ᠣᠳᠣᠬᠠᠨ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠤᠯᠤᠰ ᠤᠨ ᠪᠠᠶᠢᠯᠳᠤᠬᠤ | ᠪᠣᠳᠣᠯᠭ᠎ᠠ ᠲᠠᠢ ᠨᠢᠭᠲᠠ ᠤᠶᠠᠯᠳᠤᠭᠤᠯᠤᠨ᠂ ᠬᠤᠪᠣᠷ ᠰᠢᠷᠣᠶ ᠶᠢᠨ ᠴᠢᠳᠠᠮᠵᠢᠳᠤ ᠰᠢᠨ᠎ᠡ ᠮᠠᠲ᠋ᠧᠷᠢᠶᠠᠯ ᠦᠢᠯᠡᠳᠬᠦ | ᠰᠢᠨ᠎ᠡ ᠮᠡᠷᠭᠡᠵᠢᠯ ᠪᠠ ᠰᠢᠨ᠎ᠡ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠶᠢ ᠪᠠᠶᠢᠷᠢᠰᠢᠭᠤᠯᠬᠤ ᠶᠢᠨ ᠬᠠᠮᠲᠤ | ᠴᠢᠩᠭᠠᠳᠬᠠᠵᠤ᠂ ᠤᠯᠤᠰ ᠤᠨ ᠬᠤᠪᠣᠷ ᠰᠢᠷᠣᠶ ᠶᠢᠨ ᠴᠢᠳᠠᠮᠵᠢᠳᠤ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠤᠨ | ᠥᠪᠥᠷ ᠮᠣᠩᠭᠤᠯ ᠤᠨ ᠲᠥᠪ᠂ ᠳᠡᠯᠡᠬᠡᠶ ᠶᠢᠨ ᠲᠠᠰ ᠤᠨ ᠬᠤᠪᠣᠷ ᠰᠢᠷᠣᠶ ᠶᠢᠨ ᠦᠢᠯᠡᠳᠪᠦᠷᠢᠯᠡᠬᠦ ᠵᠢᠭᠠᠬᠤ ᠰᠤᠳᠤᠯᠬᠤ | ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ | ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠤᠯ ᠤᠨ ᠲᠤᠰᠬᠠᠶ ᠵᠦᠢᠯ ᠢ ᠢᠳᠡᠪᠬᠢᠲᠡᠶ ᠪᠠᠷ ᠡᠭᠦᠷᠭᠡᠯᠡᠨ᠂ ᠬᠤᠪᠣᠷ | ᠰᠢᠷᠣᠶ ᠶᠢᠨ ᠬᠦᠷᠢᠶᠡᠨ ᠳᠠᠬᠢ ᠨᠢᠭᠡ ᠪᠦᠯᠦᠭ ᠭᠤᠤᠯᠯᠠᠬᠤ ᠮᠡᠷᠭᠡᠵᠢᠯ ᠳᠤ ᠰᠢᠪᠲᠤᠯᠤᠯᠲᠠ ᠲᠠᠢ ᠪᠣᠯᠭᠠᠨ᠎ᠠ᠃ ᠠᠵᠤ | ᠠᠬᠤᠶᠢᠯᠠᠯ ᠬᠢᠭᠡᠳ ᠥᠨᠳᠥᠷ ᠬᠢᠷᠢ ᠲᠦᠪᠰᠢᠨ ᠪᠥᠬᠦᠶ ᠶᠡᠭᠡ ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠯᠤᠭ᠎ᠠ | ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠠᠵᠤ | ᠠᠬᠤᠶᠢᠯᠠᠯ ᠤᠨ ᠬᠡᠯᠪᠡᠷᠢ ᠶᠢᠨ ᠰᠤᠳᠤᠯᠤᠨ ᠨᠡᠭᠡᠭᠡᠬᠦ ᠲᠥᠪ ᠢ ᠬᠠᠮᠲᠤ ᠪᠠᠷ ᠪᠠᠶᠢᠭᠤᠯᠬᠤ ᠪᠠᠷ ᠳᠠᠮᠵᠢᠭᠤᠯᠤᠨ᠂ | ᠭᠤᠤᠯᠯᠠᠬᠤ ᠮᠡᠷᠭᠡᠵᠢᠯ ᠤᠨ ᠬᠦᠴᠢᠷ ᠠᠰᠠᠭᠤᠳᠠᠯ ᠢ ᠬᠠᠮᠲᠤᠷᠠᠨ ᠰᠢᠢᠳᠪᠦᠷᠢᠯᠡᠵᠦ᠂ ᠠᠵᠤ ᠠᠬᠤᠶᠢᠯᠠᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯᠳᠠᠯᠭ᠎ᠠ ᠲᠠᠢ ᠡᠭᠦᠷᠭᠡ ᠪᠠᠷ ᠪᠠᠷᠢᠮᠵᠢᠶᠠᠯᠠᠪᠠ᠂ | ᠬᠤᠪᠣᠷ ᠰᠢᠷᠣᠶ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠴᠢᠬᠤᠯᠠ ᠶᠡᠭᠡ ᠴᠠᠭ | ᠦᠶ᠎ᠡ ᠶᠢᠨ ᠰᠡᠳᠦᠪ ᠲᠠᠢ ᠨᠢᠭᠲᠠ ᠤᠶᠠᠯᠳᠤᠭᠤᠯᠤᠨ᠎ᠠ᠂ ᠮᠡᠷᠭᠡᠵᠢᠯ ᠤᠨ ᠳᠤᠲᠠᠭᠤᠳᠠᠯ ᠢ ᠬᠦᠴᠦᠯᠡᠨ ᠨᠥᠬᠦᠪᠥᠷᠢᠯᠡᠨ᠎ᠡ᠂ | ᠬᠠᠩᠭᠠᠯᠭ᠎ᠠ ᠶᠢᠨ ᠬᠡᠯᠬᠢᠶ᠎ᠡ ᠪᠠ ᠥᠷᠲᠡᠭ ᠤᠨ ᠬᠡᠯᠬᠢᠶ᠎ᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠂ | ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠪᠠ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠂ | ᠤᠯᠤᠰ ᠤᠨ ᠳᠣᠲᠣᠭᠠᠳᠤ ᠭᠠᠳᠠᠭᠠᠳᠤ ᠳᠤ ᠰᠠᠭᠠᠳ ᠦᠭᠡᠢ ᠨᠡᠪᠲᠡᠷᠡᠬᠦ ᠬᠤᠪᠣᠷ ᠰᠢᠷᠣᠢ ᠶᠢᠨ ᠠᠵᠤ ᠦᠢᠯᠡᠰ ᠤᠨ ︽ | ᠬᠤᠣᠰ ᠣᠷᠴᠢᠯ︾ ᠢ ᠪᠠᠶᠢᠭᠤᠯᠤᠨ᠎ᠠ᠂ ᠬᠤᠪᠣᠷ ᠰᠢᠷᠣᠶ ᠶᠢᠨ ᠠᠵᠤ ᠦᠢᠯᠡᠰ ᠤᠨ ︽ᠬᠡᠯᠬᠢᠶ᠎ᠡ ᠶᠢ ᠴᠢᠩᠭᠠᠷᠠᠭᠤᠯᠬᠤ︾ | ᠶᠢ ᠠᠬᠢᠭᠤᠯᠤᠨ᠎ᠠ᠂︽ᠤᠷᠲᠤᠳᠬᠠᠯ ᠭᠢᠨᠵᠢ᠂ ᠨᠥᠬᠦᠪᠥᠷᠢ ᠭᠢᠨᠵᠢ᠂ ᠬᠡᠯᠬᠢᠶ᠎ᠡ ᠥᠷᠭᠡᠳᠬᠡᠬᠦ︾᠂ ᠢᠨᠲ᠋ᠧᠷ | ᠰᠦᠯᠵᠢᠶ᠎ᠡ ᠶᠢ ᠶᠡᠬᠡᠪᠡᠷ ᠳᠡᠯᠭᠡᠷᠡᠭᠦᠯᠦᠨ᠎ᠡ᠂ ᠲᠤᠮᠤ ᠳ᠋ᠠᠶᠢᠲ᠋ᠠ᠂ ᠵᠣᠬᠢᠶᠠᠮᠠᠯ ᠤᠶᠤᠨ᠂ ᠬᠡᠰᠡᠭ ᠪᠦᠯᠦᠭ ᠤᠨ ᠬᠡᠯᠬᠢᠶ᠎ᠡ | ᠵᠡᠷᠭᠡ ᠣᠶᠤᠨᠴᠢ ᠦᠢᠯᠡᠳᠬᠦ ᠮᠡᠷᠭᠡᠵᠢᠯ ᠬᠢᠭᠡᠳ ᠬᠤᠪᠣᠷ ᠰᠢᠷᠣᠶ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ | ᠂ ᠬᠤᠪᠣᠷ ᠰᠢᠷᠣᠢ ᠶᠢᠨ ᠠᠵᠤ ᠦᠢᠯᠡᠰ ᠤᠨ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠰᠢᠨ᠎ᠡ | ᠰᠢᠪᠲᠤᠯᠤᠯᠲᠠ ᠭᠠᠷᠭᠠᠬᠤ ᠶᠢ ᠠᠬᠢᠭᠤᠯᠤᠨ᠎ᠠ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠢ | ᠣᠯᠠᠨ ᠤᠯᠤᠰ ᠤᠨ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠰᠤᠳᠤᠯᠤᠨ ᠨᠡᠭᠡᠭᠡᠬᠦ ᠪᠠ ᠬᠡᠷᠡᠭᠯᠡᠭᠡᠨ ᠤ ᠰᠠᠭᠤᠷᠢᠨ | ᠭᠠᠵᠠᠷ ᠤᠨ ᠣᠨᠴᠠᠯᠢᠭᠲᠤ ᠠᠵᠤ ᠦᠢᠯᠡᠰ ᠤᠨ ᠬᠦᠷᠢᠶᠡᠯᠡᠩ ᠪᠣᠯᠤᠨ ᠳᠤᠮᠳᠠᠳᠤ ᠤᠯᠤᠰ ᠤᠨ ︽ᠰᠣᠷᠢᠨᠵᠢᠨ ᠬᠥᠨᠳᠡᠶ | ︾ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃ | ᠲᠥᠷᠥ ᠶᠢᠨ ᠪᠣᠳᠣᠯᠭ᠎ᠠ ᠶᠢᠨ ᠬᠠᠮᠠᠭᠠᠯᠠᠯᠲᠠ ᠲᠥᠪᠯᠡᠷᠡᠯ ᠤᠨ ᠦᠢᠯᠡᠳᠦᠯ ᠢ ᠪᠣᠶ ᠪᠣᠯᠭᠠᠪᠠ᠃ | ᠰᠢᠨ ᠶᠤᠸᠠᠨ᠂ ᠰᠢᠨ ᠢᠦᠶ ᠬᠤᠪᠣᠷ ᠰᠢᠷᠣᠶ ᠶᠢᠨ ᠪᠦᠷᠢᠨ ᠠᠦ᠋ᠲ᠋ᠣ᠋ ᠴᠡᠪᠡᠷᠰᠢᠭᠰᠡᠨ ᠬᠤᠪᠣᠷ ᠰᠢᠷᠣᠶ ᠶᠢᠨ | ᠦᠢᠯᠡᠳᠪᠦᠷᠢ ᠶᠢᠨ ᠲᠠᠰᠤᠭ ᠲᠤ ᠮᠢᠩᠭ᠎ᠠ ᠭᠠᠷᠤᠶ ᠲᠡᠭᠰᠢ ᠳᠥᠷᠪᠡᠯᠵᠢᠨ ᠮᠧᠲᠷ ᠤᠨ ᠦᠢᠯᠡᠳᠪᠦᠷᠢ ᠶᠢᠨ ᠲᠠᠰᠤᠭ ᠲᠤ | ᠨᠢᠭᠡ ᠯᠡ ᠮᠡᠷᠭᠡᠵᠢᠯ ᠤᠨ ᠠᠵᠢᠯᠲᠠᠨ ᠲᠣᠭᠤᠷᠢᠨ ᠪᠠᠶᠢᠴᠠᠭᠠᠵᠤ᠂ ᠦᠨᠳᠦᠰᠦᠨ ᠳᠡᠭᠡᠨ ︽ᠳ᠋ᠧᠩ ᠤᠨᠲᠠᠷᠠᠭᠠᠬᠤ | ᠦᠢᠯᠡᠳᠪᠦᠷᠢᠯᠡᠯ︾ ᠢ ᠪᠡᠶᠡᠯᠡᠭᠦᠯᠵᠦ ᠴᠢᠳᠠᠨ᠎ᠠ᠃ ᠲᠣᠰ ᠦᠢᠯᠡᠳᠪᠦᠷᠢ ᠶᠢᠨ ᠲᠠᠰᠤᠭ ᠨᠢ 2017 ᠣᠨ ᠳᠤ | ᠠᠦ᠋ᠲ᠋ᠣᠴᠢᠯᠠᠭᠰᠠᠨ ᠲᠠᠰ ᠳᠡᠪᠰᠢᠭᠦᠯᠬᠦ ᠥᠭᠡᠷᠡᠴᠢᠯᠡᠯᠲᠡ ᠬᠢᠵᠦ᠂ ᠵᠢᠯ ᠳᠤ 3000 ᠲᠣᠨ ᠰᠠᠯᠭᠠᠬᠤ ᠤᠯᠤᠰ ᠤᠨ | ᠳᠣᠲᠣᠭᠠᠳᠤ ᠶᠢᠨ ᠠᠩᠬᠠᠳᠠᠭᠴᠢ ᠬᠥᠩᠭᠡᠨ ᠬᠤᠪᠣᠷ ᠰᠢᠷᠣᠶ ᠶᠢᠨ ᠪᠦᠷᠢᠨ ᠰᠠᠯᠭᠠᠵᠤ ᠴᠡᠪᠡᠷᠰᠢᠭᠦᠯᠬᠦ | ᠠᠦ᠋ᠲ᠋ᠣᠴᠢᠯᠠᠭᠰᠠᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠱᠤᠭᠤᠮ ᠳᠤ ᠲᠦᠰᠢᠭᠯᠡᠨ᠂ ᠦᠷᠭᠦᠯᠵᠢᠯᠡᠨ | ᠴᠣᠬᠤᠯᠠᠭᠤᠯᠬᠤ ᠪᠠ ᠣᠯᠠᠨ ᠲᠠᠰ ᠢᠶᠠᠷ ᠴᠣᠬᠤᠯᠠᠭᠤᠯᠬᠤ ᠤᠷ᠎ᠠ ᠮᠡᠷᠭᠡᠵᠢᠯ ᠢ ᠬᠡᠷᠡᠭᠯᠡᠨ᠂ ᠬᠤᠯᠢᠮᠠᠭ ᠾᠯᠣᠷᠲᠤ | ᠬᠤᠪᠣᠷ ᠰᠢᠷᠣᠶ ᠶᠢ ᠲᠠᠩ ᠭᠠᠭᠴᠠ ᠬᠤᠪᠣᠷ ᠰᠢᠷᠣᠶ ᠶᠢᠨ ᠦᠢᠯᠡᠳᠬᠦᠨ ᠪᠣᠯᠭᠠᠨ ᠬᠤᠪᠢᠷᠠᠭᠤᠯᠵᠤ᠂ ᠲᠡᠭᠦᠨ ᠤ ᠲᠠᠩ | ᠭᠠᠭᠴᠠ ᠦᠢᠯᠡᠳᠬᠦᠨ ᠤ ᠴᠡᠪᠡᠷᠴᠡ ᠨᠢ 99 . 999 % ᠠᠴᠠ ᠳᠡᠭᠡᠭᠰᠢ ᠳᠤ ᠬᠦᠷᠴᠦ᠂ ᠮᠡᠷᠭᠡᠵᠢᠯ ᠤᠨ ᠬᠢᠷᠢ | ᠲᠦᠪᠰᠢᠨ ᠨᠢ ᠳᠡᠯᠡᠬᠡᠶ ᠶᠢᠨ ᠲᠡᠷᠢᠭᠦᠨ ᠳᠤ ᠣᠷᠣᠬᠤ ᠪᠣᠯᠤᠨ᠎ᠠ᠃ ᠲᠣᠰ ᠦᠢᠯᠡᠳᠬᠦᠨ ᠪᠣᠯ ᠬᠡᠲᠦ ᠴᠡᠪᠡᠷ᠂ ᠳᠤᠤᠷ᠎ᠠ | ᠬᠤᠯᠢᠴᠠ ᠲᠠᠢ ᠬᠤᠪᠣᠷ ᠰᠢᠷᠣᠶ ᠶᠢᠨ ᠣᠨᠴᠠᠭᠠᠶ ᠨᠢᠭᠡᠳᠪᠦᠷᠢ ᠦᠢᠯᠡᠳᠬᠦ ᠰᠠᠭᠤᠷᠢ ᠲᠦᠭᠦᠬᠡᠶ ᠮᠠᠲ᠋ᠧᠷᠢᠶᠠᠯ ᠪᠠᠶᠢᠵᠤ᠂ | ᠲᠦᠷᠭᠡᠳᠬᠡᠯ᠂ ᠡᠮ ᠡᠮᠨᠡᠯᠭᠡ᠂ ᠲᠠᠷᠢᠶᠠᠯᠠᠩ᠂ ᠬᠢᠮᠢ ᠶᠢᠨ ᠠᠵᠤ ᠦᠢᠯᠡᠳᠪᠦᠷᠢ ᠵᠡᠷᠭᠡ ᠬᠦᠷᠢᠶᠡᠨ ᠳᠠᠬᠢ | ᠬᠡᠷᠡᠭᠯᠡᠯᠲᠡ ᠶᠢ ᠬᠠᠩᠭᠠᠵᠤ ᠪᠣᠯᠤᠨ᠎ᠠ᠃ | ︽ᠠᠵᠤ ᠠᠬᠤᠶᠢᠯᠠᠯ ᠨᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠦᠴᠦᠲᠡᠶ | ᠳᠡᠮᠵᠢᠯᠭᠡ ᠳᠤᠤᠷ᠎ᠠ᠂ ᠳ᠋ᠦᠩᠰᠢᠭᠤᠷ ᠰᠢᠬᠠᠮ ᠲᠥᠭᠦᠷᠢᠭ ᠤᠨ ᠪᠠᠯᠠ ᠣᠷᠣᠭᠤᠯᠵᠤ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠥᠨᠳᠥᠷ ᠴᠡᠪᠡᠷ ᠬᠤᠪᠣᠷ ᠰᠢᠷᠣᠶ ᠪᠠ ᠬᠤᠪᠣᠷ | ᠰᠢᠷᠣᠶ ᠶᠢᠨ ᠭᠢᠯᠠᠶᠢᠯᠭᠠᠬᠤ ᠬᠦᠷᠢᠶᠡᠨ ᠳᠤ ᠰᠢᠪᠲᠤᠯᠤᠯᠲᠠ ᠶᠢᠨ ᠴᠢᠨᠠᠷᠲᠠᠶ ᠠᠬᠢᠯᠲᠠ ᠲᠠᠢ ᠪᠣᠯᠵᠣ᠂ ᠦᠢᠯᠡᠳᠬᠦᠨ ᠤ | ᠮᠡᠷᠭᠡᠵᠢᠯ ᠤᠨ ᠬᠢᠷᠢ ᠲᠦᠪᠰᠢᠨ ᠨᠢ ᠳᠡᠯᠡᠬᠡᠶ ᠳᠡᠭᠡᠷ᠎ᠡ ᠨᠡᠯᠢᠶᠡᠳ ᠥᠨᠳᠥᠷ ᠪᠠᠶᠢᠵᠤ ᠪᠣᠯᠤᠨ᠎ᠠ︾ ᠭᠡᠵᠦ ᠲᠣᠰ ᠠᠵᠤ | ᠠᠬᠤᠶᠢᠯᠠᠯ ᠤᠨ ᠬᠡᠷᠡᠭ ᠮᠡᠳᠡᠭᠴᠢᠳ ᠤᠨ ᠳᠠᠷᠤᠭ᠎ᠠ ᠵᠢᠶ ᠳ᠋ᠠᠶ ᠢᠦᠶ ᠬᠡᠯᠡᠵᠡᠶ᠃ | ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ | ᠳᠤᠤᠷ᠎ᠠ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠣᠶᠢᠷ᠎ᠠ ᠶᠢᠨ 3 ᠵᠢᠯ ᠳᠤ ᠬᠤᠪᠣᠷ | ᠰᠢᠷᠣᠶ ᠶᠢᠨ ᠰᠢᠨ᠎ᠡ ᠮᠠᠲ᠋ᠧᠷᠢᠶᠠᠯ ᠤᠨ ᠱᠠᠩᠨᠠᠯ ᠵᠡᠷᠭᠡ ᠪᠠᠯᠠ ᠮᠥᠩᠭᠦ ᠶᠢ ᠨᠡᠶᠢᠲᠡ 3 . 7 ᠳ᠋ᠦᠩᠰᠢᠭᠤᠷ ᠲᠥᠭᠦᠷᠢᠭ | ᠣᠯᠭᠤᠵᠤ᠂ ᠤᠯᠤᠰ ᠤᠨ ᠬᠤᠪᠣᠷ ᠰᠢᠷᠣᠶ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠭᠦᠯᠬᠦ ᠲᠤᠰᠬᠠᠶ ᠪᠠᠯᠠ ᠮᠥᠩᠭᠦ ᠶᠢ 5 . 87 ᠳ᠋ᠦᠩᠰᠢᠭᠤᠷ ᠲᠥᠭᠦᠷᠢᠭ ᠣᠯᠵᠤ᠂ ᠪᠤᠭᠤᠲᠤ ᠬᠤᠲᠠ ᠶᠢᠨ | ᠬᠤᠪᠣᠷ ᠰᠢᠷᠣᠶ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠᠯᠠ | ᠣᠷᠣᠭᠤᠯᠤᠯᠲᠠ ᠶᠢᠨ ᠰᠠᠭᠤᠷᠢ ᠮᠥᠩᠭᠦ ᠶᠢ 20 . 86 ᠳ᠋ᠦᠩᠰᠢᠭᠤᠷ ᠲᠥᠭᠦᠷᠢᠭ ᠤᠯᠪᠠ᠃ ᠶᠠᠭ ᠡᠲᠡᠭᠡᠷ | ᠠᠰᠢᠭᠲᠠᠶ ᠲᠥᠷᠥ ᠶᠢᠨ ᠪᠣᠳᠣᠯᠭ᠎ᠠ ᠶᠢᠨ ᠬᠤᠷᠠᠮᠠᠯ ᠲᠣᠮᠣᠷᠠᠭᠤᠯᠤᠯᠲᠠ ᠨᠢ ᠬᠤᠪᠣᠷ ᠰᠢᠷᠣᠶ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠬᠤᠪᠣᠷ ᠰᠢᠷᠣᠶ ᠶᠢᠨ ᠠᠵᠤ ᠦᠢᠯᠡᠰ ᠤᠨ ᠪᠥᠭᠡᠮᠨᠡᠷᠡᠯ ᠤᠨ ᠳᠠᠪᠠᠭᠤᠯᠢᠭ ᠢ ᠤᠯᠠᠮ ᠨᠢᠭᠡ | ᠠᠯᠬᠤᠮ ᠥᠷᠭᠡᠳᠬᠡᠭᠰᠡᠨ ᠪᠠᠶᠢᠨ᠎ᠠ᠃ | ᠣᠳᠣᠬᠠᠨ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠨᠡᠶᠢᠲᠡ 115 ᠬᠤᠪᠣᠷ | ᠰᠢᠷᠣᠶ ᠶᠢᠨ ᠠᠵᠤ ᠠᠬᠤᠶᠢᠯᠠᠯ ᠪᠠᠶᠢᠵᠤ᠂ ᠬᠤᠪᠣᠷ ᠰᠢᠷᠣᠶ ᠶᠢᠨ ᠲᠦᠭᠦᠬᠡᠶ ᠮᠠᠲ᠋ᠧᠷᠢᠶᠠᠯ ᠠᠴᠠ ᠰᠢᠨ᠎ᠡ | ᠮᠠᠲ᠋ᠧᠷᠢᠶᠠᠯ ᠠᠴᠠ ᠦᠵᠦᠭᠦᠷ ᠬᠦᠷᠲᠡᠯᠡᠬᠢ ᠪᠥᠬᠦ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠡᠶ᠃ ᠠᠵᠤ | ᠦᠢᠯᠡᠰ ᠤᠨ ᠬᠡᠪᠴᠢᠶ᠎ᠡ ᠲᠠᠰᠤᠷᠠᠯᠲᠠ ᠥᠬᠡᠶ ᠪᠤᠵᠠᠭᠠᠶᠢᠷᠠᠵᠤ᠂ ᠵᠢᠯ ᠳᠤᠮᠳᠠᠴᠢ ᠪᠠᠷ ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠬᠤᠪᠣᠷ ᠰᠢᠷᠣᠶ ᠶᠢᠨ ᠠᠵᠤ ᠦᠢᠯᠡᠰ ᠤᠨ ᠭᠤᠤᠯᠳᠠᠯᠭ᠎ᠠ ᠲᠠᠢ ᠲᠥᠷᠥᠯ ᠵᠦᠢᠯ ᠢ 30 ᠠᠴᠠ ᠳᠡᠭᠡᠭᠰᠢ | ᠬᠡᠷᠡᠭᠵᠢᠭᠦᠯᠪᠡ᠂ ᠡᠲᠡᠭᠡᠷ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠳᠠᠭᠠᠯᠳᠤᠨ᠂ ᠬᠤᠪᠣᠷ ᠰᠢᠷᠣᠶ ᠶᠢᠨ | ᠰᠢᠨ᠎ᠡ ᠮᠠᠲ᠋ᠧᠷᠢᠶᠠᠯ ᠤᠨ ᠭᠠᠷᠤᠯᠲᠠ ᠦᠷᠭᠦᠯᠵᠢᠯᠡᠨ 20 % ᠠᠴᠠ ᠳᠡᠭᠡᠭᠰᠢᠬᠢ ᠨᠡᠮᠡᠭᠳᠡᠯ ᠤᠨ ᠬᠤᠷᠳᠤᠴᠠ ᠪᠠᠨ | ᠪᠠᠲᠤᠯᠠᠵᠤ᠂ ᠣᠲᠣ ᠶᠢᠨ ᠪᠠᠶᠢᠭ᠎ᠠ ᠬᠤᠪᠣᠷ ᠰᠢᠷᠣᠶ ᠶᠢᠨ ᠲᠦᠭᠦᠬᠡᠶ ᠮᠠᠲ᠋ᠧᠷᠢᠶᠠᠯ ᠤᠨ ᠵᠢᠭᠠᠪᠤᠷᠢ ᠶᠢᠨ ᠴᠢᠨᠠᠷᠲᠠᠶ | ᠦᠢᠯᠡᠳᠪᠦᠷᠢᠯᠡᠯ ᠤᠨ ᠲᠥᠯᠥᠪᠯᠡᠭᠡ ᠳᠤᠤᠷ᠎ᠠ᠂ ᠲᠦᠭᠦᠬᠡᠶ ᠮᠠᠲ᠋ᠧᠷᠢᠶᠠᠯ ᠢ ᠪᠦᠬᠦᠨ ᠢ ᠲᠤᠬᠠᠶ ᠶᠢᠨ ᠭᠠᠵᠠᠷ ᠲᠤᠨᠢ | ᠤᠯᠠᠷᠢᠭᠤᠯᠬᠤ ᠶᠢ ᠪᠡᠶᠡᠯᠡᠭᠦᠯᠵᠦ᠂ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ᠂ ᠤᠰᠤᠲᠥ᠋ᠷᠥᠭᠴᠢ ᠬᠠᠳᠠᠭᠠᠯᠠᠬᠤ᠂ | ᠭᠢᠯᠠᠶᠢᠯᠭᠠᠬᠤ ᠭᠤᠷᠪᠠᠨ ᠶᠡᠭᠡ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠵᠢᠷᠤᠭ ᠲᠥᠯᠥᠪᠯᠡᠭᠡ ᠶᠢᠨ | ᠦᠢᠯᠡᠳᠪᠦᠷᠢᠯᠡᠬᠦ ᠴᠢᠳᠠᠪᠤᠷᠢ ᠲᠣᠰ ᠲᠣᠰ 6 . 5 ᠲᠦᠮᠡᠨ ᠲᠣᠨ᠂ 1 ᠲᠦᠮᠡᠨ ᠲᠣᠨ᠂ 2 . 4 ᠲᠦᠮᠡᠨ | ᠲᠣᠨ ᠳᠤ ᠬᠦᠷᠴᠦ᠂ ᠭᠠᠷᠤᠯᠲᠠ ᠨᠢ ᠴᠥᠮ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ ᠠᠵᠤ | ᠦᠢᠯᠡᠰ ᠤᠨ ᠬᠡᠯᠬᠢᠶ᠎ᠡ ᠲᠠᠰᠤᠷᠠᠯᠲᠠ ᠥᠬᠡᠶ ᠥᠷᠭᠡᠵᠢᠵᠦ᠂ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ | ᠴᠥᠮ᠎ᠡ ᠶᠢᠨ ᠰᠣᠷᠢᠨᠵᠢᠨ ᠳᠡᠷᠪᠢᠯᠲᠡ ᠶᠢᠨ ᠣᠨᠣᠰᠢᠯᠠᠨ ᠡᠮᠨᠡᠬᠦ ᠬᠡᠮᠵᠢᠭᠦᠷᠯᠢᠭ᠂ ᠲᠣᠭᠲᠠᠮᠠᠯ ᠰᠣᠷᠢᠨᠵᠢᠨ ᠴᠠᠬᠢᠯᠭᠠᠨ | ᠮᠠᠰᠢᠨ᠂ ᠤᠰᠤᠲᠥ᠋ᠷᠥᠭᠴᠢ ᠬᠠᠳᠠᠭᠠᠯᠠᠬᠤ ᠳ᠋ᠢᠶᠠᠨ ᡂᠢ᠂ ᠬᠤᠪᠣᠷ ᠰᠢᠷᠣᠶ ᠶᠢᠨ ᠭᠢᠯᠠᠶᠢᠯᠭᠠᠬᠤ᠂ ᠲᠦᠷᠭᠡᠳᠬᠡᠬᠦ᠂ | ᠬᠤᠪᠣᠷ ᠰᠢᠷᠣᠶ ᠶᠢᠨ ᠪᠣᠯᠣᠳ ᠵᠡᠷᠭᠡ ᠬᠦᠷᠢᠶᠡᠨ ᠳᠤ ᠴᠥᠮ ᠠᠵᠤ ᠦᠢᠯᠡᠰᠵᠢᠯᠳᠡ ᠶᠢ ᠪᠡᠶᠡᠯᠡᠭᠦᠯᠵᠦ᠂ ᠠᠵᠤ | ᠦᠢᠯᠡᠰ ᠤᠨ ᠲᠠᠰ ᠳᠠᠪᠬᠤᠷᠭ᠎ᠠ ᠪᠠ ᠥᠷᠢᠰᠦᠯᠳᠦᠬᠦ ᠬᠦᠴᠦᠨ ᠶᠡᠭᠡ ᠪᠠᠷ ᠳᠡᠭᠡᠭᠰᠢᠯᠡᠪᠡ᠃ | ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠵᠦ ᠬᠥᠭᠵᠢᠯᠲᠡ ᠶᠢᠨ ᠳᠠᠯᠳᠠ ᠬᠦᠴᠦᠨ ᠢ ᠪᠠᠳᠠᠷᠠᠭᠤᠯᠤᠨ᠎ᠠ᠃ | ᠡᠪᠦᠯ ᠤᠨ ᠳᠤᠮᠳᠠ ᠰᠠᠷ᠎ᠠ ᠳᠤ᠂ ᠰᠠᠯᠬᠢ ᠶᠡᠭᠡ ᠪᠣᠯᠪᠠᠴᠤ ᠠᠭᠤᠷ ᠠᠮᠢᠰᠬᠤᠯ ᠬᠦᠢᠲᠡᠷᠡᠵᠦ᠂ ᠵᠦᠩ ᠲᠢᠶᠠᠨ | ᠬᠤᠩ ᠶᠤᠸᠠᠨ ᠬᠤᠪᠣᠷ ᠰᠢᠷᠣᠢ ᠶᠢᠨ ᠪᠤᠯᠤᠳ ᠦᠢᠯᠡᠳᠪᠦᠷᠢᠯᠡᠬᠦ ᠦᠢᠯᠡᠳᠪᠦᠷᠢ ᠶᠢᠨ ᠲᠠᠰᠤᠭ ᠲᠤ ᠬᠠᠷᠢᠨ | ᠵᠤᠤᠬ᠎ᠠ ᠶᠢᠨ ᠭᠠᠯ ᠳᠦᠷᠡᠯᠵᠡᠵᠦ᠂ ᠭᠠᠯ ᠬᠠᠯᠠᠭᠤᠨ ᠪᠠᠶᠢᠯ᠎ᠠ᠃ ᠨᠢᠭᠡ ᠵᠤᠤᠬ᠎ᠠ ᠨᠢ ᠬᠤᠪᠣᠷ ᠰᠢᠷᠣᠢ ᠶᠢᠨ | ᠬᠠᠶᠢᠯᠤᠰᠢ ᠶᠢᠨ ᠮᠠᠲ᠋ᠧᠷᠢᠶᠠᠯ ᠢ ᠨᠡᠮᠡᠵᠦ ᠬᠤᠯᠢᠵᠤ ᠪᠠᠶᠢᠭᠠᠳ ᠬᠤᠯᠢᠮᠠᠭ ᠴᠡᠪᠡᠷᠵᠢᠭᠦᠯᠦᠭᠰᠡᠨ ᠬᠤᠪᠣᠷ ᠰᠢᠷᠣᠢ ᠶᠢᠨ | ᠪᠤᠯᠤᠳ ᠢ ᠪᠤᠯᠤᠳ ᠤᠰᠤᠨ ᠪᠠᠭᠯᠠᠭ᠎ᠠ ᠪᠠᠷ ᠳᠡᠭᠦᠵᠢᠯᠡᠨ ᠲᠡᠭᠡᠭᠡᠪᠦᠷᠢᠯᠡᠵᠦ᠂ ᠲᠣᠭᠲᠠᠮᠠᠯ ᠬᠡᠪ ᠵᠠᠭᠪᠤᠷ ᠳᠣᠲᠣᠷ᠎ᠠ | ᠴᠢᠳᠬᠤᠨ ᠣᠷᠣᠭᠤᠯᠵᠤ ᠪᠤᠢ᠂ ᠳᠣᠣᠷ᠎ᠠ ᠱᠤᠭᠤᠮ ᠤᠨ ᠠᠳᠠᠯᠢ ᠪᠤᠰᠤ ᠬᠡᠪ ᠪᠠᠷᠢᠮᠵᠢᠶ᠎ᠠ ᠲᠠᠢ ᠬᠤᠪᠣᠷ ᠰᠢᠷᠣᠢ ᠶᠢᠨ | ᠬᠠᠶᠢᠯᠤᠰᠢ ᠶᠢᠨ ᠡᠯᠡᠭᠳᠡᠯ ᠳᠤ ᠳᠠᠭᠠᠭᠠᠮᠠᠭᠠᠢ ᠳᠣᠲᠣᠷ ᠬᠠᠪᠲᠠᠰᠤ ᠶᠢᠨ ᠴᠢᠳᠠᠮᠵᠢ ᠪᠣᠯᠤᠨ ᠴᠡᠪᠡᠷᠴᠡ ᠶᠢᠨ | ᠬᠡᠮᠵᠢᠶ᠎ᠡ ᠨᠢ ᠨᠡᠩ ᠥᠨᠳᠥᠷ ᠪᠠᠶᠢᠵᠤ᠂ ᠬᠡᠷᠡᠭᠯᠡᠯᠲᠡ ᠶᠢᠨ ᠠᠮᠢ ᠨᠠᠰᠤ ᠨᠢ ᠡᠩ ᠤᠨ ᠳᠣᠲᠣᠷ ᠬᠠᠪᠲᠠᠰᠤ ᠶᠢᠨ 12 | ᠰᠠᠷ᠎ᠠ ᠶᠢᠨ ᠬᠢ ᠠᠴᠠ ᠳᠡᠭᠡᠭᠰᠢᠯᠡᠭᠡᠳ 36 ᠰᠠᠷ᠎ᠠ ᠪᠤᠯᠵᠦ᠂ ᠮᠠᠨ ᠤ ᠤᠯᠤᠰ ᠤᠨ ᠡᠯ᠎ᠡ ᠲᠤᠮᠤ ᠠᠭᠤᠷᠬᠠᠢ ᠶᠢᠨ ᠠᠵᠤ | ᠠᠬᠤᠶᠢᠯᠠᠯ ᠤᠨ ᠬᠦᠷᠢᠶᠡᠯᠡᠯ ᠢ ᠶᠡᠬᠡᠳᠡ ᠣᠯᠵᠠᠢ᠃ | ᠵᠥᠩ ᠲᠢᠶᠠᠨ ᠬᠤᠩ ᠶᠤᠸᠠᠨ ᠳᠡᠳ᠋ ᠶᠡᠷᠦᠩᠬᠡᠶ ᠳᠠᠭᠠᠭᠠᠮᠠᠯ ᠯᠢᠦ ᠺᠠᠩ ᠫᠢᠩ ᠤᠨ ᠲᠠᠨᠢᠯᠴᠠᠭᠤᠯᠤᠭᠰᠠᠨ ᠢᠶᠠᠷ᠂ | ᠠᠵᠤ ᠠᠬᠤᠶᠢᠯᠠᠯ ︽ᠬᠤᠪᠣᠷ ᠰᠢᠷᠣᠶ ᠶᠢᠨ ᠬᠠᠶᠢᠯᠤᠰᠢ ᠶᠢᠨ ᠡᠯᠡᠭᠳᠡᠯ ᠳᠤ ᠳᠠᠭᠠᠭᠠᠮᠠᠭᠠᠶ ᠮᠠᠲ᠋ᠧᠷᠢᠶᠠᠯ︾ ᠤᠨ | ᠬᠦᠷᠢᠶᠡᠨ ᠳᠤ ᠴᠢᠩᠬᠤᠸᠠ ᠶᠡᠭᠡ ᠰᠤᠷᠭᠠᠭᠤᠯᠢ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠳᠡᠭᠡᠳᠦ ᠰᠤᠷᠭᠠᠭᠤᠯᠢ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠠᠮᠵᠢᠯᠲᠠ ᠲᠠᠢ ᠬᠤᠪᠢᠷᠠᠭᠤᠯᠵᠤ᠂ ᠬᠤᠪᠣᠷ ᠰᠢᠷᠣᠶ ᠶᠢᠨ | ᠬᠠᠶᠢᠯᠤᠰᠢ ᠶᠢᠨ ᠡᠯᠡᠭᠳᠡᠯ ᠳᠤ ᠳᠠᠭᠠᠭᠠᠮᠠᠭᠠᠶ ᠮᠠᠲ᠋ᠧᠷᠢᠶᠠᠯ ᠢ ᠬᠡᠪᠴᠢᠶᠡᠵᠢᠭᠦᠯᠦᠨ ᠦᠢᠯᠡᠳᠪᠦᠷᠢᠯᠡᠬᠦ ᠶᠢ ᠪᠡᠶᠡᠯᠡᠭᠦᠯᠵᠦ᠂ | ᠨᠢᠭᠡᠨᠲᠡ ᠪᠤᠭᠤᠲᠤ ᠶᠢᠨ ᠪᠣᠯᠣᠳ ᠲᠡᠮᠦᠷ᠂ ᠱᠠᠨᠳᠦ᠋ᠩ ᠤᠨ ᠰᠢᠵᠢᠷ ᠠᠯᠲᠠ᠂ ᠳᠤᠮᠳᠠᠳᠤ ᠤᠯᠤᠰ ᠤᠨ ᠰᠢᠵᠢᠷ ᠠᠯᠲᠠ | ᠂ ᠾᠤᠪᠸᠢ ᠶᠢᠨ ᠮᠣᠯᠢᠪᠳᠧᠨ ᠤ ᠦᠢᠯᠡᠰ ᠵᠡᠷᠭᠡ ᠠᠵᠤ ᠠᠬᠤᠶᠢᠯᠠᠯ ᠲᠠᠢ ᠬᠠᠮᠲᠤᠷᠠᠯᠴᠠᠭ᠎ᠠ ᠥᠷᠨᠢᠭᠦᠯᠪᠡ᠃ | ᠬᠤᠪᠣᠷ ᠰᠢᠷᠣᠶ ᠶᠢᠨ ᠡᠬᠢ ᠪᠠᠶᠠᠯᠢᠭ ᠤᠨ ᠣᠭ ᠰᠤᠷᠪᠤᠯᠵᠢ ᠳᠤ ᠲᠦᠰᠢᠭᠯᠡᠨ᠂ ᠬᠤᠪᠣᠷ ᠰᠢᠷᠣᠶ ᠶᠢᠨ ᠳᠡᠭᠡᠳᠦ | ᠰᠢᠨ᠎ᠡ ᠮᠡᠷᠭᠡᠵᠢᠯ ᠤᠨ ᠣᠷᠣᠨ ᠬᠤᠪᠣᠷ ᠰᠢᠷᠣᠶ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠪᠣᠷ ᠰᠢᠷᠣᠶ ᠶᠢᠨ ᠠᠵᠤ ᠦᠢᠯᠡᠰ ᠤᠨ ᠳᠡᠭᠡᠳᠦ ᠲᠠᠰ ᠳᠠᠰᠢ | ᠤᠷᠤᠭᠰᠢᠯᠠᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠬᠤᠪᠣᠷ ᠰᠢᠷᠣᠶ ᠶᠢᠨ ᠲᠣᠭᠲᠠᠮᠠᠯ | ᠰᠣᠷᠢᠨᠵᠢᠨ ᠤ ᠠᠵᠤ ᠦᠢᠯᠡᠰ ᠤᠨ ᠲᠠᠯ᠎ᠠ ᠪᠠᠷ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠢ ᠨᠠᠷᠢᠯᠢᠭ ᠡᠳ᠋ᠰᠢᠭᠦᠯᠬᠦ | ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ ᠲᠣᠭᠲᠠᠮᠠᠯ ᠰᠣᠷᠢᠨᠵᠢᠨ ᠤ ᠳᠠᠷᠠᠭ᠎ᠠ ᠴᠠᠬᠢᠯᠭᠠᠨ ᠢᠶᠠᠷ ᠥᠩᠭᠡᠯᠡᠬᠦ | ᠪᠣᠭᠤᠮᠢ ᠶᠢ ᠰᠢᠪᠲᠤᠯᠵᠤ᠂ ᠠᠵᠤ ᠦᠢᠯᠡᠰ ᠤᠨ ᠬᠡᠯᠬᠢᠶ᠎ᠡ ᠶᠢ ᠪᠦᠲᠦᠮᠵᠢᠲᠡᠶ ᠤᠷᠲᠤᠳᠬᠠᠬᠤ ᠶᠢᠨ ᠬᠠᠮᠲᠤ | ᠲᠤᠬᠠᠶ ᠶᠢᠨ ᠭᠠᠵᠠᠷ ᠲᠤᠨᠢ ᠪᠦᠲᠦᠭᠡᠭᠳᠡᠬᠦᠨ ᠪᠣᠯᠭᠠᠬᠤ ᠨᠣᠷᠮ᠎ᠠ ᠶᠢ ᠳᠡᠭᠡᠭᠰᠢᠯᠡᠭᠦᠯᠪᠡ᠃ ᠲᠢᠶᠠᠨ ᠾᠧ ᠰᠣᠷᠢᠨᠵᠢᠨ | ᠮᠠᠲ᠋ᠧᠷᠢᠶᠠᠯ᠂ ᠺᠧ ᠷᠦᠢ ᠪᠢᠴᠢᠯ ᠰᠣᠷᠢᠨᠵᠢᠨ ᠨᠠᠭᠠᠯᠳᠤᠭᠤᠯᠬᠤ ᠰᠣᠷᠢᠨᠵᠢᠨ ᠨᠤᠨᠲᠠᠭ᠂ ᠬᠤᠪᠣᠷ ᠰᠢᠷᠣᠶ ᠶᠢᠨ | ᠬᠦᠷᠢᠶᠡᠯᠡᠩ ᠤᠨ ᠨᠧᠦᠳᠢᠮ ᠲᠡᠮᠦᠷ ᠪᠣᠷ ᠰᠣᠷᠢᠨᠵᠢᠨ ᠴᠠᠭᠠᠷᠢᠭ ᠵᠡᠷᠭᠡ ᠲᠥᠷᠥᠯ ᠵᠦᠢᠯ ᠥᠪᠡᠷᠲᠡᠭᠡᠨ ᠵᠠᠰᠠᠬᠤ | ᠣᠷᠣᠨ ᠤ ᠠᠵᠤ ᠦᠢᠯᠡᠰ ᠤᠨ ᠬᠤᠭᠤᠰᠣᠨ ᠢ ᠨᠥᠬᠦᠪᠥᠷᠢᠯᠡᠨ᠎ᠡ᠃ ᠬᠤᠪᠣᠷ ᠰᠢᠷᠣᠶ ᠶᠢᠨ ᠭᠢᠯᠠᠶᠢᠯᠭᠠᠬᠤ᠂ | ᠤᠰᠤᠲᠥ᠋ᠷᠥᠭᠴᠢ ᠬᠠᠳᠠᠭᠠᠯᠠᠬᠤ ᠠᠵᠤ ᠦᠢᠯᠡᠰ ᠤᠨ ᠲᠠᠯ᠎ᠠ ᠪᠠᠷ᠂ ᠭᠢᠯᠠᠶᠢᠯᠭᠠᠬᠤ ᠮᠠᠲ᠋ᠧᠷᠢᠶᠠᠯ ᠤᠨ ᠦᠢᠯᠡᠳᠬᠦᠨ ᠤ | ᠳᠡᠭᠡᠳᠦ ᠦᠵᠦᠭᠦᠷᠵᠢᠯᠲᠡ ᠶᠢᠨ ᠬᠥᠭᠵᠢᠯᠲᠡ ᠰᠢᠪᠲᠤᠯᠤᠯᠲᠠ ᠲᠠᠢ ᠪᠣᠯᠵᠣ᠂ ᠰᠢᠨ ᠢᠦᠶ ᠰᠢᠨ᠎ᠡ ᠮᠠᠲ᠋ᠧᠷᠢᠶᠠᠯ ᠨᠢ | ᠬᠤᠷᠠᠮᠠᠯ ᠴᠠᠬᠢᠯᠭᠠᠨ ᠬᠡᠯᠬᠢᠶ᠎ᠡ ᠶᠢᠨ ᠨᠠᠨᠤᠮᠤᠲᠷ ᠬᠤᠪᠣᠷ ᠰᠢᠷᠣᠶ ᠶᠢᠨ ᠬᠡᠲᠦ ᠭᠢᠯᠠᠶᠢᠯᠭᠠᠬᠤ ᠰᠢᠩᠭᠡᠨ ᠢ ᠠᠮᠵᠢᠯᠲᠠ ᠲᠠᠢ | ᠨᠡᠭᠡᠭᠡᠨ ᠭᠠᠷᠭᠠᠵᠤ᠂ ᠦᠢᠯᠡᠳᠬᠦᠨ ᠤ ᠨᠡᠮᠡᠯᠲᠡ ᠥᠷᠲᠡᠭ ᠨᠢ ᠤᠤᠯ ᠤᠨ 100 ᠳᠠᠬᠢᠨ ᠪᠣᠯᠵᠣ ᠳᠡᠭᠡᠭᠰᠢᠯᠡᠪᠡ᠃ | ᠵᠥᠩᠺᠤ ᠢᠦᠶ ᠬᠠᠩ ᠺᠣᠮᠫᠠᠨᠢ ᠶᠢᠨ ᠬᠤᠪᠣᠷ ᠰᠢᠷᠣᠶ ᠶᠢᠨ ᠭᠢᠯᠠᠶᠢᠯᠭᠠᠬᠤ ᠨᠤᠨᠲᠠᠭ ᠤᠨ ᠮᠥᠬᠦᠯᠢᠭ ᠤᠨ ᠳ᠋ᠢᠶᠠᠮᠧᠲᠷ ᠨᠢ | ᠨᠠᠨᠤᠮᠤᠲᠷ ᠤᠨ ᠲᠠᠰ ᠲᠤ ᠬᠦᠷᠴᠦ᠂ ᠭᠢᠯᠠᠶᠢᠯᠭᠠᠬᠤ ᠰᠢᠩᠭᠡᠨ᠂ ᠭᠢᠯᠠᠶᠢᠯᠭᠠᠬᠤ ᠢᠯᠲᠠᠰᠤ ᠨᠢ ᠠᠮᠧᠷᠢᠺᠠ ᠶᠢᠨ ᠳ᠋ᠦ᠋ | ᠪᠠᠩ ᠺᠣᠮᠫᠠᠨᠢ᠂ ᠬᠤᠸᠠᠨ ᠴᠢᠦ ᠺᠣᠮᠫᠠᠨᠢ ᠶᠢᠨ ᠪᠦᠲᠦᠭᠡᠭᠳᠡᠬᠦᠨ ᠢ ᠣᠷᠣᠯᠠᠵᠠᠶ᠃ ᠦᠵᠦᠭᠦᠷ ᠤᠨ ᠬᠡᠷᠡᠭᠯᠡᠭᠡᠨ ᠤ ᠠᠵᠤ | ᠦᠢᠯᠡᠰ ᠤᠨ ᠲᠠᠯ᠎ᠠ ᠪᠠᠷ᠂ ᠰᠢᠵᠢᠶᠧ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠪᠣᠷ ᠰᠢᠷᠣᠶ ᠶᠢᠨ ᠰᠠᠭᠤᠷᠢ | ᠨᠢᠲᠷᠤ᠋ ᠥᠬᠡᠶᠢᠳᠡᠭᠦᠯᠬᠦ ᠲᠦᠷᠭᠡᠳᠬᠡᠭᠦᠷ᠂ ᠵᠢᠶᠠᠩ ᠰᠢᠨ ᠤ ᠪᠢᠴᠢᠯ ᠴᠠᠬᠢᠯᠭᠠᠨ ᠮᠠᠰᠢᠨ ᠤ ᠤᠶᠤᠨᠲᠤ ᠭᠠᠷ | ᠤᠲᠠᠰᠤᠨ ᠤ ᠰᠡᠭᠦᠳᠡᠷᠯᠡᠬᠦ ᠮᠠᠰᠢᠨ ᠤ ᠬᠡᠷᠡᠭᠯᠡᠬᠦ ᠪᠢᠴᠢᠯ ᠬᠥᠳᠡᠯᠭᠡᠭᠦᠷ ᠮᠠᠰᠢᠨ᠂ ᠳᠤᠮᠳᠠᠳᠤ ᠤᠯᠤᠰ ᠤᠨ ᠤᠶᠤᠨᠲᠤ | ᠮᠠᠰᠢᠨ ᠬᠥᠮᠦᠨ ᠤ ᠬᠡᠷᠡᠭᠯᠡᠬᠦ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠵᠡᠷᠭᠡ ᠣᠯᠠᠨ ᠲᠦᠷᠦᠯ ᠵᠦᠢᠯ ᠨᠢ ᠠᠵᠤ | ᠦᠢᠯᠡᠰ ᠤᠨ ᠬᠤᠭᠤᠰᠣᠨ ᠢ ᠨᠥᠬᠦᠪᠥᠷᠢᠯᠡᠵᠦ᠂ ᠣᠯᠠᠨ ᠵᠦᠢᠯ ᠤᠨ ᠮᠡᠷᠭᠡᠵᠢᠯ ᠳᠡᠯᠡᠬᠡᠶ ᠶᠢᠨ ᠲᠡᠷᠢᠭᠦᠨ ᠤ | ᠲᠦᠪᠰᠢᠨ ᠳᠤ ᠬᠦᠷᠴᠡᠶ᠃ | ᠰᠢᠨᠵᠢᠯᠡᠬᠦ ᠤᠬᠠᠭᠠᠨ ᠮᠡᠷᠭᠡᠵᠢᠯ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠡᠯᠪᠡᠭ᠃ | ᠠᠷᠪᠠᠨ ᠬᠤᠶᠠᠳᠤᠭᠠᠷ ᠬᠤᠭᠤᠴᠠᠭᠠᠨ ᠤ ᠪᠤᠭᠤᠲᠤ ᠶᠢᠨ ᠬᠤᠪᠣᠷ ᠰᠢᠷᠣᠶ ᠶᠢᠨ ᠠᠵᠤ ᠦᠢᠯᠡᠰ ᠤᠨ ᠣᠯᠠᠨ | ᠤᠯᠤᠰ ᠤᠨ ᠶᠠᠷᠢᠶᠠᠨ ᠤ ᠲᠠᠪᠴᠠᠩ ᠳᠡᠭᠡᠷ᠎ᠡ᠂ ᠬᠤᠪᠣᠷ ᠰᠢᠷᠣᠶ ᠶᠢᠨ ᠮᠠᠭᠨᠢ ᠪᠠᠷ ᠰᠠᠭᠤᠷᠢ ᠪᠣᠯᠭᠠᠭᠰᠠᠨ | ᠤᠰᠤᠲᠥ᠋ᠷᠥᠭᠴᠢ ᠬᠠᠳᠠᠭᠠᠯᠠᠬᠤ ᠮᠠᠲ᠋ᠧᠷᠢᠶᠠᠯ ᠵᠢᠴᠢ ᠬᠠᠲᠠᠭᠤ ᠲᠥᠯᠥᠪᠲᠦ ᠤᠰᠤᠲᠥ᠋ᠷᠥᠭᠴᠢ ᠬᠠᠳᠠᠭᠠᠯᠠᠬᠤ ᠮᠡᠷᠭᠡᠵᠢᠯ᠂ | ᠥᠨᠳᠥᠷ ᠴᠢᠳᠠᠪᠬᠢᠲᠤ ᠲᠦᠷᠭᠡᠨ ᠬᠠᠲᠠᠭᠠᠬᠤ ᠰᠣᠷᠢᠨᠵᠢᠨ ᠨᠤᠨᠲᠠᠭ᠂ ᠬᠥᠩᠭᠡᠨ ᠬᠤᠪᠣᠷ ᠰᠢᠷᠣᠶ ᠶᠢᠨ ᠹᠠᠯᠠᠨ | ᠮᠠᠲ᠋ᠧᠷᠢᠶᠠᠯ᠂ ᠪᠢᠴᠢᠯ ᠬᠡᠯᠪᠡᠷᠢ ᠶᠢᠨ ᠲᠠᠭᠤᠨ ᠤ ᠴᠠᠭᠠᠷᠢᠭ ᠤᠨ ᠮᠣᠲ᠋ᠣᠷ᠂ ᠲᠠᠰᠤᠯᠳᠠᠭᠤᠯᠤᠭᠰᠠᠨ ᠢᠯᠴᠢᠲᠦ ᠬᠤᠪᠣᠷ | ᠰᠢᠷᠣᠶ ᠶᠢᠨ ᠰᠢᠯ ᠤᠨ ᠲᠦᠷᠬᠢᠮᠡᠯ ᠳᠠᠪᠬᠤᠷᠭ᠎ᠠ᠂ ᠴᠠᠬᠢᠯᠭᠠᠨ ᠥᠩᠭᠡᠯᠡᠯᠲᠡ ᠶᠢᠨ ᠥᠩᠭᠡᠨ ᠲᠠᠯ᠎ᠠ ᠶᠢᠨ | ᠰᠢᠢᠳᠪᠦᠷᠢᠯᠡᠯᠲᠡ᠂ ᠠᠵᠤ ᠦᠢᠯᠡᠳᠪᠦᠷᠢ ᠶᠢᠨ ᠥᠨᠳᠥᠷ ᠵᠤᠤᠬ᠎ᠠ ᠶᠢᠨ ᠰᠢᠭᠠᠷᠤ ᠶᠢ ᠪᠣᠯᠪᠠᠰᠤᠷᠠᠭᠤᠯᠬᠤ 7 ᠵᠦᠢᠯ ᠤᠨ | ᠬᠤᠪᠣᠷ ᠰᠢᠷᠣᠶ ᠶᠢᠨ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠶᠠᠪᠤᠵᠤ ᠪᠠᠶᠢᠭ᠎ᠠ ᠰᠢᠨ᠎ᠡ ᠮᠡᠷᠭᠡᠵᠢᠯ ᠨᠢ ᠲᠤᠭ᠎ᠠ | ᠲᠣᠮᠰᠢ ᠥᠬᠡᠶ ᠢᠯᠡᠷᠡᠵᠦ᠂ ᠬᠤᠷᠠᠯ ᠳᠤ ᠣᠷᠣᠯᠴᠠᠭᠰᠠᠳ ᠲᠤ ᠬᠤᠪᠣᠷ ᠰᠢᠷᠣᠶ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠦᠯᠲᠡ ᠶᠢᠨ ᠯᠤᠲᠤ ᠶᠡᠭᠡ ᠷᠢᠳᠢ ᠰᠢᠳᠢ ᠪᠠ ᠥᠷᠭᠡᠨ ᠠᠭᠤᠳᠠᠮ ᠠᠯᠤᠰ ᠢᠷᠡᠭᠡᠳᠦᠶ ᠶᠢ | ᠰᠢᠭᠤᠳ ᠮᠡᠳᠡᠷᠡᠭᠦᠯᠪᠡ᠃ ︽ᠪᠤᠭᠤᠲᠤ ᠶᠢᠨ ᠬᠤᠪᠣᠷ ᠰᠢᠷᠣᠶ ᠶᠢᠨ ᠠᠵᠤ ᠦᠢᠯᠡᠰ ᠤᠨ ᠬᠥᠭᠵᠢᠯᠲᠡ ᠶᠢᠨ ︿ᠭᠤᠤᠯ | ᠲᠡᠶᠢᠨ ᠤ ᠲᠠᠯᠠᠪᠤᠷ﹀ ᠪᠣᠯᠤᠭᠰᠠᠨ ᠤ ᠬᠤᠪᠢ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠳᠠᠮᠵᠢᠭᠤᠯᠤᠨ ᠬᠤᠪᠣᠷ ᠰᠢᠷᠣᠶ ᠶᠢᠨ ᠡᠬᠢ | ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠵᠤ᠂ ᠠᠵᠤ | ᠦᠢᠯᠡᠰ ᠤᠨ ᠥᠷᠲᠡᠭ ᠤᠨ ᠬᠡᠯᠬᠢᠶ᠎ᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠪᠡ᠃ ᠶᠠᠷᠢᠶᠠᠨ ᠤ ᠲᠠᠪᠴᠠᠩ | ᠳᠡᠭᠡᠷ᠎ᠡ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠨᠠᠷᠢᠨ ᠪᠢᠴᠢᠭ ᠤᠨ ᠳᠠᠷᠤᠭ᠎ᠠ ᠴᠧᠨ ᠵᠢᠶᠠᠨ ᠹᠧᠩ᠂ ᠪᠤᠭᠤᠲᠤ ᠶᠢᠨ ᠬᠢᠨ ᠬᠤᠪᠣᠷ ᠰᠢᠷᠣᠢ ᠶᠢᠨ | ᠡᠬᠢ ᠪᠠᠶᠠᠯᠢᠭ ᠤᠨ ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ | ᠰᠤᠳᠤᠯᠭᠠᠨ ᠬᠡᠷᠡᠭᠯᠡᠯᠲᠡ ᠶᠢ ᠨᠢᠭᠡ ᠴᠤᠬᠴᠠᠵᠢᠭᠤᠯᠬᠤ ᠬᠥᠭᠵᠢᠯᠲᠡ ᠶᠢ ᠦᠷᠭᠦᠯᠵᠢᠯᠡᠨ ᠰᠦᠪᠡᠭᠴᠢᠯᠡᠵᠦ᠂ ᠠᠵᠤ | ᠦᠢᠯᠡᠰ ᠤᠨ ᠪᠦᠲᠦᠴᠡ ᠶᠢᠨ ᠰᠢᠯᠢᠳᠡᠭᠵᠢᠭᠦᠯᠦᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | |