠦᠷᠢᠯᠡᠵᠣ ᠪᠣᠢ
ᠨᠡᠶᠢᠲᠡᠯᠡᠭᠰᠡᠨ ᠴᠠᠭ᠄
2021/1/30
     ᠲᠤᠰ ᠰᠣᠨᠢᠨ ᠤ ᠮᠡᠳᠡᠭᠡ   8000 ᠲᠦᠮᠡᠨ ᠲᠥᠭᠦᠷᠢᠭ ᠤᠨ ᠪᠤᠭᠤᠲᠤ ᠬᠤᠳᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠰᠠᠭᠤᠷᠢ ᠮᠥᠩᠭᠦ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠢᠶᠠᠷᠢ ᠰᠠᠭᠤᠷᠢ ᠮᠥᠩᠭᠦ ᠶᠢ ᠣᠯᠣᠭᠰᠠᠨ ᠠᠴᠠ ᠠᠵᠤ ᠠᠬᠤᠶᠢᠯᠠᠯ ᠤᠨ ᠪᠠᠶᠢᠭᠤᠯᠵᠤ ᠪᠠᠶᠢᠭ᠎ᠠ ᠠᠵᠤ ᠦᠢᠯᠡᠰᠵᠢᠯᠲᠡ ᠶᠢᠨ ᠲᠦᠷᠦᠯ ᠵᠦᠢᠯ 2000 ᠲᠣᠨ ᠲᠦᠷᠭᠡᠨ ᠬᠠᠲᠠᠭᠠᠬᠤ ᠰᠣᠷᠢᠨᠵᠢᠨ ᠨᠤᠨᠲᠠᠭ ᠪᠣᠯᠤᠨ 500 ᠲᠣᠨ ᠰᠦᠯᠢᠶᠣᠣ ᠰᠣᠷᠢᠨᠵᠢᠨ ᠮᠥᠬᠦᠯᠢᠭ ᠤᠨ ᠦᠢᠯᠡᠳᠪᠦᠷᠢᠯᠡᠯ ᠤᠨ ᠱᠤᠭᠤᠮ ᠡᠴᠦᠰ ᠲᠡᠭᠡᠨ ᠭᠦᠢᠴᠡᠳ ᠪᠡᠯᠡ ᠮᠥᠩᠭᠦᠨ ᠤ ᠪᠠᠲᠤᠯᠠᠭ᠎ᠠ ᠲᠠᠢ ᠪᠣᠯᠵᠠᠢ᠃ ᠪᠤᠭᠤᠲᠤ ᠬᠤᠳᠠ ᠶᠢᠨ ᠺᠧ ᠷᠦᠢ ᠪᠢᠴᠢᠯ ᠰᠣᠷᠢᠨᠵᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠨ ᠵᠢᠢ ᠷᠦᠩ ᠢᠩᠭᠢᠵᠣ ᠰᠠᠶ᠋ᠢ ᠰᠠᠨᠠᠭ᠎ᠠ ᠠᠮᠣᠷᠵᠢᠪᠠ᠃    ︽ᠮᠠᠨ ᠤ ᠦᠢᠯᠡᠳᠪᠦᠷᠢᠯᠡᠭᠰᠡᠨ ᠨᠠᠭᠠᠯᠳᠤᠭᠤᠯᠬᠤ ᠰᠣᠷᠢᠨᠵᠢᠨ ᠨᠤᠨᠲᠠᠭ᠂ ᠬᠠᠯᠠᠭᠤᠨ ᠳᠠᠷᠤᠯᠲᠠᠲᠤ ᠰᠣᠷᠢᠨᠵᠢᠨ ᠨᠤᠨᠲᠠᠭ᠂ ᠰᠦᠯᠢᠶᠣᠣ ᠰᠣᠷᠢᠨᠵᠢᠨ ᠮᠥᠬᠦᠯᠢᠭ ᠵᠡᠷᠭᠡ ᠭᠤᠷᠪᠠᠨ ᠲᠥᠷᠥᠯ ᠤᠨ ᠭᠤᠤᠯᠯᠠᠬᠤ ᠦᠢᠯᠡᠳᠬᠦᠨ ᠤ ᠮᠡᠷᠭᠡᠵᠢᠯ ᠤᠨ ᠪᠠᠷᠢᠮᠵᠢᠶ᠎ᠠ ᠥᠨᠳᠥᠷ᠂ ᠵᠠᠬ᠎ᠠ ᠳᠡᠯᠭᠡᠭᠦᠷ ᠤᠨ ᠢᠷᠡᠭᠡᠳᠦᠶ ᠰᠠᠶᠢᠨ᠂ ᠤᠯᠤᠰ ᠤᠨ ᠳᠣᠲᠣᠭᠠᠳᠤ ᠶᠢᠨ ᠠᠵᠤ ᠠᠬᠤᠶᠢᠯᠠᠯ ᠤᠨ ᠠᠳᠠᠯᠢ ᠲᠥᠷᠥᠯ ᠤᠨ ᠦᠢᠯᠡᠳᠬᠦᠨ ᠢ ᠣᠷᠳᠣ ᠬᠤᠭᠤᠴᠠᠭ᠎ᠠ ᠪᠠᠷ ᠭᠠᠳᠠᠭᠠᠳᠤ ᠠᠴᠠ ᠣᠷᠣᠭᠤᠯᠬᠤ ᠳᠤ ᠲᠦᠰᠢᠭᠯᠡᠬᠦ ᠪᠠᠶᠢᠳᠠᠯ ᠢ ᠡᠪᠳᠡᠭᠰᠡᠨ ᠪᠥᠭᠡᠳ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠤᠪᠣᠷ ᠰᠢᠷᠣᠶ ᠶᠢᠨ ᠬᠡᠷᠡᠭᠯᠡᠭᠡᠨ ᠤ ᠬᠦᠷᠢᠶᠡᠨ ᠤ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠲᠠᠢ ᠨᠡᠶᠢᠴᠡᠵᠦ ᠪᠠᠶᠢᠨ᠎ᠠ᠂ ᠡᠶᠢᠮᠦ ᠠᠴᠠ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠪᠠ ᠰᠠᠭᠤᠷᠢ ᠮᠥᠩᠭᠦᠨ ᠤ ᠺᠣᠮᠫᠠᠨᠢ ᠶᠢᠨ ᠬᠦᠴᠦᠲᠡᠶ ᠳᠡᠮᠵᠢᠯᠭᠡ ᠶᠢ ᠣᠯᠵᠠᠶ︾ ᠭᠡᠵᠣ ᠯᠢᠨ ᠵᠢᠶ ᠷᠦᠩ ᠬᠡᠯᠡᠵᠣ ᠪᠠᠶᠢᠪᠠ᠃     ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠳᠡᠮᠵᠢᠯᠭᠡ ᠠᠴᠠ ᠰᠠᠯᠵᠤ ᠴᠢᠳᠠᠬᠤ ᠦᠭᠡᠢ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠬᠤᠪᠣᠷ  ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠠᠷᠠᠳ ᠤᠨ ᠡᠵᠡᠩᠨᠡᠯᠲᠡ ᠶᠢᠨ ᠳᠠᠭᠠᠭᠤᠯᠤᠭᠴᠢ ᠭᠤᠤᠯᠯᠠᠭᠴᠢ ᠠᠵᠤ ᠠᠬᠤᠶᠢᠯᠠᠯ ᠤᠨ ᠬᠥᠭᠵᠢᠯᠲᠡ ᠶᠢ ᠢᠳᠡᠪᠬᠢᠲᠡᠶ ᠳᠡᠮᠵᠢᠪᠡ᠂ ︽ᠠᠰᠢᠭ ᠲᠤᠰᠠ ᠶᠢ ᠬᠠᠮᠲᠤ ᠪᠠᠷ ᠡᠳ᠋ᠯᠡᠬᠦ᠂ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ︾ ᠵᠠᠷᠴᠢᠮ ᠢᠶᠠᠷ ᠬᠠᠷᠢᠯᠴᠠᠨ ᠬᠤᠪᠢ ᠣᠷᠣᠭᠤᠯᠬᠤ ᠪᠠᠷ ᠳᠠᠮᠵᠢᠨ ᠂ ᠬᠠᠮᠲᠤᠷᠠᠨ ᠪᠡᠯᠡ ᠣᠷᠣᠭᠤᠯᠬᠤ ᠵᠡᠷᠭᠡ ᠠᠷᠭ᠎ᠠ ᠮᠠᠶ᠋ᠢᠭ᠂ ᠪᠡᠯᠡ ᠮᠥᠩᠭᠦ ᠭᠠᠷᠭᠠᠵᠤ ︽ᠪᠤᠭᠤᠲᠤ ᠬᠤᠲᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠰᠠᠭᠤᠷᠢ ᠮᠥᠩᠭᠦ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠬᠤᠪᠢᠶᠠᠷᠢ ᠰᠠᠭᠤᠷᠢ ᠮᠥᠩᠭᠦ︾᠎ ᠶᠢ ᠪᠠᠶᠢᠭᠤᠯᠵᠠᠢ᠃ ᠰᠠᠭᠤᠷᠢ ᠮᠥᠩᠭᠦᠨ ᠤ ᠭᠤᠤᠯ ᠲᠥᠰᠦᠯ ᠤᠨ ᠳᠤᠭᠤᠶᠢᠯᠠᠩ ᠵᠢᠴᠢ ᠰᠠᠭᠤᠷᠢ ᠮᠥᠩᠭᠦᠨ ᠤ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠰᠣᠩᠭᠤᠨ ᠲᠣᠭᠲᠠᠭᠠᠭᠰᠠᠨ ᠳᠡᠭᠡᠳᠦ ᠰᠢᠨ᠎ᠡ ᠮᠡᠷᠭᠡᠵᠢᠯ ᠤᠨ ᠤᠷᠤᠨ  ᠎ ᠤ ᠭᠤᠣᠯᠳᠠᠯᠭ᠎ᠠ ᠲᠠᠢ ᠠᠵᠤ ᠠᠬᠤᠶᠢᠯᠠᠯ ᠳᠤ ᠶᠡᠭᠡ ᠬᠡᠮᠵᠢᠶᠡᠨ ᠤ ᠰᠤᠷᠪᠤᠯᠵᠢᠯᠠᠭ᠎ᠠ ᠪᠠ ᠪᠠᠶᠢᠴᠠᠭᠠᠨ ᠰᠤᠳᠤᠯᠤᠯᠲᠠ ᠬᠢᠪᠡ᠂ ᠰᠠᠭᠤᠷᠢ ᠮᠥᠩᠭᠦᠨ ᠤ ᠬᠠᠮᠢᠶᠠᠷᠤᠯᠲᠠ ᠶᠢᠨ ᠪᠠᠶᠢᠭᠤᠯᠤᠮᠵᠢ ᠪᠠᠷ ᠳᠠᠮᠵᠢᠭᠤᠯᠤᠨ ᠬᠠᠷᠠᠯᠲᠠ ᠠᠵᠤ ᠠᠬᠤᠶᠢᠯᠠᠯ ᠳᠤ ᠲᠤᠰᠢᠶᠠᠯ ᠬᠠᠷᠢᠭᠤᠴᠠᠯᠭ᠎ᠠ ᠪᠠᠨ ᠭᠦᠨᠵᠡᠭᠡᠶ ᠭᠦᠢᠴᠡᠳᠬᠡᠬᠦ ᠪᠠᠶᠢᠴᠠᠭᠠᠯᠲᠠ ᠦᠷᠨᠢᠭᠦᠯᠵᠠᠢ᠂ ᠡᠭᠦᠨ ᠤ ᠳᠣᠲᠣᠷ᠎ᠠ ᠠᠴᠠ ᠭᠤᠣᠯᠳᠠᠯᠭ᠎ᠠ ᠲᠠᠢ ᠠᠵᠤ ᠦᠢᠯᠡᠰ ᠤᠨ ᠰᠠᠭᠤᠷᠢ ᠮᠥᠩᠭᠦ ᠶᠢᠨ ᠪᠠᠯᠠ ᠣᠷᠣᠭᠤᠯᠤᠯᠲᠠ ᠶᠢᠨ ᠭᠠᠷᠴᠠᠭ ᠲᠤ ᠨᠡᠶᠢᠴᠡᠬᠦ ᠪᠥᠭᠡᠳ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠠᠵᠤ ᠠᠬᠤᠶᠢᠯᠠᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠳᠤ ᠨᠡᠶᠢᠴᠡᠬᠦ ᠠᠵᠤ ᠠᠬᠤᠶᠢᠯᠠᠯ ᠢ ᠰᠣᠩᠭᠤᠨ ᠪᠠᠯᠠ ᠣᠷᠣᠭᠤᠯᠪᠠ᠃    ︽ᠰᠠᠭᠤᠷᠢ ᠮᠥᠩᠭᠦ ᠪᠠᠶᠢᠭᠤᠯᠬᠤ ᠬᠡᠪᠴᠢᠶ᠎ᠡ ᠨᠢ 15 ᠳ᠋ᠦᠩᠰᠢᠭᠤᠷ ᠲᠥᠭᠦᠷᠢᠭ ᠪᠣᠯᠤᠨ᠎ᠠ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠵᠠᠷᠤᠯᠭ᠎ᠠ ᠶᠢᠨ 13 . 3 %᠎ ᠶᠢᠨ ᠵᠣᠭᠤᠰ ᠤᠨ ᠲᠤᠭ᠎ᠠ ᠶᠢ ᠠᠵᠤ ᠠᠬᠤᠶᠢᠯᠠᠯ ᠳᠤ ᠲᠣᠬᠢᠷᠠᠭᠤᠯᠤᠨ ᠥᠭᠴᠦ᠂ ᠦᠯᠡᠳᠡᠭᠰᠡᠨ ᠬᠡᠰᠡᠭ ᠢ ᠰᠠᠭᠤᠷᠢ ᠮᠥᠩᠭᠦᠨ ᠤ  ᠺᠣᠮᠫᠠᠨᠢ ᠪᠣᠯᠤᠨ ᠨᠡᠶᠢᠭᠡᠮ ᠤᠨ ᠬᠥᠷᠥᠩᠭᠡ ᠠᠴᠠ ᠡᠭᠦᠷᠭᠡᠯᠡᠨ᠎ᠡ᠂ ᠡᠨᠡᠬᠦ  ᠰᠢᠨ᠎ᠡ ᠶᠢ ᠡᠭᠦᠳᠦᠭᠰᠡᠨ ᠪᠠᠯᠠ ᠣᠷᠣᠭᠤᠯᠤᠯᠲᠠ ᠶᠢᠨ ᠵᠠᠭᠪᠤᠷ ᠨᠢ ᠠᠵᠤ ᠠᠬᠤᠶᠢᠯᠠᠯ ᠤᠨ ᠳᠡᠭᠡᠳᠦ ᠬᠡᠮᠵᠢᠶᠡᠨ ᠤ ᠵᠥᠪᠰᠢᠶᠡᠷᠡᠯ ᠢ ᠣᠯᠵᠠᠶ︾ ᠭᠡᠵᠣ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠡᠳ᠋ ᠤᠨ ᠵᠠᠰᠠᠭ ᠤᠨ ᠲᠣᠪᠴᠢᠶᠠᠨ ᠤ ᠠᠵᠢᠯᠲᠠᠨ ᠭᠤᠤ ᠰᠢᠩ  ᠭᠤᠸᠠᠩ ᠶᠠᠷᠢᠵᠣ ᠪᠠᠶᠢᠪᠠ᠃    ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠮᠠᠨ ᠤ ᠬᠤᠲᠠ ᠶᠢᠨ ︽ᠳᠥᠷᠪᠡᠨ ᠰᠠᠭᠤᠷᠢᠨ ᠭᠠᠵᠠᠷ᠂ ᠬᠤᠶᠠᠷ ᠲᠥᠪ᠂ ᠨᠢᠭᠡ ᠥᠨᠳᠦᠷᠯᠢᠭ᠂ ᠨᠢᠭᠡ ᠰᠢᠰᠲ᠋ᠧᠮ︾᠎ ᠢ ᠴᠣᠭᠴᠠᠯᠠᠬᠤ ᠴᠢᠬᠤᠯᠠ ᠳᠠᠭᠠᠭᠠᠴᠠ ᠶᠢᠨ ᠣᠷᠣᠨ ᠪᠣᠯᠤᠭᠰᠠᠨ ᠤ ᠬᠤᠪᠢ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠴᠤᠭᠯᠠᠭᠤᠯᠤᠨ ᠢᠳᠡᠪᠬᠢᠲᠡᠶ ᠪᠠᠷ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠵᠣᠯᠭᠠᠭᠤᠯᠵᠤ᠂ ᠵᠠᠰᠠᠭ ᠤᠨ ᠣᠷᠳᠣᠨ ᠪᠣᠯᠤᠨ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠭᠦᠨᠵᠡᠭᠡᠶ ᠬᠠᠮᠲᠤᠷᠠᠯᠴᠠᠭᠠᠨ ᠤ ᠲᠣᠭᠲᠠᠴᠠ ᠶᠢᠨ ᠲᠤᠬᠠᠶ ᠭᠦᠨᠵᠡᠭᠡᠶ ᠰᠤᠳᠤᠯᠤᠨ ᠶᠠᠷᠢᠯᠴᠠᠬᠤ ᠶᠢᠨ ᠬᠠᠮᠲᠤ ᠠᠯᠢ ᠣᠯᠠᠨ ᠠᠷᠭ᠎ᠠ ᠬᠡᠮᠵᠢᠶ᠎ᠡ ᠲᠣᠭᠲᠠᠭᠠᠵᠤ᠂ ᠮᠥᠩᠭᠦᠨ ᠭᠦᠢᠯᠭᠡᠭᠡᠨ ᠤ ︽ᠠᠮᠢᠳᠤᠯᠢᠭ ᠤᠰᠤ︾᠎ ᠪᠠᠷ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢ ᠣᠨᠣᠴᠠᠲᠠᠶ ᠲᠡᠮᠵᠢᠯᠭᠡ ᠬᠠᠩᠭᠠᠨ᠎ᠠ᠃    ︽ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠪᠢᠳᠡ ᠬᠠᠳᠠᠭᠠᠯᠠᠭᠰᠠᠨ ᠪᠠᠷᠠᠭ᠎ᠠ ᠪᠠᠨ ᠳᠠᠨᠵᠢᠯᠠᠬᠤ᠂ ᠮᠡᠳᠡᠯᠭᠡ ᠶᠢᠨ ᠥᠮᠴᠢᠯᠡᠯ ᠤᠨ ᠡᠷᠬᠡ ᠪᠠᠨ ᠳᠠᠨᠵᠢᠯᠠᠬᠤ᠂ ᠮᠠᠰᠢᠨ ᠲᠥᠬᠦᠭᠡᠷᠦᠮᠵᠢ ᠪᠠᠨ ᠳᠠᠨᠵᠢᠯᠠᠬᠤ᠂ ᠰᠲ᠋ᠣᠺ ᠤᠨ ᠡᠷᠬᠡ ᠪᠠᠨ ᠳᠠᠨᠵᠢᠯᠠᠬᠤ ᠵᠡᠷᠭᠡ ᠣᠯᠠᠨ ᠲᠥᠷᠥᠯ ᠤᠨ ᠵᠢᠭᠡᠯᠡᠯᠭᠡ ᠶᠢᠨ ᠠᠷᠭ᠎ᠠ ᠮᠠᠶ᠋ᠢᠭ ᠢ ᠭᠠᠷᠭᠠᠪᠠ᠃ ᠲᠦᠷᠦᠭᠦᠬᠡᠨ᠂ ᠪᠤᠭᠤᠲᠤ ᠶᠢᠨ ᠲᠢᠶᠠᠨ ᠾᠧ ᠰᠣᠷᠢᠨᠵᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠠᠷᠤᠶ ᠬᠠᠳᠠᠭᠠᠯᠠᠭᠰᠠᠨ ᠪᠠᠷᠠᠭ᠎ᠠ ᠪᠠᠨ ᠳᠠᠨᠵᠢᠯᠠᠭᠠᠳ 2000 ᠲᠦᠮᠡᠨ ᠲᠥᠭᠦᠷᠢᠭ ᠤᠨ ᠪᠠᠯᠠ ᠮᠥᠩᠭᠦ ᠣᠯᠤᠭᠰᠠᠨ ᠪᠠᠶᠢᠨ᠎ᠠ︾ ᠭᠡᠵᠦ ᠥᠪᠥᠷ ᠮᠣᠩᠭᠤᠯ ᠪᠠᠩᠬᠢ ᠶᠢᠨ ᠪᠤᠭᠤᠲᠤ ᠶᠢᠨ ᠬᠤᠪᠢᠶᠠᠷᠢ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠬᠡᠯᠲᠡᠰ ᠤᠨ ᠬᠠᠷᠢᠭᠤᠴᠠᠯᠭᠠᠲᠠᠨ ᠶᠢᠦ ᠪᠢᠩ ᠴᠢᠶᠠᠨ ᠰᠤᠷᠪᠤᠯᠵᠢᠯᠠᠭᠴᠢ ᠳᠤ ᠬᠡᠯᠡᠪᠡ᠃    ᠡᠨᠡ ᠵᠢᠯ ᠠᠴᠠ ᠨᠠᠰᠢ᠂ ᠬᠤᠪᠣᠷ  ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠢᠳᠡᠪᠬᠢᠲᠡᠢ ᠪᠠᠷ ᠥᠪᠥᠷ ᠮᠣᠩᠭᠤᠯ ᠪᠠᠩᠬᠢ ᠶᠢᠨ ᠪᠤᠭᠤᠲᠤ ᠶᠢᠨ ᠬᠤᠪᠢᠶᠠᠷᠢ ᠪᠠᠩᠬᠢ᠂ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ᠂ ᠮᠧᠩ ᠱᠠᠩ ᠪᠠᠩᠬᠢ᠂ ᠵᠦᠩ ᠰᠢᠨ ᠪᠠᠩᠬᠢ ᠶᠢᠨ ᠪᠤᠭᠤᠲᠤ ᠶᠢᠨ ᠬᠤᠪᠢᠶᠠᠷᠢ ᠪᠠᠩᠬᠢ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠶᠢᠨ ᠲᠦᠩ ᠲᠣᠰᠬᠤᠨ ᠪᠠᠯᠭᠠᠰᠤ ᠶᠢᠨ ᠪᠠᠩᠬᠢ ᠵᠡᠷᠭᠡ ᠣᠯᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠷᠢᠴᠠᠭ᠎ᠠ ᠪᠠᠶᠢᠭᠤᠯᠪᠠ᠂ ᠡᠯ᠎ᠡ ᠲᠣᠮᠣ ᠮᠥᠩᠭᠦᠨ ᠭᠦᠢᠯᠭᠡᠭᠡᠨ ᠤ ᠪᠠᠶᠢᠭᠤᠯᠤᠮᠵᠢ ᠣᠯᠠᠨ ᠤᠳᠠᠭ᠎ᠠ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠣᠶᠠᠯᠳᠣᠭᠤᠯᠵᠣ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠲᠠᠰᠤᠷᠠᠯᠲᠠ ᠥᠬᠡᠶ ᠰᠢᠨ᠎ᠡ ᠪᠠᠷ ᠡᠭᠦᠳᠴᠣ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠪᠠ᠂ ᠬᠤᠪᠢ ᠶᠢᠨ ᠡᠵᠡᠩᠨᠡᠯᠲᠡ ᠶᠢᠨ ᠡᠷᠦᠬᠡ ᠳᠤ ᠬᠠᠨᠳᠤᠭᠤᠯᠬᠤ᠂ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢᠨ ᠲᠦᠷᠭᠡᠨ ᠣᠨᠴᠠᠯᠢᠭ ᠲᠤ ᠨᠢ ᠲᠣᠬᠢᠷᠠᠭᠤᠯᠵᠣ ᠬᠦᠴᠢᠷᠳᠡᠯ ᠢ ᠰᠢᠢᠳᠪᠦᠷᠢᠯᠡᠬᠦ ᠠᠷᠭ᠎ᠠ ᠵᠠᠮ ᠢ ᠰᠠᠶᠢᠳᠦᠷ ᠡᠷᠢᠯᠬᠢᠯᠡᠵᠠᠢ᠃ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ ᠮᠧᠩ ᠵᠧᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠤᠳᠤᠷᠢᠳᠤᠯᠭ᠎ᠠ ᠦ᠋ ᠵᠢᠶᠦ᠋ᠨ ᠵᠢᠶᠦ᠋ᠨ᠂ ᠶᠠᠩ ᠽᠧᠩ ᠱᠸᠤ ᠲᠠᠢ ᠰᠠᠨᠠᠯ ᠢᠶᠠᠨ ᠰᠣᠯᠢᠯᠴᠠᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠺᠣᠮᠫᠠᠨᠢ ᠳᠤ ᠢᠲᠡᠭᠡᠮᠵᠢ ᠣᠯᠭᠤᠬᠤ ᠳᠡᠮᠵᠢᠯᠭᠡ᠂ ᠤᠶᠤᠨᠲᠤ ᠬᠦᠷᠢᠶᠡᠯᠡᠩ ᠲᠣᠭᠤᠷᠢᠭ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠪᠦᠬᠦ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠬᠦ ᠰᠠᠨᠠᠭ᠎ᠠ ᠪᠠᠨ ᠢᠯᠡᠳᠬᠡᠪᠡ᠃    ᠡᠭᠦᠨ ᠤ ᠬᠠᠮᠲᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠵᠢᠭᠡᠯᠡᠯᠭᠡ ᠡᠷᠭᠢᠯᠡᠬᠦ ᠦᠷ᠎ᠡ ᠪᠦᠲᠦᠮᠵᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠢᠲᠡᠭᠡᠮᠵᠢᠲᠦ ᠵᠢᠭᠡᠯᠡᠯᠭᠡ ᠶᠢᠨ ᠴᠤᠪᠤᠷᠠᠯ ᠢᠶᠠᠨ ᠰᠢᠯᠢᠳᠡᠭᠵᠢᠭᠦᠯᠵᠦ᠂ ᠪᠠᠩᠬᠢ ᠶᠢᠨ ᠦᠢᠯᠡᠰ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠰᠦᠯᠵᠢᠶᠡᠨ ᠳᠡᠭᠡᠷᠡᠬᠢ ᠢᠲᠡᠭᠡᠮᠵᠢᠲᠦ ᠵᠢᠭᠡᠯᠡᠯᠭᠡ ᠶᠢ ᠬᠢᠨᠠᠨ ᠵᠥᠪᠰᠢᠶᠡᠷᠡᠬᠦ ᠰᠢᠰᠲ᠋ᠧᠮ ᠢ ᠢᠳᠡᠪᠬᠢᠲᠡᠶ ᠭᠠᠷᠭᠠᠵᠤ᠂ ᠲᠦᠭᠰᠢᠭᠦᠷᠢ ᠨᠢ ᠲᠣᠭᠲᠠᠭᠠᠯ ᠳᠤ ᠨᠡᠶᠢᠴᠡᠬᠦ ᠶᠠᠮᠤᠨ ᠠᠴᠠ ᠪᠣᠶ ᠪᠥᠬᠦᠶ ᠵᠢᠭᠡᠯᠡᠯᠭᠡ ᠶᠢ ᠲᠥᠪᠯᠡᠷᠡᠭᠦᠯᠦᠨ ᠬᠢᠨᠠᠵᠤ᠂ ᠲᠦᠭᠰᠢᠭᠦᠷᠢ ᠶᠢ ᠡᠵᠡᠮᠳᠡᠵᠦ ᠪᠣᠯᠬᠤ ᠤᠷᠢᠲᠠᠯ ᠳᠣᠤᠷ᠎ᠠ ᠢᠲᠡᠭᠡᠮᠵᠢᠲᠦ ᠵᠢᠭᠡᠯᠡᠯᠭᠡ ᠶᠢ ᠬᠢᠨᠠᠨ ᠵᠥᠪᠰᠢᠶᠡᠷᠡᠬᠦ ᠴᠠᠭ ᠢ ᠪᠦᠲᠦᠮᠵᠢᠲᠡᠶ  ᠪᠣᠭᠤᠨᠢᠰᠬᠠᠪᠠ᠃ ︽ᠥᠩᠭᠡᠷᠡᠭᠰᠡᠨ ᠳᠤ᠂ ᠠᠵᠤ ᠠᠬᠤᠶᠢᠯᠠᠯ ᠵᠢᠭᠡᠯᠡᠯᠭᠡ ᠡᠷᠭᠢᠯᠡᠬᠦ ᠪᠠᠷ ᠭᠤᠶᠤᠴᠢᠯᠠᠬᠤ ᠶᠠᠪᠤᠴᠠ ᠳᠤ ᠴᠥᠮ ᠰᠠᠯᠪᠤᠷᠢ ᠪᠠᠩᠬᠢ᠂ ᠬᠠᠮᠢᠶ᠎ᠠ ᠪᠦᠭᠦᠢ ᠰᠠᠯᠠᠭ᠎ᠠ ᠮᠥᠴᠢᠷ᠂ ᠬᠢᠨᠠᠨ ᠪᠠᠶᠢᠴᠠᠭᠠᠬᠤ ᠰᠠᠯᠠᠭ᠎ᠠ ᠮᠥᠴᠢᠷ ᠠᠴᠠ ᠲᠠᠰ ᠳᠠᠷᠠᠭᠠᠯᠠᠯ ᠶᠣᠰᠣᠭᠠᠷ ᠰᠢᠢᠳᠪᠦᠷᠢᠯᠡᠵᠦ  ᠪᠠᠶᠢᠵᠠᠶ᠂ ᠣᠲᠣ ᠭᠤᠷᠪᠠᠨ ᠰᠠᠯᠠᠭ᠎ᠠ ᠮᠥᠴᠢᠷ ᠲᠤᠬᠠᠶᠢᠯᠠᠭᠰᠠᠨ ᠠᠵᠢᠯ  ᠭᠦᠢᠴᠡᠳᠬᠡᠬᠦ ᠳᠡᠭᠡᠨ ︽ᠬᠤᠯᠪᠣᠯᠳᠤᠬᠤ︾᠎ ᠠᠴᠠ ︽ᠬᠦᠷᠰᠢᠯᠡᠭᠦ︾ ᠪᠣᠯᠵᠣ᠂  ᠭᠦᠢᠴᠡᠳᠬᠡᠬᠦ ᠴᠠᠭ ᠤᠨ ᠬᠢᠵᠠᠭᠠᠷ ᠢ 60 %᠎ ᠠᠴᠠ ᠳᠡᠭᠡᠭᠰᠢ ᠪᠣᠯᠭᠠᠨ ᠪᠣᠭᠤᠨᠢᠰᠬᠠᠵᠠᠶ᠃ ᠶᠢᠥ ᠪᠢᠩ ᠴᠢᠶᠠᠨ ︽ᠥᠪᠥᠷ ᠮᠣᠩᠭᠤᠯ ᠤᠨ ᠪᠠᠩᠬᠢ ᠶᠢᠨ ᠪᠤᠭᠤᠲᠤ ᠶᠢᠨ ᠬᠤᠪᠢᠶᠠᠷᠢ ᠪᠠᠩᠬᠢ ᠪᠠᠰᠠ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠠᠵᠤ ᠠᠬᠤᠶᠢᠯᠠᠯ ᠤᠨ ᠵᠢᠭᠡᠯᠡᠯᠭᠡ ᠡᠷᠭᠢᠯᠡᠬᠦ ᠳᠤᠮᠳᠠᠬᠢ ᠦᠨᠡᠯᠡᠨ ᠵᠢᠱᠢᠯᠲᠡ᠂ ᠲᠥᠪ ᠭᠤᠤᠯᠴᠢ᠂ ᠳᠡᠩᠰᠡᠯᠡᠯᠲᠡ ᠶᠢᠨ ᠰᠦᠢᠳᠬᠡᠯ ᠵᠡᠷᠭᠡ ᠵᠠᠷᠤᠳᠠᠯ ᠢ ᠴᠥᠮ ᠪᠠᠩᠬᠢ ᠠᠴᠠ ᠡᠭᠦᠷᠭᠡᠯᠡᠵᠦ᠂ ᠠᠵᠤ ᠠᠬᠤᠶᠢᠯᠠᠯ ᠬᠦᠤ ᠮᠥᠩᠭᠦ ᠶᠢ ᠯᠡ ᠡᠭᠦᠷᠭᠡᠯᠡᠪᠡᠯ ᠪᠣᠯᠴᠢᠬᠠᠨ᠎ᠠ  ︾ ᠭᠡᠪᠠ᠃    ᠰᠤᠷᠪᠤᠯᠵᠢᠯᠠᠭᠴᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠠᠴᠠ ᠣᠶᠢᠯᠠᠭᠠᠭᠰᠠᠨ ᠢᠶᠠᠷ᠂ ᠣᠷᠣᠨ ᠤ ᠬᠠᠷᠢᠶ᠎ᠠ ᠡᠯ᠎ᠡ ᠲᠣᠮᠣ ᠪᠠᠩᠬᠢ ᠨᠢ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠦᠨᠡᠲᠡᠶ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠶᠢᠨ ᠲᠥᠯᠥᠭᠡ᠂ ᠠᠵᠤ ᠠᠬᠤᠶᠢᠯᠠᠯ ᠤᠨ ᠳᠡᠭᠡᠳᠦ ᠦᠵᠦᠭᠦᠷᠴᠢᠯᠡᠭᠰᠡᠨ᠂ ᠲᠤᠭᠠᠵᠢᠭᠤᠯᠤᠭᠰᠠᠨ᠂ ᠤᠶᠤᠨᠴᠢᠯᠠᠭᠰᠠᠨ᠂ ᠪᠣᠬᠢᠷᠲᠤᠯ ᠥᠬᠡᠶ ᠥᠭᠡᠷᠡᠴᠢᠯᠡᠯᠲᠡ ᠬᠢᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠵᠢᠵᠢᠭ ᠠᠵᠤ ᠠᠬᠤᠶᠢᠯᠠᠯ ᠢ ᠳᠡᠮᠵᠢᠬᠦ ᠲᠤᠰᠬᠠᠶ ᠵᠢᠭᠡᠯᠡᠯᠭᠡ ᠶᠢᠨ ᠬᠦᠤ ᠮᠥᠩᠭᠦ ᠶᠢᠨ ᠨᠣᠷᠮ᠎ᠠ ᠶᠢ ᠪᠠᠭᠤᠷᠠᠭᠤᠯᠵᠤ᠂ ᠬᠠᠷᠢᠴᠠᠭᠠᠨ ᠤ ᠡᠷᠦᠬᠡ ᠶᠢᠨ ᠢᠲᠡᠭᠡᠮᠵᠢ ᠶᠢᠨ ᠲᠠᠰ᠂ ᠵᠢᠭᠡᠯᠡᠯᠭᠡ ᠶᠢᠨ ᠲᠤᠭ᠎ᠠ ᠬᠡᠮᠵᠢᠶ᠎ᠡ ᠵᠡᠷᠭᠡ ᠶᠣᠰᠣᠭᠠᠷ ᠬᠦᠤ ᠮᠥᠩᠭᠦ ᠶᠢᠨ ᠨᠣᠷᠮ᠎ᠠ ᠶᠢᠨ ᠵᠥᠷᠢᠶᠡᠲᠦ ᠦᠨ᠎ᠡ ᠲᠣᠭᠲᠠᠭᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠪᠠ  ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠪᠠᠯᠠ ᠳᠣᠭᠢᠷᠠᠭᠤᠯᠵᠤ ᠠᠰᠢᠭ ᠬᠦᠷᠲᠡᠭᠡᠬᠦ ᠪᠠ ᠰᠦᠢᠳᠬᠡᠯ ᠬᠠᠰᠤᠬᠤ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠠᠵᠤ ᠠᠬᠤᠶᠢᠯᠠᠯ ᠤᠨ ᠳᠡᠩᠰᠡᠯᠡᠨ ᠲᠡᠮᠳᠡᠭᠯᠡᠬᠦ  ᠰᠦᠢᠳᠬᠡᠯ᠂ ᠦᠨᠡᠯᠡᠨ ᠵᠢᠱᠢᠬᠦ  ᠰᠦᠢᠳᠬᠡᠯ᠂ ᠳᠠᠭᠠᠭᠠᠯᠲᠠ ᠬᠢᠬᠦ ᠰᠦᠢᠳᠬᠡᠯ᠂ ᠠᠯᠪᠠᠨ ᠭᠡᠷᠡᠴᠢᠯᠡᠭᠡ ᠶᠢᠨ ᠰᠦᠢᠳᠬᠡᠯ ᠵᠡᠷᠭᠡ ᠶᠢ ᠬᠠᠰᠤᠵᠤ ᠭᠡᠯᠳᠦᠷᠢᠭᠦᠯᠦᠨ᠂ ᠬᠠᠰᠤᠵᠤ ᠪᠣᠯᠬᠤ ᠶᠢ ᠨᠢ ᠬᠠᠰᠤᠵᠤ᠂ ᠪᠠᠭᠤᠷᠠᠭᠤᠯᠵᠤ ᠪᠣᠯᠬᠤ ᠶᠢ ᠨᠢ ᠪᠠᠭᠤᠷᠠᠭᠤᠯᠵᠤ᠂ ᠵᠢᠵᠢᠭ ᠪᠢᠴᠢᠯ ᠠᠵᠤ ᠠᠬᠤᠶᠢᠯᠠᠯ ᠢᠯᠠᠩᠭᠤᠶ᠎ᠠ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠲᠥᠷᠥᠯ ᠤᠨ ᠪᠠᠯᠠ ᠳᠣᠭᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠦᠨᠡᠨᠬᠦ ᠪᠦᠲᠦᠮᠵᠢᠲᠡᠶ  ᠰᠢᠢᠳᠪᠦᠷᠢᠯᠡᠨ᠎ᠡ᠃ ᠡᠭᠦᠨ ᠠᠴᠠ ᠭᠠᠳᠠᠨ᠎ᠠ᠂ ᠡᠯ᠎ᠡ ᠲᠣᠮᠣ ᠪᠠᠩᠬᠢ ᠪᠠᠰᠠ ︽ᠬᠡᠷ ᠪᠦᠯᠢ ᠶᠢᠨ ᠵᠢᠭᠡᠯᠡᠯᠭᠡ︾᠂ ︽ᠠᠨᠳᠠ ᠵᠢᠭᠡᠯᠡᠯᠭᠡ︾ ᠵᠡᠷᠭᠡ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠰᠢᠨ᠎ᠡ ᠪᠠᠷ ᠡᠭᠦᠳᠦᠨ ᠭᠠᠷᠭᠠᠵᠤ᠂ ᠨᠥᠬᠦᠴᠡᠯ ᠳᠤ ᠨᠡᠶᠢᠴᠡᠭᠰᠡᠨ ᠬᠡᠷ ᠪᠦᠯᠢ ᠶᠢᠨ ᠪᠦᠷᠢᠯᠳᠦᠬᠦᠨ ᠤ ᠳᠠᠭᠠᠭᠠᠯᠲᠠ ᠲᠠᠢ ᠯᠠ ᠶᠤᠮ ᠪᠣᠯ ᠵᠢᠭᠡᠯᠡᠯᠭᠡ ᠥᠭᠴᠦ᠂ ᠪᠥᠬᠦᠳᠡ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠳᠤ ᠬᠠᠮᠲᠤᠷᠠᠯᠴᠠᠭᠠᠨ ᠤ ᠲᠠᠪᠴᠠᠩ ᠪᠠᠶᠢᠭᠤᠯᠵᠤ ᠥᠭᠴᠡᠶ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号