ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠴᠠᠬᠢᠯᠭᠠᠨ ᠰᠣᠷᠢᠨᠵᠢᠨ ᠴᠡᠪᠡᠷᠰᠢᠭᠦᠯᠬᠦ ᠮᠡᠷᠭᠡᠵᠢᠯ ᠨᠢ ᠪᠤᠭᠤᠲᠤ ᠶᠢᠨ ᠠᠵᠤ ᠠᠬᠤᠶᠢᠯᠠᠯ ᠳᠤ ᠰᠢᠨ᠎ᠡ ᠰᠤᠷᠲᠠᠯ ᠨᠡᠮᠡᠷᠢᠯᠡᠪᠡ
ᠨᠡᠶᠢᠲᠡᠯᠡᠭᠰᠡᠨ ᠴᠠᠭ᠄
2021/4/10
    3 ᠰᠠᠷ᠎ᠠ ᠶᠢᠨ 30᠎ ᠤ ᠡᠳᠦᠷ᠂ ︽ᠬᠥᠩᠭᠡᠨ ᠴᠠᠭᠠᠨ ᠤ ᠬᠠᠶᠢᠯᠤᠮᠠᠯ ᠪᠡᠶ᠎ᠡ ᠶᠢᠨ ᠴᠠᠬᠢᠯᠭᠠᠨ ᠰᠣᠷᠢᠨᠵᠢᠨ ᠤ ᠴᠡᠪᠡᠷᠰᠢᠯᠲᠡ ᠰᠠᠭᠤᠷᠢ ᠰᠤᠳᠤᠯᠭᠠᠨ ᠠᠴᠠ ᠠᠵᠤ ᠦᠢᠯᠡᠳᠪᠦᠷᠢ ᠶᠢᠨ ᠬᠡᠷᠡᠭᠯᠡᠭᠡᠨ ᠬᠦᠷᠲᠡᠯᠡᠬᠢ︾ ᠮᠡᠷᠭᠡᠵᠢᠯ ᠤᠨ ᠠᠵᠤ ᠦᠢᠯᠡᠰ ᠢ ᠵᠣᠯᠭᠠᠭᠤᠯᠬᠤ ᠬᠤᠷᠠᠯ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠶᠢᠨ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ ᠳᠤ ᠬᠤᠷᠠᠯᠳᠤᠪᠠ᠃ ᠡᠨᠡ ᠪᠣᠯ 2021 ᠣᠨ ᠤ ᠰᠤᠳᠤᠯᠭᠠᠨ ᠤ ᠬᠦᠷᠢᠶᠡᠯᠡᠩ ᠪᠣᠯᠤᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠠᠮᠲᠤᠷᠠᠨ ᠡᠷᠭᠢᠯᠡᠭᠰᠡᠨ ᠠᠩᠬᠠᠳᠠᠭᠴᠢ ᠰᠢᠨᠵᠢᠯᠡᠬᠦ ᠤᠬᠠᠭᠠᠨ ᠮᠡᠷᠭᠡᠵᠢᠯ ᠤᠨ ᠬᠠᠷᠢᠯᠴᠠᠨ ᠦᠢᠯᠡᠳᠦᠯᠴᠡᠭᠦ ᠥᠷᠲᠡᠭᠡ ᠶᠢᠨ ᠠᠵᠢᠯᠯᠠᠭ᠎ᠠ ᠪᠣᠯᠤᠨ᠎ᠠ᠃ ᠬᠤᠷᠠᠯ ᠳᠡᠭᠡᠷ᠎ᠡ᠂ ᠳᠡᠳ᠋ ᠬᠤᠷᠢᠶᠠᠨ ᠳᠠᠷᠤᠭ᠎ᠠ ᠶᠠᠩ ᠵᠢᠶᠠᠨ ᠶᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠠᠷᠢᠯᠴᠠᠨ ᠦᠢᠯᠡᠳᠦᠯᠴᠡᠭᠦ ᠥᠷᠲᠡᠭᠡ ᠪᠣᠯ ᠨᠢᠭᠡ ᠵᠦᠢᠯ ᠤᠨ ᠦᠢᠯᠡᠳᠪᠦᠷᠢᠯᠡᠭᠦ ᠵᠢᠭᠠᠬᠤ ᠰᠤᠳᠤᠯᠬᠤ ᠬᠠᠮᠲᠤᠷᠠᠯᠴᠠᠭᠠᠨ ᠤ ᠪᠦᠲᠦᠮᠵᠢᠲᠡᠶ ᠬᠡᠯᠪᠡᠷᠢ ᠮᠥᠨ᠂ ᠪᠦᠲᠦᠮᠵᠢᠲᠡᠶ ᠦᠢᠯᠡᠳᠦᠯᠴᠡᠭᠦ ᠪᠠᠷ ᠳᠠᠮᠵᠢᠭᠤᠯᠤᠨ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠬᠡᠷᠡᠭᠴᠡᠭᠡ ᠪᠠᠨ ᠵᠣᠯᠭᠠᠭᠤᠯᠣᠨ ᠬᠠᠮᠲᠤᠷᠠᠯᠴᠠᠭ᠎ᠠ ᠪᠠᠨ ᠠᠬᠢᠭᠤᠯᠬᠤ ᠶᠢ ᠬᠦᠰᠡᠵᠦ ᠪᠠᠶᠢᠨ᠎ᠠ᠂ ᠡᠴᠦᠰ ᠲᠡᠭᠡᠨ ᠠᠵᠤ ᠠᠬᠤᠶᠢᠯᠠᠯ ᠤᠨ ᠠᠰᠠᠭᠤᠳᠠᠯ ᠢ  ᠰᠢᠢᠳᠪᠦᠷᠢᠯᠡᠵᠦ᠂ ᠦᠷ᠎ᠡ ᠠᠰᠢᠭ ᠭᠠᠷᠭᠠᠬᠤ ᠶᠢ ᠬᠦᠰᠡᠵᠦ ᠪᠠᠶᠢᠨ᠎ᠠ ᠭᠡᠵᠡᠶ᠃ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠬᠥᠩᠭᠡᠨ ᠴᠠᠭᠠᠨ ᠤ ᠬᠠᠶᠢᠯᠤᠮᠠᠯ ᠪᠡᠶ᠎ᠡ ᠶᠢᠨ ᠴᠠᠬᠢᠯᠭᠠᠨ ᠰᠣᠷᠢᠨᠵᠢᠨ ᠢ ᠴᠡᠪᠡᠷᠰᠢᠭᠦᠯᠬᠦ ᠮᠡᠷᠭᠡᠵᠢᠯ ᠤᠨ ᠨᠡᠭᠡᠭᠡᠯᠲᠡ ᠶᠢᠨ ᠪᠦᠯᠬᠦᠮ ᠤᠨ ᠭᠡᠰᠢᠭᠦᠨ ᠳ᠋ᠢᠩ ᠰᠠᠨ ᠼᠠᠢ ᠳᠡᠭᠡᠳᠦ ᠵᠡᠷᠭᠡ ᠶᠢᠨ ᠠᠵᠢᠯᠴᠢᠨ ᠲᠣᠰ ᠮᠡᠷᠭᠡᠵᠢᠯ ᠤᠨ ᠰᠠᠭᠤᠷᠢ ᠰᠤᠳᠤᠯᠭᠠᠨ ᠪᠠ ᠠᠵᠤ ᠦᠢᠯᠡᠳᠪᠦᠷᠢ ᠶᠢᠨ ᠬᠡᠷᠡᠭᠯᠡᠭᠡᠨ ᠤ ᠪᠠᠶᠢᠳᠠᠯ ᠢ ᠨᠠᠷᠢᠨ ᠲᠠᠨᠢᠯᠴᠠᠭᠤᠯᠪᠠ ᠃ ᠤᠮᠠᠷᠠᠲᠤ ᠶᠢᠨ ᠬᠤᠪᠣᠷ ᠰᠢᠷᠣᠢ᠂ ᠪᠤᠭᠤᠲᠤ ᠶᠢᠨ ᠬᠠᠮᠢᠶ᠎ᠠ ᠪᠦᠭᠦᠢ ᠬᠦᠩᠬᠡᠨ ᠴᠠᠭᠠᠨ ᠤ ᠦᠢᠯᠡᠰ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠣᠨᠴᠠ ᠲᠡᠮᠦᠷᠯᠢᠭ ᠬᠠᠶᠢᠯᠤᠭᠤᠯᠬᠤ ᠵᠡᠷᠭᠡ ᠨᠢᠭᠡᠴᠢ ᠶᠢᠨ ᠬᠠᠷᠢᠭᠤᠴᠠᠯᠭᠠᠲᠠᠨ ᠵᠢᠴᠢ ᠬᠤᠯᠪᠣᠭᠳᠠᠯ ᠪᠦᠬᠦᠢ ᠮᠡᠷᠭᠡᠵᠢᠯ ᠤᠨ ᠠᠵᠢᠯᠳᠠᠨ ᠬᠤᠷᠠᠯ ᠳᠤ ᠣᠷᠣᠯᠴᠠᠭᠰᠠᠨ ᠪᠥᠭᠡᠳ ᠳ᠋ᠢᠩ ᠰᠠᠨ ᠼᠠᠢ ᠲᠠᠢ ᠲᠤᠰ ᠮᠡᠷᠭᠡᠵᠢᠯ ᠤᠨ ᠥᠪᠡᠷ ᠤᠨ ᠦᠷᠳᠡᠭ᠂ ᠬᠡᠷᠡᠭᠯᠡᠭᠡᠨ ᠤ ᠦᠶᠡᠯᠡᠯ ᠤᠨ ᠬᠤᠭᠤᠴᠠᠭ᠎ᠠ᠂ ᠤᠷ᠎ᠠ ᠮᠡᠷᠭᠡᠵᠢᠯ ᠤᠨ ᠶᠠᠪᠤᠴᠠ ᠵᠡᠷᠭᠡ ᠶᠢᠨ ᠲᠤᠬᠠᠢ ᠰᠠᠨᠠᠯ ᠢᠶᠠᠨ ᠰᠣᠯᠢᠯᠴᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号