ᠮᠠᠯ ᠠᠵᠤ ᠠᠬᠤᠢ ᠮᠠᠨᠢ ᠴᠢᠨᠠᠷ ᠰᠠᠶᠢᠳᠠᠢ ᠬᠦᠭᠵᠢᠯᠳᠡ ᠶᠢᠨ ᠵᠠᠮ ᠢᠶᠠᠷ ᠵᠠᠮᠨᠠᠬᠤ ᠤᠴᠢᠷᠳᠠᠢ ᠪᠢᠯᠡ᠃ ᠴᠠᠭ ᠦᠶ᠎ᠡ ᠶᠢᠨ | ᠱᠠᠭᠠᠷᠳᠠᠯᠭ᠎ᠠ᠂ ᠵᠠᠬ᠎ᠠ ᠳᠡᠯᠭᠡᠬᠦᠷ ᠤᠨ ᠱᠠᠭᠠᠷᠳᠠᠯᠭ᠎ᠠ᠂ ᠨᠡᠶᠢᠭᠡᠮ ᠤᠨ ᠬᠦᠭᠵᠢᠯᠳᠡ ᠶᠢᠨ ᠬᠠᠨᠳᠤᠰᠢ ᠶᠢᠨ ᠱᠠᠭᠠᠷᠳᠠᠯᠭ᠎ᠠ ᠭᠡᠳ | ᠳᠠᠯ᠎ᠠ ᠳᠠᠯ᠎ᠠ ᠶᠢᠨ ᠬᠦᠭᠵᠢᠯᠳᠡ ᠨᠢ ᠮᠠᠯ ᠠᠵᠤ ᠠᠬᠤᠢ ᠳᠤ ᠬᠡᠪᠴᠢᠶᠡᠵᠢᠭᠰᠡᠨ᠂ ᠳᠤᠰᠬᠠᠢᠢᠵᠢᠭᠰᠠᠨ᠂ ᠴᠢᠨᠠᠷᠵᠢᠭᠰᠠᠨ ᠁ | ᠤᠯᠠᠨ ᠳᠠᠯ᠎ᠠ ᠶᠢᠨ ᠱᠠᠭᠠᠷᠳᠠᠯᠭ᠎ᠠ ᠶᠢ ᠳᠠᠯᠪᠢᠬᠤ ᠪᠤᠯᠪᠠ᠃ ᠬᠡᠪᠴᠢᠶᠡᠵᠢᠵᠦ ᠳᠤᠰᠬᠠᠢᠢᠵᠢᠵᠦ ᠴᠢᠨᠠᠷᠵᠢᠨ ᠬᠦᠭᠵᠢᠬᠦ ᠨᠢ ᠴᠢᠨᠠᠷ | ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ᠃ ᠭᠡᠬᠦ ᠳᠤ ᠪᠠᠨ ᠤᠷᠤᠨ ᠨᠤᠲᠤᠭ ᠲᠤ ᠪᠠᠨ ᠳᠤᠬᠢᠷᠠᠬᠤ᠂ ᠪᠠᠶᠢᠭᠠᠯᠢ ᠠᠬᠤᠢ ᠶᠢᠨ | ᠵᠢᠮ᠎ᠠ ᠶᠤᠰᠤ ᠲᠠᠢ ᠵᠤᠬᠢᠴᠠᠬᠤ᠂ ᠦᠨᠡᠨᠬᠦ ᠪᠤᠬᠢᠷᠳᠤᠯ ᠦᠭᠡᠢ ᠬᠦᠭᠵᠢᠯᠳᠡ ᠶᠢᠨ ᠱᠠᠭᠠᠷᠳᠠᠯᠭ᠎ᠠ ᠳᠤ ᠬᠦᠷᠴᠦ ᠴᠢᠳᠠᠬᠤ᠂ ᠮᠠᠯ | ᠠᠵᠤ ᠠᠬᠤᠢ ᠠᠴᠠ ᠪᠠᠨ ᠬᠦᠷᠳᠡᠵᠦ ᠪᠠᠶᠢᠬᠤ ᠠᠰᠢᠭ ᠳᠤᠰᠠ ᠴᠤᠬᠤᠮ ᠶᠠᠮᠠᠷ ᠪᠠᠶᠢᠭ᠎ᠠ ᠵᠡᠷᠭᠡ ᠳᠠᠯ᠎ᠠ ᠶᠢᠨ ᠱᠠᠭᠠᠷᠳᠠᠯᠭ᠎ᠠ ᠪᠤᠯ | ᠦᠨᠳᠦᠰᠦ ᠰᠠᠭᠤᠷᠢ ᠨᠢ ᠶᠤᠮ᠃ | ᠨᠢᠭᠡ ᠮᠠᠯᠴᠢᠨ ᠠᠶᠢᠯ ᠦᠭᠡᠷ ᠤᠨ ᠢᠶᠠᠨ ᠡᠬᠦᠯᠳᠡᠷ ᠢ ᠰᠠᠶᠢᠵᠢᠷᠠᠭᠤᠯᠤᠭᠠᠳ ᠪᠦᠬᠦᠨ ᠢ ᠰᠢᠮᠧᠨ᠋ᠲ᠋ᠠᠷ ᠪᠤᠯᠭᠠᠭᠰᠠᠨ ᠭᠡᠵᠦ | ᠪᠤᠳᠤᠶ᠎ᠠ᠃ ᠤᠷᠤᠨ ᠨᠤᠲᠤᠭ ᠤᠨ ᠠᠭᠤᠷ ᠠᠮᠢᠰᠬᠤᠯ᠂ ᠠᠷᠠᠴᠢᠯᠠᠭ᠎ᠠ ᠮᠠᠯᠵᠢᠯᠭ᠎ᠠ ᠶᠢᠨ ᠠᠷᠭ᠎ᠠ ᠳᠡᠮ ᠳᠤ ᠨᠢ ᠳᠤᠬᠢᠷᠠᠬᠤ | ᠦᠭᠡᠢ ᠪᠠᠶᠢᠪᠠᠯ ᠶᠠᠭᠠᠬᠢᠬᠤ ᠪᠤᠢ⁈ ᠤᠷᠤᠨ ᠨᠤᠲᠤᠭ ᠤᠨ ᠠᠭᠤᠷ ᠠᠮᠢᠰᠬᠤᠯ᠂ ᠡᠪᠡᠰᠦ ᠤᠷᠭᠤᠮᠠᠯ ᠤᠨ ᠪᠠᠶᠢᠳᠠᠯ᠂ | ᠪᠠᠶᠢᠭᠠᠯᠢ ᠶᠢᠨ ᠤᠷᠴᠢᠨ ᠨᠦᠬᠦᠴᠡᠯ ᠨᠢ ᠮᠠᠯ ᠠᠵᠤ ᠠᠬᠤᠢ ᠶᠢᠨ ᠰᠠᠭᠤᠷᠢ ᠨᠦᠬᠦᠴᠡᠯ ᠪᠤᠯᠳᠠᠭ ᠤᠴᠢᠷ ᠠᠴᠠ ᠮᠠᠯ ᠤᠨ ᠢᠶᠠᠨ | ᠡᠬᠦᠯᠳᠡᠷ ᠢ ᠰᠠᠶᠢᠵᠢᠷᠠᠭᠤᠯᠬᠤ ᠳᠤ ᠪᠠᠨ ᠤᠷᠢᠳᠠᠴᠢ ᠨᠦᠬᠦᠴᠡᠯ ᠢᠶᠠᠨ ᠠᠩᠬᠠᠷᠬᠤ ᠨᠢ ᠵᠦᠪ ᠪᠢᠯᠡ᠃ ᠵᠠᠷᠢᠮ ᠨᠤᠲᠤᠭ ᠲᠤ | ᠦᠭᠡᠷ ᠮᠠᠯᠵᠢᠬᠤ ᠨᠢ ᠳᠤᠬᠢᠷᠠᠮᠵᠢᠳᠠᠢ᠂ ᠭᠡᠳᠡᠯ᠎ᠠ ᠵᠠᠷᠢᠮ ᠭᠠᠵᠠᠷ ᠪᠤᠭ ᠮᠠᠯ ᠮᠠᠯᠵᠢᠬᠤ ᠳᠤ ᠳᠤᠬᠢᠷᠠᠮᠵᠢᠳᠠᠢ ᠪᠠᠶᠢᠳᠠᠭ᠃ ᠡᠨᠡ | ᠪᠤᠯ ᠦᠨᠡᠨᠬᠦ ᠴᠢᠨᠠᠷ ᠰᠠᠶᠢᠳᠠᠢ ᠬᠦᠭᠵᠢᠯᠳᠡ ᠶᠢᠨ ᠵᠠᠮ ᠢᠶᠠᠷ ᠶᠠᠪᠤᠵᠦ ᠳᠡᠶᠢᠯᠬᠦ ᠡᠰᠡᠬᠦ ᠶᠢᠨ ᠰᠠᠭᠤᠷᠢ᠃ ᠪᠤᠭ ᠮᠠᠯ ᠮᠠᠯᠵᠢᠪᠠᠯ | ᠳᠤᠬᠢᠷᠠᠬᠤ ᠭᠠᠵᠠᠷ ᠤᠷᠤᠨ ᠳᠤ ᠪᠤᠳᠠ ᠮᠠᠯ ᠮᠠᠯᠵᠢᠭᠰᠠᠨ ᠢᠶᠠᠷ ᠦᠷ᠎ᠡ ᠠᠰᠢᠭ ᠨᠢ ᠶᠠᠷᠢᠶᠠᠨ ᠦᠭᠡᠢ ᠰᠠᠨᠠᠭᠠᠨ ᠳᠤ ᠬᠦᠷᠦᠮ᠎ᠡ | ᠦᠭᠡᠢ ᠪᠤᠯᠵᠦ ᠤᠴᠢᠨ᠎ᠠ᠃ ᠤᠷᠤᠨ ᠨᠤᠲᠤᠭ ᠤᠨ ᠤᠨᠴᠠᠯᠢᠭ ᠲᠤ ᠪᠠᠨ ᠳᠤᠬᠢᠷᠠᠭᠤᠯᠵᠦ ᠳᠡᠶᠢᠯᠬᠦ ᠡᠰᠡᠬᠦ ᠪᠠᠷ ᠮᠠᠯ ᠠᠵᠤ | ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢᠨ ᠰᠠᠭᠤᠷᠢ ᠳᠠᠯᠪᠢᠭᠳᠠᠳᠠᠭ ᠭᠡᠪᠡᠯ ᠪᠤᠷᠤᠭᠤᠳᠠᠬᠤ ᠤᠴᠢᠷ ᠦᠭᠡᠢ᠃ | ᠬᠦᠭᠵᠢᠯᠳᠡ ᠶᠢᠨ ᠳᠤᠮᠳᠠ ᠠᠷᠭ᠎ᠠ ᠵᠠᠮ ᠶᠡᠭᠡ ᠴᠢᠬᠤᠯᠠ᠃ ᠨᠡᠶᠢᠭᠡᠮ ᠶᠠᠭᠠᠬᠢᠵᠦ ᠬᠦᠭᠵᠢᠭᠰᠡᠨ ᠴᠦ ᠪᠠᠶᠢᠭᠠᠯᠢ | ᠠᠬᠤᠢ ᠶᠢᠨ ᠵᠢᠮ᠎ᠠ ᠶᠤᠰᠤ ᠲᠠᠢ ᠵᠤᠬᠢᠴᠠᠭᠰᠠᠨ ᠬᠦᠭᠵᠢᠯᠳᠡ ᠨᠢ ᠤᠷᠳᠤ ᠤᠳᠠᠭᠠᠨ ᠤ ᠬᠢ ᠪᠠᠶᠢᠳᠠᠭ᠃ ᠪᠠᠶᠢᠭᠠᠯᠢ ᠶᠢᠨ ᠵᠢᠮ᠎ᠠ | ᠶᠤᠰᠤ ᠲᠠᠢ ᠵᠦᠷᠢᠴᠡᠯᠳᠦᠭᠰᠡᠨ ᠡᠰᠡᠷᠬᠦᠴᠡᠯᠳᠦᠭᠰᠡᠨ ᠬᠦᠭᠵᠢᠯᠳᠡ ᠨᠢ ᠨᠢᠳᠦᠨ ᠡᠮᠦᠨᠡᠬᠢ ᠪᠠᠶᠢᠵᠦ᠂ ᠳᠦᠷ ᠵᠠᠭᠤᠷ᠎ᠠ | ᠬᠦᠮᠦᠨ ᠤ ᠨᠢᠳᠦ ᠶᠢ ᠬᠠᠭᠤᠷᠳᠠᠭ ᠶᠤᠮ᠃ ᠡᠴᠦᠰ ᠤᠨ ᠡᠴᠦᠰ ᠲᠤ ᠪᠠᠶᠢᠭᠠᠯᠢ ᠶᠢᠨ ᠵᠢᠮ᠎ᠠ ᠬᠠᠤᠯᠢ ᠶᠢ ᠬᠦᠨᠳᠦᠳᠭᠡᠭᠰᠡᠨ ᠨᠢ | ᠵᠦᠪ ᠵᠦᠢᠳᠡᠢ ᠦᠷ᠎ᠡ ᠠᠰᠢᠭ ᠢ ᠬᠦᠷᠳᠡᠴᠢᠭᠡᠭᠰᠡᠨ ᠪᠠᠶᠢᠳᠠᠭ᠃ ᠤᠯᠠᠩᠬᠢ ᠬᠦᠮᠦᠨ ᠨᠢᠳᠦᠨ ᠡᠮᠦᠨᠡᠬᠢ ᠠᠰᠢᠭ ᠲᠤ | ᠬᠠᠭᠤᠷᠳᠠᠬᠤ ᠨᠢ ᠶᠡᠭᠡ᠂ ᠬᠠᠷᠢᠨ ᠤᠯᠠᠨ ᠵᠢᠯ ᠤᠨ ᠳᠠᠷᠠᠭᠠᠬᠢ ᠪᠤᠶᠤ ᠡᠴᠦᠰ ᠤᠨ ᠡᠴᠦᠰ ᠲᠤ ᠶᠠᠭᠤ ᠦᠪᠡᠷ ᠲᠤ ᠨᠢ | ᠠᠰᠢᠭᠳᠠᠢ ᠪᠠᠶᠢᠬᠤ ᠶᠢ ᠪᠤᠳᠤᠬᠤ ᠨᠢ ᠴᠦᠭᠡᠨ᠃ ᠮᠠᠯ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠨᠢ ᠠᠷᠭ᠎ᠠ ᠵᠠᠮ ᠤᠨ | ᠬᠤᠪᠢ ᠳᠤ ᠪᠠᠶᠢᠭᠠᠯᠢ ᠪᠠᠨ ᠬᠦᠨᠳᠦᠳᠭᠡᠭᠰᠡᠨ᠂ ᠠᠯᠤᠰ ᠬᠤᠯᠠ ᠶᠢ ᠪᠤᠳᠤᠭᠰᠠᠨ ᠪᠠᠶᠢᠬᠤ ᠤᠴᠢᠷᠳᠠᠢ ᠮᠡᠳᠦ ᠰᠠᠨᠠᠭᠳᠠᠳᠠᠭ᠃ | ᠴᠢᠨᠠᠷ ᠰᠠᠶᠢᠳᠠᠢ ᠬᠦᠭᠵᠢᠯᠳᠡ ᠮᠦᠨ ᠡᠰᠡᠬᠦ ᠶᠢ ᠬᠠᠷᠠᠭᠤᠯᠵᠦ ᠴᠢᠳᠠᠬᠤ ᠨᠢ ᠦᠷ᠎ᠡ ᠠᠰᠢᠭ ᠶᠤᠮ᠃ ᠦᠨᠡᠨᠬᠦ ᠦᠷ᠎ᠡ | ᠠᠰᠢᠭ ᠲᠠᠢ ᠪᠠᠶᠢᠬᠤ ᠡᠰᠡᠬᠦ ᠨᠢ ᠴᠠᠭ ᠬᠤᠭᠤᠴᠠᠭᠠᠨ ᠤ ᠤᠳᠠᠭᠠᠨ ᠳᠤ ᠢᠯᠡᠷᠡᠳᠡᠭ᠃ ᠪᠠᠶᠢᠭᠠᠯᠢ ᠤᠷᠴᠢᠨ ᠳᠤ ᠪᠠᠨ | ᠪᠤᠬᠢᠷᠳᠤᠯ ᠦᠭᠡᠢ᠂ ᠦᠪᠡᠷ ᠤᠨ ᠢᠶᠠᠨ ᠤᠷᠤᠰᠢᠯ ᠪᠠᠶᠢᠳᠠᠯ ᠳᠤ ᠵᠤᠬᠢᠴᠠᠵᠦ ᠴᠢᠳᠠᠭᠰᠠᠨ᠂ ᠬᠦᠭᠵᠢᠯᠳᠡ ᠶᠢᠨ ᠬᠠᠨᠳᠤᠰᠢ ᠶᠠᠮᠠᠷ | ᠪᠤᠯᠤᠭᠰᠠᠨ ᠴᠦ ᠦᠪᠡᠷ ᠤᠨ ᠬᠢ ᠪᠠᠷ ᠢᠶᠠᠨ ᠦᠯᠡᠳᠡᠵᠦ ᠴᠢᠳᠠᠬᠤ ᠦᠷ᠎ᠡ ᠠᠰᠢᠭ ᠨᠢ ᠬᠡᠨ ᠬᠦᠮᠦᠨ ᠳᠤ ᠴᠦ ᠬᠠᠷᠰᠢᠯᠠᠭᠳᠠᠬᠤ | ᠦᠭᠡᠢ ᠪᠠᠶᠢᠵᠦ ᠴᠢᠳᠠᠳᠠᠭ᠃ ᠡᠶᠢᠮᠦ ᠦᠷ᠎ᠡ ᠠᠰᠢᠭ ᠨᠢ ᠨᠡᠶᠢᠭᠡᠮ ᠤᠨ ᠱᠠᠭᠠᠷᠳᠠᠯᠭ᠎ᠠ᠂ ᠵᠠᠬ᠎ᠠ ᠳᠡᠯᠭᠡᠬᠦᠷ ᠤᠨ ᠱᠠᠭᠠᠷᠳᠠᠯᠭ᠎ᠠ᠂ | ᠬᠦᠮᠦᠰ ᠤᠨ ᠱᠠᠭᠠᠷᠳᠠᠯᠭ᠎ᠠ ᠳᠤ ᠠᠯᠢ ᠠᠯᠢᠨ ᠳᠤ ᠨᠢ ᠴᠦ ᠬᠦᠷᠴᠦ ᠴᠢᠳᠠᠳᠠᠭ ᠶᠤᠮ᠃ | ᠴᠢᠨᠠᠷ ᠰᠠᠶᠢᠳᠠᠢ ᠬᠦᠭᠵᠢᠯᠳᠡ ᠶᠢᠨ ᠳᠤᠬᠠᠢ ᠶᠠᠷᠢᠬᠤ ᠳᠤ ᠦᠨᠳᠦᠰᠦ ᠰᠠᠭᠤᠷᠢ ᠨᠢ ᠶᠠᠭᠤ ᠪᠠᠶᠢᠬᠤ᠂ ᠬᠦᠭᠵᠢᠯᠳᠡ ᠶᠢᠨ | ᠠᠷᠭ᠎ᠠ ᠠᠪᠳᠠᠯ ᠨᠢ ᠶᠠᠮᠠᠷ ᠪᠠᠶᠢᠬᠤ᠂ ᠤᠯᠬᠤ ᠦᠷ᠎ᠡ ᠠᠰᠢᠭ ᠨᠢ ᠶᠠᠮᠠᠷ ᠪᠤᠯᠬᠤ ᠭᠡᠳ ᠤᠯᠠᠨ ᠭᠤᠭᠴᠤᠭ᠎ᠠ ᠬᠤᠯᠪᠤᠭ᠎ᠠ ᠶᠢ | ᠪᠤᠳᠤᠬᠤ ᠤᠴᠢᠷᠳᠠᠢ ᠪᠢᠯᠡ᠃ |