ᠰᠢᠷᠭᠠᠭᠤ ᠬᠠᠲᠠᠭᠤᠵᠢᠯᠲᠠᠢ ᠠᠵᠢᠯᠯᠠᠵᠤ ᠡᠷᠡᠯᠬᠡᠭᠯᠡᠨ ᠣᠷᠣᠭᠰᠢᠯᠠᠨ‌‍ᠰᠢᠨ᠎ᠡ ᠴᠠᠭ ᠦᠶ᠎ᠡ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠡᠬᠢᠯᠡᠭᠦᠯᠦᠶ᠎ᠡ  ——  ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶᠠᠨ ᠤ ᠱᠦᠵᠢ ᠮᠢᠶᠣᠣ ᠢᠦᠢ ᠯᠢᠶᠠᠩ ᠢ ᠰᠤᠷᠪᠤᠯᠵᠢᠯᠠᠪᠠ
ᠨᠡᠶᠢᠲᠡᠯᠡᠭᠰᠡᠨ ᠴᠠᠭ᠄
2021/11/23
    ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠠᠴᠠ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠪᠥᠬᠦ ᠲᠠᠯ᠎ᠠ ᠪᠠᠷ ᠳ᠋ᠦᠩᠨᠡᠪᠡ᠂ ᠡᠨᠡ ᠨᠢ ᠪᠢᠳᠡᠨ ᠢ ᠬᠠᠪᠰᠤᠷᠤᠨ ᠬᠠᠮᠲᠤ ᠶᠢᠨ ᠲᠠᠨᠢᠯᠲᠠ ᠶᠢ ᠤᠯᠠᠮ ᠴᠢᠨᠠᠭᠰᠢᠳᠠ ᠨᠢᠭᠲᠠᠷᠠᠭᠤᠯᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠨᠠᠩ ᠡᠷᠡᠰ ᠪᠠᠲᠤ᠂ ᠨᠠᠩ ᠤᠬᠠᠮᠰᠠᠷ ᠠᠴᠠ ᠪᠠᠨ ᠦᠢᠯᠡᠳᠦᠯᠭᠡᠵᠢᠭᠦᠯᠵᠣ᠂ ᠰᠢᠨ᠎ᠡ ᠴᠠᠭ ᠦᠶ᠎ᠡ ᠰᠢᠨ᠎ᠡ ᠠᠶᠠᠨ ᠳᠤ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠱᠠᠭᠠᠷᠳᠠᠵᠠᠢ᠃ ᠲᠦᠷᠦᠭᠦᠬᠡᠨ᠂ ᠬᠤᠪᠣᠷ ᠰᠢᠷᠣᠶ ᠶᠢᠨ ᠳᠡᠭᠡᠳᠦ ᠰᠢᠨ᠎ᠡ ᠣᠷᠣᠨ ᠤ ᠨᠠᠮ ᠤᠨ ᠠᠵᠢᠯ ᠤᠨ ᠬᠤᠷᠢᠶᠠᠨ ᠤ ᠱᠦᠵᠢ ᠮᠢᠶᠣᠣ ᠢᠦᠶ ᠯᠢᠶᠠᠩ ᠰᠤᠷᠪᠤᠯᠵᠢᠯᠠᠭ᠎ᠠ ᠬᠦᠯᠢᠶᠡᠬᠦ ᠳᠡᠭᠡᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠣ ᠡᠯ᠎ᠡ ᠵᠦᠢᠯ ᠤᠨ ᠠᠵᠢᠯ ᠢ ᠪᠣᠳᠠᠲᠠᠶ ᠨᠠᠷᠢᠯᠢᠭ ᠰᠠᠶᠢᠲᠤᠷ ᠬᠢᠨ ︽ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠢ ᠬᠥᠭᠵᠢᠭᠦᠯᠬᠦ᠂ ᠠᠵᠤ ᠦᠢᠯᠡᠰᠵᠢᠯᠲᠡ ᠶᠢ ᠪᠡᠶᠡᠯᠡᠭᠦᠯᠬᠦ ᠡᠭᠦᠷᠭᠡ ᠬᠠᠷᠢᠭᠤᠴᠠᠯᠭ᠎ᠠ︾ ᠪᠠᠨ ᠪᠠᠳᠣ ᠴᠡᠭᠡᠵᠢᠯᠡᠨ ︽ᠥᠨᠳᠥᠷ︾ ᠪᠠ ︽ᠰᠢᠨ᠎ᠡ︾ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠡᠵᠡᠮᠳᠡᠵᠣ  ᠂ ᠠᠯᠣᠰ ᠤᠨ ᠬᠠᠷᠠᠭ᠎ᠠ ᠠᠭᠤᠣ ᠪᠣᠳᠣᠯ᠂ ᠴᠠᠭ ᠦᠶ᠎ᠡ ᠶᠢᠨ ᠬᠦᠨᠳᠦ ᠡᠭᠦᠷᠭᠡ ᠶᠢ ᠬᠡᠬᠦᠳᠡᠭ ᠴᠡᠭᠡᠵᠢᠨ ᠳᠡᠭᠡᠨ ᠡᠭᠦᠷᠭᠡᠯᠡᠵᠣ᠂ ᠠᠵᠤ ᠦᠢᠯᠡᠰ ᠤᠨ ᠳᠠᠪᠠᠭᠤᠯᠢᠭ ᠲᠤ ᠰᠠᠭᠤᠷᠢᠯᠠᠨ ᠬᠥᠭᠵᠢᠯᠲᠡ ᠶᠢᠨ ᠬᠥᠳᠡᠯᠭᠡᠬᠦ ᠡᠨᠧᠷᠭᠢ ᠶᠢ ᠬᠤᠷᠠᠮᠳᠣᠭᠤᠯᠵᠣ᠂ ᠬᠤᠲᠠ ᠶᠢᠨ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ ︽ᠪᠦᠬᠦ ᠬᠤᠲᠠ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠭᠤᠣᠯ ᠬᠦᠴᠦᠨ︾ ᠪᠣᠯᠬᠤ ᠪᠠᠷ ᠴᠢᠷᠮᠠᠶᠢᠨ᠎ᠠ᠂ ᠬᠥᠭᠵᠢᠯᠲᠡ ᠶᠢ ᠲᠦᠷᠭᠡᠳᠬᠡᠬᠦ ᠬᠥᠳᠡᠯᠭᠡᠭᠦᠷ᠂ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠴᠡᠷᠢᠭ︾᠂ ᠰᠢᠷᠭᠠᠭᠤ ᠠᠵᠢᠯᠯᠠᠨ ᠡᠷᠡᠯᠬᠡᠭ ᠢᠶᠠᠷ ᠣᠷᠣᠭᠰᠢᠯᠠᠵᠣ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠣ ᠪᠣᠬᠢᠷᠲᠤᠯ ᠦᠭᠡᠢ ᠳᠤᠤᠷ᠎ᠠ  ᠨᠡᠭᠦᠰᠦᠳᠦᠷᠦᠭᠴᠢᠳᠣ ᠣᠨᠴᠠᠯᠢᠭ ᠢᠯᠡ ᠲᠣᠳᠣ ᠰᠢᠨ᠎ᠡ ᠶᠢ ᠡᠭᠦᠳᠬᠦ  ᠵᠢᠱᠢᠶᠡᠴᠢ ᠣᠷᠣᠨ ᠪᠠ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠬᠤᠰᠢᠭᠤᠴᠢ ᠣᠷᠣᠨ᠂ ᠰᠢᠨ᠎ᠡ ᠴᠠᠭ ᠦᠶ᠎ᠡ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠴᠢᠷᠮᠠᠶᠢᠨ ᠡᠬᠢᠯᠡᠭᠦᠯᠦᠨ᠎ᠡ ᠭᠡᠪᠠ᠃     ᠵᠠᠭᠤᠨ ᠵᠢᠯ ᠤᠨ ᠲᠡᠮᠡᠴᠡᠯ ᠤᠨ ᠵᠠᠮ ᠢᠶᠠᠨ ᠮᠠᠷᠲᠠᠬᠤ ᠦᠭᠡᠢ᠂ ᠡᠷᠴᠢ ᠵᠣᠷᠢᠭ ᠪᠠᠳᠠᠷᠠᠩᠭᠤᠢ ᠪᠠᠷ ᠢᠷᠡᠭᠡᠳᠦᠢ ᠵᠦᠭ ᠤᠷᠤᠭᠰᠢᠯᠠᠨ᠎ᠠ᠃ ᠮᠢᠶᠣᠣ ᠢᠦᠢ ᠯᠢᠶᠠᠩ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠣᠭᠤᠰᠢᠯᠠᠭᠤᠯᠣᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠶᠢ ᠬᠦᠴᠦᠯᠡᠨ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠭᠡ ᠪᠠᠷ ᠪᠤᠶᠢᠵᠢᠭᠤᠯᠤᠨ ᠬᠥᠭᠵᠢᠭᠦᠯᠵᠦ᠂ ᠱᠤᠸᠠᠩ ᠯᠢᠶᠠᠩ ᠪᠦᠯᠦᠭᠯᠡᠯ ᠤᠨ 40 GW ᠲᠠᠩ ᠲᠠᠯᠠᠰᠲᠤ ᠴᠠᠬᠢᠭᠤᠷ ᠤᠨ ᠲᠥᠷᠥᠯ ᠵᠦᠢᠯ ᠢᠶᠠᠷ ᠭᠠᠷᠳᠠᠴᠠ ᠪᠣᠯᠭᠠᠵᠤ᠂ ᠬᠡᠷᠡᠯ ᠴᠡᠨᠡᠭ ᠤᠨ ᠠᠵᠤ ᠦᠢᠯᠡᠰ ᠤᠨ ᠠᠩᠬᠠᠨ ᠤ ᠲᠠᠰ ᠠᠴᠠ ᠳᠡᠭᠡᠳᠦ ᠲᠠᠰ ᠲᠡᠶᠢᠰᠢ ᠳᠡᠭᠡᠭᠰᠢᠯᠡᠬᠦ ᠶᠢ ᠠᠬᠢᠭᠤᠯᠵᠤ᠂ 500 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠪᠦᠯᠦᠭᠵᠢᠯ ᠢ ᠪᠣᠶ ᠪᠣᠯᠭᠠᠨ᠎ᠠ᠃ ᠵᠥᠩ ᠴᠧ ᠴᠠᠬᠢᠯᠭᠠᠨ ᠮᠠᠰᠢᠨ᠂ ᠲᠢᠶᠠᠨ ᠱᠦᠨ ᠰᠠᠯᠬᠢᠨ ᠬᠦᠴᠦᠨ ᠤ ᠴᠠᠬᠢᠯᠭᠠᠨ᠂ ᠶᠢᠨ ᠬᠠᠶ ᠰᠢᠨ᠎ᠡ ᠡᠨᠧᠷᠭᠢ ᠵᠡᠷᠭᠡ ᠲᠥᠷᠥᠯ ᠵᠦᠢᠯ ᠢᠶᠠᠷ ᠭᠠᠷᠳᠠᠴᠠ ᠪᠣᠯᠭᠠᠨ᠂ ᠰᠤᠳᠤᠯᠤᠨ ᠨᠡᠭᠡᠭᠡᠬᠦ᠂ ᠦᠢᠯᠡᠳᠪᠦᠷᠢᠯᠡᠭᠦ᠂  ᠦᠢᠯᠡᠴᠢᠯᠡᠭᠦ ᠶᠢ ᠨᠢᠭᠡ ᠴᠣᠭᠴᠠᠵᠢᠭᠤᠯᠤᠭᠰᠠᠨ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠭᠦ ᠰᠠᠭᠤᠷᠢᠨ ᠭᠠᠵᠠᠷ ᠢ ᠪᠣᠶ ᠪᠣᠯᠭᠠᠵᠤ᠂ 300 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠨ᠎ᠠ᠃ ᠳ᠋ᠦᠩ ᠪᠦᠦ ᠠᠮᠢᠳᠤ ᠪᠣᠳᠠᠰ ᠵᠡᠷᠭᠡ ᠲᠥᠷᠥᠯ ᠵᠦᠢᠯ ᠢᠶᠠᠷ ᠭᠠᠷᠳᠠᠴᠠ ᠪᠣᠯᠭᠠᠵᠤ᠂ ᠣᠨᠴᠠᠯᠢᠭᠲᠤ ᠰᠢᠨ᠎ᠡ ᠭᠤᠣᠯᠯᠠᠬᠤ ᠠᠵᠤ ᠦᠢᠯᠡᠰ ᠢ ᠲᠦᠷᠭᠡᠳᠬᠡᠨ ᠪᠤᠶᠢᠵᠢᠭᠤᠯᠵᠤ᠂ 2025 ᠣᠨ ᠳᠤ ᠰᠢᠨ᠎ᠡ ᠪᠠᠷ ᠪᠤᠢ ᠪᠣᠯᠤᠭᠰᠠᠨ ᠠᠵᠤ ᠠᠬᠤᠶᠢᠯᠠᠯ ᠤᠨ ᠲᠤᠭ᠎ᠠ ᠶᠢ 200 ᠠᠴᠠ ᠳᠡᠭᠡᠭᠰᠢ ᠳᠤ ᠬᠦᠷᠦᠭᠦᠯᠵᠦ᠂ ᠦᠢᠯᠡᠳᠬᠦᠨ ᠤ ᠥᠷᠲᠡᠭ ᠢ ᠮᠢᠩᠭᠠᠨ ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃     ᠣᠨᠴᠠᠯᠢᠭᠲᠤ ᠭᠤᠤᠯᠯᠠᠬᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠥᠩᠭᠡᠲᠦ ᠮᠠᠲ᠋ᠧᠷᠢᠶᠠᠯ ᠤᠨ ᠠᠵᠤ ᠦᠢᠯᠡᠰ ᠤᠨ ᠲᠠᠰ ᠳᠠᠪᠬᠤᠷᠭ᠎ᠠ ᠶᠢ ᠲᠦᠷᠭᠡᠳᠬᠡᠨ ᠳᠡᠭᠡᠭᠰᠢᠯᠡᠭᠦᠯᠵᠦ᠂ ᠬᠥᠩᠭᠡᠨ ᠴᠠᠭᠠᠨ ᠵᠡᠰ ᠤᠨ ᠠᠵᠤ ᠦᠢᠯᠡᠰ ᠤᠨ ᠳᠤᠤᠷᠠᠳᠤ ᠤᠷᠤᠰᠬᠠᠯ ᠤᠨ ᠦᠯᠡᠳᠭᠦᠨ ᠢ ᠠᠯᠬᠤᠮ ᠠᠯᠬᠤᠮ ᠢᠶᠠᠷ ᠣᠯᠠᠨ ᠡᠰᠢᠵᠢᠯ ᠪᠠ ᠰᠢᠷᠢᠰᠵᠢᠯ ᠳᠠᠰᠢ ᠬᠥᠭᠵᠢᠭᠦᠯᠵᠦ᠂ 2025 ᠤᠨ ᠪᠣᠯᠬᠤ ᠳᠤ ᠦᠢᠯᠡᠳᠭᠦᠨ ᠤ ᠥᠷᠲᠡᠭ ᠢ 500 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ᠃ ︽2 + 2 + N︾ ᠤᠳᠤ ᠦᠶ᠎ᠡ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠬᠥᠭᠵᠢᠭᠦᠯᠵᠦ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠪᠠ ᠤᠰᠤᠲᠥ᠋ᠷᠥᠭᠴᠢ ᠬᠠᠳᠠᠭᠠᠯᠠᠬᠤ 2 ᠠᠵᠤ ᠦᠢᠯᠡᠰ ᠤᠨ ᠪᠤᠵᠠᠭᠠᠶᠢᠷᠠᠨ ᠬᠦᠴᠦᠷᠬᠡᠭᠵᠢᠬᠦ ᠶᠢ ᠭᠤᠣᠯᠳᠠᠯᠭ᠎ᠠ ᠲᠠᠢ ᠠᠬᠢᠭᠤᠯᠵᠤ᠂ ᠬᠤᠪᠣᠷ ᠰᠢᠷᠣᠢ ᠶᠢᠨ ᠭᠢᠯᠠᠶᠢᠯᠭᠠᠬᠤ ᠪᠠ ᠭᠢᠯᠠᠶᠢᠯᠭᠠᠬᠤ 2 ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ ᠶᠢ ᠲᠡᠮᠵᠢᠨ ︽ᠬᠤᠪᠣᠷ ᠰᠢᠷᠣᠢ +︾ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ 2025 ᠣᠨ ᠪᠣᠯᠬᠤ ᠳᠤ ᠦᠢᠯᠡᠳᠪᠦᠷᠢᠯᠡᠯ ᠤᠨ ᠥᠷᠲᠡᠭ ᠢ ᠮᠢᠩᠭᠠᠨ ᠳ᠋ᠦᠩᠰᠢᠭᠤᠷ ᠲᠥᠭᠦᠷᠢᠭ ᠠᠴᠠ ᠳᠡᠭᠡᠭᠰᠢ  ᠪᠡᠶᠡᠯᠡᠭᠦᠯᠦᠨ ᠵᠢᠯ ᠤᠨ ᠦᠢᠯᠡᠳᠪᠦᠷᠢᠯᠡᠯ ᠤᠨ ᠥᠷᠲᠡᠭ ᠢ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠢ 10 ᠠᠴᠠ ᠳᠡᠭᠡᠭᠰᠢ ᠳᠤ ᠬᠦᠷᠦᠭᠦᠯᠵᠦ᠂ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠭᠠᠷᠤᠯᠲᠠ ᠶᠢ 10 ᠲᠦᠮᠡᠨ ᠲᠣᠨ ᠢ ᠳᠠᠪᠠᠭᠤᠯᠬᠤ ᠪᠠᠷ ᠴᠢᠷᠮᠠᠶᠢᠨ ᠳᠤᠮᠳᠠᠳᠤ ᠤᠯᠤᠰ ᠤᠨ ︽ᠰᠣᠷᠢᠨᠵᠢᠨ ᠬᠥᠨᠳᠡᠢ︾ ᠶᠢ ᠪᠠᠶᠢᠭᠤᠯᠤᠨ᠎ᠠ᠃ ᠠᠭᠤᠷᠬᠠᠶ ᠶᠢᠨ ᠢᠨᠵᠧᠨᠧᠷᠢᠩ ᠤᠨ ᠮᠠᠰᠢᠨ ᠮᠧᠬᠠᠨᠢᠭ᠂ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ᠂ ᠲᠡᠮᠦᠷ ᠵᠠᠮ ᠤᠨ ᠲᠣᠨᠤᠭ ᠲᠥᠬᠦᠭᠡᠷᠦᠮᠵᠢ ᠵᠡᠷᠭᠡ ᠭᠤᠤᠯᠳᠠᠯᠭ᠎ᠠ ᠲᠠᠢ ᠲᠣᠨᠤᠭ ᠲᠥᠬᠦᠭᠡᠷᠦᠮᠵᠢ ᠦᠢᠯᠡᠳᠭᠦ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠰ ᠤᠨ ᠢᠵᠢ ᠪᠦᠷᠢᠳᠦᠭᠦᠯᠬᠦ ᠪᠠ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠦᠷᠭᠦᠯᠵᠢᠯᠡᠨ ᠲᠡᠭᠦᠯᠳᠡᠷᠵᠢᠭᠦᠯᠵᠦ᠂ 2025 ᠤᠨ ᠪᠣᠯᠬᠤ ᠳᠤ 200 ᠳ᠋ᠦᠩᠰᠢᠭᠤᠷ ᠲᠥᠭᠦᠷᠢᠭ ᠠᠴᠠ ᠳᠡᠭᠡᠭᠰᠢ ᠦᠯᠡᠳᠭᠦᠨ ᠤ ᠥᠷᠲᠡᠭ ᠢ ᠪᠡᠶᠡᠯᠡᠭᠦᠯᠦᠨ᠎ᠡ᠃    ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠪᠣᠯ ᠭᠠᠵᠠᠷ ᠣᠷᠣᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠮᠥᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠠᠴᠠ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ︾ ᠶᠢ ᠳᠠᠬᠢᠨᠲᠠ ᠳᠤᠷᠠᠳᠪᠠ᠃ ᠮᠢᠶᠣᠣ ᠢᠦᠢ ᠯᠢᠶᠠᠩ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠪᠦᠬᠦ ᠬᠤᠳᠠ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠭᠤᠣᠯ ᠬᠦᠴᠦᠨ ᠴᠡᠷᠢᠭ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠰᠢᠨ᠎ᠡ ᠶᠢ ᠡᠭᠦᠳᠬᠦ ᠪᠠᠷ ᠬᠦᠳᠦᠯᠥᠨ ᠳᠠᠭᠠᠭᠤᠯᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ︽ᠰᠢᠨ᠎ᠡ ᠶᠢ ᠡᠭᠦᠳᠬᠦ ᠢᠲᠡᠭᠡᠯ ᠢᠶᠠᠨ ᠪᠠᠲᠤᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠣᠶᠠᠨ ᠤᠷᠬᠢᠯ ᠳᠤ ᠵᠣᠷᠢᠭᠲᠠᠢ ᠪᠠᠷ ᠠᠪᠠᠷᠢᠬᠤ︾ ᠲᠡᠮᠡᠴᠡᠯ ᠤᠨ ᠳᠦᠷᠰᠦ ᠪᠠᠶᠢᠳᠠᠯ ᠢᠶᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ ᠤ ᠲᠤᠭ᠎ᠠ ᠶᠢᠨ ᠬᠤᠷᠠᠮᠳᠤᠯ ᠠᠴᠠ ᠴᠢᠨᠠᠷ ᠤᠨ ᠦᠰᠦᠷᠦᠯᠲᠡ ᠲᠡᠶᠢᠰᠢ ᠳᠠᠪᠰᠢᠬᠤ ᠳᠤ ᠬᠦᠴᠦᠨ ᠨᠠᠮᠡᠷᠢᠯᠡᠨ ᠵᠢᠯ ᠪᠦᠷᠢ ᠪᠦᠬᠦ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠶᠡᠷᠦᠩᠬᠡᠶᠢᠯᠡᠭᠰᠡᠨ ᠨᠡᠷᠡᠰ ᠤᠨ ᠵᠢᠭᠰᠠᠭᠠᠯᠲᠠ ᠳᠤ 5 ᠤᠳᠠᠭ᠎ᠠ ᠠᠴᠠ ᠳᠡᠭᠡᠭᠰᠢ ᠣᠷᠣᠬᠤ ᠪᠠᠷ ᠴᠢᠷᠮᠠᠶᠢᠵᠤ᠂ 2025 ᠤᠨ ᠪᠣᠯᠬᠤ ᠳᠤ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠡᠷᠡᠰ ᠤᠨ ᠵᠢᠭᠰᠠᠭᠠᠯᠲᠠ ᠳᠤ ᠳᠤᠮᠳᠠ ᠤᠷᠤᠰᠬᠠᠯ ᠠᠴᠠ ᠳᠡᠭᠡᠭᠰᠢ᠂ ᠡᠯ᠎ᠡ ᠱᠠᠲᠤᠨ ᠤ ᠡᠯ᠎ᠡ ᠲᠦᠷᠦᠯ ᠤᠨ ᠰᠤᠳᠤᠯᠤᠨ ᠨᠡᠭᠡᠭᠡᠬᠦ ᠲᠠᠪᠴᠠᠩ ᠤᠨ ᠲᠤᠭ᠎ᠠ ᠶᠢ 200 ᠠᠴᠠ ᠳᠡᠭᠡᠭᠰᠢ ᠪᠣᠯᠭᠠᠬᠤ ᠪᠠᠷ ᠴᠢᠷᠮᠠᠶᠢᠨ᠎ᠠ ᠭᠡᠵᠦ ᠢᠯᠡᠳᠬᠡᠪᠡ᠃ ᠰᠢᠨ᠎ᠡ ᠶᠢ ᠡᠭᠦᠳᠬᠦ ᠭᠤᠤᠯ ᠴᠣᠭᠴᠠ ᠶᠢ ᠲᠦᠷᠭᠡᠳᠬᠡᠨ ᠪᠤᠶᠢᠵᠢᠭᠤᠯᠵᠤ᠂ ᠨᠢᠭᠡ ᠪᠦᠯᠦᠭ ᠭᠤᠤᠯᠯᠠᠬᠤ ᠮᠡᠷᠭᠡᠵᠢᠯ ᠢ ᠡᠵᠡᠮᠰᠢᠭᠰᠡᠨ᠂ ᠠᠵᠢᠯ ᠲᠥᠷᠥᠯ ᠤᠨ ᠬᠥᠭᠵᠢᠯᠲᠡ ᠶᠢ ᠬᠥᠲᠥᠯᠦᠨ ᠳᠠᠭᠠᠭᠤᠯᠤᠭᠰᠠᠨ ᠂ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠪᠠ ᠪᠤᠶᠢᠵᠢᠯᠲᠠ ᠶᠢᠨ ᠴᠢᠨᠠᠷ ᠢᠶᠠᠷ ᠴᠢᠩᠭ᠎ᠠ ᠪᠠᠶᠢᠳᠠᠭ ᠬᠠᠲᠠᠭᠤ ᠶᠠᠰᠤᠲᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠰᠦᠷᠦᠭᠵᠢᠯ ᠢ ᠪᠣᠶ ᠪᠣᠯᠭᠠᠵᠤ᠂ 2025 ᠣᠨ ᠪᠣᠯᠬᠤ ᠳᠤ ᠲᠡᠭᠡᠳᠣ ᠦᠰᠦᠯᠳᠡᠳᠣ᠂ ᠳᠡᠭᠡᠳᠦ ᠠᠵᠤ ᠠᠬᠤᠶᠢᠯᠠᠯ ᠵᠡᠷᠭᠡ 400 ᠠᠴᠠ ᠳᠡᠭᠡᠭᠰᠢ ᠠᠵᠤ ᠠᠬᠤᠶᠢᠯᠠᠯ ᠢ ᠪᠤᠶᠢᠵᠢᠭᠤᠯᠬᠤ ᠪᠠᠷ ᠴᠢᠷᠮᠠᠶᠢᠨ᠎ᠠ᠃    ᠲᠡᠷᠣᠯᠳᠠ ᠪᠠᠷ ᠬᠦᠳᠡᠯᠭᠡᠭᠦᠷ ᠪᠣᠯᠭᠠᠬᠤᠢ᠃ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠶᠡᠭᠡ ᠪᠠᠷ ᠣᠷᠣᠭᠤᠯᠤᠨ ᠠᠪᠴᠢᠷᠠᠵᠤ ᠬᠦᠴᠦᠷᠬᠡᠭᠵᠢᠭᠦᠯᠬᠦ ᠶᠢ ᠴᠢᠬᠤᠯᠠᠴᠢᠯᠠᠵᠤ᠂ 12 ᠠᠵᠤ ᠦᠢᠯᠡᠰ ᠤᠨ ᠲᠥᠷᠥᠯ ᠠᠩᠭᠢᠯᠠᠯ ᠢ ᠴᠢᠩᠭ᠎ᠠ  ᠠᠳᠬᠤᠨ ︽ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠬᠦᠴᠦᠷᠬᠡᠭᠵᠢᠭᠦᠯᠬᠦ︾ ᠶᠢ ᠪᠡᠶᠡᠯᠡᠭᠦᠯᠵᠦ᠂ 2025 ᠣᠨ ᠪᠣᠯᠬᠤ ᠳᠤ 500 ᠬᠦᠴᠦᠷᠬᠡᠭ ᠲᠥᠷᠥᠯ ᠵᠦᠢᠯ ᠢ 15 ᠠᠴᠠ ᠳᠡᠭᠡᠭᠰᠢ ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ᠃ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠰᠠᠭᠤᠷᠢ ᠶᠢ ᠪᠠᠬᠢᠵᠢᠭᠦᠯᠬᠦ᠂ ᠠᠯᠤᠰ ᠬᠡᠳᠦ ᠳᠤ ᠠᠰᠢᠭᠲᠠᠶ᠂ ᠨᠥᠭᠡᠴᠡ ᠬᠦᠴᠦᠨ ᠢ ᠨᠡᠮᠡᠭᠳᠡᠭᠦᠯᠬᠦ‍ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠰᠦᠪᠯᠡᠨ ᠨᠥᠭᠡᠴᠡᠯᠡᠵᠦ᠂ ᠵᠢᠯ ᠪᠦᠷᠢ ᠳᠤᠮᠳᠠᠴᠢ ᠪᠠᠷ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 100 ᠠᠴᠠ ᠳᠡᠭᠡᠭᠰᠢ ᠬᠡᠷᠡᠭᠵᠢᠭᠦᠯᠦᠨ ᠨᠢᠭᠡ ᠪᠦᠯᠦᠭ ᠢ ᠨᠥᠭᠡᠴᠡᠯᠡᠬᠦ᠂ ᠨᠢᠭᠡ ᠪᠦᠯᠦᠭ ᠢ ᠠᠵᠢᠯ ᠡᠬᠢᠯᠡᠭᠦᠯᠬᠦ᠂ ᠨᠢᠭᠡ ᠪᠦᠯᠦᠭ ᠢ ᠪᠦᠲᠦᠭᠡᠨ ᠪᠠᠶᠢᠭᠤᠯᠬᠤ᠂ ᠨᠢᠭᠡ ᠪᠦᠯᠦᠭ ᠢ ᠪᠠᠶᠢᠭᠤᠯᠵᠤ ᠳᠠᠭᠤᠰᠬᠠᠬᠤ ᠦᠷᠭᠦᠯᠵᠢᠯᠡᠭᠰᠡᠨ ᠲᠣᠭᠲᠠᠴᠠ ᠶᠢ ᠪᠣᠶ ᠪᠣᠯᠭᠠᠬᠤ ᠶᠢ ᠲᠦᠯᠬᠢᠨ ᠠᠬᠢᠭᠤᠯᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ ︾ ᠶᠢ ᠠᠬᠢᠭᠤᠯᠵᠤ᠂ ︽ᠠᠵᠤ ᠠᠬᠤᠶᠢᠯᠠᠯ ᠤᠨ ᠠᠮᠠᠯᠠᠯᠲᠠ ᠶᠢᠨ ᠲᠦᠷᠢᠮ︾᠂ ︽ᠳᠤᠲᠠᠭᠤᠳᠠᠯ ᠢ ᠪᠠᠭᠲᠠᠭᠠᠬᠤ ᠬᠢᠨᠠᠨ ᠵᠥᠪᠰᠢᠶᠡᠷᠡᠬᠦ ᠲᠦᠷᠢᠮ︾᠂ ︽ᠭᠠᠵᠠᠷ ᠰᠢᠷᠣᠶ ᠠᠪᠤᠮᠠᠭᠴᠠ ᠠᠵᠢᠯ ᠢᠶᠠᠨ ᠡᠬᠢᠯᠡᠭᠦᠯᠬᠦ︾ ᠵᠡᠷᠭᠡ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ  ᠦᠯᠡᠴᠢᠯᠡᠭᠡ ᠶᠢ ᠴᠢᠩᠭᠠᠳᠬᠠᠨ᠎ᠠ᠃     ᠪᠥᠬᠦᠳᠡ ᠬᠤᠷᠠᠯ ᠠᠴᠠ᠂ ︽ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠣ᠂ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠠᠰᠤᠷᠠᠯᠲᠠ ᠥᠬᠡᠶ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ ᠬᠡᠷᠡᠭᠲᠡᠶ︾ ᠭᠡᠵᠦ ᠴᠢᠬᠤᠯᠠᠴᠢᠯᠠᠪᠠ᠃ ᠳᠠᠷᠠᠭᠠᠴᠢ ᠶᠢᠨ ᠠᠯᠬᠤᠮ ᠳᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤᠯᠠᠨ ᠲᠦᠮᠡᠨ ᠤ ᠪᠤᠶᠠᠨ ᠵᠢᠷᠭᠠᠯ ᠢ ᠴᠢᠷᠮᠠᠶᠢᠨ ᠨᠡᠮᠡᠭᠳᠡᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠠᠵᠢᠯ ᠣᠯᠭᠤᠯᠲᠠ᠂ ᠨᠠᠰᠤᠵᠢᠯ ᠤᠨ ᠠᠰᠠᠷᠠᠮᠵᠢ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠨᠡᠶᠢᠭᠡᠮ ᠤᠨ ᠦᠢᠯᠡᠰ ᠢ ᠭᠦᠨᠵᠡᠭᠡᠢ ᠠᠬᠢᠭᠤᠯᠵᠤ᠂ ᠠᠶᠤᠯᠭᠦᠢ ᠦᠢᠯᠡᠳᠪᠦᠷᠢᠯᠡᠯ᠂ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠯᠭᠠᠷᠠᠭᠤᠯᠣᠨ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠬᠠᠮᠠᠭᠠᠯᠠᠨ᠎ᠠ᠃     ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠰᠢᠯᠭᠠᠯᠲᠠ ᠳᠤ ᠣᠷᠣᠯᠴᠠᠬᠤ ᠵᠠᠮ ᠳᠡᠭᠡᠷ᠎ᠡ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ᠃ ᠮᠢᠶᠣᠣ ᠢᠦᠢ ᠯᠢᠶᠠᠩ᠄ ︽ᠥᠨᠥᠳᠦᠷ ᠤᠨ ᠡᠭᠦᠷᠭᠡ ᠬᠠᠷᠢᠭᠤᠴᠠᠯᠭ᠎ᠠ ᠳᠤ ᠪᠠᠨ ᠣᠰᠣᠯᠳᠠᠬᠤ ᠦᠭᠡᠢ᠂ ᠮᠠᠷᠭᠠᠰᠢ ᠶᠢᠨ ᠠᠭᠤᠤ ᠶᠡᠭᠡ ᠬᠦᠰᠡᠯ ᠵᠡᠭᠦᠳᠦ ᠪᠠᠨ ᠬᠥᠰᠡᠷᠳᠡᠭᠦᠯᠬᠦ ᠦᠭᠡᠢ ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠥᠬᠦ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠴᠥᠬᠦᠷᠡᠰᠢ ᠥᠬᠡᠶ ᠲᠡᠮᠡᠴᠡᠬᠦ ᠵᠣᠷᠢᠭ ᠢᠶᠠᠷ ᠲᠣᠭᠲᠠᠭᠰᠠᠨ ᠬᠠᠷᠠᠯᠲᠠ ᠪᠠᠨ ᠴᠢᠷᠮᠠᠶᠢᠨ ᠪᠡᠶᠡᠯᠡᠭᠦᠯᠵᠦ᠂ ᠴᠠᠭ ᠢ ᠠᠮᠵᠢᠨ ᠲᠡᠷᠢᠭᠦᠨ ᠤ ᠬᠢ ᠪᠣᠯᠬᠤ ᠪᠠᠷ ᠴᠢᠷᠮᠠᠶᠢᠵᠤ᠂ ᠴᠡᠴᠡᠭᠯᠡᠨ ᠬᠥᠭᠵᠢᠭᠰᠡᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠭᠰᠠᠨ ᠰᠢᠨ᠎ᠡ ᠪᠤᠭᠤᠲᠤ ᠶᠢ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃︾
 
ᠢᠷᠡᠯᠲᠡ᠄ ᠪᠤᠭᠤᠲᠤ ᠶᠢᠨ ᠬᠤᠪᠣᠷ ᠰᠢᠷᠣᠢ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号