ᠴᠠᠭᠠᠨ ᠰᠠᠷ᠎ᠠ ᠶᠢᠨ ᠠᠭᠤᠷ ᠠᠮᠢᠰᠬᠤᠯ ᠴᠤ ᠤᠯᠠᠮ ᠠᠴᠠ ᠤᠯᠠᠮ ᠥᠳᠬᠡᠷᠡᠪᠡ
ᠨᠡᠶᠢᠲᠡᠯᠡᠭᠰᠡᠨ ᠴᠠᠭ᠄
2021/2/23
    2021 ᠣᠨ ᠤ ᠴᠠᠭᠠᠨ ᠰᠠᠷ᠎ᠠ ᠣᠶᠢᠷᠠᠲᠤᠬᠤ ᠶᠢ ᠳᠠᠭᠠᠯᠳᠤᠨ᠂ ᠪᠤᠭᠤᠲᠤ ᠬᠤᠲᠠ ᠶᠢᠨ ᠵᠡᠭᠡᠯᠢ ᠶᠢᠨ ᠴᠠᠭᠠᠨ  ᠰᠠᠷ᠎ᠠ ᠶᠢᠨ ᠠᠭᠤᠷ ᠠᠮᠢᠰᠬᠤᠯ ᠴᠤ ᠤᠯᠠᠮ ᠠᠴᠠ ᠤᠯᠠᠮ ᠥᠳᠬᠡᠷᠡᠪᠡ᠃ ᠪᠦ᠋ᠲᠦᠭᠡᠨ ᠪᠠᠶᠢᠭᠤᠯᠤᠯᠲᠠ ᠶᠢᠨ ᠵᠠᠮ᠂  ᠪᠤᠯᠤᠳ ᠲᠡᠮᠤᠷ ᠤᠨ ᠶᠡᠭᠡ ᠵᠡᠭᠡᠯᠢ᠂ ᠦᠨᠳᠦᠰᠦᠲᠡᠨ ᠤ ᠵᠡᠭᠦᠨ ᠵᠠᠮ ᠵᠡᠷᠭᠡ ᠭᠤᠣᠯ ᠵᠠᠮ ᠢᠶᠠᠷ ᠶᠠᠪᠤᠬᠤ ᠳᠤ᠂  ᠭᠡᠷᠡᠯᠲᠦᠭᠦᠯᠬᠦ ᠵᠠᠰᠠᠯ ᠴᠢᠮᠡᠭᠯᠡᠯ ᠨᠢ ᠬᠥᠮᠦᠰ ᠢ ᠳᠠᠭᠠᠭᠤᠯᠤᠨ ᠢᠷᠡᠭᠡᠳᠦᠢ ᠶᠢᠨ ᠶᠢᠷᠲᠢᠨᠴᠦ ᠶᠢᠨ ᠴᠠᠭ ᠮᠥᠴᠡ ᠶᠢᠨ  ᠨᠦᠬᠡᠨ ᠵᠠᠮ ᠳᠤ ᠣᠷᠣᠬᠤ ᠮᠡᠲᠦ ᠰᠠᠨᠠᠭᠳᠠᠭᠤᠯᠤᠨ᠎ᠠ᠂ ᠬᠥᠮᠦᠰ ᠬᠤᠲᠠ ᠶᠢᠨ ᠠᠷᠠᠳ ᠤᠨ ᠠᠭᠤᠳᠠᠮ ᠲᠠᠯᠠᠪᠠᠢ᠂ ᠶᠢᠨ  ᠾᠧ ᠠᠭᠤᠳᠠᠮ ᠲᠠᠯᠠᠪᠠᠢ ᠵᠡᠷᠭᠡ ᠭᠠᠵᠠᠷ ᠲᠤ ᠪᠠᠶᠢᠬᠤ ᠦᠶ᠎ᠡ ᠳᠤ᠂ ᠪᠦᠬᠦ ᠰᠡᠳᠬᠢᠯ ᠢᠶᠠᠷ ᠢᠶᠠᠨ ᠷᠣᠮᠠᠨᠲ᠋ᠢᠭ  ᠭᠤᠸ᠎ᠠ  ᠰᠠᠶᠢᠬᠠᠨ ᠦᠵᠡᠮᠵᠢ ᠳᠤ ᠰᠣᠭᠲᠣᠭᠤᠷᠠᠨ᠎ᠠ᠃         ᠬᠤᠲᠠ ᠶᠢᠨ ᠬᠤᠲᠠ ᠬᠥᠳᠡᠭᠡ ᠶᠢᠨ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ ᠤᠨ  ᠠᠵᠢᠯᠲᠠᠨ ᠰᠦ ᠸᠧᠶ ᠵᠢᠶᠧ ᠲᠠᠨᠢᠯᠴᠠᠭᠤᠯᠬᠤ ᠳᠠᠭᠠᠨ᠂ ᠡᠨᠡ ᠵᠢᠯ ᠤᠨ ᠮᠠᠨ ᠤ ᠬᠤᠲᠠ ᠶᠢᠨ ᠴᠠᠭᠠᠨ ᠰᠠᠷ᠎ᠠ ᠶᠢᠨ  ᠦᠵᠡᠮᠵᠢ ᠶᠢ ᠭᠡᠷᠡᠯᠲᠦᠭᠦᠯᠬᠦ ᠳᠤ ᠭᠤᠤᠯᠳᠠᠭᠤ ᠮᠣᠳᠣᠨ ᠤ ᠳ᠋ᠧᠩ ᠤᠨ ᠬᠡᠷᠡᠯ ᠢ ᠴᠢᠮᠡᠭᠯᠡᠬᠦ᠂ ᠳ᠋ᠧᠩ ᠤᠨ ᠪᠠᠭᠠᠨ᠎ᠠ ᠶᠢ  ᠴᠢᠮᠡᠭᠯᠡᠬᠦ᠂ ᠭᠠᠵᠠᠷ ᠤᠨ ᠭᠠᠳᠠᠷᠭᠤ ᠶᠢ ᠴᠢᠮᠡᠭᠯᠡᠬᠦ ᠠᠷᠭ᠎ᠠ ᠮᠠᠶ᠋ᠢᠭ ᠢ ᠠᠪᠴᠤ᠂ ᠬᠤᠲᠠ ᠶᠢᠨ ᠠᠷᠠᠳ ᠤᠨ ᠰᠥᠨᠢ ᠶᠢᠨ  ᠵᠢᠭᠤᠯᠴᠢᠯᠠᠯ ᠢ ᠣᠶᠢᠯᠠᠭᠠᠬᠤ ᠲᠥᠷᠥᠭᠳᠡᠯ ᠢ ᠨᠢ ᠨᠡᠮᠡᠭᠳᠡᠭᠦᠯᠦᠨ᠎ᠡ ᠭᠡᠵᠡᠢ᠃
 
ᠢᠷᠡᠯᠲᠡ᠄ ᠪᠤᠭᠤᠲᠤ ᠬᠤᠲᠠ ᠶᠢᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号