ᠪᠣᠯᠪᠠᠰᠤᠨ ᠬᠤᠳᠠ ᠶᠢ ᠴᠣᠭᠴᠠᠯᠠᠨ ᠠᠷᠠᠳ ᠲᠤ ᠦᠢᠯᠡᠴᠢᠯᠡᠭᠦ ᠳᠤ ᠲᠦᠪᠯᠡᠨ ᠵᠣᠯ ᠵᠢᠷᠭᠠᠯᠲᠤ ᠳᠡᠭᠡᠳᠦ ᠰᠢᠨ᠎ᠡ ᠮᠡᠷᠭᠡᠵᠢᠯ ᠤᠨ ᠣᠷᠣᠨ ᠢ ᠡᠭᠦᠳᠦᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2021/10/28
   ᠭᠠᠷᠠᠭ ᠤᠨ ᠰᠡᠭᠦᠯᠴᠢ ᠪᠣᠯᠬᠤ ᠪᠦᠷᠢ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠡᠯ᠎ᠡ ᠨᠡᠶᠢᠭᠡᠮ ᠲᠣᠭᠤᠷᠢᠭ ᠲᠤ ᠰᠠᠭᠤᠭ᠎ᠠ ᠬᠡᠦᠬᠡᠳ ᠤᠳ ᠨᠢᠭᠡ ᠲᠠᠯ᠎ᠠ ᠪᠠᠷ ᠤᠯᠤᠰ ᠤᠨ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠠᠴᠠ ᠪᠣᠯᠤᠭᠰᠠᠨ ᠬᠢᠴᠢᠶᠡᠯ ᠨᠥᠬᠦᠬᠦ ᠥᠬᠡᠶ᠂ ᠠᠩᠭᠢ ᠡᠷᠬᠢᠯᠡᠬᠦ ᠥᠬᠡᠶ ᠪᠠᠶᠠᠰᠤᠯ ᠢ ᠡᠳ᠋ᠯᠡᠵᠦ᠂ ᠨᠥᠭᠦᠭᠡ ᠲᠠᠯ᠎ᠠ ᠪᠠᠷ ᠪᠠᠰᠠ ᠵᠠᠰᠠᠭ ᠤᠨ ᠣᠷᠳᠣᠨ ᠠᠴᠠ ᠲᠡᠳᠡᠨ ᠳᠤ ᠪᠠᠶᠢᠭᠤᠯᠵᠤ ᠥᠭᠭᠦᠭᠰᠡᠨ ᠲᠠᠮᠢᠷ ᠤᠨ ᠲᠠᠯᠠᠪᠤᠷ ᠲᠤ ᠪᠠᠶᠠᠷ ᠬᠥᠷ ᠲᠠᠢ ᠪᠠᠷ ᠲᠠᠮᠢᠷ ᠲᠤ ᠬᠤᠷᠣᠬᠠᠢ ᠲᠠᠢ ᠨᠢ ᠰᠠᠭᠰᠤᠨ ᠪᠥᠮᠪᠦᠭᠡ᠂ ᠥᠲᠥᠨ ᠪᠥᠮᠪᠦᠭᠡ᠂ ᠲᠠᠢ ᠴᠢᠤᠸᠠᠨ ᠳ᠋ᠤᠤ ᠲᠣᠭᠯᠠᠨ ᠤᠷᠠᠯᠢᠭ ᠲᠤ ᠬᠤᠷᠣᠬᠠᠢ ᠲᠠᠢ ᠨᠢ ᠳᠤᠷ᠎ᠠ ᠲᠠᠪᠠ ᠪᠠᠷ ᠢᠶᠠᠨ ᠤᠷᠠᠨ ᠵᠢᠷᠤᠭ᠂ ᠤᠷᠠᠨ ᠪᠢᠴᠢᠯᠭᠡ᠂ ᠰᠢᠲᠠᠷ᠎ᠠ ᠰᠤᠷᠴᠤ ᠬᠡᠷᠪᠡ ᠶᠠᠭᠤ ᠴᠤ ᠰᠤᠷᠬᠤ ᠳᠤᠷ᠎ᠠ ᠦᠭᠡᠢ ᠪᠣᠯ᠂ ᠪᠠᠰᠠ ᠪᠠᠯᠭᠠᠰᠤ ᠪᠣᠯᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠰᠣᠶᠣᠯ ᠤᠨ ᠣᠷᠳᠣᠨ ᠳᠤ ᠬᠦᠷᠴᠦ᠂ ᠭᠤᠣᠯ ᠰᠡᠳᠦᠪᠲᠦ ᠦᠵᠡᠰᠬᠦᠯᠡᠩ ᠢ ᠲᠣᠭᠤᠷᠢᠨ ᠦᠵᠡᠵᠦ᠂ ᠨᠣᠮ ᠪᠢᠴᠢᠭ ᠤᠨ ᠳᠠᠯᠠᠢ ᠲᠠᠩᠭᠢᠰ ᠲᠤ ᠨᠠᠮ ᠵᠢᠮ ᠪᠠᠶᠠᠷ ᠪᠠᠶᠠᠰᠤᠯ ᠲᠠᠢ ᠴᠠᠭ ᠮᠥᠴᠡ ᠶᠢ ᠡᠳ᠋ᠯᠡᠵᠦ ᠪᠣᠯᠤᠨ᠎ᠠ᠃    ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠠᠷᠠᠳ ᠤᠨ ᠠᠮᠢᠳᠤᠷᠠᠯ ᠤᠨ ᠪᠢᠴᠢᠯ ᠪᠣᠳᠠᠲᠤ ᠶᠠᠪᠤᠳᠠᠯ︾ ᠪᠣᠯ ᠪᠦᠬᠦ ᠣᠷᠣᠨ ᠤ ︽ᠪᠢᠴᠢᠯ ᠵᠣᠯ ᠵᠢᠷᠭᠠᠯ︾ ᠠᠷᠠᠳ ᠤᠨ ᠠᠮᠢᠳᠤᠷᠠᠯ ᠤᠨ ᠢᠨᠵᠧᠨᠧᠷᠢᠩ ᠪᠠᠶᠢᠵᠤ᠂ ᠤᠯᠠᠨ ᠲᠦᠮᠡᠨ ᠤ ︽ᠵᠠᠬᠢᠶᠠᠯᠭ᠎ᠠ︾᠂ ᠵᠠᠰᠠᠭ ᠤᠨ ᠣᠷᠳᠣᠨ ᠤ ︽ ᠪᠦᠳᠦᠭᠡᠯᠭᠡ︾ ᠬᠡᠯᠪᠡᠷᠢ ᠪᠠᠷ ᠤᠯᠠᠨ ᠲᠦᠮᠡᠨ ᠤ ᠳᠡᠷᠭᠡᠳᠡᠬᠢ ᠪᠠᠭ᠎ᠠ ᠶᠠᠪᠤᠳᠠᠯ ᠢ ᠰᠠᠶᠢᠲᠤᠷ ᠬᠢᠵᠣ ᠪᠠᠶᠢᠨ᠎ᠠ᠃ ︽ᠥᠩᠭᠡᠷᠡᠭᠰᠡᠨ ᠳᠤ ᠬᠡᠦᠬᠡᠳ ᠵᠤᠨ ᠤ ᠠᠮᠠᠷᠠᠯᠲᠠ ᠲᠠᠯᠪᠢᠬᠤ ᠳᠤ ᠭᠡᠷ ᠤᠨ ᠠᠬᠠᠮᠠᠳ ᠬᠠᠮᠤᠭ ᠠᠴᠠ ᠰᠠᠨᠠᠭ᠎ᠠ ᠵᠣᠪᠠᠳᠠᠭ  ᠃ ᠤᠳᠤ᠂ ᠵᠠᠰᠠᠭ ᠤᠨ ᠣᠷᠳᠣᠨ ᠵᠣᠭᠤᠰ ᠭᠠᠷᠭᠠᠵᠤ ᠨᠡᠶᠢᠲᠡ ᠶᠢᠨ ᠠᠰᠠᠷᠠᠮᠵᠢ ᠶᠢ ᠡᠷᠬᠢᠯᠡᠭᠰᠡᠨ ᠠᠴᠠ ᠭᠡᠷ ᠤᠨ ᠠᠬᠠᠮᠠᠳ ᠰᠠᠨᠠᠭ᠎ᠠ ᠵᠣᠪᠠᠭ᠋ᠤ ᠵᠦᠢᠯ ᠦᠭᠡᠢ ᠪᠣᠯᠵᠠᠢ︾ ᠭᠡᠵᠣ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠮᠢᠨ ᠰᠢᠨ ᠵᠢᠶᠠ ᠶᠤᠸᠠᠨ ᠨᠡᠶᠢᠭᠡᠮ ᠣᠷᠣᠨ ᠤ ᠳᠡᠳ᠋ ᠱᠦᠵᠢ ᠶᠠᠩ ᠯᠦ ᠬᠡᠯᠡᠨ᠎ᠡ᠃ ᠬᠡᠦᠬᠡᠳ ᠠᠮᠠᠷᠠᠯᠲᠠ ᠶᠢᠨ ᠬᠤᠭᠤᠴᠠᠭᠠᠨ ᠳᠤ ᠬᠡᠷ ᠤᠨ ᠢᠶᠠᠨ ᠡᠷᠬᠢᠨ ᠲᠣᠭᠤᠷᠢᠨ ᠳᠤ ᠨᠡᠬᠡᠮᠡᠯ᠂ ᠤᠷᠠᠨ ᠪᠢᠴᠢᠯᠭᠡ ᠵᠡᠷᠭᠡ ᠪᠣᠯᠪᠠᠰᠤᠷᠠᠯ ᠬᠦᠷᠳᠡᠭᠦ ᠡᠶᠢᠮᠦᠷᠭᠦᠦ ᠶᠠᠪᠤᠳᠠᠯ ᠢ ᠦᠵᠡᠬᠦ ᠳᠤ ᠪᠠᠭ᠎ᠠ ᠶᠠᠪᠤᠳᠠᠯ ᠰᠢᠭ᠋ ᠪᠣᠯᠪᠠᠴᠤ ᠠᠷᠠᠳ ᠤᠨ ᠠᠮᠢᠳᠤᠷᠠᠯ ᠤᠨ ︽ᠪᠠᠭ᠎ᠠ᠂ ᠪᠠᠴᠢᠮ᠂ ᠬᠦᠴᠢᠷ︾ ᠠᠰᠠᠭᠤᠳᠠᠯ ᠪᠣᠯᠤᠨ᠎ᠠ᠃ ᠶᠠᠩ ᠯᠦ ᠶᠢᠨ ᠲᠠᠨᠢᠯᠴᠠᠭᠤᠯᠤᠭᠰᠠᠨ ᠢᠶᠠᠷ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠮᠢᠨ ᠰᠢᠨ ᠣᠷᠣᠨ ᠰᠭᠠᠣᠴᠨ ᠶᠢᠨ ᠨᠡᠶᠢᠭᠡᠮ ᠣᠷᠣᠨ ᠤ ᠬᠠᠷᠢᠶᠠᠨ ᠳᠠᠬᠢ ᠰᠠᠭᠤᠭᠠᠯᠢ ᠠᠷᠠᠳ ᠤᠨ ᠣᠷᠣᠵᠤ ᠭᠠᠷᠬᠤ ᠭᠠᠵᠠᠷ ᠲᠤ ᠴᠥᠮ 15 ᠮᠢᠨᠦ᠋ᠲ ᠤᠨ ᠬᠤᠳᠠᠯᠳᠤᠭᠠᠨ ᠤ ᠵᠢᠷᠤᠭ ᠬᠢᠵᠦ ᠨᠠᠭᠠᠭᠰᠠᠨ ᠪᠥᠭᠡᠳ ᠰᠠᠭᠤᠭᠠᠯᠢ ᠠᠷᠠᠳ ᠤᠨ ᠣᠷᠣᠨ ᠤ ᠢᠯᠡ ᠪᠠᠶᠢᠷᠢᠨ ᠳᠤ ᠰᠠᠭᠤᠭᠠᠯᠢ ᠠᠷᠠᠳ ‍ᠤᠨ‌ᠠᠰᠠᠷ ᠪᠣᠯᠤᠨ ᠰᠠᠭᠤᠭᠠᠯᠢ ᠠᠷᠠᠳ ᠤᠨ ᠡᠯ᠎ᠡ ᠵᠦᠢᠯ ᠤᠨ ᠲᠥᠬᠦᠭᠡᠷᠦᠮᠵᠢ ᠶᠢᠨ ᠪᠣᠳᠠᠲᠠᠶ ᠣᠷᠣᠨ ᠪᠠᠶᠢᠷᠢ ᠶᠢᠨ ᠵᠢᠷᠤᠭ ᠲᠡᠮᠳᠡᠭ ᠢ ᠲᠡᠮᠳᠡᠭᠯᠡᠵᠡᠶ᠃ ︽ᠲᠣᠪ ᠲᠣᠳᠣᠷᠬᠠᠶ᠂ ᠬᠥᠮᠦᠨ ᠡᠷᠢᠵᠦ ᠵᠠᠮ ᠠᠰᠠᠭᠤᠬᠤ ᠬᠡᠷᠡᠭ ᠦᠭᠡᠢ᠃︾ ᠰᠢᠨ᠎ᠡ ᠬᠤᠲᠠ ᠶᠢᠨ ᠶᠠ ᠵᠢᠤᠢ ᠶᠢᠨ ᠰᠠᠭᠤᠭᠠᠯᠢ ᠠᠷᠠᠳ ᠯᠢ ᠠᠪᠠᠭ᠋ᠠᠶ  ᠬᠡᠯᠡᠨ᠎ᠡ᠃     ︽ᠪᠠᠭ᠎ᠠ ᠥᠭᠡᠷᠡᠴᠢᠯᠡᠯᠲᠡ︾ ᠨᠢ ︽ᠪᠠᠭ᠎ᠠ ᠵᠣᠯ ᠵᠢᠷᠭᠠᠯ︾ ᠢ ᠡᠭᠦᠳᠴᠦ᠂ ᠬᠡᠳᠦ᠋ᠢᠪᠡᠷ ᠥᠴᠦᠬᠡᠨ ᠲᠡᠳᠦᠢ ᠥᠭᠡᠷᠡᠴᠢᠯᠡᠯᠲᠡ ᠪᠣᠯᠪᠠᠴᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠲᠦᠬᠦᠮ ᠦᠵᠡᠭᠦᠯᠵᠦ᠂ ᠬᠤᠳᠠ ᠶᠢᠨ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠪᠡ᠃ ︽ᠡᠨᠡ ᠬᠦ ᠰᠠᠭᠤᠭᠠᠯᠢ ᠠᠷᠠᠳ ᠤᠨ ᠣᠷᠣᠨ ᠤ ᠵᠢᠭᠠᠯᠲᠠ ᠫᠠᠶᠢᠰᠠ ᠨᠢ ᠨᠢᠭᠡᠨᠲᠡ ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠶ᠎ᠠ ᠰᠠᠭᠤᠭᠠᠯᠢ ᠠᠷᠠᠳ ᠤᠨ ᠲᠣᠭᠤᠷᠢᠭ ᠢ  ᠪᠦᠷᠦᠭᠦᠴᠢᠬᠡᠵᠠᠢ︾ ᠭᠡᠵᠦ ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠱᠦᠵᠢ ᠯᠦ ᠢᠦᠢ ᠫᠢᠩ ᠬᠡᠯᠡᠪᠡ᠃    ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨ᠎ᠡ ᠶᠢ ᠡᠭᠦᠳᠬᠦ ᠬᠤᠲᠠ ᠶᠢᠨ ᠠᠯᠪᠠᠨ ᠬᠡᠷ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ︽ᠪᠢᠳᠡ ᠰᠢᠨ᠎ᠡ ᠶᠢ ᠡᠭᠦᠳᠬᠦ ᠬᠤᠲᠠ ᠶᠢᠨ ᠠᠵᠢᠯ ᠢ ᠳᠥᠯᠭᠢᠨ ᠠᠬᠢᠭᠤᠯᠵᠤ ᠪᠠᠶᠢᠭ᠎ᠠ ᠨᠢ ᠳᠠᠷᠤᠶ ᠠᠷᠠᠳ ᠤᠨ ᠠᠮᠢᠳᠤᠷᠠᠯ ᠤᠨ ᠢᠨᠵᠧᠨᠧᠷᠢᠩ ᠢᠶᠠᠷ ᠭᠠᠷᠳᠠᠴᠠ ᠪᠣᠯᠭᠠᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ  ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠭᠦ ᠶᠢ ᠠᠵᠢᠯ ᠤᠨ ︿ᠨᠠᠷᠢᠨ ᠰᠤᠳᠠᠰᠤ﹀ ᠳᠤ ᠨᠠᠶᠢᠳᠠᠪᠤᠷᠢᠵᠢᠭᠤᠯᠵᠤ᠂ ᠠᠷᠠᠳ ᠲᠦᠮᠡᠨ ᠳᠤ ᠦᠢᠯᠡᠴᠢᠯᠡᠭᠦ ︿ᠡᠴᠦᠰ ᠤᠨ ᠨᠢᠭᠡ ᠺᠢᠯᠣᠮᠧᠲᠷ﹀ ᠢ ᠰᠠᠭᠠᠳ ᠥᠬᠡᠶ ᠨᠡᠪᠲᠡᠷᠡᠭᠦᠯᠬᠦ ᠶᠢᠨ ᠲᠥᠯᠥᠭᠡ ᠶᠤᠮ᠃︾    ᠠᠳᠠᠯ ᠠᠬᠤᠢ ᠪᠣᠯ ᠰᠠᠭᠤᠭᠠᠯᠢ ᠠᠷᠠᠳ ᠠᠴᠠ ᠬᠠᠮᠤᠭ ᠤᠨ ᠣᠶᠢᠷᠠᠬᠠᠨ ᠦᠢᠯᠡᠴᠢᠯᠡᠭᠴᠢ ᠶᠢᠨ ᠨᠢᠭᠡ ᠪᠣᠯᠤᠨ᠎ᠠ᠂ ᠰᠠᠭᠤᠭᠠᠯᠢ ᠠᠷᠠᠳ ᠤᠨ ᠠᠮᠢᠳᠤᠷᠠᠯ ᠰᠠᠶᠢᠨ ᠪᠠᠶᠢᠬᠤ ᠡᠰᠡᠬᠦ᠂ ᠣᠷᠴᠢᠨ ᠲᠣᠭᠤᠷᠢᠨ ᠳᠤ ᠬᠠᠨᠤᠮᠵᠢᠲᠠᠢ ᠪᠠᠶᠢᠬᠤ ᠡᠰᠡᠬᠦ ᠨᠢ ᠮᠠᠰᠢ ᠶᠡᠭᠡ ᠬᠡᠮᠵᠢᠶᠡᠨ ᠳᠡᠭᠡᠷ᠎ᠡ ᠠᠳᠠᠯ ᠠᠬᠤᠢ ᠶᠢᠨ ᠰᠠᠭᠤᠭᠠᠯᠢ ᠠᠷᠠᠳ ᠤᠨ ᠬᠠᠷᠢᠭᠤ ᠲᠤᠰᠬᠠᠯ ᠤᠨ ᠠᠰᠠᠭᠤᠳᠠᠯ ᠢ ᠰᠢᠢᠳᠪᠦᠷᠢᠯᠡᠭᠰᠡᠨ ᠦᠷ᠎ᠡ ᠪᠦᠲᠦᠮᠵᠢ ᠪᠠᠷ ᠰᠢᠢᠳᠪᠦᠷᠢᠯᠡᠭᠳᠡᠨ᠎ᠡ᠃ ︽ᠠᠳᠠᠯ ᠠᠬᠤᠶ ᠶᠢᠨ ᠰᠦᠢᠳᠭᠡᠯ ᠢ ᠬᠤᠷᠢᠶᠠᠬᠤ ᠳᠤ ᠬᠦᠴᠢᠷᠲᠡᠶ᠂ ᠣᠷᠴᠢᠨ ᠲᠣᠭᠤᠷᠢᠨ ᠨᠢ ᠤᠯᠠᠮ ᠪᠤᠵᠠᠷ ᠰᠠᠮᠠᠭᠤᠨ ᠪᠠᠷᠤᠭᠲᠠᠶ ᠪᠣᠯᠬᠤ ᠵᠡᠷᠭᠡ ᠮᠠᠭᠤ ᠣᠷᠴᠢᠯ ᠭᠠᠷᠬᠤ ᠠᠴᠠ ᠵᠠᠶᠢᠯᠠᠰᠬᠢᠬᠦ ᠶᠢᠨ ᠲᠥᠯᠥᠭᠡ᠂ ᠪᠢᠳᠡ ︿ᠬᠤᠪᠢᠰᠬᠠᠯ ᠤᠨ ᠠᠳᠠᠯ ᠠᠬᠤᠶ﹀ ᠶᠢ ᠡᠭᠦᠳᠦᠨ ᠪᠠᠶᠢᠭᠤᠯᠬᠤ ᠶᠢ ᠶᠡᠭᠡ ᠪᠠᠷ ᠠᠬᠢᠭᠤᠯᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠬᠠᠴᠢᠨ ᠬᠦᠷᠢᠶᠡᠨ ᠠᠴᠠ ᠭᠠᠷᠬᠤ ᠪᠠᠷ ᠴᠢᠷᠮᠠᠶᠢᠵᠤ ᠪᠠᠶᠢᠨ᠎ᠠ᠃︾ ᠭᠡᠵᠦ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠥᠲᠥᠭᠡᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠬᠡᠯᠡᠪᠡ᠃ ᠲᠣᠰ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠲᠠᠳᠠ ᠲᠥᠪᠯᠡᠷᠡᠭᠦᠯᠦᠨ ᠪᠠᠶᠢᠭᠤᠯᠬᠤ ᠠᠵᠢᠯ ᠢ ᠰᠠᠶᠢᠲᠤᠷ ᠠᠳᠬᠤᠵᠤ᠂ ᠥᠮᠴᠢᠲᠡᠨ ᠤ ᠣᠷᠣᠯᠴᠠᠬᠤ ᠶᠢ ᠵᠣᠷᠢᠭᠵᠢᠭᠤᠯᠪᠠ᠃ ᠵᠢᠱᠢᠶᠡᠯᠡᠪᠡᠯ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠵᠢᠵᠢᠭ ᠣᠷᠣᠨ ᠤ ᠥᠮᠴᠢᠲᠡᠨ ᠤ ᠵᠥᠪᠯᠡᠯ ᠤᠨ ᠡᠷᠬᠢᠯᠡᠭᠴᠢ ᠨᠡᠶᠢᠭᠡᠮ ᠲᠣᠭᠤᠷᠢᠭ ᠲᠤ ᠡᠷᠬᠢᠯᠡᠭᠴᠢ ᠶᠢᠨ ᠲᠤᠰᠠᠯᠠᠭᠴᠢ ᠪᠣᠯᠵᠣ᠂ ᠨᠡᠶᠢᠭᠡᠮ ᠣᠷᠣᠨ ᠤ ᠱᠦᠵᠢ ᠥᠮᠴᠢᠲᠡᠨ ᠤ ᠵᠥᠪᠯᠡᠯ ᠳᠤ ᠣᠷᠣᠵᠤ ᠨᠠᠮ ᠤᠨ ᠪᠠᠶᠢᠭᠤᠯᠤᠯᠲᠠ ᠶᠢᠨ ᠵᠢᠯᠣᠭᠤᠳᠣᠭᠴᠢ ᠪᠣᠯᠣᠨ᠂ ᠵᠢᠵᠢᠭ ᠣᠷᠣᠨ ᠤ ᠠᠳᠠᠯ ᠠᠬᠤᠶ ᠶᠢᠨ ᠺᠣᠮᠫᠠᠨᠢ ᠶᠢᠨ ᠳᠠᠭᠠᠭᠠᠮᠠᠯ ᠨᠡᠶᠢᠭᠡᠮ ᠲᠣᠭᠤᠷᠢᠭ ᠲᠤ ᠣᠷᠣᠵᠤ ᠡᠷᠬᠢᠯᠡᠭᠴᠢ ᠶᠢᠨ ᠲᠤᠰᠠᠯᠠᠭᠴᠢ ᠪᠣᠯᠵᠣ᠂ ᠨᠡᠶᠢᠭᠡᠮ ᠣᠷᠣᠨ ᠤ ᠱᠦᠵᠢ ᠠᠳᠠᠯ ᠠᠬᠤᠶ ᠶᠢᠨ ᠺᠣᠮᠫᠠᠨᠢ ᠳᠤ ᠣᠷᠣᠵᠤ ᠨᠠᠮ ᠤᠨ ᠪᠠᠶᠢᠭᠤᠯᠤᠯᠲᠠ ᠶᠢᠨ ᠵᠢᠯᠣᠭᠤᠳᠣᠭᠴᠢ ᠪᠣᠯᠵᠣ᠂ ᠭᠤᠷᠪᠠᠨ ᠲᠠᠯ᠎ᠠ ᠪᠠᠷ ᠢᠶᠠᠨ ᠰᠣᠯᠪᠢᠴᠠᠨ ᠲᠤᠰᠢᠶᠠᠯ ᠡᠭᠦᠷᠭᠡᠯᠡᠵᠦ᠂ ᠬᠡᠷᠡᠭ ᠵᠥᠪᠯᠡᠬᠦ ᠲᠣᠭᠲᠠᠴᠠ ᠶᠢ ᠪᠡᠶᠡᠯᠡᠭᠦᠯᠵᠠᠢ᠃ ︽ᠵᠥᠪᠳᠡᠯᠴᠡᠬᠦ ᠲᠠᠪᠴᠠᠩ ᠢ ᠰᠠᠶᠢᠲᠤᠷ ᠪᠠᠶᠢᠭᠤᠯᠵᠤ᠂ ᠰᠠᠭᠤᠭᠠᠯᠢ ᠠᠷᠠᠳ ᠤᠨ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠳᠤ ᠬᠤᠪᠢᠰᠬᠠᠯ ᠤᠨ ᠬᠦᠴᠦᠨ ᠨᠡᠮᠡᠷᠢᠯᠡᠵᠦ᠂ ᠨᠠᠮ ᠤᠨ ᠲᠤᠭ ᠢ ᠰᠠᠭᠤᠭᠠᠯᠢ ᠠᠷᠠᠳ ᠤᠨ ᠣᠷᠣᠨ ᠤ ᠰᠠᠭᠤᠭᠠᠯᠢ ᠠᠷᠠᠳ ᠤᠨ ᠡᠮᠦᠨ᠎ᠡ ᠹᠷᠣᠨᠲ ᠲᠤ ᠨᠠᠮᠢᠷᠠᠭᠤᠯᠬᠤ ᠶᠢᠨ ᠬᠠᠮᠲᠤ ᠣᠯᠠᠨ ᠲᠦᠮᠡᠨ ᠳᠤ ᠵᠣᠯ ᠵᠢᠷᠭᠠᠯᠲᠤ ᠲᠥᠷᠥᠭᠳᠡᠯ ᠣᠯᠭᠤᠨ᠎ᠠ︾ ᠭᠡᠵᠦ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠣᠶᠤᠨ ᠤ ᠪᠣᠯᠪᠠᠰᠤᠨ ᠤ ᠠᠯᠪᠠᠨ ᠬᠡᠷ ᠤᠨ ᠬᠠᠷᠢᠭᠤᠴᠠᠯᠭᠠᠲᠠᠨ ᠬᠡᠯᠡᠪᠡ᠃     ᠣᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠬᠤᠪᠢᠰᠬᠠᠯ ᠤᠨ ᠠᠳᠠᠯ ᠠᠬᠤᠶ︾ ᠶᠢ ᠨᠢᠭᠡᠨᠲᠡ ᠪᠤᠭᠤᠲᠤ ᠬᠤᠲᠠ ᠶᠢᠨ 3 ᠲᠤᠷᠰᠢᠯᠲᠠ ᠶᠢᠨ ᠴᠡᠭ ᠤᠨ ᠪᠠᠭ᠎ᠠ ᠲᠣᠭᠤᠷᠢᠭ ᠢᠶᠠᠷ ᠳᠡᠭᠡᠭᠰᠢ ᠮᠡᠳᠡᠭᠦᠯᠦᠭᠰᠡᠨ ᠰᠠᠭᠤᠷᠢᠨ ᠳᠡᠭᠡᠷ᠎ᠡ᠂ ᠪᠢᠨ ᠬᠠᠶ ᠶᠢᠨ ᠮᠢᠩ ᠳ᠋ᠦ᠋᠂ ᠶᠢᠨ ᠪᠢ ᠬᠤᠸᠠ ᠶᠤᠸᠠᠨ᠂ ᠣᠯᠠᠨ ᠪᠣᠯᠠᠭ ᠰᠠᠭᠤᠭᠠᠯᠢ ᠣᠷᠣᠨ ᠤ 3 ᠪᠠᠭ᠎ᠠ ᠲᠣᠭᠤᠷᠢᠭ ᠢ ᠣᠷᠣᠨ ᠤ ᠲᠠᠰ ᠤᠨ ᠲᠤᠷᠰᠢᠯᠲᠠ ᠶᠢᠨ ᠴᠡᠭ ᠪᠣᠯᠭᠠᠵᠤ᠂ 6 ᠲᠤᠷᠰᠢᠯᠲᠠ ᠶᠢᠨ ᠴᠡᠭ ᠤᠨ ᠪᠠᠭ᠎ᠠ ᠲᠣᠭᠤᠷᠢᠭ ᠢ ᠠᠳᠠᠯ ᠠᠬᠤᠶ ᠶᠢᠨ ᠨᠠᠮ ᠤᠨ ᠪᠠᠶᠢᠭᠤᠯᠤᠯᠲᠠ ᠶᠢᠨ ᠠᠵᠢᠯ ᠳᠤ ᠵᠡᠷᠭᠡᠪᠡᠷ ᠣᠷᠣᠭᠤᠯᠪᠠ᠃ ᠲᠥᠪ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠢᠯᠣᠭᠤᠳᠬᠤ ᠵᠥᠪᠯᠡᠯ ᠤᠨ ᠠᠯᠪᠠᠨ ᠬᠡᠷ ᠠᠴᠠ ᠳᠠᠬᠢᠨ ᠪᠠᠶᠢᠴᠠᠭᠠᠵᠤ ᠵᠥᠪᠰᠢᠶᠡᠷᠡᠭᠰᠡᠨ ᠢᠶᠠᠷ᠂ 2021 ᠣᠨ ᠤ 10 ᠳ᠋ᠤᠭᠠᠷ ᠰᠠᠷ᠎ᠠ ᠶᠢᠨ 9 ᠤ ᠡᠳᠦᠷ ᠠᠴᠠ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢᠨ ᠬᠢᠷᠢ ᠬᠡᠮ ᠢ ᠰᠡᠷᠭᠦᠭᠡᠪᠠ᠃ ︽ᠡᠨᠡ ᠪᠣᠯ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠴᠢᠮᠡᠭᠡ ᠪᠣᠯᠬᠤ ᠪᠥᠭᠡᠳ ᠪᠢᠳᠡ ᠪᠠᠭ᠎ᠠ ᠦᠢᠯᠡᠴᠢᠯᠡᠭᠡ ᠪᠠᠷ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠠᠶᠢᠩᠭᠤᠵᠢᠭᠤᠯᠬᠤ ᠶᠢ ᠠᠬᠢᠭᠤᠯᠵᠤ᠂ ︿ᠪᠢᠴᠢᠯ ᠵᠣᠯ ᠵᠢᠷᠭᠠᠯ﹀ ᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠦᠷᠭᠦᠯᠵᠢᠯᠡᠨ ᠳᠠᠮᠵᠢᠭᠤᠯᠤᠨ᠎ᠠ︾ ᠭᠡᠵᠦ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨ᠎ᠡ ᠶᠢ ᠡᠭᠦᠳᠬᠦ ᠬᠤᠲᠠ ᠶᠢᠨ ᠠᠯᠪᠠᠨ ᠬᠡᠷ ᠤᠨ ᠬᠠᠷᠢᠭᠤᠴᠠᠯᠭᠠᠲᠠᠨ ᠬᠡᠯᠡᠨ᠎ᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号