ᠳᠡᠭᠡᠳᠦ ᠰᠢᠨ᠎ᠡ ᠮᠡᠷᠭᠡᠵᠢᠯ ᠤᠨ ᠣᠷᠣᠨ ᠲᠦᠷᠦᠭᠦᠦ ᠭᠤᠷᠪᠠᠨ ᠤᠯᠠᠷᠢᠯ ᠳᠤ ᠭᠠᠵᠠᠷ ᠣᠷᠣᠨ ᠤ ᠦᠢᠯᠡᠪᠦᠷᠢᠯᠡᠯ ᠤᠨ ᠶᠡᠷᠦᠩᠬᠡᠶ ᠥᠷᠲᠡᠭ ᠢ 366 . 36 ᠳ᠋ᠦᠩᠰᠢᠭᠤᠷ ᠲᠥᠭᠦᠷᠢᠭ ᠪᠡᠶᠡᠯᠡᠭᠦᠯᠪᠡ
ᠨᠡᠶᠢᠲᠡᠯᠡᠭᠰᠡᠨ ᠴᠠᠭ᠄
2021/11/23
     ᠡᠨᠡ ᠵᠢᠯ ᠠᠴᠠ ᠨᠠᠭᠠᠰᠢ᠂ ᠳᠡᠭᠡᠳᠦ ᠰᠢᠨ᠎ᠡ ᠮᠡᠷᠭᠡᠵᠢᠯ ᠤᠨ ᠣᠷᠣᠨ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠡᠯ᠎ᠡ ᠵᠦᠢᠯ ᠤᠨ ᠰᠢᠢᠳᠪᠦᠷᠢᠳᠣ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠶᠦᠯᠳᠡ ᠪᠠᠷ ᠴᠠᠭ ᠢ ᠠᠮᠵᠢᠬᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠡᠷᠴᠢ ᠵᠣᠷᠢᠭ ᠢᠶᠠᠨ ᠪᠠᠲᠤᠯᠠᠵᠤ᠂ ᠠᠵᠤ ᠠᠬᠤᠶ ᠶᠢᠨ ᠡᠷᠭᠢᠯᠲᠡ ᠶᠢ ᠦᠷᠭᠦᠯᠵᠢᠯᠡᠨ ᠠᠳᠬᠤᠬᠤ ᠬᠠᠷᠠᠯᠲᠠ ᠪᠠᠨ ᠬᠤᠪᠢᠷᠠᠭᠤᠯᠬᠤ ᠥᠬᠡᠶ᠂ ᠡᠷᠴᠢ ᠵᠣᠷᠢᠭ ᠢᠶᠠᠨ ᠰᠤᠯᠠᠷᠠᠭᠤᠯᠬᠤ ᠥᠬᠡᠶ᠂ ᠡᠷᠴᠢᠮ ᠢᠶᠠᠨ ᠰᠤᠯᠠᠷᠠᠭᠤᠯᠬᠤ ᠥᠬᠡᠶ ᠪᠠᠷ ᠠᠵᠤ ᠠᠬᠤᠶ ᠶᠢᠨ ᠡᠷᠭᠢᠯᠲᠡ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠢᠶᠠᠨ ᠦᠷᠭᠦᠯᠵᠢᠯᠡᠨ ᠪᠠᠲᠤᠯᠠᠪᠠ᠃     ᠲᠦᠷᠦᠭᠦᠦ ᠭᠤᠷᠪᠠᠨ ᠤᠯᠠᠷᠢᠯ ᠳᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 366 . 36 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12 . 4 % ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 7 . 5 % ᠨᠡᠮᠡᠭᠳᠡᠪᠡ᠂ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 2 . 33 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6 . 1 % ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 222 . 82 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15 . 4 % ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 141 . 21 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8 . 6 % ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 618 . 15 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39 . 9 % ᠪᠠᠷ ᠨᠡᠮᠡᠭᠳᠡᠵᠦ᠂ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 80 . 66 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 152 . 2 % ᠢᠶᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 56 . 3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9 . 1 % ᠪᠠᠷ ᠨᠡᠮᠡᠭᠳᠡᠪᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 42346 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8 . 1 % ᠪᠠᠷ ᠨᠡᠮᠡᠭᠳᠡᠪᠡ᠃    ᠡᠭᠦᠨ ᠠᠴᠠ ᠭᠠᠳᠠᠨ᠎ᠠ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 21 . 4 % ᠪᠠᠷ ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 13 . 5 % ᠪᠠᠷ ᠨᠡᠮᠡᠭᠳᠡᠪᠡ᠃ ᠲᠥᠷᠥᠯ ᠵᠦᠢᠯ ᠠᠴᠠ ᠦᠵᠡᠪᠡᠯ᠂ ᠬᠤᠯᠪᠣᠭᠳᠠᠬᠤ ᠬᠤᠶᠠᠷ ᠶᠡᠭᠡ ᠲᠥᠷᠥᠯ ᠵᠦᠢᠯ ᠤᠨ ᠳᠣᠲᠣᠷ᠎ᠠ᠂ ᠦᠢᠯᠡᠳᠭᠦ ᠦᠢᠯᠡᠰ ᠨᠢ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 94 . 3 % ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 21 . 7 % ᠪᠠᠷ ᠨᠡᠮᠡᠭᠳᠡᠪᠡ  ᠃ ᠴᠠᠬᠢᠯᠭᠠᠨ ᠬᠦᠴᠦ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 5 . 7 % ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 13 . 9 % ᠪᠠᠷ ᠨᠡᠮᠡᠭᠳᠡᠪᠡ᠃ ᠠᠵᠢᠯ ᠲᠥᠷᠥᠯ ᠠᠴᠠ ᠦᠵᠡᠪᠡᠯ᠂ ᠬᠤᠯᠪᠣᠭᠳᠠᠬᠤ 19 ᠠᠵᠢᠯ ᠲᠥᠷᠥᠯ ᠤᠨ ᠶᠡᠭᠡ ᠲᠥᠷᠥᠯ ᠤᠨ ᠳᠣᠲᠣᠷ᠎ᠠ᠂ 15 ᠠᠵᠢᠯ ᠲᠥᠷᠥᠯ ᠤᠨ ᠨᠡᠮᠡᠭᠳᠡᠯ ᠥᠷᠲᠡᠭ ᠨᠢ ᠡᠶᠡᠷᠭᠦ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 78 . 9 % ᠪᠣᠯᠤᠨ᠎ᠠ᠃ ᠭᠤᠤᠯᠯᠠᠬᠤ ᠠᠵᠤ ᠦᠢᠯᠡᠰ ᠠᠴᠠ ᠦᠵᠡᠪᠡᠯ᠂ ᠬᠤᠪᠣᠷ ᠰᠢᠷᠣᠶ᠂ ᠬᠥᠩᠭᠡᠨ ᠴᠠᠭᠠᠨ ᠵᠡᠰ ᠪᠠ ᠲᠣᠨᠤᠭ ᠲᠥᠬᠦᠭᠡᠷᠦᠮᠵᠢ ᠦᠢᠯᠡᠳᠭᠦ ᠦᠢᠯᠡᠰ ᠵᠡᠷᠭᠡ ᠭᠤᠷᠪᠠᠨ ᠶᠡᠭᠡ ᠭᠤᠤᠯᠯᠠᠬᠤ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 29 . 5 % ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 8 . 1 ᠵᠠᠭᠤᠨ ᠤ ᠴᠡᠭ ᠥᠨᠳᠥᠷ ᠪᠣᠯᠵᠣ᠂ ᠶᠡᠷᠦᠩᠬᠡᠶ ᠬᠡᠮᠵᠢᠶ᠎ᠡ ᠨᠢ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 82 % ᠢ ᠡᠵᠡᠯᠡᠪᠡ᠃     ᠡᠨᠡ ᠵᠢᠯ ᠠᠴᠠ ᠨᠠᠭᠠᠰᠢ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠴᠢᠨᠠᠷ ᠰᠠᠶᠢᠲᠠᠶ ᠲᠥᠷᠥᠯ ᠵᠦᠢᠯ ᠤᠨ ᠨᠥᠭᠡᠴᠡ ᠶᠢ ᠨᠡᠮᠡᠭᠳᠡᠭᠦᠯᠵᠦ᠂ ᠬᠤᠳᠠᠯᠳᠤᠭ᠎ᠠ ᠡᠵᠡᠩᠨᠡᠬᠦ ᠲᠡᠷᠢᠭᠦᠨ ᠵᠡᠷᠭᠡ ᠶᠢᠨ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ᠲᠣᠰ ᠣᠷᠣᠨ ᠤᠨ ᠬᠢᠨ ᠪᠥᠬᠦ ᠤᠯᠤᠰ᠂ ᠪᠥᠬᠦ ᠣᠷᠣᠨ ᠳᠤ ᠵᠣᠭᠰᠣᠵᠤ᠂ ᠪᠥᠬᠦ ᠬᠤᠲᠠ ᠶᠢᠨ ᠬᠥᠭᠵᠢᠯᠲᠡ ᠶᠢᠨ ᠬᠠᠷᠠᠯᠲᠠ ᠪᠣᠯᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠡᠷᠡᠮᠡᠬᠡᠶᠢᠯᠡᠨ ᠤᠷᠤᠭᠰᠢᠯᠠᠵᠤ᠂ ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠬᠢᠵᠦ᠂ ᠢᠮᠠᠭᠲᠠ ᠨᠠᠶᠢᠳᠠᠪᠤᠷᠢᠵᠢᠭᠤᠯᠤᠯᠲᠠ ᠶᠢ  ᠠᠳᠬᠤᠨ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠪᠡ᠃ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠲᠠᠪᠦ‍ ᠨᠢᠭᠡ︾ ᠶᠢᠨ ᠠᠵᠢᠯ ᠤᠨ ᠲᠣᠭᠲᠠᠴᠠ ᠶᠣᠰᠣᠭᠠᠷ ᠱᠤᠸᠠᠩ ᠯᠢᠶᠠᠩ ᠪᠦᠯᠦᠭᠯᠡᠯ᠂ ᠳ᠋ᠠ ᠳ᠋ᠢ ᠰᠢᠶᠦ᠋ᠩ ᠰᠣᠷᠢᠨᠵᠢᠨ ᠮᠠᠲ᠋ᠧᠷᠢᠶᠠᠯ᠂ ᠶᠢᠩ ᠰᠧ ᠲᠧ ᠬᠤᠪᠣᠷ ᠰᠢᠷᠣᠢ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠸᠧᠢ ᠹᠧᠩ ᠰᠢᠨ᠎ᠡ ᠮᠠᠲ᠋ᠧᠷᠢᠶᠠᠯ ᠤᠨ ᠬᠡᠲᠦ ᠨᠢᠮᠭᠡᠨ ᠬᠠᠨᠳᠤᠰᠢ ᠪᠦᠬᠦᠢ ᠴᠠᠬᠢᠭᠤᠷᠲᠤ ᠪᠣᠯᠣᠳ ᠪᠦᠰᠡ᠂ ᠮᠢᠩ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠭᠢᠯᠠᠶᠢᠯᠭᠠᠬᠤ ᠮᠠᠲ᠋ᠧᠷᠢᠶᠠᠯ ᠵᠡᠷᠭᠡ ᠲᠥᠷᠥᠯ ᠵᠦᠢᠯ ᠢ ᠪᠦᠬᠦ ᠲᠠᠯ᠎ᠠ ᠪᠠᠷ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ ᠠᠬᠢᠭᠤᠯᠤᠨ᠎ᠠ᠃ 10 ᠳ᠋ᠤᠭᠠᠷ ᠰᠠᠷ᠎ᠠ ᠶᠢᠨ ᠳᠤᠮᠳᠠᠴᠢ ᠪᠣᠯᠲᠠᠯ᠎ᠠ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤᠨ ᠶᠡᠷᠦᠩᠬᠡᠶ ᠪᠠᠯᠠ ᠣᠷᠣᠭᠤᠯᠤᠯᠲᠠ 560 . 77 ᠳ᠋ᠦᠩᠰᠢᠭᠤᠷ ᠲᠥᠭᠦᠷᠢᠭ ᠤᠨ 96 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠨᠣᠷᠮ᠎ᠠ᠂ ᠭᠠᠷᠳᠠᠮ ᠭᠦᠢᠴᠡᠳᠬᠡᠵᠦ ᠳᠠᠭᠤᠰᠬᠠᠭᠰᠠᠨ ᠨᠣᠷᠮ᠎ᠠ ᠴᠥᠮ 100 % ᠶᠢ ᠪᠡᠶᠡᠯᠡᠭᠦᠯᠵᠦ᠂ ᠨᠡᠶᠢᠲᠡ 163 . 11 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠪᠥᠬᠦ ᠵᠢᠯ ᠤᠨ ᠲᠥᠯᠥᠪᠯᠡᠭᠡ ᠶᠢᠨ 95 % ᠶᠢ ᠪᠡᠶᠡᠯᠡᠭᠦᠯᠪᠡ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠬᠦᠴᠦᠯᠡᠨ ᠰᠠᠶᠢᠲᠤᠷ ᠠᠳᠬᠤᠵᠤ᠂ 9 ᠰᠠᠷ᠎ᠠ ᠶᠢᠨ ᠰᠡᠭᠦᠯᠴᠢ ᠪᠣᠯᠲᠠᠯ᠎ᠠ᠂ 510 ᠠᠵᠤ ᠠᠬᠤᠶᠢᠯᠠᠯ ᠢ ᠵᠣᠯᠭᠠᠭᠤᠯᠤᠭᠰᠠᠨ ᠪᠠᠶᠢᠨ᠎ᠠ᠃ ᠡᠭᠦᠨ ᠳᠤ᠂ ᠳᠡᠯᠡᠬᠡᠶ ᠶᠢᠨ 500 ᠬᠦᠴᠦᠷᠬᠡᠭ 35᠂ ᠳᠤᠮᠳᠠᠳᠤ ᠤᠯᠤᠰ ᠤᠨ 500 ᠬᠦᠴᠦᠷᠬᠡᠭ 34 ᠂ ᠠᠷᠠᠳ ᠠᠴᠠ ᠡᠵᠡᠩᠨᠡᠭᠰᠡᠨ 500 ᠬᠦᠴᠦᠷᠬᠡᠭ 17᠂ ᠬᠥᠲᠥᠴᠢ ᠠᠵᠤ ᠠᠬᠤᠶᠢᠯᠠᠯ 76 ᠪᠣᠶ  ᠃ 77 ᠲᠥᠷᠥᠯ ᠵᠦᠢᠯ ᠳᠤ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ 1085 ᠳ᠋ᠦᠩᠰᠢᠭᠤᠷ ᠲᠥᠭᠦᠷᠢᠭ ᠲᠤ ᠬᠥᠷᠪᠡ᠃     ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠦᠷᠭᠦᠯᠵᠢᠯᠡᠨ ᠰᠠᠶᠢᠲᠤᠷ ᠠᠳᠬᠤᠵᠤ᠂ ︽ᠨᠢᠭᠡ ᠤᠴᠢᠷ ᠢ ᠨᠢᠭᠡ ᠯᠡ ᠤᠳᠠᠭ᠎ᠠ ᠳᠤ ᠰᠢᠢᠳᠪᠦᠷᠢᠯᠡᠭᠦ︾ ᠵᠢᠴᠢ ᠠᠵᠤ ᠠᠬᠤᠶᠢᠯᠠᠯ ᠤᠨ ︽ᠰᠦᠯᠵᠢᠶᠡᠵᠢᠭᠰᠡᠨ  ᠦᠢᠯᠡᠴᠢᠯᠡᠭᠡ︾᠂ ︽ᠬᠠᠪᠰᠤᠷᠤᠨ ᠣᠷᠣᠯᠠᠨ ᠬᠦᠢᠴᠡᠳᠭᠡᠭᠦ ᠲᠦᠷᠢᠮ︾᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠵᠡᠷᠭᠡ ᠥᠭᠡᠷᠡᠴᠢᠯᠡᠯᠲᠡ ᠶᠢ ᠶᠡᠭᠡ ᠪᠠᠷ ᠠᠬᠢᠭᠤᠯᠤᠨ᠎ᠠ᠃ 521 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠥᠬᠦ ᠬᠤᠲᠠ ᠶᠢᠨ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠣᠷᠣᠭᠤᠯᠵᠤ᠂ ᠨᠢᠭᠡ ᠯᠡ ᠤᠳᠠᠭ᠎ᠠ ᠳᠤ ᠬᠦᠢᠴᠡᠳᠭᠡᠭᠦ᠂ ᠰᠦᠯᠵᠢᠶ᠎ᠡ ᠪᠠᠷ ᠬᠦᠢᠴᠡᠳᠭᠡᠭᠦ ᠵᠦᠢᠯᠡᠰ ᠤᠨ ᠡᠵᠡᠯᠡᠬᠦ ᠬᠠᠷᠢᠴᠠᠯ ᠢ 100 % ᠪᠠᠶᠢᠯᠭᠠᠵᠤ᠂ ᠠᠮᠠᠯᠠᠯᠲᠠ ᠶᠢᠨ ᠴᠠᠭ ᠤᠨ ᠬᠢᠵᠠᠭᠠᠷ ᠢ 91 % ᠪᠠᠭᠠᠰᠬᠠᠪᠠ᠃ ᠬᠢᠨᠠᠨ ᠵᠥᠪᠰᠢᠶᠡᠷᠡᠬᠦ ᠲᠢᠩᠬᠢᠮ ᠤᠨ ︽24 ᠴᠠᠭ︾ ᠤᠨ ᠥᠪᠡᠰᠦᠪᠡᠨ ᠦᠢᠯᠡᠴᠢᠯᠡᠭᠦ ᠣᠷᠣᠨ ᠢ ᠪᠠᠶᠢᠭᠤᠯᠵᠤ᠂ 153 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠴᠣᠩᠬᠤᠪᠴᠢ ᠮᠠᠶ᠋ᠢᠭ︾ ᠤᠨ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠭᠦ ᠥᠭᠡᠷᠡᠴᠢᠯᠡᠯᠲᠡ ᠶᠢᠨ ᠬᠡᠪᠴᠢᠶᠡᠨ ᠳᠤ ᠣᠷᠣᠭᠤᠯᠪᠠ᠃ ︽ᠭᠠᠵᠠᠷ ᠡᠵᠡᠯᠡᠬᠦ ᠲᠥᠷᠥᠯ ᠤᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠦᠢᠯᠡᠴᠢᠯᠡᠭᠡᠨ ᠤ ᠴᠤᠪᠤᠷᠠᠯ ᠢ ᠳᠠᠬᠢᠨ ᠵᠣᠬᠢᠶᠠᠬᠤ ᠲᠥᠰᠦᠯ︾ ᠢ ᠲᠣᠭᠲᠠᠭᠠᠵᠤ᠂ ᠪᠥᠬᠦ ᠴᠤᠪᠤᠷᠠᠯ ᠤᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 90 % ᠪᠠᠷ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠣᠷᠣᠪᠠ᠃    ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠠᠳ ᠤᠨ ᠠᠮᠢᠳᠤᠷᠠᠯ ᠤᠨ ᠠᠵᠢᠯ ᠣᠯᠭᠤᠯᠲᠠ ᠶᠢ ᠰᠠᠶᠢᠵᠢᠷᠠᠭᠤᠯᠵᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠨ᠂ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠲᠤᠰᠠᠯᠠᠮᠵᠢ ᠦᠵᠡᠭᠦᠯᠬᠦ ᠶᠢ ᠨᠠᠶᠢᠳᠠᠪᠤᠷᠢᠵᠢᠭᠤᠯᠵᠤ᠂ ᠲᠦᠷᠦᠭᠦᠦ ᠭᠤᠷᠪᠠᠨ ᠤᠯᠠᠷᠢᠯ ᠳᠤ ᠬᠤᠲᠠ ᠪᠠᠯᠭᠠᠰᠤᠨ ᠤ 2576 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ 788 ᠬᠥᠮᠦᠨ ᠳᠤ ᠳᠠᠬᠢᠨ ᠠᠵᠢᠯ ᠣᠯᠭᠤᠵᠤ᠂ ᠠᠵᠢᠯ ᠤᠯᠬᠤ ᠳᠤ ᠬᠦᠴᠢᠷᠲᠡᠶ 308 ᠬᠥᠮᠦᠨ ᠳᠤ ᠳᠠᠬᠢᠨ ᠠᠵᠢᠯ ᠣᠯᠭᠤᠪᠠ  ᠃ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠢᠳᠡᠪᠬᠢᠲᠡᠢ ᠵᠣᠬᠢᠶᠠᠨ ᠪᠠᠶᠢᠭᠤᠯᠵᠤ᠂ 53 ᠠᠳᠠᠯ ᠦᠢᠯᠡᠰ ᠴᠣᠭᠴᠠᠯᠠᠭᠴᠢ ᠪᠠ 12 ᠵᠢᠵᠢᠭ ᠪᠢᠴᠢᠯ ᠠᠵᠤ ᠠᠬᠤᠶᠢᠯᠠᠯ ᠳᠤ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢ ᠨᠡᠶᠢᠲᠡ 2163 ᠲᠦᠮᠡᠨ ᠲᠥᠭᠦᠷᠢᠭ ᠲᠠᠷᠬᠠᠭᠠᠪᠠ᠃
 
ᠢᠷᠡᠯᠲᠡ᠄ ᠪᠤᠭᠤᠲᠤ ᠬᠤᠳᠠ ᠶᠢᠨ ᠶᠢᠨ ᠬᠤᠪᠣᠷ ᠰᠢᠷᠣᠢ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号