ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠥᠪᠯᠡᠯ ︽ᠶᠡᠷᠦᠩᠬᠡᠶ ᠳᠠᠶᠢᠴᠢᠯᠠᠯᠲᠠ︾ ᠬᠢᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠢᠨᠠᠯᠲᠠ ᠲᠠᠯᠪᠢᠬᠤ ︽ᠰᠡᠷᠭᠡᠶᠢᠯᠡᠯᠲᠡ ᠶᠢᠨ ᠬᠡᠷᠡᠮ︾᠎ ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2021/10/28
    ᠣᠶᠢᠷ᠎ᠠ ᠶᠢᠨ ᠬᠤᠭᠤᠴᠠᠭᠠᠨ ᠤ ᠬᠠᠲᠠᠭᠤ ᠴᠢᠩᠭ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠡᠮᠦᠨ᠎ᠡ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠥᠪᠯᠡᠯ ︽ᠲᠡᠶᠢᠨ ᠤ ᠦᠶ᠎ᠡ ᠶᠢᠨ ᠶᠡᠷᠦᠩᠬᠡᠶ ᠳᠠᠶᠢᠴᠢᠯᠠᠯᠲᠠ︾᠎ ᠶᠢᠨ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠪᠥᠬᠦ ᠭᠡᠰᠢᠭᠦᠳ ᠬᠥᠳᠡᠯᠦᠯᠴᠡᠨ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠥᠬᠦ ᠺᠠᠳ᠋ᠷᠴᠤᠳ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠢᠨᠠᠯᠲᠠ ᠪᠠᠶᠢᠴᠠᠭᠠᠯᠲᠠ ᠥᠷᠨᠢᠭᠦᠯᠵᠦ᠂ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠪᠠᠲᠤᠳᠬᠠᠵᠤ᠂ ᠴᠢᠩᠭ᠎ᠠ ᠬᠦᠴᠦᠲᠡᠶ ᠬᠢᠨᠠᠯᠲᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠴᠢᠩᠭ᠎ᠠ ᠨᠠᠶᠢᠳᠠᠪᠤᠷᠢᠵᠢᠭᠤᠯᠤᠨ᠂ ᠣᠯᠠᠨ ᠲᠦᠮᠡᠨ ᠤ ᠠᠮᠤᠷ ᠲᠦᠪᠰᠢᠨ ᠢ ᠰᠠᠶᠢᠲᠤᠷ ᠰᠠᠬᠢᠵᠤ᠂ ᠣᠯᠠᠨ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ ᠬᠠᠷᠢᠭᠤᠴᠠᠯᠭ᠎ᠠ ᠪᠠᠨ ᠬᠦᠢᠴᠡᠳᠭᠡᠪᠠ᠃ ᠬᠢᠵᠢᠭ ᠤᠨ ᠪᠠᠶᠢᠳᠠᠯ ᠢᠶᠠᠷ ᠵᠠᠷᠯᠢᠭ ᠪᠣᠯᠭᠠᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠣᠨᠣᠴᠠᠲᠠᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠢᠨᠠᠯᠲᠠ ᠲᠠᠯᠪᠢᠬᠤ ᠠᠵᠢᠯ ᠢ ᠥᠨᠳᠥᠷ ᠪᠦᠲᠦᠮᠵᠢᠲᠡᠢ ᠪᠠᠶᠢᠷᠢᠯᠠᠭᠤᠯᠪᠠ᠃ 10 ᠰᠠᠷ᠎ᠠ ᠶᠢᠨ 25᠎ ᠤ ᠡᠳᠦᠷ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠥᠪᠯᠡᠯ ᠪᠥᠬᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠪᠠᠶᠢᠴᠠᠭᠠᠯᠲᠠ ᠶᠢᠨ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠭᠤᠷᠪᠠᠨ ᠱᠠᠲᠤᠨ ᠤ ᠨᠠᠮ ᠤᠨ ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠵᠢᠭᠠᠪᠤᠷᠢ ᠪᠣᠯᠤᠨ ᠠᠵᠢᠯ ᠤᠨ ᠱᠠᠭᠠᠷᠳᠠᠯᠭ᠎ᠠ ᠶᠢ ᠤᠯᠠᠮᠵᠢᠯᠠᠵᠤ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠯᠭᠠᠮ ᠪᠠᠶᠢᠳᠠᠯ ᠢ ᠦᠨᠳᠦᠰᠦᠯᠡᠨ᠂ ︽ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠥᠪᠯᠡᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠢᠨᠠᠯᠲᠠ ᠲᠠᠯᠪᠢᠵᠤ ᠬᠠᠷᠢᠭᠤᠴᠠᠯᠭ᠎ᠠ ᠲᠤᠯᠭᠠᠬᠤ ᠪᠠᠴᠢᠮ ᠰᠢᠢᠳᠪᠦᠷᠢᠯᠡᠬᠦ ᠠᠷᠭ᠎ᠠ︾᠎ ᠶᠢ ᠲᠣᠭᠲᠠᠭᠠᠵᠤ᠂ ᠪᠦᠷᠢᠮᠦᠰᠦᠨ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠬᠢᠭᠰᠡᠨ ᠰᠠᠭᠤᠷᠢᠨ ᠳᠡᠭᠡᠷ᠎ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠠᠷᠢᠭᠤᠴᠠᠯᠭ᠎ᠠ ᠲᠤᠯᠭᠠᠵᠤ ᠰᠢᠢᠳᠪᠦᠷᠢᠯᠡᠭᠦ ᠴᠢᠬᠤᠯᠠᠲᠠᠶ ᠪᠠᠶᠢᠳᠠᠯ ᠵᠢᠴᠢ ᠬᠠᠷᠠᠭᠠᠯᠵᠠᠭᠰᠠᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠬᠡᠯᠪᠡᠷᠢ ᠶᠢ ᠲᠣᠳᠣᠷᠬᠠᠶᠢᠯᠠᠵᠤ᠂ ᠲᠦᠷᠭᠡᠨ ᠪᠠᠶᠢᠴᠠᠭᠠᠵᠤ ᠲᠦᠷᠭᠡᠨ ᠰᠢᠢᠳᠪᠦᠷᠢᠯᠡᠵᠣ ᠲᠦᠷᠭᠡᠨ ᠳᠠᠭᠤᠰᠬᠠᠬᠤ ᠶᠢ ᠪᠡᠶᠡᠯᠡᠭᠦᠯᠵᠦ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠭᠦ ᠶᠢ ᠵᠡᠷᠭᠡ ᠪᠠᠷ ᠶᠠᠪᠤᠭᠳᠠᠭᠤᠯᠬᠤ ᠶᠢ ᠪᠡᠶᠡᠯᠡᠭᠦᠯᠵᠦ᠂ ᠬᠢᠨᠠᠯᠲᠠ ᠲᠠᠯᠪᠢᠬᠤ ᠪᠠᠷ ᠳᠠᠮᠵᠢᠭᠤᠯᠤᠨ ᠨᠠᠮ ᠤᠨ ᠭᠡᠰᠢᠭᠦᠨ ᠺᠠᠳ᠋ᠷ ᠤᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠦ ᠶᠢ ᠠᠬᠢᠭᠤᠯᠵᠠᠢ᠃      ᠬᠢᠨᠠᠯᠲᠠ ᠲᠠᠯᠪᠢᠬᠤ ᠪᠠᠷ ᠰᠠᠭᠤᠷᠢ ᠪᠣᠯᠭᠠᠨ ᠬᠢᠨᠠᠯᠲᠠ ᠲᠠᠯᠪᠢᠬᠤ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ ᠠᠰᠠᠭᠤᠳᠠᠯ ᠢ ᠠᠩᠬᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠢᠨᠠᠯᠲᠠ ᠲᠠᠯᠪᠢᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠬᠡᠷᠡᠭᠲᠡᠶ᠃ ︽ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠥᠪᠯᠡᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠪᠠᠶᠢᠴᠠᠭᠠᠯᠲᠠ ᠶᠢᠨ ᠠᠵᠢᠯ ᠤᠨ ᠲᠥᠰᠦᠯ︾᠎ ᠢ ᠲᠣᠭᠲᠠᠭᠠᠵᠤ᠂ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠥᠪᠯᠡᠯ᠂ ᠵᠡᠭᠡᠯᠢ ᠭᠤᠳᠤᠮᠵᠢ ᠪᠠᠯᠭᠠᠰᠤᠨ ᠤ ᠰᠠᠬᠢᠯᠭ᠎ᠠ ᠪᠠᠲᠤ ︵ᠠᠵᠢᠯᠯᠠᠬᠤ︶᠎ ᠶᠢᠨ ᠵᠥᠪᠯᠡᠯ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠥᠬᠦ ᠠᠵᠢᠯᠲᠠᠨ ᠢ ᠳᠠᠶᠢᠴᠢᠯᠠᠨ᠂ 6 ᠲᠤᠰᠬᠠᠶ ᠪᠠᠶᠢᠴᠠᠭᠠᠬᠤ ᠳᠤᠭᠤᠶᠢᠯᠠᠩ ᠢ ᠬᠠᠮᠲᠤᠷᠠᠨ ᠪᠠᠶᠢᠭᠤᠯᠵᠤ᠂ ᠲᠣᠰ ᠲᠣᠰ ᠤᠨ ᠠᠵᠢᠯ ᠤᠨ ᠬᠤᠪᠢᠶᠠᠷᠢᠯᠠᠯ ᠶᠣᠰᠣᠭᠠᠷ᠂ ᠢᠯᠡ ᠪᠠᠷ ᠪᠠᠶᠢᠴᠠᠭᠠᠵᠤ ᠲᠠᠯᠳᠠ ᠪᠠᠷ ᠰᠤᠷᠪᠤᠯᠵᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠪᠥᠬᠦ ᠣᠷᠣᠨ ᠤ ᠡᠯ᠎ᠡ ᠬᠠᠷᠢᠭᠤᠴᠠᠯᠭᠠᠲᠤ ᠨᠢᠭᠡᠴᠡ ᠶᠢᠨ ᠬᠢᠵᠢᠭ ᠢ ᠰᠡᠷᠭᠡᠶᠢᠯᠡᠬᠦ ᠠᠵᠢᠯ ᠤᠨ ᠪᠥᠬᠦ ᠶᠠᠪᠤᠴᠠ ᠶᠢ ᠪᠠᠶᠢᠴᠠᠭᠠᠵᠤ᠂ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠦ᠂  ᠵᠢᠵᠢᠭᠦᠷᠯᠡᠯ᠂ ᠡᠳ᠋ ᠪᠣᠳᠠᠰ ᠤᠨ ᠨᠦᠭᠡᠴᠨ᠂ ᠬᠢᠨᠠᠨ ᠬᠡᠮᠵᠢᠵᠦ ᠬᠢᠨᠠᠨ ᠬᠠᠮᠢᠶᠠᠷᠬᠤ ᠵᠡᠷᠭᠡ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠠᠩᠬᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠢᠨᠠᠯᠲᠠ ᠲᠠᠯᠪᠢᠬᠤ ᠠᠵᠢᠯ ᠢ ᠪᠥᠬᠦ ᠲᠠᠯ᠎ᠠ ᠪᠠᠷ ᠦᠷᠨᠢᠭᠦᠯᠪᠠ᠃ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠬᠤ᠂ ᠵᠢᠯᠣᠭᠤᠳᠣᠯᠭ᠎ᠠ ᠶᠢ ᠴᠢᠩᠭ᠎ᠠ ᠳᠠᠭᠠᠬᠤ᠂ ᠡᠭᠦᠷᠭᠡ ᠬᠠᠷᠢᠭᠤᠴᠠᠯᠭ᠎ᠠ ᠪᠠᠨ ᠡᠷᠡᠰ ᠭᠦᠢᠴᠡᠳᠬᠡᠬᠦ ᠵᠡᠷᠭᠡ ᠲᠠᠯ᠎ᠠ ᠪᠠᠷ ᠪᠥᠬᠦ ᠣᠷᠣᠨ ᠤ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠳᠤ ᠪᠠᠶᠢᠴᠠᠭᠠᠯᠲᠠ ᠬᠢᠵᠦ᠂ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠥᠬᠡᠶ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠥᠬᠡᠶ ᠵᠡᠷᠭᠡ ᠰᠤᠷᠲᠠᠯ ᠤᠨ ᠠᠰᠠᠭᠤᠳᠠᠯ ᠳᠤ᠂ ︽ᠲᠤᠬᠠᠶ ᠶᠢᠨ ᠲᠠᠯᠠᠪᠤᠷ ᠲᠤ ᠢᠯᠡᠷᠡᠭᠦᠯᠬᠦ᠂ ᠲᠤᠬᠠᠶ ᠶᠢᠨ ᠲᠠᠯᠠᠪᠤᠷ ᠲᠤ ᠭᠡᠷᠡᠴᠢ ᠠᠪᠬᠤ᠂ ᠲᠤᠬᠠᠶ ᠶᠢᠨ ᠲᠠᠯᠠᠪᠤᠷ ᠲᠤ ᠰᠢᠢᠳᠪᠦᠷᠢᠯᠡᠭᠦ︾᠎ ᠶᠢ ᠪᠡᠶᠡᠯᠡᠭᠦᠯᠵᠦ᠂ ᠠᠰᠠᠭᠤᠳᠠᠯ ᠢ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠰᠠᠶᠢᠵᠢᠷᠠᠭᠤᠯᠬᠤ ᠶᠢ ᠠᠬᠢᠭᠤᠯᠣᠨ ︽ᠥᠨᠳᠥᠷ ᠦᠷ᠎ᠡ ᠪᠦᠲᠦᠮᠵᠢ︾᠎ ᠪᠠᠷ ︽ᠠᠯᠵᠠᠭᠤ ᠬᠤᠶᠢᠷᠭᠤ ᠰᠤᠯᠠ ᠵᠠᠳᠠᠭᠠᠶ︾ ᠪᠠᠶᠢᠳᠠᠯ ᠢ ᠰᠠᠶᠢᠵᠢᠷᠠᠭᠯᠣᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠠᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号