ᠪᠤᠭᠤᠲᠤ ᠶᠢᠨ ᠬᠤᠪᠣᠷ ᠰᠢᠷᠣᠢ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2021/11/2
          ᠪᠤᠭᠤᠲᠤ ᠶᠢᠨ ᠬᠤᠪᠣᠷ ᠰᠢᠷᠣᠢ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ                    2021 ᠣᠨ ᠤ 11 ᠳ᠋ᠦ᠋ᠭᠡᠷ ᠲᠣᠭᠠᠲᠤ      ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠡᠳᠦᠭᠡ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠳᠤᠤᠷᠠᠬᠢ ᠮᠡᠲᠦ ᠲᠣᠬᠢᠷᠠᠭᠤᠯᠪᠠ᠄ ᠨᠢᠭᠡ᠂ ᠪᠤᠭᠤᠲᠤ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ 2021 ᠣᠨ ᠤ 13 ᠳ᠋ᠤᠭᠠᠷ ᠲᠣᠭᠠᠲᠤ ᠶᠢᠨ ᠱᠠᠭᠠᠷᠳᠠᠯᠭ᠎ᠠ ᠶᠣᠰᠣᠭᠠᠷ᠂ ᠲᠣᠰ ᠡᠳᠦᠷ ᠠᠴᠠ ᠡᠬᠢᠯᠡᠨ᠂ ᠪᠤᠭᠤᠲᠤ ᠬᠤᠲᠠ ᠠᠴᠠ ᠭᠠᠳᠠᠨᠠᠬᠢ ᠭᠠᠵᠠᠷ ᠣᠷᠣᠨ ᠠᠴᠠ ᠮᠠᠨ ᠤ ᠣᠷᠣᠨ ᠳᠤ ᠢᠷᠡᠵᠦ ᠪᠤᠴᠠᠬᠤ ᠬᠥᠮᠦᠨ ᠪᠦᠬᠦᠨ ᠴᠥᠮ ᠡᠷᠡᠭᠦᠯ ᠮᠡᠨᠳᠦ ᠶᠢᠨ ᠺᠣᠳ᠋ ᠪᠤᠶᠤ ᠠᠶᠠᠯᠠᠯ ᠤᠨ ᠵᠠᠮ ᠤᠨ ᠺᠣᠳ᠋ ᠵᠢᠴᠢ 48 ᠴᠠᠭ ︵ᠨᠢᠭᠡᠨᠲᠡ ᠪᠥᠭᠡᠮ ᠬᠦᠴᠢᠯ ᠤᠨ ᠥᠯᠢᠭᠡᠷ ᠠᠪᠤᠭᠰᠠᠨ ᠴᠠᠭ ᠢᠶᠠᠷ ᠪᠠᠷᠢᠮᠵᠢᠶ᠎ᠠ ᠪᠣᠯᠭᠠᠨ᠎ᠠ︶ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠶᠢ ᠠᠪᠴᠤ ᠮᠠᠨ ᠤ ᠣᠷᠣᠨ ᠳᠤ ᠣᠷᠣᠵᠤ ᠢᠷᠡᠵᠦ ᠪᠣᠯᠤᠨ᠎ᠠ᠃ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ 48 ᠴᠠᠭ ᠤᠨ ᠭᠡᠷᠡᠴᠢ ᠬᠠᠩᠭᠠᠵᠤ ᠳᠡᠶᠢᠯᠬᠦ ᠥᠬᠡᠶ ᠪᠠᠶᠢᠪᠠᠯ᠂ ᠲᠠᠷᠨ ᠲᠠᠷᠣᠢ ᠳᠤ ᠨᠢ ᠲᠣᠬᠠᠢ ᠶᠢᠨ ᠭᠠᠵᠠᠷ ᠲᠤ ᠪᠠᠶᠢᠭ᠎ᠠ ᠨᠡᠶᠢᠭᠡᠮ ᠲᠣᠭᠤᠷᠢᠭ ︵ᠲᠣᠰᠬᠤᠨ᠂ ᠬᠤᠪᠢᠶᠠᠷᠢ ᠺᠣᠮᠫᠠᠨᠢ︶᠂ ᠨᠢᠭᠡᠴᠡ ᠳᠡᠭᠡᠨ ᠮᠡᠳᠡᠭᠦᠯᠦᠨ ᠳᠠᠩᠰᠠᠯᠠᠭᠤᠯᠵᠤ᠂ ᠵᠣᠬᠢᠬᠤ ᠬᠤᠰᠢᠭᠤ ᠰᠢᠶᠠᠨ ᠲᠣᠭᠤᠷᠢᠭ ᠠᠴᠠ 8 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠵᠣᠬᠢᠶᠠᠨ ᠪᠠᠶᠢᠭᠤᠯᠵᠤ ᠪᠡᠶᠡᠯᠡᠭᠦᠯᠦᠨ᠎ᠡ᠃ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠦᠯᠢᠶᠡᠬᠦ ᠬᠤᠭᠤᠴᠠᠭᠠᠨ ᠳᠤ᠂ ᠠᠵᠢᠯᠲᠠᠨ ᠤ ᠬᠠᠮᠢᠶᠠᠷᠤᠯᠲᠠ ᠪᠠᠨ ᠴᠢᠩᠭᠠᠳᠬᠠᠵᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂  ᠨᠠᠭᠠᠰᠢ ᠴᠠᠭᠠᠰᠢ ᠶᠠᠪᠣᠬᠤ ᠶᠢ ᠪᠠᠭᠠᠰᠬᠠᠬᠤ ᠬᠡᠷᠡᠭᠲᠡᠶ᠃ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷ ᠤᠨ ᠳᠠᠷᠠᠭ᠎ᠠ᠂ ᠰᠠᠶ᠋ᠢ ᠡᠮᠬᠢ ᠵᠢᠷᠤᠮ ᠲᠠᠢ ᠪᠠᠷ ᠶᠠᠪᠣᠵᠣ ᠪᠣᠯᠤᠨ᠎ᠠ᠃ ᠬᠤᠶᠠᠷ᠂ ᠥᠷᠭᠡᠨ ᠣᠯᠠᠨ ᠬᠤᠲᠠ ᠶᠢᠨ ᠠᠷᠠᠳ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢᠨ ᠠᠶᠠᠯᠠᠯ ᠤᠨ ᠵᠠᠮ ᠢ ᠨᠢᠭᠲᠠ ᠠᠩᠬᠠᠷᠣᠭᠠᠷᠠᠢ︕ ᠡᠰᠡᠬᠦᠯ᠎ᠡ ᠣᠳᠣᠬᠠᠨ ᠤ ᠤᠯᠤᠰ ᠤᠨ ᠳᠣᠲᠣᠭᠠᠳᠤ ᠶᠢᠨ ᠨᠢᠭᠡᠨᠲᠡ ᠮᠡᠳᠡᠭᠦᠯᠦᠭᠰᠡᠨ ᠡᠪᠡᠳᠴᠢᠨ ᠤ ᠵᠢᠱᠢᠶ᠎ᠡ ᠶᠢᠨ ᠠᠶᠠᠯᠠᠯ ᠲᠠᠢ ᠵᠠᠷᠢᠮ ᠳᠠᠭᠠᠨ ᠣᠷᠣᠨ ᠵᠠᠶ ᠶᠢᠨ ᠳᠠᠪᠬᠤᠴᠠᠯ ᠲᠠᠢ᠂ ᠥᠨᠳᠥᠷ᠂ ᠳᠤᠮᠳᠠ ᠠᠶᠤᠯ ᠲᠠᠢ ᠭᠠᠵᠠᠷ ᠣᠷᠣᠨ ᠳᠤ ᠵᠢᠭᠤᠯᠴᠢᠯᠠᠭᠰᠠᠨ ᠲᠡᠦᠬᠡ ᠲᠠᠢ ᠪᠤᠶᠤ ᠣᠨᠣᠰᠢᠯᠠᠭᠰᠠᠨ ᠡᠪᠡᠳᠴᠢᠨ ᠤ ᠵᠢᠱᠢᠶ᠎ᠡ᠂ ᠨᠢᠭᠲᠠ ᠣᠶᠢᠷᠠᠲᠤᠭᠰᠠᠳ ᠲᠠᠢ ᠣᠶᠢᠷᠠᠲᠤᠵᠤ ᠥᠩᠭᠡᠷᠡᠭᠰᠡᠨ ᠬᠥᠮᠦᠰ ᠡᠷᠬᠡᠪᠰᠢ ᠬᠠᠮᠤᠭ ᠤᠨ ᠲᠡᠷᠢᠭᠦᠨ ᠳᠤ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ ︵ᠲᠣᠰᠬᠤᠨ᠂ ᠬᠤᠪᠢᠶᠠᠷᠢ ᠺᠣᠮᠫᠠᠨᠢ︶᠂ ᠠᠵᠢᠯ ᠤᠨ ᠨᠢᠭᠡᠴᠡ ᠪᠤᠶᠤ ᠰᠠᠭᠤᠭ᠎ᠠ ᠪᠠᠭᠤᠳᠠᠯ ᠳᠠᠭᠠᠨ ᠮᠡᠳᠡᠭᠦᠯᠦᠨ ᠳᠠᠩᠰᠠᠯᠠᠭᠤᠯᠵᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠲᠠ᠂ ᠬᠤᠪᠢ ᠬᠥᠮᠦᠨ ᠤ ᠬᠠᠮᠠᠭᠠᠯᠠᠯᠲᠠ ᠵᠡᠷᠭᠡ ᠴᠢᠬᠤᠯᠠ ᠪᠥᠬᠦᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃ ᠭᠤᠷᠪᠠ᠂ ᠨᠢᠭᠲᠠ ᠣᠶᠢᠷᠠᠲᠤᠭᠰᠠᠳ ᠪᠠ ᠳᠡᠳ᠋ ᠨᠢᠭᠲᠠ ᠣᠶᠢᠷᠠᠲᠤᠭᠰᠠᠳ ᠢ 12 ᠴᠠᠭ ᠤᠨ ᠳᠣᠲᠣᠷ᠎ᠠ ᠲᠥᠪᠯᠡᠷᠡᠭᠦᠯᠦᠨ ᠲᠤᠰᠠᠭᠠᠷᠯᠠᠬᠤ ᠭᠠᠵᠠᠷ ᠲᠤ ᠰᠢᠯᠵᠢᠭᠦᠯᠦᠨ ᠬᠦᠷᠭᠡᠵᠦ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠡᠷᠡᠭᠲᠡᠶ᠃ ᠨᠢᠭᠲᠠ ᠣᠶᠢᠷᠠᠲᠤᠭᠰᠠᠳ ᠲᠤ 14 ᠡᠳᠦᠷ ᠤᠨ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢᠨ ᠬᠠᠮᠲᠤ ᠲᠤᠰᠠᠭᠠᠷᠯᠠᠭᠰᠠᠨ ᠬᠤᠭᠤᠴᠠᠭᠠᠨ ᠳᠠᠬᠢ 1᠂ 4᠂ 7 ᠪᠣᠯᠤᠨ 14 ᠡᠳᠦᠷ ᠲᠤ ᠲᠣᠰ ᠲᠣᠰ ᠨᠢᠭᠡ ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠲᠤᠰᠠᠭᠠᠷᠯᠠᠯ ᠠᠴᠠ ᠲᠠᠶᠢᠯᠤᠭᠰᠠᠨ ᠤ ᠳᠠᠷᠠᠭ᠎ᠠ 7 ᠡᠳᠦᠷ ᠬᠡᠷ ᠪᠦᠯᠢ ᠶᠢᠨ ᠡᠷᠡᠭᠦᠯ ᠮᠡᠨᠳᠦ ᠶᠢᠨ ᠰᠢᠯᠭᠠᠨ ᠪᠠᠶᠢᠴᠠᠭᠠᠯᠲᠠ ᠬᠢᠵᠦ᠂ ᠴᠤᠭᠯᠠᠷᠠᠯ ᠤᠨ ᠠᠵᠢᠯᠯᠠᠭ᠎ᠠ ᠳᠤ ᠣᠷᠣᠯᠴᠠᠬᠤ ᠥᠬᠡᠶ ᠪᠥᠭᠡᠳ 2 ᠳ᠋ᠤᠭᠠᠷ ᠡᠳᠦᠷ ᠪᠣᠯᠤᠨ 7 ᠳ᠋ᠤᠭᠠᠷ ᠡᠳᠦᠷ ᠲᠤ ᠲᠣᠰ ᠲᠣᠰ ᠨᠢᠭᠡ ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠠ᠃ ᠨᠢᠭᠲᠠ ᠣᠶᠢᠷᠠᠲᠤᠭᠰᠠᠳ ᠲᠤ 7 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢᠨ ᠬᠠᠮᠲᠤ ᠲᠤᠰᠠᠭᠠᠷᠯᠠᠬᠤ ᠬᠤᠭᠤᠴᠠᠭᠠᠨ ᠳᠤ 1᠂ 4᠂ 7 ᠡᠳᠦᠷ ᠲᠤ ᠲᠣᠰ ᠲᠣᠰ ᠨᠢᠭᠡ ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠠ᠃ ᠳᠥᠷᠪᠡ᠂ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠮᠠᠨ ᠤ ᠣᠷᠣᠨ ᠳᠤ ᠪᠤᠴᠠᠵᠤ ᠢᠷᠡᠭᠰᠡᠨ ᠬᠥᠮᠦᠰ ᠲᠤ ︽14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠤᠰᠠᠭᠠᠷᠯᠠᠬᠤ ᠬᠤᠭᠤᠴᠠᠭᠠᠨ ᠤ 1᠂ 4᠂ 7᠂ 10᠂ 14 ᠡᠳᠦᠷ ᠲᠤ ᠲᠣᠰ ᠪᠦᠷᠢ ᠨᠢᠭᠡ ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠠ᠃ ᠳᠤᠮᠳᠠ ᠲᠦᠭᠰᠢᠭᠦᠷᠢᠲᠦ ᠭᠠᠵᠠᠷ ᠣᠷᠣᠨ ᠠᠴᠠ ᠮᠠᠨ ᠤ ᠣᠷᠣᠨ ᠳᠤ ᠪᠤᠴᠠᠵᠤ ᠢᠷᠡᠭᠰᠡᠨ ᠬᠥᠮᠦᠰ ᠲᠤ ︽14 ᠡᠳᠦᠷ ᠬᠡᠷ ᠲᠡᠭᠡᠨ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠤᠰᠠᠭᠠᠷᠯᠠᠬᠤ ᠬᠤᠭᠤᠴᠠᠭᠠᠨ ᠤ 1᠂ 4᠂ 7᠂ 10᠂ 14 ᠡᠳᠦᠷ ᠲᠤ ᠲᠣᠰ ᠲᠣᠰ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠠ᠃ ᠲᠠᠪᠤ᠂ ᠣᠶᠢᠷ᠎ᠠ ᠶᠢᠨ ᠬᠤᠭᠤᠴᠠᠭᠠᠨ ᠳᠤ ᠪᠦᠬᠦ ᠣᠷᠣᠨ ᠤ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠥᠨᠳᠥᠷ᠂ ᠳᠤᠮᠳᠠ ᠠᠶᠤᠯ ᠲᠠᠢ ᠭᠠᠵᠠᠷ ᠣᠷᠣᠨ ᠤ ᠬᠤᠲᠠ ᠳᠤ ᠣᠴᠢᠭᠤᠯᠤᠨ ᠠᠵᠢᠯ ᠢᠶᠠᠷ ᠶᠠᠪᠤᠭᠤᠯᠵᠤ ᠪᠣᠯᠬᠤ ᠦᠭᠡᠶ᠃ ᠣᠶᠢᠷ᠎ᠠ ᠶᠢᠨ ᠬᠤᠭᠤᠴᠠᠭᠠᠨ ᠳᠤ ᠬᠡᠷᠪᠡ ᠲᠦᠢᠯ ᠤᠨ ᠴᠢᠬᠤᠯᠠ ᠦᠭᠡᠶ ᠪᠣᠯ᠂ ᠲᠤᠰ ᠭᠠᠵᠠᠷ ᠤᠨ ᠬᠢᠵᠢᠭ ᠤᠨ ᠪᠠᠶᠢᠳᠠᠯ ᠭᠠᠷᠤᠭᠰᠠᠨ ᠬᠤᠲᠠ ᠪᠠ ᠭᠠᠵᠠᠷ ᠣᠷᠣᠨ ᠳᠤ ᠣᠴᠢᠵᠤ ᠵᠢᠭᠤᠯᠴᠢᠯᠠᠬᠤ᠂ ᠠᠵᠢᠯ ᠢᠶᠠᠷ ᠭᠠᠳᠠᠭᠰᠢ ᠭᠠᠷᠬᠤ᠂ ᠲᠥᠷᠥᠯ ᠰᠠᠳᠤᠨ ᠢᠶᠠᠨ ᠡᠷᠭᠢᠵᠦ ᠨᠠᠶᠢᠵᠠ ᠨᠥᠬᠦᠳ ᠢᠶᠠᠨ ᠡᠷᠭᠢᠵᠦ ᠦᠵᠡᠬᠦ ᠬᠡᠷᠡᠭ ᠦᠭᠡᠶ᠃ ᠬᠡᠷᠪᠡ ᠡᠷᠬᠡᠪᠰᠢ ᠣᠴᠢᠬᠤ ᠴᠢᠬᠤᠯᠠ ᠲᠠᠢ ᠪᠣᠯ᠂ ᠪᠠᠶᠢᠭ᠎ᠠ ᠨᠢᠭᠡᠴᠡ ᠳᠡᠭᠡᠨ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠨᠢᠭᠡᠴᠡ ᠶᠢᠨ ᠭᠤᠣᠯ ᠤᠳᠤᠷᠢᠳᠤᠯᠭ᠎ᠠ ᠭᠠᠷ ᠤᠨ ᠦᠰᠦᠭ ᠵᠢᠷᠤᠵᠤ ᠵᠥᠪᠰᠢᠶᠡᠷᠡᠨ᠂ ᠬᠤᠪᠢ ᠬᠥᠮᠦᠨ ᠤ ᠬᠠᠮᠠᠭᠠᠯᠠᠯᠲᠠ ᠶᠢ ᠡᠷᠬᠡᠪᠰᠢ ᠰᠠᠶᠢᠲᠤᠷ ᠬᠢᠵᠦ᠂ ᠥᠪᠡᠷ ᠤᠨ ᠠᠵᠢᠯᠯᠠᠭ᠎ᠠ ᠶᠢᠨ ᠤᠯᠠ ᠮᠥᠷ ᠢ ᠣᠨᠣᠪᠴᠢᠲᠠᠶ ᠲᠡᠮᠳᠡᠭᠯᠡᠬᠦ ᠬᠡᠷᠡᠭᠲᠡᠶ᠃ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠪᠤᠴᠠᠭᠰᠠᠨ ᠤ ᠳᠠᠷᠠᠭ᠎ᠠ ᠲᠡᠷᠡ ᠳᠠᠷᠤᠶ ᠳᠤᠨᠢ ᠨᠢᠭᠡᠴᠢ ᠪᠠ ᠨᠡᠶᠢᠭᠡᠮ ᠲᠣᠭᠤᠷᠢᠭ ︵ᠲᠣᠰᠬᠤᠨ᠂ ᠬᠤᠪᠢᠶᠠᠷᠢ ᠺᠣᠮᠫᠠᠨᠢ︶ ᠲᠤ ᠮᠡᠳᠡᠭᠦᠯᠦᠨ ᠳᠠᠩᠰᠠᠯᠠᠭᠤᠯᠵᠤ᠂ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠵᠢᠷᠭᠤᠭ᠎ᠠ᠂ ᠬᠤᠳᠠᠯᠳᠤᠭᠠᠨ ᠤ ᠲᠠᠯᠠᠪᠤᠷ ᠬᠡᠲᠦ ᠳᠡᠯᠭᠡᠭᠦᠷ᠂ ᠢᠳᠡᠭᠡᠨ ᠤᠮᠳᠠᠭᠠᠨ ᠬᠤᠨᠤᠭ ᠪᠠᠭᠤᠳᠠᠯ᠂ ᠲᠠᠷᠢᠶᠠᠯᠠᠩ ᠤᠨ ᠠᠷᠠᠯᠵᠢᠶ᠎ᠠ ︵ᠴᠤᠭᠯᠠᠭ᠎ᠠ ᠮᠠᠶᠢᠮᠠᠶ︶ ᠶᠢᠨ ᠵᠠᠬ᠎ᠠ ᠳᠡᠯᠭᠡᠭᠦᠷ᠂ ᠡᠮᠴᠢᠯᠡᠭᠡᠨ ᠤ ᠪᠠᠶᠢᠭᠤᠯᠤᠮᠵᠢ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠵᠡᠷᠭᠡ ᠣᠯᠠᠨ ᠨᠡᠶᠢᠲᠡ ᠶᠢᠨ ᠲᠠᠯᠠᠪᠤᠷ ᠭᠠᠵᠠᠷ ᠨᠢ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠬᠦ᠂ ᠠᠷᠢᠭᠤᠳᠬᠠᠬᠤ᠂ ᠠᠷᠢᠭᠤᠨ ᠴᠡᠪᠡᠷ ᠪᠠᠶᠢᠬᠤ᠂ ᠪᠡᠶ᠎ᠡ ᠶᠢᠨ ᠬᠠᠯᠠᠭᠤᠨ ᠢ ᠬᠡᠮᠵᠢᠬᠦ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠺᠣᠳ᠋ ᠪᠠ ᠠᠶᠠᠯᠠᠯ ᠤᠨ ᠺᠣᠳ᠋ ᠢ ᠪᠠᠶᠢᠴᠠᠭᠠᠨ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶᠠᠲᠤ ᠣᠷᠣᠨ ᠤ ᠳᠣᠲᠣᠷᠠᠬᠢ ᠡᠯ᠎ᠡ ᠲᠥᠷᠥᠯ ᠤᠨ ᠰᠢᠲᠠᠷ᠎ᠠ ᠬᠥᠵᠥᠷ ᠤᠨ ᠲᠠᠰᠤᠭ᠂ KTV᠂ ᠠᠷᠢᠬᠢᠨ ᠪᠠᠭᠠᠷ᠂ ᠰᠦᠯᠵᠢᠶᠡᠨ ᠤ ᠪᠠᠭᠠᠷ ᠵᠡᠷᠭᠡ ᠨᠢᠭᠲᠠᠷᠬᠠᠰᠠᠨ ᠴᠢᠨᠠᠷᠲᠠᠶ᠂ ᠴᠤᠭᠯᠠᠷᠠᠯ ᠤᠨ ᠴᠢᠨᠠᠷᠲᠠᠶ ᠵᠤᠭ᠎ᠠ ᠴᠡᠩᠭᠡᠯ ᠤᠨ ᠲᠠᠯᠠᠪᠤᠷ ᠭᠠᠵᠠᠷ ᠢ ᠳᠠᠷᠦ᠋ᠢᠬᠠᠨ ᠬᠠᠭᠠᠵᠤ᠂ ᠵᠦᠴᠦᠭᠡ ᠶᠢᠨ ᠬᠦᠷᠢᠶᠡᠯᠡᠩ᠂ ᠺᠢᠨᠣ᠋ ᠶᠢᠨ ᠣᠷᠳᠣᠨ᠂ ᠰᠣᠶᠣᠯ ᠤᠨ ᠣᠷᠳᠣᠨ ᠵᠡᠷᠭᠡ ᠡᠯ᠎ᠡ ᠲᠥᠷᠥᠯ ᠤᠨ ᠣᠯᠠᠨ ᠨᠡᠶᠢᠲᠡ ᠶᠢᠨ ᠲᠠᠯᠠᠪᠤᠷ ᠭᠠᠵᠠᠷ ᠢ ᠲᠦᠷ ᠴᠠᠭ ᠬᠠᠭᠠᠵᠤ ᠵᠣᠭᠰᠣᠭᠠᠬᠤ ᠬᠡᠷᠡᠭᠲᠡᠶ᠃ ᠲᠣᠯᠤᠭ᠎ᠠ᠂  ᠪᠥᠬᠦ ᠣᠷᠣᠨ ᠤ ᠡᠯ᠎ᠡ ᠲᠥᠷᠥᠯ ᠤᠨ ᠠᠵᠢᠯᠯᠠᠭ᠎ᠠ᠂ ᠳᠠᠶᠢᠯᠠᠯᠭ᠎ᠠ ᠶᠢᠨ ᠲᠠᠯᠠᠪᠤᠷ ᠲᠤ ᠠᠮᠠᠪᠴᠢ ᠵᠡᠭᠦᠬᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠡᠷᠡᠭᠦᠯ ᠮᠡᠨᠳᠦ ᠶᠢᠨ ᠺᠣᠳ᠋ ᠪᠠ ᠠᠶᠠᠯᠠᠯ ᠤᠨ ᠺᠣᠳ᠋ ᠢ ᠬᠠᠷᠭᠤᠭᠤᠯᠤᠨ ᠪᠠᠶᠢᠴᠠᠭᠠᠬᠤ᠂ ᠣᠷᠴᠢᠨ ᠲᠣᠭᠤᠷᠢᠨ ᠢ ᠠᠷᠢᠭᠤᠳᠬᠠᠨ ᠴᠡᠪᠡᠷᠯᠡᠵᠦ ᠰᠠᠯᠬᠢ ᠨᠡᠪᠲᠡᠷᠡᠭᠦᠯᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠴᠢᠬᠤᠯᠠ ᠥᠬᠡᠶ ᠪᠣᠯ ᠡᠷᠬᠢᠯᠡᠭᠦ ᠥᠬᠡᠶ ᠵᠠᠷᠴᠢᠮ ᠶᠣᠰᠣᠭᠠᠷ᠂ ᠭᠤᠤᠯᠯᠠᠨ ᠡᠷᠭᠢᠯᠡᠬᠦ ᠲᠠᠯ᠎ᠠ ᠨᠢ ᠡᠷᠬᠡᠪᠰᠢ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ︾ ᠪᠠ ︽ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠲᠣᠭᠲᠠᠭᠠᠵᠤ᠂ ᠲᠣᠮᠣ ᠬᠡᠯᠪᠡᠷᠢ ᠶᠢᠨ ᠬᠤᠷᠠᠯ ᠳᠤ ᠪᠠᠰᠠ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠴᠣᠬᠤᠯᠠᠪᠤᠷᠢ ᠶᠢ ᠬᠠᠩᠭᠠᠬᠤ ᠶᠢᠨ ᠬᠠᠮᠲᠤ᠂ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ  ᠃ ︽ᠢᠳᠡᠭᠡᠨ ᠤᠮᠳᠠᠭᠠᠨ ᠤ ᠦᠢᠯᠡᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠶ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ︾ ᠢ ᠦᠨᠳᠦᠰᠦᠯᠡᠪᠡᠯ᠂ 10 ᠰᠠᠷ᠎ᠠ ᠶᠢᠨ 25 ᠤ ᠡᠳᠦᠷ ᠠᠴᠠ 11 ᠰᠠᠷ᠎ᠠ ᠶᠢᠨ 8 ᠤ ᠡᠳᠦᠷ ᠪᠣᠯᠲᠠᠯ᠎ᠠ᠂ ᠲᠣᠮᠣ ᠬᠡᠯᠪᠡᠷᠢ ᠶᠢᠨ ᠬᠠᠮᠲᠤ ᠶᠢᠨ ᠪᠤᠳᠠᠭᠠᠯᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠴᠢᠩᠭ᠎ᠠ ᠡᠵᠡᠮᠳᠡᠨ᠎ᠡ᠃ 5 ᠰᠢᠷᠡᠭᠡ ︵25 ᠬᠥᠮᠦᠨ︶ ᠠᠴᠠ ᠳᠡᠭᠡᠭᠰᠢ ᠲᠣᠮᠣ ᠬᠡᠯᠪᠡᠷᠢ ᠶᠢᠨ ᠬᠠᠮᠲᠤ ᠬᠤᠭᠤᠯᠠᠯᠠᠬᠤ ᠠᠵᠢᠯᠯᠠᠭ᠎ᠠ ᠶᠢ ᠴᠠᠭᠠᠵᠠᠯᠠᠨ᠎ᠠ᠃ 5 ᠰᠢᠷᠡᠭᠡ ︵25 ᠬᠥᠮᠦᠨ︶ ᠶᠢᠨ ᠪᠤᠳᠠᠭᠠᠯᠠᠬᠤ ᠶᠢ ᠮᠡᠳᠡᠭᠦᠯᠦᠨ ᠳᠠᠩᠰᠠᠯᠠᠭᠤᠯᠬᠤ ᠪᠠ ᠪᠤᠳᠠᠭᠠᠯᠠᠬᠤ ᠬᠥᠮᠦᠰ ᠤᠨ ᠮᠡᠳᠡᠭᠡ ᠵᠠᠩᠭᠢ ᠶᠢ ᠮᠡᠳᠡᠭᠦᠯᠦᠨ ᠳᠠᠩᠰᠠᠯᠠᠭᠤᠯᠵᠤ ᠭᠠᠷ ᠤᠨ ᠥᠰᠥᠭ ᠵᠢᠷᠤᠬᠤ ᠠᠮᠠᠯᠠᠯᠲᠠ ᠶᠢᠨ ᠪᠢᠴᠢᠭ ᠤᠨ ︽ᠬᠤᠤᠰ ᠳᠠᠩᠰᠠᠯᠠᠭᠤᠯᠬᠤ︾ ᠲᠦᠷᠢᠮ ᠵᠢᠴᠢ ︽ᠡᠳᠦᠷ ᠤᠨ ᠮᠡᠳᠡᠭᠦᠯᠦᠯᠲᠡ ᠪᠠ ᠲᠡᠭ ᠮᠡᠳᠡᠭᠦᠯᠦᠯᠲᠡ︾ ᠶᠢᠨ ᠲᠦᠷᠢᠮ ᠢ ᠨᠠᠶᠢᠳᠠᠪᠤᠷᠢᠵᠢᠭᠤᠯᠤᠨ᠎ᠠ᠃ ᠨᠠᠢᠮᠨ᠂ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠤ ︽ᠳᠥᠷᠪᠡᠨ ᠦᠨᠡᠮᠯᠡᠯ ᠨᠢᠭᠡ ᠨᠣᠮᠧᠷ︾ ︵ᠪᠣᠭᠤᠮᠲᠠ ᠪᠠᠷ ᠥᠩᠭᠡᠷᠡᠬᠦ ᠭᠡᠷᠡᠴᠢ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠳᠤ ᠬᠢᠷᠢ ᠲᠡᠩᠴᠡᠭᠰᠡᠨ ᠭᠡᠷᠡᠴᠢ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠭᠡᠷᠡᠴᠢ᠂ ᠠᠷᠢᠭᠤᠳᠬᠠᠯ ᠤᠨ ᠭᠡᠷᠡᠴᠢ᠂ ᠥᠪᠥᠷ ᠮᠣᠩᠭᠤᠯ ᠤᠨ ᠬᠦᠢᠳᠡᠨ ᠬᠡᠯᠬᠢᠶᠡᠲᠦ ᠮᠦᠷᠳᠡᠯᠳᠡ ᠶᠢᠨ ᠨᠣᠮᠧᠷ︶ ᠤᠨ ᠬᠠᠮᠢᠶᠠᠷᠤᠯᠲᠠ ᠡᠵᠡᠮᠳᠡᠯ ᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠢ ᠲᠤᠰᠠᠭᠠᠷ ᠬᠠᠳᠠᠭᠠᠯᠠᠵᠤ᠂ ᠡᠭᠦᠳᠡᠨ ᠳᠡᠯᠭᠡᠭᠦᠷ ᠤᠨ ᠢᠯᠡ ᠪᠠᠶᠢᠷᠢᠨ ᠳᠤ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠤ  ᠮᠦᠷᠳᠡᠯᠳᠡ ᠶᠢᠨ ᠨᠣᠮᠧᠷ ᠢ ᠨᠠᠭᠠᠬᠤ ᠬᠡᠷᠡᠭᠲᠡᠶ ᠭᠡᠵᠦ ᠱᠠᠭᠠᠷᠳᠠᠪᠠ᠃ ᠶᠢᠰᠦ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠰᠤᠷᠭᠠᠭᠤᠯᠢ ᠨᠤᠭᠤᠳ ᠥᠷᠭᠡᠨ ᠣᠯᠠᠨ ᠪᠠᠭᠰᠢ ᠰᠤᠷᠤᠭᠴᠢᠳ ᠤᠨ ᠭᠠᠳᠠᠭᠰᠢ ᠭᠠᠷᠴᠤ ᠵᠢᠭᠤᠯᠴᠢᠯᠠᠬᠤ ᠶᠢ ᠲᠦᠷ ᠬᠤᠶᠢᠰᠢᠯᠠᠭᠤᠯᠬᠤ ᠶᠢ ᠰᠠᠨᠠᠭᠤᠯᠬᠤ ᠪᠠ ᠬᠥᠲᠥᠯᠥᠨ ᠵᠢᠯᠣᠭᠤᠳᠬᠤ ᠬᠡᠷᠡᠭᠲᠡᠶ᠃ ᠠᠷᠪᠠ᠂ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠮᠦᠷᠳᠡᠨ ᠪᠠᠶᠢᠴᠠᠭᠠᠵᠤ ᠬᠤᠪᠢᠶᠠᠨ ᠣᠨᠣᠰᠢᠯᠠᠬᠤ ᠪᠠ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠬᠠᠯᠠᠭᠤᠷᠠᠭᠰᠠᠨ ᠡᠪᠡᠳᠴᠢᠲᠡᠨ ᠪᠠ ᠡᠮᠨᠡᠯᠭᠡ ᠳᠤ ᠰᠠᠭᠤᠭᠰᠠᠨ ᠡᠪᠡᠳᠴᠢᠲᠡᠨ ᠤ ᠬᠠᠮᠢᠶᠠᠷᠤᠯᠲᠠ ᠶᠢ ᠴᠢᠩᠭᠠᠳᠬᠠᠨ᠂ ᠪᠣᠯᠵᠣᠵᠤ ᠣᠨᠣᠰᠢᠯᠠᠨ ᠡᠮᠨᠡᠬᠦ᠂ ᠴᠠᠭ ᠬᠤᠪᠢᠶᠠᠨ ᠡᠮᠨᠡᠭᠦᠯᠬᠦ᠂ ᠰᠦᠯᠵᠢᠶᠡᠨ ᠳᠡᠭᠡᠷ᠎ᠡ ᠠᠰᠠᠭᠤᠨ ᠯᠠᠪᠯᠠᠬᠤ ᠵᠡᠷᠭᠡ ᠡᠮᠴᠢᠯᠡᠭᠡᠨ ᠤ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ᠂ ᠬᠤᠪᠢ ᠶᠢᠨ ᠡᠮᠴᠢᠯᠡᠭᠡᠨ ᠤ ᠭᠠᠵᠠᠷ ᠪᠣᠯᠤᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠬᠠᠯᠠᠭᠤᠷᠠᠵᠤ ᠪᠠᠶᠢᠭ᠎ᠠ ᠡᠪᠡᠳᠴᠢᠲᠡᠨ ᠢ ᠰᠢᠭᠰᠢᠨ ᠪᠠᠶᠢᠴᠠᠭᠠᠬᠤ ᠪᠠᠨ ᠴᠢᠩᠭᠠᠳᠬᠠᠵᠤ᠂ ᠤᠴᠢᠷ ᠰᠢᠯᠲᠠᠭᠠᠨ ᠨᠢ ᠲᠣᠳᠣᠷᠬᠠᠶ ᠥᠬᠡᠶ ᠬᠠᠯᠠᠭᠤᠷᠠᠵᠤ ᠪᠠᠶᠢᠭ᠎ᠠ ᠡᠪᠡᠳᠴᠢᠲᠡᠨ ᠢ ᠣᠯᠵᠤ ᠮᠡᠳᠡᠪᠡᠯ᠂ ᠳᠠᠷᠦ᠋ᠢᠬᠠᠨ ᠲᠤᠰᠠᠭᠠᠷᠯᠠᠬᠤ ᠶᠢᠨ ᠬᠠᠮᠲᠤ ᠣᠷᠣᠨ ᠤ ᠨᠡᠶᠢᠭᠡᠮ ᠤᠨ ᠶᠠᠪᠤᠳᠠᠯ ᠤᠨ ᠲᠣᠪᠴᠢᠶ᠎ᠠ ︵ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠠᠯᠠᠭ᠎ᠠ ᠮᠥᠴᠢᠷ︶ ᠳᠤ ᠮᠡᠳᠡᠭᠦᠯᠵᠦ᠂ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠲᠠᠢ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠡᠮᠨᠡᠭᠦᠯᠬᠦ ᠶᠢ ᠵᠢᠷᠤᠮᠵᠢᠭᠤᠯᠤᠨ᠎ᠠ᠃ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠳᠠᠷᠤᠬᠤ᠂ ᠪᠠᠺᠲ᠋ᠧᠷᠢ ᠳᠠᠷᠤᠬᠤ ᠡᠮ ᠵᠡᠷᠭᠡ ᠡᠮ ᠤᠨ ᠵᠦᠢᠯ ᠢ ᠠᠪᠬᠤ ᠳᠤ ᠪᠠᠨ ᠦᠨᠡᠨ ᠨᠡᠷ᠎ᠡ ᠪᠠᠷ ᠳᠠᠩᠰᠠᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠬᠠᠯᠠᠭᠤᠷᠠᠵᠤ᠂ ᠬᠠᠨᠢᠶᠠᠵᠤ ᠪᠠᠶᠢᠬᠤ ᠶᠢ ᠣᠯᠵᠤ ᠮᠡᠳᠡᠪᠡᠯ ᠬᠠᠷᠢᠶ᠎ᠠ ᠭᠠᠵᠠᠷ ᠤᠨ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ︶ ᠳᠤ ᠳᠠᠷᠦ᠋ᠢᠬᠠᠨ ᠮᠡᠳᠡᠭᠦᠯᠬᠦ ᠶᠢᠨ ᠬᠠᠮᠲᠤ ᠣᠷᠣᠨ ᠤ ᠢᠳᠡᠭᠡᠨ ᠪᠠ ᠡᠮ ᠤᠨ ᠵᠦᠢᠯ ᠤᠨ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠳᠤ ᠮᠡᠳᠡᠭᠦᠯᠵᠦ᠂ ᠳᠠᠬᠢᠭᠠᠳ ᠣᠷᠣᠨ ᠤ ᠢᠳᠡᠭᠡᠨ ᠪᠠ ᠡᠮ ᠤᠨ ᠵᠦᠢᠯ ᠤᠨ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠠᠴᠠ ᠣᠷᠣᠨ ᠤ ᠬᠢᠵᠢᠭ ᠤᠨ ᠪᠠᠶᠢᠳᠠᠯ ᠤᠨ ᠵᠢᠯᠣᠭᠤᠳᠬᠤ ᠭᠠᠵᠠᠷ ᠲᠤ ᠮᠡᠳᠡᠭᠦᠯᠬᠦ ᠬᠡᠷᠡᠭᠲᠡᠶ᠃ ᠠᠷᠪᠠᠨ ᠨᠢᠭᠡ᠂ ᠪᠦᠬᠦ ᠣᠷᠣᠨ ᠤ ᠡᠯ᠎ᠡ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠴᠢ ᠵᠢᠯᠣᠭᠤᠴᠢ ᠶᠢᠨ ᠪᠡᠶ᠎ᠡ ᠶᠢᠨ ᠬᠠᠯᠠᠭᠤᠨ ᠢ ᠪᠠᠶᠢᠴᠠᠭᠠᠨ ᠬᠡᠮᠵᠢᠬᠦ᠂ ᠠᠶᠠᠯᠠᠯ ᠤᠨ ᠵᠠᠮ ᠤᠨ ᠺᠣᠳ᠋ ᠢ ᠪᠠᠶᠢᠴᠠᠭᠠᠨ ᠰᠢᠯᠭᠠᠬᠤ᠂ ᠡᠷᠡᠭᠦᠯ ᠮᠡᠨᠳᠦ ᠶᠢᠨ ᠺᠣᠳ᠋᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ᠂ ᠸᠠᠺᠼᠢᠨ ᠤ ᠲᠠᠷᠢᠯᠭ᠎ᠠ ᠬᠢᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠠᠵᠢᠯᠲᠠᠨ ᠵᠢᠴᠢ ᠲᠡᠷᠭᠡ ᠬᠥᠰᠬᠡ ᠶᠢᠨ ᠦᠨᠳᠦᠰᠦᠨ ᠮᠡᠳᠡᠭᠡ ᠵᠠᠩᠭᠢ ᠶᠢ ᠳᠠᠩᠰᠠᠯᠠᠬᠤ ᠶᠢ ᠰᠠᠶᠢᠲᠤᠷ ᠬᠢᠬᠦ ᠶᠢᠨ ᠬᠠᠮᠲᠤ ᠲᠤᠰᠬᠠᠶ ᠡᠬᠡ ᠳᠠᠩᠰᠠ ᠪᠠᠶᠢᠭᠤᠯᠬᠤ ᠬᠡᠷᠡᠭᠲᠡᠶ᠃ ᠭᠠᠳᠠᠨ᠎ᠠ ᠠᠴᠠ ᠢᠷᠡᠭᠰᠡᠨ ᠪᠠᠷᠠᠭ᠎ᠠ ᠲᠡᠭᠡᠭᠡᠪᠦᠷᠢᠯᠡᠬᠦ ᠲᠡᠷᠭᠡ ᠵᠢᠴᠢ ᠵᠢᠯᠣᠭᠤᠴᠢ ᠠᠶᠠᠨᠴᠢᠳ ᠮᠠᠨ ᠤ ᠬᠤᠲᠠ ᠳᠤ ᠪᠠᠷᠠᠭ᠎ᠠ ᠲᠡᠭᠡᠭᠡᠪᠦᠷᠢᠯᠡᠬᠦ ᠠᠵᠢᠯ ᠬᠢᠬᠦ ᠳᠤ᠂ ︽ᠴᠢᠭ ᠠᠴᠠ ᠴᠡᠭ ᠲᠤ ᠬᠦᠷᠬᠦ︾ ᠵᠠᠷᠴᠢᠮ ᠶᠣᠰᠣᠭᠠᠷ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠴᠢᠬᠤᠯᠠ ᠪᠤᠰᠤ ᠬᠥᠮᠦᠰ ᠤᠨ ᠣᠶᠢᠷᠠᠳᠬᠤ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠶ᠃ ᠠᠷᠪᠠᠨ ᠬᠤᠶᠠᠷ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠣᠯ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠬᠢᠮᠳᠠ ᠪᠥᠭᠡᠳ ᠪᠦᠲᠦᠮᠵᠢᠲᠡᠶ᠂ ᠬᠠᠮᠤᠭ ᠤᠨ ᠲᠥᠬᠦᠮ ᠠᠷᠭ᠎ᠠ ᠬᠡᠮᠵᠢᠶ᠎ᠡ ᠮᠥᠨ᠂ ᠨᠠᠩ ᠴᠤ ᠠᠷᠠᠳ ᠢᠷᠭᠡᠨ ᠨᠢᠭᠡᠪᠦᠷᠢ ᠶᠢᠨ ᠬᠦᠢᠴᠡᠳᠭᠡᠪᠡᠰᠦ ᠵᠣᠬᠢᠬᠤ ᠬᠠᠷᠢᠭᠤᠴᠠᠯᠭ᠎ᠠ ᠪᠠ ᠡᠭᠦᠷᠭᠡ ᠮᠥᠨ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠨᠥᠬᠦᠴᠡᠯ ᠳᠤ ᠨᠡᠶᠢᠴᠡᠭᠰᠡᠨ ᠬᠤᠲᠠ ᠶᠢᠨ ᠠᠷᠠᠳ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠳᠠᠷᠢᠵᠤ᠂ ᠰᠢᠨ᠎ᠡ ᠲᠢᠲᠢᠮᠯᠢᠭ ᠸᠢᠷᠦ᠋ᠰ ᠲᠠᠢ ᠲᠡᠮᠡᠴᠡᠬᠦ ᠥᠯᠥ ᠬᠠᠯᠳᠠᠭᠠᠬᠤ ᠬᠠᠯᠬᠠᠪᠴᠢ ᠶᠢ ᠬᠠᠮᠲᠤ ᠪᠠᠷ ᠴᠣᠭᠴᠠᠯᠠᠭᠠᠷᠠᠶ᠃ ᠡᠭᠦᠨ ᠠᠴᠠ ᠭᠠᠳᠠᠨ᠎ᠠ᠂ ᠤᠯᠤᠰ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ ᠨᠢᠭᠡᠨᠲᠡ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠡᠭᠡᠯᠢᠯᠡᠭᠡ ᠶᠢᠨ ᠠᠵᠢᠯ ᠢ ᠴᠢᠩᠭᠠᠳᠬᠠᠬᠤ ᠠᠵᠢᠯ ᠢ ᠵᠢᠩᠬᠢᠨᠢ ᠪᠠᠷ ᠡᠬᠢᠯᠡᠭᠦᠯᠵᠦ᠂ ᠨᠢᠭᠡᠨᠲᠡ 2 ᠤᠳᠠᠭ᠎ᠠ ᠢᠳᠡᠪᠬᠢ ᠥᠬᠡᠶᠢᠳᠡᠭᠦᠯᠬᠦ ᠸᠠᠺᠼᠢᠨ ᠤ ᠲᠠᠷᠢᠯᠭ᠎ᠠ ᠬᠢᠭᠰᠡᠨ ᠪᠥᠭᠡᠳ 2 ᠳ᠋ᠤᠭᠠᠷ ᠲᠠᠷᠢᠯᠭ᠎ᠠ ᠬᠢᠬᠦ ᠴᠠᠭ ᠲᠠᠢ 6 ᠰᠠᠷ᠎ᠠ ᠠᠴᠠ ᠳᠡᠭᠡᠭᠰᠢ ᠠᠯᠤᠰᠯᠠᠭᠰᠠᠨ 18 ᠨᠠᠰᠤᠨ ᠠᠴᠠ ᠳᠡᠭᠡᠭᠰᠢᠬᠢ ᠬᠥᠮᠦᠨ ᠪᠦᠬᠦᠨ᠂ ᠪᠡᠶ᠎ᠡ ᠶᠢᠨ ᠦᠨᠡᠮᠯᠡᠯ ᠤᠨ ᠣᠭ ᠮᠠᠲ᠋ᠧᠷᠢᠶᠠᠯ ᠢᠶᠠᠨ ᠠᠪᠴᠤ ᠣᠶᠢᠷ᠎ᠠ ᠬᠠᠪᠢ ᠳᠠᠭᠠᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 6 ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠴᠡᠭ ᠲᠤ ᠬᠦᠷᠴᠦ ᠲᠠᠷᠢᠯᠭ᠎ᠠ ᠬᠢᠭᠦ ᠬᠡᠷᠡᠭᠳᠡᠢ᠃ ᠠᠷᠪᠠᠨ ᠭᠤᠷᠪᠠ᠂ ᠬᠤᠯᠪᠣᠭᠳᠠᠯ ᠪᠥᠬᠦᠶ ᠬᠥᠮᠦᠰ ᠪᠤᠶᠤ ᠨᠢᠭᠡᠴᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠮᠡᠳᠡᠭᠦᠯᠬᠦ ᠥᠬᠡᠶ ᠨᠢᠭᠤᠬᠤ᠂ ᠬᠤᠳᠠᠯ ᠢᠶᠠᠷ ᠮᠡᠳᠡᠭᠦᠯᠬᠦ ᠪᠤᠶᠤ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠭᠰᠠᠨ ᠥᠬᠡᠶ ᠠᠴᠠ ᠪᠣᠯᠵᠣ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠡᠭᠦᠰᠭᠡᠭᠰᠡᠨ ᠪᠤᠶᠤ ᠪᠤᠰᠤᠳ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃                       ᠪᠤᠭᠤᠲᠤ ᠶᠢᠨ ᠬᠤᠪᠣᠷ ᠰᠢᠷᠣᠢ ᠳᠡᠭᠡᠲᠦ ᠰᠢᠨ᠎ᠡ ᠮᠡᠷᠭᠡᠵᠢᠯ ᠤᠨ ᠤᠷᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                      2021 ᠣᠨ ᠤ 10 ᠳ᠋ᠤᠭᠠᠷ ᠰᠠᠷ᠎ᠠ ᠶᠢᠨ 27 ᠤ ᠡᠳᠦᠷ
 
ᠢᠷᠡᠯᠲᠡ᠄ ᠪᠤᠭᠤᠲᠤ ᠶᠢᠨ ᠬᠤᠪᠣᠷ ᠰᠢᠷᠣᠢ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷ᠊
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号