ᠪᠤᠭᠤᠲᠤ ᠶᠢᠨ ᠬᠤᠪᠣᠷ ᠰᠢᠷᠣᠶ ᠶᠢᠨ ᠬᠡᠷᠡᠯ ᠨᠥᠬᠦᠪᠥᠷᠢᠯᠡᠬᠦ ᠳ᠋ᠧᠩ ᠢ ᠨᠠᠩ ᠢᠯᠡᠭᠦᠤ ᠬᠡᠷᠡᠯᠳᠦᠭᠦᠯᠦᠶ᠎ᠡ
ᠨᠡᠶᠢᠲᠡᠯᠡᠭᠰᠡᠨ ᠴᠠᠭ᠄
2021/3/3
    ᠲᠣᠰ ᠰᠣᠨᠢᠨ ᠤ ᠮᠡᠳᠡᠭᠡ   ᠣᠳᠣᠬᠠᠨ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠎ ᠳᠤ᠂ ᠬᠤᠪᠣᠷ ᠰᠢᠷᠣᠶ ᠶᠢᠨ ᠬᠡᠷᠡᠯ ᠡᠭᠦᠰᠭᠡᠭᠴᠢ ᠶᠢᠨ ᠠᠵᠢᠯ ᠤᠨ ᠥᠷᠲᠡᠭᠡ ᠶᠢᠨ ᠪᠦᠯᠬᠦᠮ ᠪᠠᠰᠠ ᠲᠤᠷᠰᠢᠯᠲᠠ ᠶᠢᠨ ᠲᠠᠰᠤᠭ ᠲᠤ ᠶᠠᠭᠠᠷᠠᠯᠳᠣᠨ ᠲᠥᠪᠡᠳ ᠬᠠᠰᠢ ᠶᠢ  ᠬᠠᠶᠢᠴᠢᠯᠠᠨ ᠵᠠᠰᠠᠵᠤ᠂ ᠥᠯᠢᠭᠡᠷ ᠠᠪᠴᠤ ᠪᠠᠶᠢᠴᠠᠭᠠᠨ ᠬᠡᠮᠵᠢᠨ᠂ ᠲᠤᠷᠰᠢᠯᠲᠠ ᠶᠢᠨ ᠦᠷ᠎ᠡ ᠳ᠋ᠦᠩ ᠢ ᠬᠤᠷᠢᠶᠠᠩᠭᠤᠶᠢᠯᠠᠬᠤ ᠶᠢᠨ ᠬᠠᠮᠲᠤ ᠨᠠᠩ ᠨᠠᠷᠢᠨ ᠣᠨᠣᠪᠴᠢᠲᠠᠶ ᠬᠤᠪᠣᠷ ᠰᠢᠷᠣᠶ ᠶᠢᠨ ᠲᠠᠷᠢᠶᠠᠯᠠᠩ ᠳᠤ ᠬᠡᠷᠡᠭᠯᠡᠬᠦ ᠬᠡᠷᠡᠯ ᠡᠭᠦᠰᠭᠡᠭᠴᠢ ᠤᠷᠭᠤᠮᠠᠯ ᠤᠨ ᠬᠡᠷᠡᠯ ᠨᠥᠬᠦᠪᠥᠷᠢᠯᠡᠬᠦ ᠲᠥᠰᠦᠯ ᠢ ᠰᠢᠯᠢᠳᠡᠭᠵᠢᠭᠦᠯᠵᠦ ᠪᠠᠶᠢᠨ᠎ᠠ᠃ ᠪᠤᠭᠤᠲᠤ ᠶᠢᠨ ᠳᠤᠮᠳᠠᠲᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠷᠦᠢ ᠹᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠴᠢᠨ ᠰᠢᠨ ᠮᠢᠶᠣᠣ ᠪᠤᠭᠤᠲᠤ ᠬᠤᠳᠠ ᠶᠢᠨ ᠵᠢᠮᠢᠰ ᠤᠨ ᠮᠣᠳᠣᠨ ᠤ ᠵᠢᠮᠢᠰ ᠰᠤᠳᠤᠯᠬᠤ ᠭᠠᠵᠠᠷ ᠤᠨ ᠳᠠᠷᠤᠭ᠎ᠠ ᠶᠤᠸᠠᠨ ᠶᠦᠨ ᠭᠠᠩ᠂ ᠲᠤᠰ ᠰᠤᠳᠤᠯᠬᠤ ᠭᠠᠵᠠᠷ ᠤᠨ ᠬᠤᠪᠣᠷ ᠰᠢᠷᠣᠢ ᠶᠢᠨ ᠤᠷᠭᠤᠮᠠᠯ ᠤᠨ ᠭᠡᠷᠡᠯ ᠨᠥᠬᠦᠪᠥᠷᠢᠯᠡᠬᠦ ᠳ᠋ᠧᠩ ᠢᠶᠠᠷ ᠭᠦᠵᠡᠯᠵᠡᠭᠡᠨ᠎ᠡ ᠶᠢᠨ ᠤᠷᠭᠤᠴᠠ ᠶᠢ ᠨᠡᠩ ᠰᠠᠶᠢᠨ᠂ ᠵᠢᠮᠢᠰ ᠨᠢ ᠠᠮᠲᠠᠯᠢᠭ ᠪᠣᠯᠭᠠᠵᠣ ᠤᠨᠠᠯᠲᠠ ᠶᠢ ᠨᠢ ᠪᠠᠷᠤᠭ 15 %᠎ ᠪᠠᠷ ᠨᠡᠮᠡᠭᠳᠡᠭᠦᠯᠦᠨ ᠭᠦᠵᠡᠯᠵᠡᠭᠡᠨ᠎ᠡ ᠶᠢ ᠵᠠᠬ᠎ᠠ ᠳᠡᠯᠭᠡᠭᠦᠷ ᠲᠤ 12 ᠡᠳᠦᠷ ᠤᠷᠢᠳᠴᠢᠯᠠᠨ ᠭᠠᠷᠭᠠᠵᠤ᠂ ᠣᠳᠣᠬᠠᠨ ᠎ ᠳᠤ ᠪᠦᠷᠭᠡ ᠳᠣᠲᠣᠷᠠᠬᠢ ᠭᠦᠵᠡᠯᠵᠡᠭᠡᠨ᠎ᠡ ᠶᠢ ᠴᠠᠭᠠᠨ ᠰᠠᠷ᠎ᠠ ᠶᠢᠨ ᠬᠤᠭᠤᠴᠠᠭᠠᠨ ᠳᠤ ᠪᠣᠯᠢᠶᠠᠯᠳᠣᠨ ᠠᠪᠴᠤ ᠪᠠᠷᠠᠵᠠᠢ᠃    ᠥᠪᠥᠷ ᠮᠣᠩᠭᠤᠯ ᠤᠨ ᠰᠢᠨ᠎ᠡ ᠱᠧᠨ ᠨᠦᠩ ᠡᡁᠧ ᠹᠧᠩ ᠨᠠᠷᠠᠨ ᠤ ᠣᠷᠭᠠᠨᠢᠭ ᠤᠳᠤᠮᠪᠠᠷᠠ ᠵᠢᠮᠢᠰ ᠲᠠᠷᠢᠬᠤ ᠰᠠᠭᠤᠷᠢᠨ ᠳᠤ᠂ ᠰᠠᠭᠤᠷᠢᠨ ᠤ ᠬᠠᠷᠢᠭᠤᠴᠠᠯᠭᠠᠲᠠᠨ ᠵᠠᠩ ᠶᠦᠩ ᠲᠠᠩ᠄ ︽ᠬᠤᠪᠣᠷ ᠰᠢᠷᠣᠢ ᠶᠢᠨ ᠤᠷᠭᠤᠮᠠᠯ ᠤᠨ ᠬᠡᠷᠡᠯ ᠨᠥᠬᠦᠪᠥᠷᠢᠯᠡᠬᠦ ᠳ᠋ᠧᠩ ᠤᠨ ᠠᠴᠢ ᠪᠠᠷ᠂ ᠬᠠᠮᠤᠭ ᠤᠨ ᠬᠦᠢᠳᠡᠨ ᠲᠡᠷᠡ ᠬᠠᠭᠠᠰ ᠰᠠᠷ᠎ᠠ ᠭᠠᠷᠤᠢ ᠶᠢᠨ ᠬᠤᠭᠤᠴᠠᠭᠠᠨ ᠳᠤ᠂ ᠬᠦᠯᠡᠮᠵᠢ ᠶᠢᠨ ᠪᠦᠷᠬᠦᠭᠦᠯ ᠢ ᠡᠳᠦᠷ ᠪᠦᠷᠢ ᠵᠥᠪᠬᠡᠨ 6 ᠴᠠᠭ ᠭᠠᠷᠤᠢ ᠢᠷᠠᠵᠣ᠂ ᠬᠦᠯᠡᠮᠵᠢ ᠶᠢᠨ ᠳᠣᠲᠣᠷᠠᠬᠢ ᠤᠳᠤᠮᠪᠠᠷᠠ ᠵᠢᠮᠢᠰ ᠤᠨ ᠤᠷᠭᠤᠴᠠ ᠬᠦᠨᠳᠦ ᠨᠣᠴᠢᠲᠠᠢ ᠭᠡᠷᠡᠯ ᠳᠤᠲᠠᠭᠳᠠᠵᠤ ᠪᠠᠶᠢᠪᠠ᠃ ᠬᠡᠷᠡᠯ ᠨᠦᠭᠦᠪᠦᠷᠢᠯᠡᠭᠰᠡᠨ ᠤᠳᠤᠮᠪᠠᠷᠠ ᠵᠢᠮᠢᠰ ᠤᠨ ᠰᠢᠬᠢᠷ ᠤᠨ ᠬᠡᠮᠵᠢᠶ᠎ᠡ ᠨᠢ ᠳᠡᠭᠡᠭᠰᠢᠯᠡᠵᠦ᠂ ᠬᠡᠷᠡᠯ ᠨᠥᠬᠦᠪᠥᠷᠢᠯᠡᠬᠦ  ᠦᠢᠯᠡᠳᠦᠯ ᠨᠢ ᠮᠠᠰᠢ ᠢᠯᠡᠷᠬᠡᠶ︾ ᠭᠡᠵᠣ ᠪᠠᠶᠢᠪᠠ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠬᠤᠪᠣᠷ ᠰᠢᠷᠣᠶ ᠶᠢᠨ ᠬᠡᠷᠡᠯ ᠨᠥᠬᠦᠪᠥᠷᠢᠯᠡᠬᠦ ᠳ᠋ᠧᠩ ᠤᠨ ᠬᠡᠷᠡᠭᠯᠡᠯᠲᠡ ᠨᠢ ᠡᠲᠡᠭᠡᠷ ᠢᠶᠠᠷ ᠵᠣᠭᠰᠣᠬᠤ ᠥᠬᠡᠶ᠃ 2021 ᠣᠨ ᠤ ᠡᠬᠢᠨ ᠤ ᠵᠢᠯ ᠳᠤ᠂ ᠬᠤᠪᠣᠷ ᠰᠢᠷᠣᠶ ᠶᠢᠨ ᠬᠡᠷᠡᠯ ᠡᠭᠦᠰᠭᠡᠭᠴᠢ ᠶᠢᠨ ᠪᠦᠯᠬᠦᠮ ᠨᠡᠶᠢᠲᠡ ᠪᠠᠰᠠ ᠠᠷᠠᠳ ᠤᠨ ᠬᠡᠷᠡᠭᠯᠡᠭᠡᠨ ᠤ ᠰᠢᠨ᠎ᠡ ᠦᠢᠯᠡᠳᠬᠦᠨ ᠡᠷᠡᠭᠦᠯ ᠮᠡᠨᠳᠦ ᠶᠢᠨ ᠬᠠᠷᠠᠭᠠᠨ ᠳ᠋ᠧᠩ ᠭᠠᠷᠭᠠᠪᠠ᠃     ᠬᠤᠪᠣᠷ ᠰᠢᠷᠣᠶ ᠶᠢᠨ ᠬᠡᠷᠡᠯ ᠡᠭᠦᠰᠭᠡᠭᠴᠢ ᠶᠢᠨ ᠠᠵᠢᠯ ᠤᠨ ᠥᠷᠲᠡᠭᠡ ᠶᠢᠨ ᠳ᠋ᠣᠺᠲ᠋ᠣᠷ ᠵᠠᠩ ᠲᠦᠩ ᠲᠠᠨᠢᠯᠴᠠᠭᠤᠯᠬᠤ ᠳᠠᠭᠠᠨ᠂ 2012 ᠣᠨ ᠠᠴᠠ ᠡᠬᠢᠯᠡᠨ᠂ ᠲᠥᠷᠥᠯ  ᠵᠦᠢᠯ ᠤᠨ ᠪᠦᠯᠬᠦᠮ ᠨᠡᠶᠢᠲᠡ ᠨᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠤᠰᠤᠳ ᠬᠡᠳᠦᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠲᠠᠢ ᠬᠠᠮᠲᠤᠷᠠᠨ ᠰᠢᠨᠵᠢᠯᠡᠭᠡᠨ ᠤ ᠰᠠᠯᠠᠭ᠎ᠠ ᠠᠯᠤᠰᠯᠠᠭᠰᠠᠨ ︽ᠬᠠᠷᠠᠭ᠎ᠠ ᠵᠢᠴᠢ ᠲᠠᠷᠢᠬᠢᠨ ᠤ ᠳᠡᠭᠡᠳᠦ ᠵᠡᠷᠭᠡ ᠶᠢᠨ ᠴᠢᠳᠠᠮᠵᠢ ᠳᠤ ᠦᠵᠡᠭᠦᠯᠬᠦ ᠨᠥᠯᠥᠭᠡ ᠶᠢᠨ ᠲᠤᠬᠠᠶ ᠰᠤᠳᠤᠯᠭᠠᠨ︾᠎ ᠢ ᠥᠷᠨᠢᠭᠦᠯᠵᠦ᠂ 8 ᠵᠢᠯ ᠰᠢᠬᠠᠮ ᠤᠨ ᠰᠤᠳᠤᠯᠭᠠᠨ ᠪᠠ ᠲᠤᠷᠰᠢᠯᠲᠠ ᠪᠠᠷ ᠳᠡᠮᠵᠢᠨ᠂ ᠶᠡᠭᠡ ᠬᠡᠮᠵᠢᠶᠡᠨ ᠤ ᠰᠢᠨᠵᠢᠯᠡᠬᠦ ᠤᠬᠠᠭᠠᠨ ᠤ ᠲᠤᠷᠰᠢᠯᠲᠠ ᠶᠢᠨ ᠲᠤᠭ᠎ᠠ ᠪᠠᠷᠢᠮᠲᠠ ᠶᠢ ᠬᠤᠷᠠᠮᠳᠤᠭᠤᠯᠵᠤ᠂ ᠬᠡᠷᠡᠯ ᠭᠠᠷᠭᠠᠬᠤ ᠣᠶᠢᠷ᠎ᠠ ᠬᠠᠷᠠᠭ᠎ᠠ ᠳᠤ ᠦᠵᠡᠭᠦᠯᠬᠦ ᠦᠢᠯᠡᠳᠦᠯ ᠤᠨ ᠬᠡᠰᠡᠭ ᠵᠢᠮ᠎ᠡ ᠶᠣᠰᠣ ᠶᠢ ᠬᠠᠶᠢᠨ ᠰᠦᠪᠡᠭᠴᠢᠯᠡᠵᠦ᠂ ᠨᠢᠳᠦᠨ ᠤ ᠲᠡᠩᠭᠡᠯᠢᠭ ᠤᠨ ᠨᠡᠮᠡᠭᠳᠡᠯ ᠢ ᠢᠯᠡᠳᠲᠡ ᠪᠠᠭᠠᠰᠬᠠᠵᠤ ᠳᠡᠶᠢᠯᠬᠦ ᠰᠢᠨ᠎ᠡ ᠬᠡᠯᠪᠡᠷᠢ ᠶᠢᠨ ᠬᠡᠷᠡᠯ ᠡᠭᠦᠰᠭᠡᠭᠴᠢ ᠵᠢᠴᠢ ᠳ᠋ᠧᠩ ᠤᠨ ᠬᠡᠷᠡᠭᠰᠡᠯ ᠢ ᠰᠤᠳᠤᠯᠤᠨ ᠨᠡᠭᠡᠭᠡᠭᠰᠡᠨ ᠪᠥᠭᠡᠳ ᠤᠯᠤᠰ ᠤᠨ ᠲᠤᠰᠬᠠᠶ ᠠᠰᠢᠭ ᠤᠨ ᠬᠠᠮᠠᠭᠠᠯᠠᠯᠲᠠ ᠶᠢ ᠭᠤᠶᠤᠴᠢᠯᠠᠭᠰᠠᠨ ᠪᠠᠶᠢᠨ᠎ᠠ ᠭᠡᠵᠡᠶ᠃ ᠣᠳᠣᠬᠠᠨ ᠳᠤ᠂ ᠴᠢᠨ ᠰᠢᠨ ᠮᠢᠶᠣᠣ ᠪᠠᠰᠠ ᠡᠷᠡᠭᠦᠯ ᠮᠡᠨᠳᠦ ᠶᠢᠨ ᠬᠠᠷᠠᠭᠠᠨ ᠳ᠋ᠧᠩ ᠤᠨ ᠡᠵᠡᠩᠨᠡᠨ ᠪᠣᠷᠣᠯᠠᠭᠤᠯᠬᠤ ᠲᠥᠰᠦᠯ ᠢ ᠢᠳᠡᠪᠬᠢᠲᠡᠶ ᠲᠥᠰᠦᠪᠯᠡᠨ᠂ ᠵᠠᠬ᠎ᠠ ᠳᠡᠯᠭᠡᠭᠦᠷ ᠢ ᠪᠠᠶᠢᠷᠢᠰᠢᠭᠤᠯᠵᠤ᠂ ᠵᠠᠬ᠎ᠠ ᠳᠡᠯᠭᠡᠭᠦᠷ ᠲᠤ ᠪᠣᠷᠣᠯᠠᠭᠤᠯᠬᠤ ᠪᠠᠷ ᠢᠳᠡᠪᠬᠢᠯᠡᠵᠣ  ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号