2020 ᠣᠨ ᠳᠤ ᠳᠡᠭᠡᠳᠦ ᠰᠢᠨ᠎ᠡ ᠮᠡᠷᠭᠡᠵᠢᠯ ᠤᠨ ᠣᠷᠣᠨ 72 ᠲᠥᠷᠥᠯ ᠵᠦᠢᠯ ᠤᠨ ᠭᠡᠷ᠎ᠡ ᠲᠣᠭᠳᠠᠪᠠ
ᠨᠡᠶᠢᠲᠡᠯᠡᠭᠰᠡᠨ ᠴᠠᠭ᠄
2021/2/23
    ᠣᠶᠢᠷ᠎ᠠ ᠳᠤ᠂ ᠪᠤᠭᠤᠲᠤ ᠬᠤᠲᠠ ᠶᠢᠨ 2020 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠬᠢᠷᠢ ᠪᠦᠲᠦᠮᠵᠢ ᠶᠢᠨ ᠬᠠᠭᠤᠳᠠᠰᠤ ᠶᠢ ᠨᠡᠶᠢᠲᠡᠯᠡᠪᠡ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠡᠶᠢᠲᠡ 72 ᠲᠥᠷᠥᠯ  ᠵᠦᠢᠯ ᠤᠨ ᠭᠡᠷ᠎ᠡ ᠲᠣᠭᠲᠠᠵᠤ᠂ ᠲᠣᠰ ᠣᠷᠣᠨ ᠤ ᠪᠥᠬᠦ ᠵᠢᠯ ᠤᠨ ᠬᠠᠷᠠᠯᠲᠠ ᠡᠭᠦᠷᠭᠡ ᠶᠢᠨ 206 %᠎ ᠶᠢ ᠪᠡᠶᠡᠯᠡᠭᠦᠯᠵᠦ᠂ ᠪᠥᠬᠦ ᠬᠤᠲᠠ ᠳᠤ ᠨᠢᠭᠡᠳᠦᠭᠡᠷ ᠲᠤ ᠵᠢᠭᠰᠠᠨ᠂ ᠵᠥᠪᠯᠡᠯᠴᠡᠭᠡᠷ ᠤᠨ ᠶᠡᠷᠦᠩᠬᠡᠶ ᠪᠠᠯᠠ ᠣᠷᠣᠭᠤᠯᠤᠯᠲᠠ 370 . 82 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠵᠢᠯ ᠤᠨ ᠬᠠᠷᠠᠯᠲᠠ ᠡᠭᠦᠷᠭᠡ ᠶᠢᠨ 176 %᠎ ᠶᠢ ᠪᠡᠶᠡᠯᠡᠭᠦᠯᠪᠡ᠃ ᠡᠭᠦᠨ ᠳᠤ᠂ 68 ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠨᠠᠶᠢᠳᠠᠪᠦᠷᠢᠵᠢᠭᠤᠯᠣᠭᠰᠠᠨ ᠲᠦᠷᠦᠯ ᠵᠦᠢᠯ ᠤᠨ ᠪᠡᠯᠨ ᠣᠷᠣᠭᠤᠯᠣᠯᠳᠠ 146 ᠳ᠋ᠦᠩᠰᠢᠭᠤᠷ ᠲᠥᠭᠦᠷᠢᠭ ᠲᠤ ᠬᠦᠷᠴᠣ᠂ ᠬᠤᠶᠠᠷ ᠵᠦᠢᠯ ᠤᠨ ᠭᠦᠢᠴᠡᠳᠬᠡᠯ ᠲᠤᠭ᠎ᠠ ᠨᠢ ᠴᠥᠮ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ ᠨᠢᠳᠤᠨᠤᠨ ᠠᠴᠠ ᠨᠠᠭᠠᠰᠢ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠴᠢᠨᠠᠷ ᠰᠠᠶᠢᠲᠠᠶ ᠬᠥᠭᠵᠢᠯᠲᠡ ᠶᠢᠨ ᠲᠣᠭᠤᠷᠢᠨ ᠳᠤ᠂ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠪᠣᠶ ᠪᠣᠯᠭᠠᠵᠤ᠂ ᠨᠠᠶᠢᠳᠠᠵᠤ ᠬᠤᠳᠠᠯᠳᠤᠭᠠᠴᠢᠨ ᠤᠷᠢᠬᠤ᠂ ᠠᠵᠤ ᠠᠬᠤᠶᠢᠯᠠᠯ ᠢᠶᠠᠷ ᠬᠤᠳᠠᠯᠳᠤᠭᠠᠴᠢᠨ ᠤᠷᠢᠬᠤ᠂ ᠠᠵᠤ  ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠵᠡᠷᠭᠡ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠤᠪᠣᠷ ᠰᠢᠷᠣᠶ᠂ ᠥᠩᠭᠡᠲᠦ ᠲᠡᠮᠦᠷᠯᠢᠭ ᠢ ᠭᠦᠨᠵᠡᠭᠡᠶ ᠪᠣᠯᠪᠠᠰᠤᠷᠠᠭᠤᠯᠬᠤ ᠵᠡᠷᠭᠡ ᠭᠤᠤᠯᠯᠠᠬᠤ ᠠᠵᠤ  ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ ᠤᠷᠲᠤᠳᠬᠠᠵᠤ᠂ ᠠᠵᠠ ᠲᠣᠬᠢᠶᠠᠯ ᠢ ᠠᠮᠵᠢᠨ᠂ ᠤᠰᠤᠲᠥ᠋ᠷᠥᠭᠴᠢ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠪᠠᠶᠢᠯᠳᠤᠬᠤ ᠪᠣᠳᠣᠯᠭ᠎ᠠ ᠶᠢᠨ ᠰᠢᠨ᠎ᠡ ᠪᠠᠷ ᠬᠥᠭᠵᠢᠭᠰᠡᠨ ᠠᠵᠤ  ᠦᠢᠯᠡᠰ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠣᠨ ᠣᠯᠠᠨ ᠲᠠᠰ ᠳᠠᠪᠬᠤᠷᠭ᠎ᠠ᠂ ᠡᠯ᠎ᠡ ᠬᠦᠷᠢᠶ᠎ᠡ ᠴᠠᠷᠠᠭ᠎ᠠ᠂ ᠪᠥᠬᠦ ᠲᠠᠯ᠎ᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠢᠨ᠎ᠡ ᠪᠠᠶᠢᠷᠢᠰᠢᠯ ᠢ ᠪᠣᠶ ᠪᠣᠯᠭᠠᠪᠠ᠃ ᠨᠢᠳᠤᠨᠤᠨ ᠤ 10 ᠰᠠᠷ᠎ᠠ ᠠᠴᠠ ᠨᠠᠭᠠᠰᠢ᠂ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠨᠠᠷᠠᠲᠤ ᠠᠵᠤ ᠠᠬᠤᠶᠢᠯᠠᠯ᠂ ᠬᠥᠭᠵᠢᠭᠰᠡᠨ ᠭᠠᠵᠠᠷ ᠣᠷᠣᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ᠂ ᠲᠤᠰᠬᠠᠶ ᠮᠡᠷᠭᠡᠵᠢᠯ ᠤᠨ ᠦᠵᠡᠰᠬᠦᠯᠡᠩ ᠳᠤ ᠣᠷᠣᠵᠤ᠂ ᠠᠵᠤ  ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠷᠠᠭᠤᠯᠬᠤ ᠶᠢᠨ ᠲᠣᠭᠤᠷᠢᠨ ᠳᠤ᠂ ︽ᠬᠤᠶᠠᠷ ᠢ ᠤᠷᠢᠵᠤ ᠬᠤᠶᠠᠷ ᠢ ᠲᠠᠲᠠᠬᠤ︾ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠲᠥᠰᠦᠯ ᠢ ᠲᠣᠭᠲᠠᠭᠠᠵᠤ᠂ 12 ᠠᠵᠤ  ᠦᠢᠯᠡᠰ ᠬᠤᠪᠢᠶᠠᠨ ᠳᠡᠯᠡᠬᠡᠶ ᠶᠢᠨ 500 ᠬᠦᠴᠦᠷᠬᠡᠭ᠂ ᠳᠤᠮᠳᠠᠳᠤ ᠤᠯᠤᠰ ᠤᠨ 500 ᠬᠦᠴᠦᠷᠬᠡᠭ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 500 ᠬᠦᠴᠦᠷᠬᠡᠭ ᠢ ᠡᠮᠬᠢᠯᠡᠵᠦ᠂ ︽ᠥᠨᠳᠥᠷ ᠲᠣᠮᠣ︾᠂ ︽ᠰᠢᠨ᠎ᠡ ᠪᠠᠷ ᠮᠠᠨᠳᠤᠭᠰᠠᠨ︾᠂ ︽ᠰᠠᠶᠢᠨ ᠬᠦᠴᠦᠷᠬᠡᠭ︾᠂ ︽ᠵᠢᠵᠢᠭ ᠪᠢᠴᠢᠯ︾ ᠲᠥᠷᠥᠯ ᠵᠦᠢᠯ ᠢ ᠬᠠᠮᠲᠤ ᠪᠠᠷ ᠲᠠᠲᠠᠬᠤ ᠪᠠ ᠬᠠᠮᠲᠤ ᠪᠠᠷ ᠪᠠᠶᠢᠭᠤᠯᠬᠤ ᠶᠢ ᠪᠠᠷᠢᠮᠲᠠᠯᠠᠪᠠ᠃    ᠠᠷᠠᠯᠵᠢᠶᠠᠴᠢᠨ ᠤᠷᠢᠵᠤ ᠪᠡᠯᠡ ᠲᠠᠲᠠᠬᠤ ᠶᠡᠭᠡ ᠠᠶᠢᠯᠴᠢᠯᠠᠯᠲᠠ᠂ ᠶᠡᠭᠡ ᠵᠣᠯᠭᠠᠯᠴᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠷᠠᠯᠵᠢᠶᠠᠴᠢᠨ ᠤᠷᠢᠬᠤ ᠪᠠᠷ ᠳᠠᠮᠵᠢᠨ ᠱᠠᠩᠬᠠᠢ ᠶᠢᠨ ᠮᠠᠰᠢᠨ ᠲᠡᠷᠭᠡᠨ ᠤ ᠪᠦᠯᠦᠭᠯᠡᠯ᠂ ᠱᠠᠩᠬᠠᠢ ᠶᠢᠨ ᠶᠦᠨ ᠭᠠᠩ ᠰᠦᠯᠵᠢᠶ᠎ᠡ᠂ ᠱᠠᠩᠬᠠᠢ ᠶᠢᠨ ᠪᠥᠸᠧ ᠤᠰᠤᠲᠥ᠋ᠷᠥᠭᠴᠢ ᠡᠨᠧᠷᠭᠢ᠂ ᠰᠦᠵᠧᠦ ᠶᠢᠨ ᠭᠤᠤ ᠮᠠᠢ ᠰᠢᠨ᠎ᠡ ᠡᠨᠧᠷᠭᠢ ᠵᠡᠷᠭᠡ ᠨᠡᠷᠡᠲᠦ ᠠᠵᠤ ᠠᠬᠤᠶᠢᠯᠠᠯ ᠲᠠᠢ ᠬᠡᠯᠡᠯᠴᠡᠭᠡᠷ ᠬᠢᠪᠠ  ᠃  ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠶᠢᠨ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠵᠢᠶᠠᠩᠰᠦ ᠶᠢᠨ ᠾᠧᠩ ᠲᠦᠩ ᠪᠦᠯᠦᠭᠯᠡᠯ ᠤᠨ ᠲᠡᠮᠦᠷᠯᠢᠭ ᠤᠨ ᠬᠠᠶᠢᠯᠤᠰᠢ ᠶᠢᠨ ᠲᠥᠷᠥᠯ ᠵᠦᠢᠯ ᠵᠡᠷᠭᠡ ᠨᠢᠭᠡ ᠪᠦᠯᠦᠭ  ᠦᠢᠯᠡᠳᠪᠦᠷᠢᠯᠡᠬᠦ ᠵᠢᠭᠠᠬᠤ ᠰᠤᠳᠤᠯᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠦᠷᠭᠦᠯᠵᠢᠯᠡᠨ ᠨᠡᠭᠡᠭᠡᠯᠲᠡ ᠬᠢᠬᠦ ᠶᠢ ᠠᠳᠬᠤᠬᠤ᠂ ᠬᠠᠮᠲᠤᠷᠠᠯᠴᠠᠭ᠎ᠠ ᠶᠢ ᠠᠬᠢᠭᠤᠯᠣᠨ ᠣᠯᠠᠮ ᠨᠢᠭᠡ ᠠᠯᠬᠤᠮ ᠬᠤᠳᠠᠯᠳᠤᠭᠠᠴᠢᠨ ᠤᠷᠢᠬᠤ ᠰᠢᠯᠢᠳᠡᠭ ᠣᠷᠴᠢᠨ ᠢ  ᠪᠣᠢ ᠪᠣᠯᠭᠠᠵᠣ ᠪᠣᠢ᠃ ︵ᠰᠤᠷᠪᠤᠯᠵᠢᠯᠠᠭᠴᠢ᠄ ᠵᠢᠶᠠ ᠲᠢᠩ ᠲᠢᠩ︶᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号