ᠳᠡᠭᠡᠳᠦ ᠰᠢᠨ᠎ᠡ ᠮᠡᠷᠭᠡᠵᠢᠯ ᠤᠨ ᠣᠷᠣᠨ ᠬᠤᠪᠣᠷ ᠰᠢᠷᠣᠶ ᠶᠢᠨ ᠠᠵᠤ  ᠦᠢᠯᠡᠰ ᠤᠨ ︽ᠬᠤᠤᠰ ᠡᠷᠭᠢᠯᠲᠡ︾᠎ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠪᠠ
ᠨᠡᠶᠢᠲᠡᠯᠡᠭᠰᠡᠨ ᠴᠠᠭ᠄
2021/3/16
    ᠣᠳᠣᠬᠠᠨ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ  ᠣᠷᠣᠨ ᠨᠢ ᠤᠯᠤᠰ ᠤᠨ ᠪᠠᠶᠢᠯᠳᠤᠬᠤ ᠪᠣᠳᠣᠯᠭ᠎ᠠ ᠲᠠᠢ ᠨᠢᠭᠲᠠ ᠤᠶᠠᠯᠳᠤᠭᠤᠯᠤᠨ᠂ ᠬᠤᠪᠣᠷ ᠰᠢᠷᠣᠶ ᠶᠢᠨ ᠴᠢᠳᠠᠮᠵᠢᠳᠤ ᠰᠢᠨ᠎ᠡ ᠮᠠᠲ᠋ᠧᠷᠢᠶᠠᠯ ᠦᠢᠯᠡᠳᠬᠦ ᠰᠢᠨ᠎ᠡ ᠮᠡᠷᠭᠡᠵᠢᠯ ᠪᠠ ᠰᠢᠨ᠎ᠡ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠶᠢ ᠪᠠᠶᠢᠷᠢᠰᠢᠭᠤᠯᠬᠤ ᠶᠢᠨ ᠬᠠᠮᠲᠤ ᠴᠢᠩᠭᠠᠳᠬᠠᠵᠤ᠂ ᠤᠯᠤᠰ ᠤᠨ ᠬᠤᠪᠣᠷ ᠰᠢᠷᠣᠶ ᠶᠢᠨ ᠴᠢᠳᠠᠮᠵᠢᠳᠤ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠤᠨ ᠥᠪᠥᠷ ᠮᠣᠩᠭᠤᠯ ᠤᠨ ᠲᠥᠪ᠂ ᠳᠡᠯᠡᠬᠡᠶ ᠶᠢᠨ ᠲᠠᠰ ᠤᠨ ᠬᠤᠪᠣᠷ ᠰᠢᠷᠣᠶ ᠶᠢᠨ ᠦᠢᠯᠡᠳᠪᠦᠷᠢᠯᠡᠬᠦ ᠵᠢᠭᠠᠬᠤ ᠰᠤᠳᠤᠯᠬᠤ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠤᠯ ᠤᠨ ᠲᠤᠰᠬᠠᠶ ᠵᠦᠢᠯ ᠢ ᠢᠳᠡᠪᠬᠢᠲᠡᠶ ᠪᠠᠷ ᠡᠭᠦᠷᠭᠡᠯᠡᠨ᠂ ᠬᠤᠪᠣᠷ ᠰᠢᠷᠣᠶ ᠶᠢᠨ ᠬᠦᠷᠢᠶᠡᠨ ᠳᠠᠬᠢ ᠨᠢᠭᠡ ᠪᠦᠯᠦᠭ ᠭᠤᠤᠯᠯᠠᠬᠤ ᠮᠡᠷᠭᠡᠵᠢᠯ ᠳᠤ ᠰᠢᠪᠲᠤᠯᠤᠯᠲᠠ ᠲᠠᠢ ᠪᠣᠯᠭᠠᠨ᠎ᠠ᠃ ᠠᠵᠤ ᠠᠬᠤᠶᠢᠯᠠᠯ ᠬᠢᠭᠡᠳ ᠥᠨᠳᠥᠷ ᠬᠢᠷᠢ ᠲᠦᠪᠰᠢᠨ ᠪᠥᠬᠦᠶ ᠶᠡᠭᠡ ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠯᠤᠭ᠎ᠠ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠬᠡᠯᠪᠡᠷᠢ ᠶᠢᠨ ᠰᠤᠳᠤᠯᠤᠨ ᠨᠡᠭᠡᠭᠡᠬᠦ ᠲᠥᠪ ᠢ ᠬᠠᠮᠲᠤ ᠪᠠᠷ ᠪᠠᠶᠢᠭᠤᠯᠬᠤ ᠪᠠᠷ ᠳᠠᠮᠵᠢᠭᠤᠯᠤᠨ᠂ ᠭᠤᠤᠯᠯᠠᠬᠤ ᠮᠡᠷᠭᠡᠵᠢᠯ ᠤᠨ ᠬᠦᠴᠢᠷ ᠠᠰᠠᠭᠤᠳᠠᠯ ᠢ ᠬᠠᠮᠲᠤᠷᠠᠨ ᠰᠢᠢᠳᠪᠦᠷᠢᠯᠡᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃     ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ  ᠣᠷᠣᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯᠳᠠᠯᠭ᠎ᠠ ᠲᠠᠢ ᠡᠭᠦᠷᠭᠡ ᠪᠠᠷ ᠪᠠᠷᠢᠮᠵᠢᠶᠠᠯᠠᠪᠠ᠂ ᠬᠤᠪᠣᠷ ᠰᠢᠷᠣᠶ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠴᠢᠬᠤᠯᠠ ᠶᠡᠭᠡ ᠴᠠᠭ ᠦᠶ᠎ᠡ ᠶᠢᠨ ᠰᠡᠳᠦᠪ ᠲᠠᠢ ᠨᠢᠭᠲᠠ ᠤᠶᠠᠯᠳᠤᠭᠤᠯᠤᠨ᠎ᠠ᠂ ᠮᠡᠷᠭᠡᠵᠢᠯ ᠤᠨ ᠳᠤᠲᠠᠭᠤᠳᠠᠯ ᠢ ᠬᠦᠴᠦᠯᠡᠨ ᠨᠥᠬᠦᠪᠥᠷᠢᠯᠡᠨ᠎ᠡ᠂ ᠬᠠᠩᠭᠠᠯᠭ᠎ᠠ ᠶᠢᠨ ᠬᠡᠯᠬᠢᠶ᠎ᠡ ᠪᠠ ᠥᠷᠲᠡᠭ ᠤᠨ ᠬᠡᠯᠬᠢᠶ᠎ᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠂ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠪᠠ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠂ ᠤᠯᠤᠰ ᠤᠨ ᠳᠣᠲᠣᠭᠠᠳᠤ ᠭᠠᠳᠠᠭᠠᠳᠤ ᠳᠤ ᠰᠠᠭᠠᠳ ᠦᠭᠡᠢ ᠨᠡᠪᠲᠡᠷᠡᠬᠦ ᠬᠤᠪᠣᠷ ᠰᠢᠷᠣᠢ ᠶᠢᠨ ᠠᠵᠤ ᠦᠢᠯᠡᠰ ᠤᠨ ︽ᠬᠤᠣᠰ ᠣᠷᠴᠢᠯ︾᠎ ᠢ ᠪᠠᠶᠢᠭᠤᠯᠤᠨ᠎ᠠ᠂ ᠬᠤᠪᠣᠷ ᠰᠢᠷᠣᠶ ᠶᠢᠨ ᠠᠵᠤ  ᠦᠢᠯᠡᠰ ᠤᠨ ︽ᠬᠡᠯᠬᠢᠶ᠎ᠡ ᠶᠢ ᠴᠢᠩᠭᠠᠷᠠᠭᠤᠯᠬᠤ︾᠎ ᠶᠢ ᠠᠬᠢᠭᠤᠯᠤᠨ᠎ᠠ᠂︽ᠤᠷᠲᠤᠳᠬᠠᠯ ᠭᠢᠨᠵᠢ᠂ ᠨᠥᠬᠦᠪᠥᠷᠢ ᠭᠢᠨᠵᠢ᠂ ᠬᠡᠯᠬᠢᠶ᠎ᠡ ᠥᠷᠭᠡᠳᠬᠡᠬᠦ︾᠂ ᠢᠨᠲ᠋ᠧᠷ ᠰᠦᠯᠵᠢᠶ᠎ᠡ ᠶᠢ ᠶᠡᠬᠡᠪᠡᠷ ᠳᠡᠯᠭᠡᠷᠡᠭᠦᠯᠦᠨ᠎ᠡ᠂ ᠲᠤᠮᠤ ᠳ᠋ᠠᠶᠢᠲ᠋ᠠ᠂ ᠵᠣᠬᠢᠶᠠᠮᠠᠯ ᠤᠶᠤᠨ᠂ ᠬᠡᠰᠡᠭ ᠪᠦᠯᠦᠭ ᠤᠨ ᠬᠡᠯᠬᠢᠶ᠎ᠡ ᠵᠡᠷᠭᠡ ᠣᠶᠤᠨᠴᠢ ᠦᠢᠯᠡᠳᠬᠦ ᠮᠡᠷᠭᠡᠵᠢᠯ ᠬᠢᠭᠡᠳ ᠬᠤᠪᠣᠷ ᠰᠢᠷᠣᠶ ᠶᠢᠨ ᠠᠵᠤ  ᠦᠢᠯᠡᠰ ᠤᠨ ᠠᠭᠤᠰᠤᠯᠴᠠᠨ ᠬᠥᠭᠵᠢᠬᠦ ᠂ ᠬᠤᠪᠣᠷ ᠰᠢᠷᠣᠢ ᠶᠢᠨ ᠠᠵᠤ ᠦᠢᠯᠡᠰ ᠤᠨ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠰᠢᠨ᠎ᠡ ᠰᠢᠪᠲᠤᠯᠤᠯᠲᠠ ᠭᠠᠷᠭᠠᠬᠤ ᠶᠢ ᠠᠬᠢᠭᠤᠯᠤᠨ᠎ᠠ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ  ᠣᠷᠣᠨ ᠢ ᠣᠯᠠᠨ ᠤᠯᠤᠰ ᠤᠨ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠰᠤᠳᠤᠯᠤᠨ ᠨᠡᠭᠡᠭᠡᠬᠦ ᠪᠠ ᠬᠡᠷᠡᠭᠯᠡᠭᠡᠨ ᠤ ᠰᠠᠭᠤᠷᠢᠨ ᠭᠠᠵᠠᠷ ᠤᠨ ᠣᠨᠴᠠᠯᠢᠭᠲᠤ ᠠᠵᠤ  ᠦᠢᠯᠡᠰ ᠤᠨ ᠬᠦᠷᠢᠶᠡᠯᠡᠩ ᠪᠣᠯᠤᠨ ᠳᠤᠮᠳᠠᠳᠤ ᠤᠯᠤᠰ ᠤᠨ ︽ᠰᠣᠷᠢᠨᠵᠢᠨ ᠬᠥᠨᠳᠡᠶ ︾ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃    ᠲᠥᠷᠥ ᠶᠢᠨ ᠪᠣᠳᠣᠯᠭ᠎ᠠ ᠶᠢᠨ ᠬᠠᠮᠠᠭᠠᠯᠠᠯᠲᠠ ᠲᠥᠪᠯᠡᠷᠡᠯ ᠤᠨ ᠦᠢᠯᠡᠳᠦᠯ ᠢ ᠪᠣᠶ ᠪᠣᠯᠭᠠᠪᠠ᠃ᠰᠢᠨ ᠶᠤᠸᠠᠨ᠂ ᠰᠢᠨ ᠢᠦᠶ ᠬᠤᠪᠣᠷ ᠰᠢᠷᠣᠶ ᠶᠢᠨ ᠪᠦᠷᠢᠨ ᠠᠦ᠋ᠲ᠋ᠣ᠋ ᠴᠡᠪᠡᠷᠰᠢᠭᠰᠡᠨ ᠬᠤᠪᠣᠷ ᠰᠢᠷᠣᠶ ᠶᠢᠨ  ᠦᠢᠯᠡᠳᠪᠦᠷᠢ ᠶᠢᠨ ᠲᠠᠰᠤᠭ ᠲᠤ ᠮᠢᠩᠭ᠎ᠠ ᠭᠠᠷᠤᠶ ᠲᠡᠭᠰᠢ ᠳᠥᠷᠪᠡᠯᠵᠢᠨ ᠮᠧᠲᠷ ᠤᠨ ᠦᠢᠯᠡᠳᠪᠦᠷᠢ ᠶᠢᠨ ᠲᠠᠰᠤᠭ ᠲᠤ ᠨᠢᠭᠡ ᠯᠡ ᠮᠡᠷᠭᠡᠵᠢᠯ ᠤᠨ ᠠᠵᠢᠯᠲᠠᠨ ᠲᠣᠭᠤᠷᠢᠨ ᠪᠠᠶᠢᠴᠠᠭᠠᠵᠤ᠂ ᠦᠨᠳᠦᠰᠦᠨ ᠳᠡᠭᠡᠨ ︽ᠳ᠋ᠧᠩ ᠤᠨᠲᠠᠷᠠᠭᠠᠬᠤ  ᠦᠢᠯᠡᠳᠪᠦᠷᠢᠯᠡᠯ︾᠎ ᠢ ᠪᠡᠶᠡᠯᠡᠭᠦᠯᠵᠦ ᠴᠢᠳᠠᠨ᠎ᠠ᠃ ᠲᠣᠰ ᠦᠢᠯᠡᠳᠪᠦᠷᠢ ᠶᠢᠨ ᠲᠠᠰᠤᠭ ᠨᠢ 2017 ᠣᠨ ᠳᠤ ᠠᠦ᠋ᠲ᠋ᠣᠴᠢᠯᠠᠭᠰᠠᠨ ᠲᠠᠰ ᠳᠡᠪᠰᠢᠭᠦᠯᠬᠦ ᠥᠭᠡᠷᠡᠴᠢᠯᠡᠯᠲᠡ ᠬᠢᠵᠦ᠂ ᠵᠢᠯ ᠳᠤ 3000 ᠲᠣᠨ ᠰᠠᠯᠭᠠᠬᠤ ᠤᠯᠤᠰ ᠤᠨ ᠳᠣᠲᠣᠭᠠᠳᠤ ᠶᠢᠨ ᠠᠩᠬᠠᠳᠠᠭᠴᠢ ᠬᠥᠩᠭᠡᠨ ᠬᠤᠪᠣᠷ ᠰᠢᠷᠣᠶ ᠶᠢᠨ ᠪᠦᠷᠢᠨ ᠰᠠᠯᠭᠠᠵᠤ ᠴᠡᠪᠡᠷᠰᠢᠭᠦᠯᠬᠦ ᠠᠦ᠋ᠲ᠋ᠣᠴᠢᠯᠠᠭᠰᠠᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠱᠤᠭᠤᠮ ᠳᠤ ᠲᠦᠰᠢᠭᠯᠡᠨ᠂ ᠦᠷᠭᠦᠯᠵᠢᠯᠡᠨ ᠴᠣᠬᠤᠯᠠᠭᠤᠯᠬᠤ ᠪᠠ ᠣᠯᠠᠨ ᠲᠠᠰ ᠢᠶᠠᠷ ᠴᠣᠬᠤᠯᠠᠭᠤᠯᠬᠤ ᠤᠷ᠎ᠠ ᠮᠡᠷᠭᠡᠵᠢᠯ ᠢ ᠬᠡᠷᠡᠭᠯᠡᠨ᠂ ᠬᠤᠯᠢᠮᠠᠭ ᠾᠯᠣᠷᠲᠤ ᠬᠤᠪᠣᠷ ᠰᠢᠷᠣᠶ ᠶᠢ ᠲᠠᠩ ᠭᠠᠭᠴᠠ ᠬᠤᠪᠣᠷ ᠰᠢᠷᠣᠶ ᠶᠢᠨ ᠦᠢᠯᠡᠳᠬᠦᠨ ᠪᠣᠯᠭᠠᠨ ᠬᠤᠪᠢᠷᠠᠭᠤᠯᠵᠤ᠂ ᠲᠡᠭᠦᠨ ᠤ ᠲᠠᠩ ᠭᠠᠭᠴᠠ ᠦᠢᠯᠡᠳᠬᠦᠨ ᠤ ᠴᠡᠪᠡᠷᠴᠡ ᠨᠢ 99 . 999 %᠎ ᠠᠴᠠ ᠳᠡᠭᠡᠭᠰᠢ ᠳᠤ ᠬᠦᠷᠴᠦ᠂ ᠮᠡᠷᠭᠡᠵᠢᠯ ᠤᠨ ᠬᠢᠷᠢ ᠲᠦᠪᠰᠢᠨ ᠨᠢ ᠳᠡᠯᠡᠬᠡᠶ ᠶᠢᠨ ᠲᠡᠷᠢᠭᠦᠨ ᠳᠤ ᠣᠷᠣᠬᠤ ᠪᠣᠯᠤᠨ᠎ᠠ᠃ ᠲᠣᠰ ᠦᠢᠯᠡᠳᠬᠦᠨ ᠪᠣᠯ ᠬᠡᠲᠦ ᠴᠡᠪᠡᠷ᠂ ᠳᠤᠤᠷ᠎ᠠ ᠬᠤᠯᠢᠴᠠ ᠲᠠᠢ ᠬᠤᠪᠣᠷ ᠰᠢᠷᠣᠶ ᠶᠢᠨ ᠣᠨᠴᠠᠭᠠᠶ ᠨᠢᠭᠡᠳᠪᠦᠷᠢ ᠦᠢᠯᠡᠳᠬᠦ ᠰᠠᠭᠤᠷᠢ ᠲᠦᠭᠦᠬᠡᠶ ᠮᠠᠲ᠋ᠧᠷᠢᠶᠠᠯ ᠪᠠᠶᠢᠵᠤ᠂ ᠲᠦᠷᠭᠡᠳᠬᠡᠯ᠂ ᠡᠮ ᠡᠮᠨᠡᠯᠭᠡ᠂ ᠲᠠᠷᠢᠶᠠᠯᠠᠩ᠂ ᠬᠢᠮᠢ ᠶᠢᠨ ᠠᠵᠤ ᠦᠢᠯᠡᠳᠪᠦᠷᠢ ᠵᠡᠷᠭᠡ ᠬᠦᠷᠢᠶᠡᠨ ᠳᠠᠬᠢ ᠬᠡᠷᠡᠭᠯᠡᠯᠲᠡ ᠶᠢ ᠬᠠᠩᠭᠠᠵᠤ ᠪᠣᠯᠤᠨ᠎ᠠ᠃     ︽ᠠᠵᠤ ᠠᠬᠤᠶᠢᠯᠠᠯ ᠨᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ  ᠣᠷᠣᠨ ᠤ ᠬᠦᠴᠦᠲᠡᠶ ᠳᠡᠮᠵᠢᠯᠭᠡ ᠳᠤᠤᠷ᠎ᠠ᠂ ᠳ᠋ᠦᠩᠰᠢᠭᠤᠷ ᠰᠢᠬᠠᠮ ᠲᠥᠭᠦᠷᠢᠭ ᠤᠨ ᠪᠠᠯᠠ ᠣᠷᠣᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠥᠨᠳᠥᠷ ᠴᠡᠪᠡᠷ ᠬᠤᠪᠣᠷ ᠰᠢᠷᠣᠶ ᠪᠠ ᠬᠤᠪᠣᠷ ᠰᠢᠷᠣᠶ ᠶᠢᠨ ᠭᠢᠯᠠᠶᠢᠯᠭᠠᠬᠤ ᠬᠦᠷᠢᠶᠡᠨ ᠳᠤ ᠰᠢᠪᠲᠤᠯᠤᠯᠲᠠ ᠶᠢᠨ ᠴᠢᠨᠠᠷᠲᠠᠶ ᠠᠬᠢᠯᠲᠠ ᠲᠠᠢ ᠪᠣᠯᠵᠣ᠂  ᠦᠢᠯᠡᠳᠬᠦᠨ ᠤ ᠮᠡᠷᠭᠡᠵᠢᠯ ᠤᠨ ᠬᠢᠷᠢ ᠲᠦᠪᠰᠢᠨ ᠨᠢ ᠳᠡᠯᠡᠬᠡᠶ ᠳᠡᠭᠡᠷ᠎ᠡ ᠨᠡᠯᠢᠶᠡᠳ ᠥᠨᠳᠥᠷ ᠪᠠᠶᠢᠵᠤ ᠪᠣᠯᠤᠨ᠎ᠠ︾ ᠭᠡᠵᠦ ᠲᠣᠰ ᠠᠵᠤ ᠠᠬᠤᠶᠢᠯᠠᠯ ᠤᠨ ᠬᠡᠷᠡᠭ ᠮᠡᠳᠡᠭᠴᠢᠳ ᠤᠨ ᠳᠠᠷᠤᠭ᠎ᠠ ᠵᠢᠶ ᠳ᠋ᠠᠶ ᠢᠦᠶ ᠬᠡᠯᠡᠵᠡᠶ᠃     ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠤᠤᠷ᠎ᠠ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ  ᠣᠷᠣᠨ ᠤ ᠣᠶᠢᠷ᠎ᠠ ᠶᠢᠨ 3 ᠵᠢᠯ ᠳᠤ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠱᠠᠩᠨᠠᠯ ᠵᠡᠷᠭᠡ ᠪᠠᠯᠠ ᠮᠥᠩᠭᠦ ᠶᠢ ᠨᠡᠶᠢᠲᠡ 3 . 7 ᠳ᠋ᠦᠩᠰᠢᠭᠤᠷ ᠲᠥᠭᠦᠷᠢᠭ ᠣᠯᠭᠤᠵᠤ᠂ ᠤᠯᠤᠰ ᠤᠨ ᠬᠤᠪᠣᠷ ᠰᠢᠷᠣᠶ ᠶᠢᠨ ᠠᠵᠤ  ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠤᠰᠬᠠᠶ ᠪᠠᠯᠠ ᠮᠥᠩᠭᠦ ᠶᠢ 5 . 87 ᠳ᠋ᠦᠩᠰᠢᠭᠤᠷ ᠲᠥᠭᠦᠷᠢᠭ ᠣᠯᠵᠤ᠂ ᠪᠤᠭᠤᠲᠤ ᠬᠤᠲᠠ ᠶᠢᠨ ᠬᠤᠪᠣᠷ ᠰᠢᠷᠣᠶ ᠶᠢᠨ ᠠᠵᠤ  ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠶᠢ 20 . 86 ᠳ᠋ᠦᠩᠰᠢᠭᠤᠷ ᠲᠥᠭᠦᠷᠢᠭ ᠤᠯᠪᠠ᠃ ᠶᠠᠭ ᠡᠲᠡᠭᠡᠷ ᠠᠰᠢᠭᠲᠠᠶ ᠲᠥᠷᠥ ᠶᠢᠨ ᠪᠣᠳᠣᠯᠭ᠎ᠠ ᠶᠢᠨ ᠬᠤᠷᠠᠮᠠᠯ ᠲᠣᠮᠣᠷᠠᠭᠤᠯᠤᠯᠲᠠ ᠨᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠶ ᠶᠢᠨ ᠠᠵᠤ  ᠦᠢᠯᠡᠰ ᠤᠨ ᠪᠥᠭᠡᠮᠨᠡᠷᠡᠯ ᠤᠨ ᠳᠠᠪᠠᠭᠤᠯᠢᠭ ᠢ ᠤᠯᠠᠮ ᠨᠢᠭᠡ ᠠᠯᠬᠤᠮ ᠥᠷᠭᠡᠳᠬᠡᠭᠰᠡᠨ ᠪᠠᠶᠢᠨ᠎ᠠ᠃     ᠣᠳᠣᠬᠠᠨ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠨᠡᠶᠢᠲᠡ 115 ᠬᠤᠪᠣᠷ ᠰᠢᠷᠣᠶ ᠶᠢᠨ ᠠᠵᠤ ᠠᠬᠤᠶᠢᠯᠠᠯ ᠪᠠᠶᠢᠵᠤ᠂ ᠬᠤᠪᠣᠷ ᠰᠢᠷᠣᠶ ᠶᠢᠨ ᠲᠦᠭᠦᠬᠡᠶ ᠮᠠᠲ᠋ᠧᠷᠢᠶᠠᠯ ᠠᠴᠠ ᠰᠢᠨ᠎ᠡ ᠮᠠᠲ᠋ᠧᠷᠢᠶᠠᠯ ᠠᠴᠠ ᠦᠵᠦᠭᠦᠷ ᠬᠦᠷᠲᠡᠯᠡᠬᠢ ᠪᠥᠬᠦ ᠠᠵᠤ  ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠡᠶ᠃ ᠠᠵᠤ  ᠦᠢᠯᠡᠰ ᠤᠨ ᠬᠡᠪᠴᠢᠶ᠎ᠡ ᠲᠠᠰᠤᠷᠠᠯᠲᠠ ᠥᠬᠡᠶ ᠪᠤᠵᠠᠭᠠᠶᠢᠷᠠᠵᠤ᠂ ᠵᠢᠯ ᠳᠤᠮᠳᠠᠴᠢ ᠪᠠᠷ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠬᠤᠪᠣᠷ ᠰᠢᠷᠣᠶ ᠶᠢᠨ ᠠᠵᠤ  ᠦᠢᠯᠡᠰ ᠤᠨ ᠭᠤᠤᠯᠳᠠᠯᠭ᠎ᠠ ᠲᠠᠢ ᠲᠥᠷᠥᠯ  ᠵᠦᠢᠯ ᠢ 30᠎ ᠠᠴᠠ ᠳᠡᠭᠡᠭᠰᠢ ᠬᠡᠷᠡᠭᠵᠢᠭᠦᠯᠪᠡ᠂ ᠡᠲᠡᠭᠡᠷ ᠲᠥᠷᠥᠯ  ᠵᠦᠢᠯ ᠤᠨ ᠠᠰᠢᠭᠯᠠᠯᠲᠠ ᠳᠤ ᠣᠷᠣᠬᠤ ᠶᠢ ᠳᠠᠭᠠᠯᠳᠤᠨ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠭᠠᠷᠤᠯᠲᠠ ᠦᠷᠭᠦᠯᠵᠢᠯᠡᠨ 20 %᠎ ᠠᠴᠠ ᠳᠡᠭᠡᠭᠰᠢᠬᠢ ᠨᠡᠮᠡᠭᠳᠡᠯ ᠤᠨ ᠬᠤᠷᠳᠤᠴᠠ ᠪᠠᠨ ᠪᠠᠲᠤᠯᠠᠵᠤ᠂ ᠣᠲᠣ ᠶᠢᠨ ᠪᠠᠶᠢᠭ᠎ᠠ ᠬᠤᠪᠣᠷ ᠰᠢᠷᠣᠶ ᠶᠢᠨ ᠲᠦᠭᠦᠬᠡᠶ ᠮᠠᠲ᠋ᠧᠷᠢᠶᠠᠯ ᠤᠨ ᠵᠢᠭᠠᠪᠤᠷᠢ ᠶᠢᠨ ᠴᠢᠨᠠᠷᠲᠠᠶ ᠦᠢᠯᠡᠳᠪᠦᠷᠢᠯᠡᠯ ᠤᠨ ᠲᠥᠯᠥᠪᠯᠡᠭᠡ ᠳᠤᠤᠷ᠎ᠠ᠂ ᠲᠦᠭᠦᠬᠡᠶ ᠮᠠᠲ᠋ᠧᠷᠢᠶᠠᠯ ᠢ ᠪᠦᠬᠦᠨ ᠢ ᠲᠤᠬᠠᠶ ᠶᠢᠨ ᠭᠠᠵᠠᠷ ᠲᠤᠨᠢ ᠤᠯᠠᠷᠢᠭᠤᠯᠬᠤ ᠶᠢ ᠪᠡᠶᠡᠯᠡᠭᠦᠯᠵᠦ᠂ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ᠂ ᠤᠰᠤᠲᠥ᠋ᠷᠥᠭᠴᠢ ᠬᠠᠳᠠᠭᠠᠯᠠᠬᠤ᠂ ᠭᠢᠯᠠᠶᠢᠯᠭᠠᠬᠤ ᠭᠤᠷᠪᠠᠨ ᠶᠡᠭᠡ ᠰᠢᠨ᠎ᠡ ᠮᠠᠲ᠋ᠧᠷᠢᠶᠠᠯ ᠤᠨ ᠠᠵᠤ  ᠦᠢᠯᠡᠰ ᠤᠨ ᠵᠢᠷᠤᠭ ᠲᠥᠯᠥᠪᠯᠡᠭᠡ ᠶᠢᠨ ᠦᠢᠯᠡᠳᠪᠦᠷᠢᠯᠡᠬᠦ ᠴᠢᠳᠠᠪᠤᠷᠢ ᠲᠣᠰ ᠲᠣᠰ 6 . 5 ᠲᠦᠮᠡᠨ ᠲᠣᠨ᠂ 1 ᠲᠦᠮᠡᠨ ᠲᠣᠨ᠂ 2 . 4 ᠲᠦᠮᠡᠨ ᠲᠣᠨ ᠳᠤ ᠬᠦᠷᠴᠦ᠂ ᠭᠠᠷᠤᠯᠲᠠ ᠨᠢ ᠴᠥᠮ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ ᠠᠵᠤ  ᠦᠢᠯᠡᠰ ᠤᠨ ᠬᠡᠯᠬᠢᠶ᠎ᠡ ᠲᠠᠰᠤᠷᠠᠯᠲᠠ ᠥᠬᠡᠶ ᠥᠷᠭᠡᠵᠢᠵᠦ᠂ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠴᠥᠮ᠎ᠡ ᠶᠢᠨ ᠰᠣᠷᠢᠨᠵᠢᠨ ᠳᠡᠷᠪᠢᠯᠲᠡ ᠶᠢᠨ ᠣᠨᠣᠰᠢᠯᠠᠨ ᠡᠮᠨᠡᠬᠦ ᠬᠡᠮᠵᠢᠭᠦᠷᠯᠢᠭ᠂ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ᠂ ᠤᠰᠤᠲᠥ᠋ᠷᠥᠭᠴᠢ ᠬᠠᠳᠠᠭᠠᠯᠠᠬᠤ ᠳ᠋ᠢᠶᠠᠨ ᡂᠢ᠂ ᠬᠤᠪᠣᠷ ᠰᠢᠷᠣᠶ ᠶᠢᠨ ᠭᠢᠯᠠᠶᠢᠯᠭᠠᠬᠤ᠂ ᠲᠦᠷᠭᠡᠳᠬᠡᠬᠦ᠂ ᠬᠤᠪᠣᠷ ᠰᠢᠷᠣᠶ ᠶᠢᠨ ᠪᠣᠯᠣᠳ ᠵᠡᠷᠭᠡ ᠬᠦᠷᠢᠶᠡᠨ ᠳᠤ ᠴᠥᠮ ᠠᠵᠤ  ᠦᠢᠯᠡᠰᠵᠢᠯᠳᠡ ᠶᠢ ᠪᠡᠶᠡᠯᠡᠭᠦᠯᠵᠦ᠂ ᠠᠵᠤ  ᠦᠢᠯᠡᠰ ᠤᠨ ᠲᠠᠰ ᠳᠠᠪᠬᠤᠷᠭ᠎ᠠ ᠪᠠ ᠥᠷᠢᠰᠦᠯᠳᠦᠬᠦ ᠬᠦᠴᠦᠨ ᠶᠡᠭᠡ ᠪᠠᠷ ᠳᠡᠭᠡᠭᠰᠢᠯᠡᠪᠡ᠃    ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠵᠦ ᠬᠥᠭᠵᠢᠯᠲᠡ ᠶᠢᠨ ᠳᠠᠯᠳᠠ ᠬᠦᠴᠦᠨ ᠢ ᠪᠠᠳᠠᠷᠠᠭᠤᠯᠤᠨ᠎ᠠ᠃     ᠡᠪᠦᠯ ᠤᠨ ᠳᠤᠮᠳᠠ ᠰᠠᠷ᠎ᠠ ᠳᠤ᠂ ᠰᠠᠯᠬᠢ ᠶᠡᠭᠡ ᠪᠣᠯᠪᠠᠴᠤ ᠠᠭᠤᠷ ᠠᠮᠢᠰᠬᠤᠯ ᠬᠦᠢᠲᠡᠷᠡᠵᠦ᠂ ᠵᠦᠩ ᠲᠢᠶᠠᠨ ᠬᠤᠩ ᠶᠤᠸᠠᠨ ᠬᠤᠪᠣᠷ ᠰᠢᠷᠣᠢ ᠶᠢᠨ ᠪᠤᠯᠤᠳ ᠦᠢᠯᠡᠳᠪᠦᠷᠢᠯᠡᠬᠦ ᠦᠢᠯᠡᠳᠪᠦᠷᠢ ᠶᠢᠨ ᠲᠠᠰᠤᠭ ᠲᠤ ᠬᠠᠷᠢᠨ ᠵᠤᠤᠬ᠎ᠠ ᠶᠢᠨ ᠭᠠᠯ ᠳᠦᠷᠡᠯᠵᠡᠵᠦ᠂ ᠭᠠᠯ ᠬᠠᠯᠠᠭᠤᠨ ᠪᠠᠶᠢᠯ᠎ᠠ᠃ ᠨᠢᠭᠡ ᠵᠤᠤᠬ᠎ᠠ ᠨᠢ ᠬᠤᠪᠣᠷ ᠰᠢᠷᠣᠢ ᠶᠢᠨ ᠬᠠᠶᠢᠯᠤᠰᠢ ᠶᠢᠨ ᠮᠠᠲ᠋ᠧᠷᠢᠶᠠᠯ ᠢ ᠨᠡᠮᠡᠵᠦ ᠬᠤᠯᠢᠵᠤ ᠪᠠᠶᠢᠭᠠᠳ ᠬᠤᠯᠢᠮᠠᠭ ᠴᠡᠪᠡᠷᠵᠢᠭᠦᠯᠦᠭᠰᠡᠨ ᠬᠤᠪᠣᠷ ᠰᠢᠷᠣᠢ ᠶᠢᠨ ᠪᠤᠯᠤᠳ ᠢ ᠪᠤᠯᠤᠳ ᠤᠰᠤᠨ ᠪᠠᠭᠯᠠᠭ᠎ᠠ ᠪᠠᠷ ᠳᠡᠭᠦᠵᠢᠯᠡᠨ ᠲᠡᠭᠡᠭᠡᠪᠦᠷᠢᠯᠡᠵᠦ᠂ ᠲᠣᠭᠲᠠᠮᠠᠯ ᠬᠡᠪ ᠵᠠᠭᠪᠤᠷ ᠳᠣᠲᠣᠷ᠎ᠠ ᠴᠢᠳᠬᠤᠨ ᠣᠷᠣᠭᠤᠯᠵᠤ ᠪᠤᠢ᠂ ᠳᠣᠣᠷ᠎ᠠ ᠱᠤᠭᠤᠮ ᠤᠨ ᠠᠳᠠᠯᠢ ᠪᠤᠰᠤ ᠬᠡᠪ ᠪᠠᠷᠢᠮᠵᠢᠶ᠎ᠠ ᠲᠠᠢ ᠬᠤᠪᠣᠷ ᠰᠢᠷᠣᠢ ᠶᠢᠨ ᠬᠠᠶᠢᠯᠤᠰᠢ ᠶᠢᠨ ᠡᠯᠡᠭᠳᠡᠯ ᠳᠤ ᠳᠠᠭᠠᠭᠠᠮᠠᠭᠠᠢ ᠳᠣᠲᠣᠷ ᠬᠠᠪᠲᠠᠰᠤ ᠶᠢᠨ ᠴᠢᠳᠠᠮᠵᠢ ᠪᠣᠯᠤᠨ ᠴᠡᠪᠡᠷᠴᠡ ᠶᠢᠨ  ᠬᠡᠮᠵᠢᠶ᠎ᠡ ᠨᠢ ᠨᠡᠩ ᠥᠨᠳᠥᠷ ᠪᠠᠶᠢᠵᠤ᠂ ᠬᠡᠷᠡᠭᠯᠡᠯᠲᠡ ᠶᠢᠨ ᠠᠮᠢ ᠨᠠᠰᠤ ᠨᠢ ᠡᠩ ᠤᠨ ᠳᠣᠲᠣᠷ ᠬᠠᠪᠲᠠᠰᠤ ᠶᠢᠨ 12 ᠰᠠᠷ᠎ᠠ ᠶᠢᠨ ᠬᠢ ᠠᠴᠠ ᠳᠡᠭᠡᠭᠰᠢᠯᠡᠭᠡᠳ 36 ᠰᠠᠷ᠎ᠠ ᠪᠤᠯᠵᠦ᠂ ᠮᠠᠨ ᠤ ᠤᠯᠤᠰ ᠤᠨ ᠡᠯ᠎ᠡ ᠲᠤᠮᠤ ᠠᠭᠤᠷᠬᠠᠢ ᠶᠢᠨ ᠠᠵᠤ ᠠᠬᠤᠶᠢᠯᠠᠯ ᠤᠨ ᠬᠦᠷᠢᠶᠡᠯᠡᠯ ᠢ ᠶᠡᠬᠡᠳᠡ ᠣᠯᠵᠠᠢ᠃     ᠵᠥᠩ ᠲᠢᠶᠠᠨ ᠬᠤᠩ ᠶᠤᠸᠠᠨ ᠳᠡᠳ᠋ ᠶᠡᠷᠦᠩᠬᠡᠶ ᠳᠠᠭᠠᠭᠠᠮᠠᠯ ᠯᠢᠦ ᠺᠠᠩ ᠫᠢᠩ ᠤᠨ ᠲᠠᠨᠢᠯᠴᠠᠭᠤᠯᠤᠭᠰᠠᠨ ᠢᠶᠠᠷ᠂ ᠠᠵᠤ ᠠᠬᠤᠶᠢᠯᠠᠯ ︽ᠬᠤᠪᠣᠷ ᠰᠢᠷᠣᠶ ᠶᠢᠨ ᠬᠠᠶᠢᠯᠤᠰᠢ ᠶᠢᠨ ᠡᠯᠡᠭᠳᠡᠯ ᠳᠤ ᠳᠠᠭᠠᠭᠠᠮᠠᠭᠠᠶ ᠮᠠᠲ᠋ᠧᠷᠢᠶᠠᠯ︾᠎ ᠤᠨ ᠬᠦᠷᠢᠶᠡᠨ ᠳᠤ ᠴᠢᠩᠬᠤᠸᠠ ᠶᠡᠭᠡ ᠰᠤᠷᠭᠠᠭᠤᠯᠢ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠠᠮᠵᠢᠯᠲᠠ ᠲᠠᠢ ᠬᠤᠪᠢᠷᠠᠭᠤᠯᠵᠤ᠂ ᠬᠤᠪᠣᠷ ᠰᠢᠷᠣᠶ ᠶᠢᠨ ᠬᠠᠶᠢᠯᠤᠰᠢ ᠶᠢᠨ ᠡᠯᠡᠭᠳᠡᠯ ᠳᠤ ᠳᠠᠭᠠᠭᠠᠮᠠᠭᠠᠶ ᠮᠠᠲ᠋ᠧᠷᠢᠶᠠᠯ ᠢ ᠬᠡᠪᠴᠢᠶᠡᠵᠢᠭᠦᠯᠦᠨ ᠦᠢᠯᠡᠳᠪᠦᠷᠢᠯᠡᠬᠦ ᠶᠢ ᠪᠡᠶᠡᠯᠡᠭᠦᠯᠵᠦ᠂ ᠨᠢᠭᠡᠨᠲᠡ ᠪᠤᠭᠤᠲᠤ ᠶᠢᠨ ᠪᠣᠯᠣᠳ ᠲᠡᠮᠦᠷ᠂ ᠱᠠᠨᠳᠦ᠋ᠩ ᠤᠨ ᠰᠢᠵᠢᠷ ᠠᠯᠲᠠ᠂ ᠳᠤᠮᠳᠠᠳᠤ ᠤᠯᠤᠰ ᠤᠨ ᠰᠢᠵᠢᠷ ᠠᠯᠲᠠ ᠂ ᠾᠤᠪᠸᠢ ᠶᠢᠨ ᠮᠣᠯᠢᠪᠳᠧᠨ ᠤ  ᠦᠢᠯᠡᠰ ᠵᠡᠷᠭᠡ ᠠᠵᠤ ᠠᠬᠤᠶᠢᠯᠠᠯ ᠲᠠᠢ ᠬᠠᠮᠲᠤᠷᠠᠯᠴᠠᠭ᠎ᠠ ᠥᠷᠨᠢᠭᠦᠯᠪᠡ᠃     ᠬᠤᠪᠣᠷ ᠰᠢᠷᠣᠶ ᠶᠢᠨ ᠡᠬᠢ ᠪᠠᠶᠠᠯᠢᠭ ᠤᠨ ᠣᠭ ᠰᠤᠷᠪᠤᠯᠵᠢ ᠳᠤ ᠲᠦᠰᠢᠭᠯᠡᠨ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ  ᠣᠷᠣᠨ ᠬᠤᠪᠣᠷ ᠰᠢᠷᠣᠶ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠪᠣᠷ ᠰᠢᠷᠣᠶ ᠶᠢᠨ ᠠᠵᠤ  ᠦᠢᠯᠡᠰ ᠤᠨ ᠳᠡᠭᠡᠳᠦ ᠲᠠᠰ ᠳᠠᠰᠢ ᠤᠷᠤᠭᠰᠢᠯᠠᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠤ ᠠᠵᠤ ᠦᠢᠯᠡᠰ ᠤᠨ ᠲᠠᠯ᠎ᠠ ᠪᠠᠷ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠢ ᠨᠠᠷᠢᠯᠢᠭ ᠡᠳ᠋ᠰᠢᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ ᠲᠣᠭᠲᠠᠮᠠᠯ ᠰᠣᠷᠢᠨᠵᠢᠨ ᠤ ᠳᠠᠷᠠᠭ᠎ᠠ ᠴᠠᠬᠢᠯᠭᠠᠨ ᠢᠶᠠᠷ ᠥᠩᠭᠡᠯᠡᠬᠦ ᠪᠣᠭᠤᠮᠢ ᠶᠢ ᠰᠢᠪᠲᠤᠯᠵᠤ᠂ ᠠᠵᠤ  ᠦᠢᠯᠡᠰ ᠤᠨ ᠬᠡᠯᠬᠢᠶ᠎ᠡ ᠶᠢ ᠪᠦᠲᠦᠮᠵᠢᠲᠡᠶ ᠤᠷᠲᠤᠳᠬᠠᠬᠤ ᠶᠢᠨ ᠬᠠᠮᠲᠤ ᠲᠤᠬᠠᠶ ᠶᠢᠨ ᠭᠠᠵᠠᠷ ᠲᠤᠨᠢ ᠪᠦᠲᠦᠭᠡᠭᠳᠡᠬᠦᠨ ᠪᠣᠯᠭᠠᠬᠤ ᠨᠣᠷᠮ᠎ᠠ ᠶᠢ ᠳᠡᠭᠡᠭᠰᠢᠯᠡᠭᠦᠯᠪᠡ᠃ ᠲᠢᠶᠠᠨ ᠾᠧ ᠰᠣᠷᠢᠨᠵᠢᠨ ᠮᠠᠲ᠋ᠧᠷᠢᠶᠠᠯ᠂ ᠺᠧ ᠷᠦᠢ ᠪᠢᠴᠢᠯ ᠰᠣᠷᠢᠨᠵᠢᠨ ᠨᠠᠭᠠᠯᠳᠤᠭᠤᠯᠬᠤ ᠰᠣᠷᠢᠨᠵᠢᠨ ᠨᠤᠨᠲᠠᠭ᠂ ᠬᠤᠪᠣᠷ ᠰᠢᠷᠣᠶ ᠶᠢᠨ ᠬᠦᠷᠢᠶᠡᠯᠡᠩ ᠤᠨ ᠨᠧᠦᠳᠢᠮ ᠲᠡᠮᠦᠷ ᠪᠣᠷ ᠰᠣᠷᠢᠨᠵᠢᠨ ᠴᠠᠭᠠᠷᠢᠭ ᠵᠡᠷᠭᠡ ᠲᠥᠷᠥᠯ  ᠵᠦᠢᠯ ᠥᠪᠡᠷᠲᠡᠭᠡᠨ ᠵᠠᠰᠠᠬᠤ ᠣᠷᠣᠨ ᠤ ᠠᠵᠤ  ᠦᠢᠯᠡᠰ ᠤᠨ ᠬᠤᠭᠤᠰᠣᠨ ᠢ ᠨᠥᠬᠦᠪᠥᠷᠢᠯᠡᠨ᠎ᠡ᠃ ᠬᠤᠪᠣᠷ ᠰᠢᠷᠣᠶ ᠶᠢᠨ ᠭᠢᠯᠠᠶᠢᠯᠭᠠᠬᠤ᠂ ᠤᠰᠤᠲᠥ᠋ᠷᠥᠭᠴᠢ ᠬᠠᠳᠠᠭᠠᠯᠠᠬᠤ ᠠᠵᠤ  ᠦᠢᠯᠡᠰ ᠤᠨ ᠲᠠᠯ᠎ᠠ ᠪᠠᠷ᠂ ᠭᠢᠯᠠᠶᠢᠯᠭᠠᠬᠤ ᠮᠠᠲ᠋ᠧᠷᠢᠶᠠᠯ ᠤᠨ ᠦᠢᠯᠡᠳᠬᠦᠨ ᠤ ᠳᠡᠭᠡᠳᠦ ᠦᠵᠦᠭᠦᠷᠵᠢᠯᠲᠡ ᠶᠢᠨ ᠬᠥᠭᠵᠢᠯᠲᠡ ᠰᠢᠪᠲᠤᠯᠤᠯᠲᠠ ᠲᠠᠢ ᠪᠣᠯᠵᠣ᠂ ᠰᠢᠨ ᠢᠦᠶ ᠰᠢᠨ᠎ᠡ ᠮᠠᠲ᠋ᠧᠷᠢᠶᠠᠯ ᠨᠢ ᠬᠤᠷᠠᠮᠠᠯ ᠴᠠᠬᠢᠯᠭᠠᠨ ᠬᠡᠯᠬᠢᠶ᠎ᠡ ᠶᠢᠨ ᠨᠠᠨᠤᠮᠤᠲᠷ ᠬᠤᠪᠣᠷ ᠰᠢᠷᠣᠶ ᠶᠢᠨ ᠬᠡᠲᠦ ᠭᠢᠯᠠᠶᠢᠯᠭᠠᠬᠤ ᠰᠢᠩᠭᠡᠨ ᠢ ᠠᠮᠵᠢᠯᠲᠠ ᠲᠠᠢ ᠨᠡᠭᠡᠭᠡᠨ ᠭᠠᠷᠭᠠᠵᠤ᠂  ᠦᠢᠯᠡᠳᠬᠦᠨ ᠤ ᠨᠡᠮᠡᠯᠲᠡ ᠥᠷᠲᠡᠭ ᠨᠢ ᠤᠤᠯ ᠤᠨ 100 ᠳᠠᠬᠢᠨ ᠪᠣᠯᠵᠣ ᠳᠡᠭᠡᠭᠰᠢᠯᠡᠪᠡ᠃ ᠵᠥᠩᠺᠤ ᠢᠦᠶ ᠬᠠᠩ ᠺᠣᠮᠫᠠᠨᠢ ᠶᠢᠨ ᠬᠤᠪᠣᠷ ᠰᠢᠷᠣᠶ ᠶᠢᠨ ᠭᠢᠯᠠᠶᠢᠯᠭᠠᠬᠤ ᠨᠤᠨᠲᠠᠭ ᠤᠨ ᠮᠥᠬᠦᠯᠢᠭ ᠤᠨ ᠳ᠋ᠢᠶᠠᠮᠧᠲᠷ ᠨᠢ ᠨᠠᠨᠤᠮᠤᠲᠷ ᠤᠨ ᠲᠠᠰ ᠲᠤ ᠬᠦᠷᠴᠦ᠂ ᠭᠢᠯᠠᠶᠢᠯᠭᠠᠬᠤ ᠰᠢᠩᠭᠡᠨ᠂ ᠭᠢᠯᠠᠶᠢᠯᠭᠠᠬᠤ ᠢᠯᠲᠠᠰᠤ ᠨᠢ ᠠᠮᠧᠷᠢᠺᠠ ᠶᠢᠨ ᠳ᠋ᠦ᠋ ᠪᠠᠩ ᠺᠣᠮᠫᠠᠨᠢ᠂ ᠬᠤᠸᠠᠨ ᠴᠢᠦ ᠺᠣᠮᠫᠠᠨᠢ ᠶᠢᠨ ᠪᠦᠲᠦᠭᠡᠭᠳᠡᠬᠦᠨ ᠢ ᠣᠷᠣᠯᠠᠵᠠᠶ᠃ ᠦᠵᠦᠭᠦᠷ ᠤᠨ ᠬᠡᠷᠡᠭᠯᠡᠭᠡᠨ ᠤ ᠠᠵᠤ  ᠦᠢᠯᠡᠰ ᠤᠨ ᠲᠠᠯ᠎ᠠ ᠪᠠᠷ᠂ ᠰᠢᠵᠢᠶᠧ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠪᠣᠷ ᠰᠢᠷᠣᠶ ᠶᠢᠨ ᠰᠠᠭᠤᠷᠢ ᠨᠢᠲᠷᠤ᠋ ᠥᠬᠡᠶᠢᠳᠡᠭᠦᠯᠬᠦ ᠲᠦᠷᠭᠡᠳᠬᠡᠭᠦᠷ᠂ ᠵᠢᠶᠠᠩ ᠰᠢᠨ ᠤ ᠪᠢᠴᠢᠯ ᠴᠠᠬᠢᠯᠭᠠᠨ ᠮᠠᠰᠢᠨ ᠤ ᠤᠶᠤᠨᠲᠤ ᠭᠠᠷ ᠤᠲᠠᠰᠤᠨ ᠤ ᠰᠡᠭᠦᠳᠡᠷᠯᠡᠬᠦ ᠮᠠᠰᠢᠨ ᠤ ᠬᠡᠷᠡᠭᠯᠡᠬᠦ ᠪᠢᠴᠢᠯ ᠬᠥᠳᠡᠯᠭᠡᠭᠦᠷ ᠮᠠᠰᠢᠨ᠂ ᠳᠤᠮᠳᠠᠳᠤ ᠤᠯᠤᠰ ᠤᠨ ᠤᠶᠤᠨᠲᠤ ᠮᠠᠰᠢᠨ ᠬᠥᠮᠦᠨ ᠤ ᠬᠡᠷᠡᠭᠯᠡᠬᠦ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠵᠡᠷᠭᠡ ᠣᠯᠠᠨ ᠲᠦᠷᠦᠯ ᠵᠦᠢᠯ ᠨᠢ ᠠᠵᠤ  ᠦᠢᠯᠡᠰ ᠤᠨ ᠬᠤᠭᠤᠰᠣᠨ ᠢ ᠨᠥᠬᠦᠪᠥᠷᠢᠯᠡᠵᠦ᠂ ᠣᠯᠠᠨ ᠵᠦᠢᠯ ᠤᠨ ᠮᠡᠷᠭᠡᠵᠢᠯ ᠳᠡᠯᠡᠬᠡᠶ ᠶᠢᠨ ᠲᠡᠷᠢᠭᠦᠨ ᠤ ᠲᠦᠪᠰᠢᠨ ᠳᠤ ᠬᠦᠷᠴᠡᠶ᠃      ᠰᠢᠨᠵᠢᠯᠡᠬᠦ ᠤᠬᠠᠭᠠᠨ ᠮᠡᠷᠭᠡᠵᠢᠯ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠡᠯᠪᠡᠭ᠃      ᠠᠷᠪᠠᠨ ᠬᠤᠶᠠᠳᠤᠭᠠᠷ ᠬᠤᠭᠤᠴᠠᠭᠠᠨ ᠤ ᠪᠤᠭᠤᠲᠤ ᠶᠢᠨ ᠬᠤᠪᠣᠷ ᠰᠢᠷᠣᠶ ᠶᠢᠨ ᠠᠵᠤ  ᠦᠢᠯᠡᠰ ᠤᠨ ᠣᠯᠠᠨ ᠤᠯᠤᠰ ᠤᠨ ᠶᠠᠷᠢᠶᠠᠨ ᠤ ᠲᠠᠪᠴᠠᠩ ᠳᠡᠭᠡᠷ᠎ᠡ᠂ ᠬᠤᠪᠣᠷ ᠰᠢᠷᠣᠶ ᠶᠢᠨ ᠮᠠᠭᠨᠢ ᠪᠠᠷ ᠰᠠᠭᠤᠷᠢ ᠪᠣᠯᠭᠠᠭᠰᠠᠨ ᠤᠰᠤᠲᠥ᠋ᠷᠥᠭᠴᠢ ᠬᠠᠳᠠᠭᠠᠯᠠᠬᠤ ᠮᠠᠲ᠋ᠧᠷᠢᠶᠠᠯ ᠵᠢᠴᠢ ᠬᠠᠲᠠᠭᠤ ᠲᠥᠯᠥᠪᠲᠦ ᠤᠰᠤᠲᠥ᠋ᠷᠥᠭᠴᠢ ᠬᠠᠳᠠᠭᠠᠯᠠᠬᠤ ᠮᠡᠷᠭᠡᠵᠢᠯ᠂ ᠥᠨᠳᠥᠷ ᠴᠢᠳᠠᠪᠬᠢᠲᠤ ᠲᠦᠷᠭᠡᠨ ᠬᠠᠲᠠᠭᠠᠬᠤ ᠰᠣᠷᠢᠨᠵᠢᠨ ᠨᠤᠨᠲᠠᠭ᠂ ᠬᠥᠩᠭᠡᠨ ᠬᠤᠪᠣᠷ ᠰᠢᠷᠣᠶ ᠶᠢᠨ ᠹᠠᠯᠠᠨ ᠮᠠᠲ᠋ᠧᠷᠢᠶᠠᠯ᠂ ᠪᠢᠴᠢᠯ ᠬᠡᠯᠪᠡᠷᠢ ᠶᠢᠨ ᠲᠠᠭᠤᠨ ᠤ ᠴᠠᠭᠠᠷᠢᠭ ᠤᠨ ᠮᠣᠲ᠋ᠣᠷ᠂ ᠲᠠᠰᠤᠯᠳᠠᠭᠤᠯᠤᠭᠰᠠᠨ ᠢᠯᠴᠢᠲᠦ ᠬᠤᠪᠣᠷ ᠰᠢᠷᠣᠶ ᠶᠢᠨ ᠰᠢᠯ ᠤᠨ ᠲᠦᠷᠬᠢᠮᠡᠯ ᠳᠠᠪᠬᠤᠷᠭ᠎ᠠ᠂ ᠴᠠᠬᠢᠯᠭᠠᠨ ᠥᠩᠭᠡᠯᠡᠯᠲᠡ ᠶᠢᠨ ᠥᠩᠭᠡᠨ ᠲᠠᠯ᠎ᠠ ᠶᠢᠨ  ᠰᠢᠢᠳᠪᠦᠷᠢᠯᠡᠯᠲᠡ᠂ ᠠᠵᠤ ᠦᠢᠯᠡᠳᠪᠦᠷᠢ ᠶᠢᠨ ᠥᠨᠳᠥᠷ ᠵᠤᠤᠬ᠎ᠠ ᠶᠢᠨ ᠰᠢᠭᠠᠷᠤ ᠶᠢ ᠪᠣᠯᠪᠠᠰᠤᠷᠠᠭᠤᠯᠬᠤ 7 ᠵᠦᠢᠯ ᠤᠨ ᠬᠤᠪᠣᠷ ᠰᠢᠷᠣᠶ ᠶᠢᠨ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠶᠠᠪᠤᠵᠤ ᠪᠠᠶᠢᠭ᠎ᠠ ᠰᠢᠨ᠎ᠡ ᠮᠡᠷᠭᠡᠵᠢᠯ ᠨᠢ ᠲᠤᠭ᠎ᠠ ᠲᠣᠮᠰᠢ ᠥᠬᠡᠶ ᠢᠯᠡᠷᠡᠵᠦ᠂ ᠬᠤᠷᠠᠯ ᠳᠤ ᠣᠷᠣᠯᠴᠠᠭᠰᠠᠳ ᠲᠤ ᠬᠤᠪᠣᠷ ᠰᠢᠷᠣᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠯᠤᠲᠤ ᠶᠡᠭᠡ ᠷᠢᠳᠢ ᠰᠢᠳᠢ ᠪᠠ ᠥᠷᠭᠡᠨ ᠠᠭᠤᠳᠠᠮ ᠠᠯᠤᠰ ᠢᠷᠡᠭᠡᠳᠦᠶ ᠶᠢ ᠰᠢᠭᠤᠳ ᠮᠡᠳᠡᠷᠡᠭᠦᠯᠪᠡ᠃ ︽ᠪᠤᠭᠤᠲᠤ ᠶᠢᠨ ᠬᠤᠪᠣᠷ ᠰᠢᠷᠣᠶ ᠶᠢᠨ ᠠᠵᠤ  ᠦᠢᠯᠡᠰ ᠤᠨ ᠬᠥᠭᠵᠢᠯᠲᠡ ᠶᠢᠨ ︿ᠭᠤᠤᠯ ᠲᠡᠶᠢᠨ ᠤ ᠲᠠᠯᠠᠪᠤᠷ﹀ ᠪᠣᠯᠤᠭᠰᠠᠨ ᠤ ᠬᠤᠪᠢ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ  ᠣᠷᠣᠨ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠳᠠᠮᠵᠢᠭᠤᠯᠤᠨ ᠬᠤᠪᠣᠷ ᠰᠢᠷᠣᠶ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠵᠤ  ᠦᠢᠯᠡᠰ ᠤᠨ ᠬᠡᠯᠬᠢᠶ᠎ᠡ ᠪᠠᠨ ᠤᠷᠲᠤᠳᠬᠠᠵᠤ᠂ ᠠᠵᠤ  ᠦᠢᠯᠡᠰ ᠤᠨ ᠥᠷᠲᠡᠭ ᠤᠨ ᠬᠡᠯᠬᠢᠶ᠎ᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠪᠡ᠃ ᠶᠠᠷᠢᠶᠠᠨ ᠤ ᠲᠠᠪᠴᠠᠩ ᠳᠡᠭᠡᠷ᠎ᠡ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠠᠷᠢᠨ ᠪᠢᠴᠢᠭ ᠤᠨ ᠳᠠᠷᠤᠭ᠎ᠠ ᠴᠧᠨ ᠵᠢᠶᠠᠨ ᠹᠧᠩ᠂ ᠪᠤᠭᠤᠲᠤ ᠶᠢᠨ ᠬᠢᠨ ᠬᠤᠪᠣᠷ ᠰᠢᠷᠣᠢ ᠶᠢᠨ ᠡᠬᠢ ᠪᠠᠶᠠᠯᠢᠭ ᠤᠨ ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠬᠡᠷᠡᠭᠯᠡᠯᠲᠡ ᠶᠢ ᠨᠢᠭᠡ ᠴᠤᠬᠴᠠᠵᠢᠭᠤᠯᠬᠤ ᠬᠥᠭᠵᠢᠯᠲᠡ ᠶᠢ ᠦᠷᠭᠦᠯᠵᠢᠯᠡᠨ ᠰᠦᠪᠡᠭᠴᠢᠯᠡᠵᠦ᠂ ᠠᠵᠤ ᠦᠢᠯᠡᠰ ᠤᠨ ᠪᠦᠲᠦᠴᠡ ᠶᠢᠨ ᠰᠢᠯᠢᠳᠡᠭᠵᠢᠭᠦᠯᠦᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号