ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ᠄ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠷᠤᠮᠵᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/11/15
    ᠬᠠᠲᠤᠨ ᠭᠤᠤᠯ ᠤᠨ ᠶᠡᠭᠡ ᠬᠥᠭᠦᠷᠭᠡ ᠶᠢᠨ ᠰᠦᠢᠳᠭᠡᠯ ᠬᠤᠷᠢᠶᠠᠬᠤ ᠥᠷᠲᠡᠭᠡ ᠶᠢᠨ ᠣᠷᠣᠬᠤ ᠡᠭᠦᠳᠡᠨ ᠳᠤ᠂ ᠲᠤᠬᠠᠶ ᠶᠢᠨ ᠲᠠᠯᠠᠪᠠᠶ ᠶᠢᠨ ᠠᠵᠢᠯᠲᠠᠳ ᠤᠯᠠᠭᠠᠨ ᠤ ᠭᠠᠳᠠᠨᠠᠬᠢ ᠡᠯᠧᠺᠲᠷᠣᠨ ᠪᠡᠶ᠎ᠡ ᠶᠢᠨ ᠳᠤᠯᠠᠭᠠᠨ ᠤ ᠬᠡᠮᠵᠢᠭᠦᠷ ᠢ ᠠᠳᠬᠤᠵᠤ᠂ ᠨᠢᠭᠡ ᠲᠠᠯ᠎ᠠ ᠪᠠᠷ ᠪᠤᠭᠤᠲᠤ ᠬᠤᠲᠠ ᠳᠤ ᠣᠷᠣᠵᠤ ᠭᠠᠷᠬᠤ ᠲᠡᠷᠭᠡ ᠬᠥᠰᠬᠡ ᠳᠡᠭᠡᠷᠡᠬᠢ ᠵᠢᠯᠣᠭᠤᠴᠢ ᠨᠢᠭᠡᠪᠦᠷᠢ ᠳᠤ ᠪᠡᠶ᠎ᠡ ᠶᠢᠨ ᠬᠠᠯᠠᠭᠤᠨ ᠤ ᠪᠠᠶᠢᠴᠠᠭᠠᠯᠲᠠ ᠬᠢᠵᠦ᠂ ᠨᠥᠭᠦᠭᠡ ᠲᠠᠯ᠎ᠠ ᠪᠠᠷ ᠲᠡᠳᠡᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠭᠡᠷᠡᠴᠢ ᠶᠢ ᠪᠠᠶᠢᠴᠠᠭᠠᠬᠤ ᠶᠢᠨ ᠳᠠᠭᠠᠤ ᠲᠡᠳᠡᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠤᠬᠠᠭᠤᠯᠵᠤ᠂ ᠠᠮᠠᠪᠴᠢ ᠵᠡᠭᠦᠭᠰᠡᠨ ᠥᠬᠡᠶ ᠠᠶᠠᠨᠴᠢᠳ ᠲᠤ ᠴᠠᠭ ᠲᠤᠬᠠᠶ ᠳᠤᠨᠢ ᠠᠮᠠᠪᠴᠢ ᠵᠡᠭᠦᠬᠦ ᠶᠢ ᠰᠠᠨᠠᠭᠤᠯᠣᠨ᠂ ᠭᠠᠳᠠᠷ ᠣᠷᠣᠨ ᠤ ᠲᠡᠷᠭᠡ ᠨᠢᠭᠡᠪᠦᠷᠢ ᠶᠢᠨ ᠮᠡᠳᠡᠭᠡ ᠵᠠᠩᠭᠢ ᠪᠠ ᠲᠡᠷᠭᠡᠨ ᠤ ᠡᠵᠡᠨ ᠤ ᠮᠡᠳᠡᠭᠡ ᠵᠠᠩᠭᠢ ᠶᠢ ᠨᠠᠷᠢᠨ ᠲᠣᠳᠣᠷᠬᠠᠶ ᠲᠡᠮᠳᠡᠭᠯᠡᠵᠦ᠂ ᠪᠠᠶᠢᠴᠠᠭᠠᠯᠲᠠ ᠬᠢᠵᠦ ᠪᠠᠶᠢᠳᠠᠯ ᠢ ᠣᠶᠢᠯᠠᠭᠠᠬᠤ ᠶᠢ ᠴᠢᠩᠭᠠᠳᠬᠠᠪᠠ᠃
       ᠣᠶᠢᠯᠠᠭᠠᠭᠰᠠᠨ ᠢᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠶᠢᠨ ᠲᠥᠯᠥᠭᠡ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠬᠠᠷᠢᠭᠤᠴᠠᠯᠭ᠎ᠠ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠣᠨ᠂ ᠴᠢᠩᠭ᠎ᠠ ᠰᠡᠷᠭᠡᠶᠢᠯᠡᠨ ᠰᠠᠬᠢᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠪᠠ᠃    ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ︽ᠬᠠᠷᠠᠭᠤᠯ ᠤᠨ ᠴᠡᠭ︾ ᠤᠨ ᠦᠢᠯᠡᠳᠦᠯ ᠢᠶᠠᠨ ᠪᠠᠳᠠᠷᠠᠭᠤᠯᠵᠤ᠂ ᠣᠷᠣᠵᠤ ᠭᠠᠷᠬᠤ ᠴᠢᠬᠤᠯᠠ ᠭᠠᠵᠠᠷ ᠲᠤ 24 ᠴᠠᠭ ᠢᠶᠠᠷ ᠵᠢᠵᠢᠭᠦᠷᠯᠡᠨ ᠰᠠᠬᠢᠬᠤ ᠠᠵᠢᠯᠲᠠᠨ ᠲᠣᠬᠢᠷᠠᠭᠤᠯᠬᠤ ᠶᠢᠨ ᠬᠠᠮᠲᠤ᠂ ᠠᠩᠬ᠎ᠠ ᠠᠰᠠᠭᠤᠭᠰᠠᠳ ᠤᠨ ᠬᠠᠷᠢᠭᠤᠴᠠᠯᠭ᠎ᠠ ᠶᠢᠨ ᠲᠦᠷᠢᠮ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠢᠯᠠᠩᠭᠤᠶ᠎ᠠ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠯᠠᠭᠤᠷᠠᠬᠤ ᠵᠡᠷᠭᠡ ᠡᠪᠡᠳᠴᠢᠲᠡᠨ ᠢ ᠭᠥᠯᠢᠶᠡᠨ ᠠᠪᠴᠤ ᠣᠨᠣᠰᠢᠯᠠᠬᠤ ᠵᠢᠯᠣᠭᠤᠳᠤᠮᠵᠢ ᠪᠠ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠲᠦᠷᠢᠮ᠂ ᠡᠪᠡᠳᠴᠢᠲᠡᠨ ᠤ ᠲᠣᠭᠤᠷᠢᠭ ᠲᠤ ᠪᠠᠷ᠎ᠠ ᠪᠣᠯᠵᠣ ᠰᠤᠪᠢᠯᠠᠬᠤ ᠡᠷᠬᠢᠨ ᠦᠵᠡᠬᠦ ᠬᠠᠮᠢᠶᠠᠷᠤᠯᠲᠠ ᠶᠢᠨ ᠲᠦᠷᠢᠮ᠂ ᠬᠠᠯᠠᠭᠤᠷᠠᠭᠰᠠᠨ ᠡᠪᠡᠳᠴᠢᠲᠡᠨ ᠪᠠ ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠮᠨᠡᠯᠭᠡ ᠳᠤ ᠰᠠᠭᠤᠭᠰᠠᠨ ᠡᠪᠡᠳᠴᠢᠲᠡᠨ ᠵᠢᠴᠢ ᠪᠠᠷ᠎ᠠ ᠪᠣᠯᠵᠣ ᠰᠤᠪᠢᠯᠠᠭᠰᠠᠳ ᠲᠤ ᠲᠣᠭᠲᠠᠮᠠᠯ ᠬᠤᠭᠤᠴᠠᠭ᠎ᠠ ᠲᠠᠢ ᠪᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠪᠠ ᠪᠢᠲᠡᠭᠦᠮᠵᠢᠯᠡᠭᠰᠡᠨ ᠬᠠᠮᠢᠶᠠᠷᠤᠯᠲᠠ ᠬᠢᠵᠣ ᠪᠠᠶᠢᠨ᠎ᠠ᠃ ᠡᠭᠦᠨ ᠤ ᠬᠠᠮᠲᠤ ᠬᠠᠲᠤᠨ ᠭᠤᠤᠯ ᠤᠨ ᠲᠣᠮᠣ ᠬᠥᠭᠦᠷᠭᠡ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠵᠢᠴᠢ ᠵᠠᠬ᠎ᠠ ᠳᠡᠯᠭᠡᠭᠦᠷ ᠲᠤ ᠣᠷᠣᠬᠤ ᠲᠡᠷᠭᠡ ᠬᠥᠰᠬᠡ ᠳᠤ ᠠᠷᠢᠭᠤᠳᠬᠠᠬᠤ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠪᠠᠴᠢᠮ ᠡᠳ᠋ ᠪᠣᠳᠠᠰ ᠤᠨ ᠲᠡᠭᠡᠭᠡᠪᠦᠷᠢ ᠶᠢᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠨᠠᠶᠢᠳᠠᠪᠦᠷᠢᠵᠢᠭᠤᠯᠵᠣ ᠪᠠᠶᠢᠨ᠎ᠠ᠃
      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠰᠦᠯᠵᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠲᠤ ᠡᠷᠬᠡ ᠶᠢ ᠡᠵᠡᠮᠰᠢᠬᠦ ᠶᠢᠨ ᠲᠥᠯᠥᠭᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠲᠣᠣᠷᠵᠢᠭᠤᠯᠤᠭᠰᠠᠨ ᠬᠠᠮᠢᠶᠠᠷᠤᠯᠲᠠ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠨᠠᠷᠢᠨ ᠵᠦᠢᠯᠡᠰ ᠲᠤ ᠲᠤᠭᠤᠰᠢᠯᠠᠭᠤᠯᠵᠤ᠂ ᠥᠨᠳᠥᠷ ᠪᠦᠲᠦᠮᠵᠢᠲᠡᠢ ᠵᠢᠯᠣᠭᠤᠳᠬᠤ ᠰᠢᠰᠲ᠋ᠧᠮ ᠢ ᠪᠠᠶᠢᠭᠤᠯᠵᠤ᠂ ᠲᠡᠷᠡ ᠳᠠᠷᠤᠢ ᠳᠤᠨᠢ ᠭᠤᠣᠯᠯᠠᠨ ᠬᠠᠮᠢᠶᠠᠷᠬᠤ ᠪᠦᠬᠦ ᠲᠠᠯ᠎ᠠ ᠶᠢ ᠠᠳᠬᠤᠬᠤ᠂ ᠬᠤᠪᠢᠳᠠᠨ ᠬᠠᠮᠢᠶᠠᠷᠬᠤ  ᠬᠦᠷᠢᠶ᠎ᠡ ᠶᠢ ᠠᠳᠬᠤᠬᠤ᠂ ᠰᠠᠯᠠᠭ᠎ᠠ ᠮᠥᠴᠢᠷ ᠠᠵᠢᠯ ᠲᠦᠷᠦᠯ ᠢ ᠠᠳᠬᠤᠬᠤ᠂ ᠵᠡᠭᠡᠯᠢ ᠪᠠᠯᠭᠠᠰᠤ ᠲᠣᠰᠬᠤᠨ ᠬᠤᠷᠰᠢᠶ᠎ᠠ ᠶᠢ ᠠᠳᠬᠤᠬᠤ ᠵᠢᠯᠣᠭᠤᠳᠬᠤ ᠠᠵᠢᠯᠯᠠᠭᠠᠨ ᠤ ᠰᠢᠰᠲ᠋ᠧᠮ ᠢ ᠪᠠᠶᠢᠭᠤᠯᠵᠤ᠂ ᠡᠴᠦᠰ ᠲᠤᠨᠢ ᠲᠤᠯᠲᠠᠯ᠎ᠠ ᠬᠢᠵᠦ᠂ ᠬᠤᠶᠠᠳᠡᠬᠢ ᠳᠠᠮᠵᠢᠭᠤᠯᠤᠭᠴᠢ ᠪᠣᠯᠬᠤ ᠦᠭᠡᠢ ᠪᠠᠶᠢᠵᠤ᠂ ᠲᠣᠬᠢᠶᠠᠯ ᠢ ᠠᠯᠳᠠᠬᠤ ᠠᠴᠠ ᠰᠡᠷᠭᠡᠶᠢᠯᠡᠪᠡ᠃     ᠬᠥᠮᠦᠰ ᠤᠨ ᠶᠠᠪᠤᠵᠤ ᠰᠠᠭᠤᠬᠤ ᠠᠴᠠ ᠪᠣᠯᠵᠣ ᠬᠢᠵᠢᠭ ᠤᠨ ᠪᠠᠶᠢᠳᠠᠯ ᠳᠠᠷᠬᠠᠨ ᠳᠡᠯᠭᠡᠷᠡᠬᠦ ᠶᠢ ᠰᠡᠷᠭᠡᠶᠢᠯᠡᠬᠦ ᠶᠢᠨ ᠲᠥᠯᠥᠭᠡ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠷᠢᠶᠠᠨ ᠳᠠᠬᠢ ᠡᠯ᠎ᠡ ᠰᠠᠭᠤᠭᠠᠯᠢ ᠲᠣᠭᠤᠷᠢᠭ ᠢ ᠬᠠᠮᠢᠶᠠᠷᠤᠨ ᠡᠵᠡᠮᠳᠡᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ᠰᠠᠭᠤᠭᠠᠯᠢ ᠠᠷᠠᠳ ᠤᠨ ᠣᠷᠣᠨ ᠤ ᠣᠷᠣᠵᠤ ᠭᠠᠷᠬᠤ ᠭᠠᠵᠠᠷ ᠲᠤ ᠵᠠᠮ ᠤᠨ ᠨᠣᠭᠤᠭᠠᠨ ᠺᠣᠳ᠋ ᠤᠨ ᠪᠠᠶᠢᠴᠠᠭᠠᠯᠲᠠ ᠬᠢᠵᠦ᠂ ᠰᠠᠭᠤᠭᠠᠯᠢ ᠠᠷᠠᠳ ᠤᠨ ᠣᠷᠣᠨ ᠤ ᠳᠣᠲᠣᠭᠠᠳᠤ ᠪᠠ ᠬᠤᠳᠠᠯᠳᠤᠭᠠᠨ ᠤ ᠲᠠᠯᠠᠪᠤᠷ ᠢ ᠲᠣᠭᠲᠠᠭᠰᠠᠨ ᠴᠠᠭ ᠲᠤ ᠠᠷᠢᠭᠤᠳᠬᠠᠪᠠ᠃ ᠵᠡᠭᠡᠯᠢ ᠭᠤᠳᠤᠮᠵᠢ ᠵᠢᠴᠢ ᠡᠯ᠎ᠡ ᠲᠣᠰᠬᠤᠨ ᠤ ᠰᠠᠭᠤᠭᠠᠯᠢ ᠠᠷᠠᠳ᠂ ᠨᠡᠶᠢᠭᠡᠮ ᠣᠷᠣᠨ ᠤ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠲᠦᠷᠦᠭᠦᠯᠡᠨ ᠵᠢᠵᠢᠭᠦᠷᠯᠡᠵᠦ᠂ ᠠᠵᠢᠯ ᠢᠶᠠᠨ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠪᠠᠨ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠎ᠡ᠃
    ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ᠂ ᠬᠡᠳᠦ᠋ᠢᠪᠡᠷ ᠡᠪᠦᠯ ᠤᠨ ᠤᠯᠠᠷᠢᠯ ᠳᠤ ᠠᠭᠤᠷ ᠠᠮᠢᠰᠬᠤᠯ ᠬᠦᠢᠳᠡᠷᠡᠭᠰᠡᠨ ᠪᠣᠯᠪᠠᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠥᠴᠦᠬᠡᠨ ᠴᠦ ᠰᠤᠯᠠᠷᠠᠭᠰᠠᠨ ᠥᠬᠡᠶ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ︽ᠥᠨᠴᠥᠭ ᠪᠤᠯᠤᠩ ᠦᠯᠡᠳᠡᠭᠡᠬᠦ ᠥᠬᠡᠶ ︾ ᠪᠠᠶᠢᠵᠤ᠂ ᠬᠤᠲᠠ ᠶᠢᠨ ᠠᠷᠠᠳ ᠣᠯᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠪᠠᠲᠤ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ ᠪᠠᠶᠢᠨ᠎ᠠ᠃ ︵ᠰᠤᠷᠪᠤᠯᠵᠢᠯᠠᠭᠴᠢ᠄ ᠵᠠᠩ ᠬᠠᠢ ᠹᠠᠩ    ᠴᠢᠮᠡᠭᠡᠯᠡᠭᠴᠢ᠄ ᠯᠢ ᠪᠦᠦ ᠯᠧ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号