ᠬᠤᠪᠣᠷ ᠰᠢᠷᠣᠶ ᠵᠠᠮ ᠤᠨ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠵᠥᠪᠯᠡᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ︽ᠡᠷᠴᠢ︾ ᠶᠢ ᠴᠢᠩᠭᠠᠯᠠᠵᠤ᠂ ᠦᠷᠭᠦᠯᠵᠢᠯᠡᠨ ᠬᠢᠨᠠᠯᠲᠠ ᠲᠠᠯᠪᠢᠵᠤ ᠪᠠᠶᠢᠴᠠᠭᠠᠪᠠ
ᠨᠡᠶᠢᠲᠡᠯᠡᠭᠰᠡᠨ ᠴᠠᠭ᠄
2021/11/15
    ᠬᠦᠨᠳᠦ ᠨᠣᠴᠢᠲᠠᠢ ᠬᠢᠵᠢᠭ ᠤᠨ ᠪᠠᠶᠢᠳᠠᠯ ᠤᠨ ᠡᠮᠦᠨ᠎ᠡ᠂ ᠬᠤᠪᠣᠷ ᠰᠢᠷᠣᠢ ᠵᠠᠮ ᠤᠨ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠵᠥᠪᠯᠡᠯ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠳᠠᠭᠠᠨ ᠰᠠᠭᠤᠷᠢᠯᠠᠨ᠂ ᠰᠠᠬᠢᠯᠭ᠎ᠠ ᠪᠠᠲᠤ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠲᠠᠯᠪᠢᠬᠤ ᠶᠢ ᠪᠠᠷᠢᠮᠲᠠᠯᠠᠵᠤ᠂ ᠬᠢᠨᠠᠯᠲᠠ ᠲᠠᠯᠪᠢᠵᠤ ᠳᠠᠯᠳᠠᠭᠤᠷ ᠰᠤᠷᠪᠤᠯᠵᠢᠯᠠᠬᠤ ᠲᠣᠭᠲᠠᠴᠠ ᠶᠢ ᠬᠡᠷᠡᠭᠯᠡᠨ᠂ ᠰᠡᠷᠭᠡᠶᠢᠯᠡᠨ ᠡᠵᠡᠮᠳᠡᠬᠦ ᠠᠯᠳᠠᠰᠢ ᠶᠢ ᠴᠢᠩᠭ᠎ᠠ ᠠᠩᠬᠠᠷᠴᠤ᠂ ᠵᠡᠭᠡᠯᠢ ᠭᠤᠳᠤᠮᠵᠢ ᠶᠢᠨ ᠬᠠᠷᠢᠶ᠎ᠠ ᠣᠷᠣᠨ ᠡᠯ᠎ᠡ ᠨᠢᠭᠡᠴᠢ ᠳᠤ ᠭᠦᠨᠵᠡᠭᠡᠶᠢᠷᠡᠨ ᠪᠦᠬᠦ ᠡᠳᠦᠷ ᠤᠨ ᠬᠢᠨᠠᠨ ᠪᠠᠶᠢᠴᠠᠭᠠᠯᠲᠠ ᠶᠢ ᠥᠷᠨᠢᠭᠦᠯᠪᠡ᠃     ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ᠂ ᠲᠤᠬᠠᠶ ᠶᠢᠨ ᠲᠠᠯᠠᠪᠠᠶ ᠳᠤ ᠵᠢᠯᠣᠭᠤᠳᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠠᠯᠠᠭ᠎ᠠ ᠮᠥᠴᠢᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠭᠤᠤᠯᠳᠠᠯᠭ᠎ᠠ ᠲᠠᠢ ᠲᠠᠯᠠᠪᠤᠷ ᠭᠠᠵᠠᠷ ᠢ ᠬᠠᠮᠢᠶᠠᠷᠤᠨ ᠡᠵᠡᠮᠳᠡᠬᠦ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠰᠣᠷᠢᠯᠲᠠ ᠥᠷᠨᠢᠭᠦᠯᠬᠦ᠂ ᠨᠠᠮ ᠤᠨ ᠭᠡᠰᠢᠭᠦᠨ ᠺᠠᠳ᠋ᠷ ᠤᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠦ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠥᠬᠦ ᠶᠠᠪᠤᠴᠠ ᠶᠢᠨ ᠬᠢᠨᠠᠯᠲᠠ ᠲᠠᠯᠪᠢᠵᠤ᠂ ᠮᠥᠷᠳᠡᠨ ᠬᠢᠨᠠᠯᠲᠠ ᠲᠠᠯᠪᠢᠵᠤ᠂ ᠳᠠᠷᠤᠯᠲᠠ ᠶᠢ ᠴᠠᠭ ᠲᠤᠬᠠᠶ ᠳᠤᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠳᠠᠮᠵᠢᠭᠤᠯᠵᠤ᠂ ᠬᠢᠵᠢᠭ ᠤᠨ ᠪᠠᠶᠢᠳᠠᠯ ᠢ ᠴᠢᠩᠭ᠎ᠠ ᠨᠢᠭᠲᠠ ᠨᠠᠷᠢᠯᠢᠭ ᠪᠠᠶᠢᠬᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠭᠤᠷ ᠠᠮᠢᠰᠬᠤᠯ ᠢ ᠪᠣᠶ ᠪᠣᠯᠭᠠᠪᠠ᠃     ᠣᠳᠣᠬᠠᠨ ᠪᠣᠯᠲᠠᠯ᠎ᠠ᠂ ᠨᠡᠶᠢᠲᠡ 113 ᠭᠠᠷᠤᠶ ᠤᠳᠠᠭ᠎ᠠ ᠪᠠᠶᠢᠴᠠᠭᠠᠵᠤ᠂ 47 ᠠᠰᠠᠭᠤᠳᠠᠯ ᠢ ᠢᠯᠡᠷᠡᠭᠦᠯᠪᠡ᠃ ᠬᠠᠷᠢᠶ᠎ᠠ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠲᠣᠭᠤᠷᠢᠭ᠂ ᠪᠡᠶ᠎ᠡ ᠤᠬᠢᠶᠠᠬᠤ ᠲᠥᠪ᠂ ᠬᠤᠳᠠᠯᠳᠤᠭᠠᠨ ᠤ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠡᠵᠡᠮᠳᠡᠯ ᠴᠢᠩᠭ᠎ᠠ ᠪᠢᠰᠢ᠂ ᠣᠨᠴᠠ ᠵᠠᠷᠢᠮ ᠣᠷᠣᠵᠤ ᠢᠷᠡᠭᠰᠡᠨ ᠬᠥᠮᠦᠰ ᠤᠨ ᠪᠡᠶ᠎ᠡ ᠶᠢᠨ ᠬᠠᠯᠠᠭᠤᠨ ᠢ ᠬᠡᠮᠵᠢᠨ ᠲᠡᠮᠳᠡᠭᠯᠡᠬᠦ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ ᠠᠶᠠᠯᠠᠯ ᠤᠨ ᠺᠠᠷᠲ ᠤᠨ ᠪᠠᠶᠢᠴᠠᠭᠠᠬᠤ ᠠᠷᠭ᠎ᠠ ᠬᠡᠮᠵᠢᠶ᠎ᠡ ᠴᠢᠩᠭ᠎ᠠ ᠪᠢᠰᠢ ᠵᠡᠷᠭᠡ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠤᠭᠰᠠᠨ ᠪᠥᠭᠡᠳ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ ᠱᠠᠭᠠᠷᠳᠠᠪᠠ᠃    ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠪᠣᠯᠤᠭᠰᠠᠨ ᠤ ᠬᠤᠪᠢ ᠳᠤ᠂ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ ︽ᠬᠢᠨᠠᠯᠲᠠ ᠲᠠᠯᠪᠢᠭᠴᠢ︾ ᠪᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠪᠥᠭᠡᠳ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠣᠷᠣᠯᠴᠠᠵᠤ ︽ᠪᠠᠶᠢᠯᠳᠤᠭᠴᠢ︾ ᠪᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠲᠡᠮᠦᠷ ᠴᠡᠷᠢᠭ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠬᠤᠪᠣᠷ ᠰᠢᠷᠣᠶ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号