3 ᠰᠠᠷ᠎ᠠ ᠶᠢᠨ 30 ᠤ ᠡᠳᠦᠷ᠂ ︽ᠬᠥᠩᠭᠡᠨ ᠴᠠᠭᠠᠨ ᠤ ᠬᠠᠶᠢᠯᠤᠮᠠᠯ ᠪᠡᠶ᠎ᠡ ᠶᠢᠨ ᠴᠠᠬᠢᠯᠭᠠᠨ ᠰᠣᠷᠢᠨᠵᠢᠨ ᠤ | ᠴᠡᠪᠡᠷᠰᠢᠯᠲᠡ ᠰᠠᠭᠤᠷᠢ ᠰᠤᠳᠤᠯᠭᠠᠨ ᠠᠴᠠ ᠠᠵᠤ ᠦᠢᠯᠡᠳᠪᠦᠷᠢ ᠶᠢᠨ ᠬᠡᠷᠡᠭᠯᠡᠭᠡᠨ ᠬᠦᠷᠲᠡᠯᠡᠬᠢ︾ ᠮᠡᠷᠭᠡᠵᠢᠯ ᠤᠨ | ᠠᠵᠤ ᠦᠢᠯᠡᠰ ᠢ ᠵᠣᠯᠭᠠᠭᠤᠯᠬᠤ ᠬᠤᠷᠠᠯ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠶᠢᠨ | ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ ᠳᠤ ᠬᠤᠷᠠᠯᠳᠤᠪᠠ᠃ ᠡᠨᠡ ᠪᠣᠯ 2021 ᠣᠨ ᠤ ᠰᠤᠳᠤᠯᠭᠠᠨ ᠤ | ᠬᠦᠷᠢᠶᠡᠯᠡᠩ ᠪᠣᠯᠤᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠶᠢᠨ ᠬᠠᠮᠲᠤᠷᠠᠨ ᠡᠷᠭᠢᠯᠡᠭᠰᠡᠨ ᠠᠩᠬᠠᠳᠠᠭᠴᠢ ᠰᠢᠨᠵᠢᠯᠡᠬᠦ ᠤᠬᠠᠭᠠᠨ ᠮᠡᠷᠭᠡᠵᠢᠯ ᠤᠨ | ᠬᠠᠷᠢᠯᠴᠠᠨ ᠦᠢᠯᠡᠳᠦᠯᠴᠡᠭᠦ ᠥᠷᠲᠡᠭᠡ ᠶᠢᠨ ᠠᠵᠢᠯᠯᠠᠭ᠎ᠠ ᠪᠣᠯᠤᠨ᠎ᠠ᠃ ᠬᠤᠷᠠᠯ ᠳᠡᠭᠡᠷ᠎ᠡ᠂ ᠳᠡᠳ᠋ ᠬᠤᠷᠢᠶᠠᠨ ᠳᠠᠷᠤᠭ᠎ᠠ | ᠶᠠᠩ ᠵᠢᠶᠠᠨ ᠶᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠠᠷᠢᠯᠴᠠᠨ ᠦᠢᠯᠡᠳᠦᠯᠴᠡᠭᠦ ᠥᠷᠲᠡᠭᠡ ᠪᠣᠯ ᠨᠢᠭᠡ ᠵᠦᠢᠯ ᠤᠨ | ᠦᠢᠯᠡᠳᠪᠦᠷᠢᠯᠡᠭᠦ ᠵᠢᠭᠠᠬᠤ ᠰᠤᠳᠤᠯᠬᠤ ᠬᠠᠮᠲᠤᠷᠠᠯᠴᠠᠭᠠᠨ ᠤ ᠪᠦᠲᠦᠮᠵᠢᠲᠡᠶ ᠬᠡᠯᠪᠡᠷᠢ ᠮᠥᠨ᠂ ᠪᠦᠲᠦᠮᠵᠢᠲᠡᠶ | ᠦᠢᠯᠡᠳᠦᠯᠴᠡᠭᠦ ᠪᠠᠷ ᠳᠠᠮᠵᠢᠭᠤᠯᠤᠨ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠬᠡᠷᠡᠭᠴᠡᠭᠡ ᠪᠠᠨ ᠵᠣᠯᠭᠠᠭᠤᠯᠣᠨ | ᠬᠠᠮᠲᠤᠷᠠᠯᠴᠠᠭ᠎ᠠ ᠪᠠᠨ ᠠᠬᠢᠭᠤᠯᠬᠤ ᠶᠢ ᠬᠦᠰᠡᠵᠦ ᠪᠠᠶᠢᠨ᠎ᠠ᠂ ᠡᠴᠦᠰ ᠲᠡᠭᠡᠨ ᠠᠵᠤ ᠠᠬᠤᠶᠢᠯᠠᠯ ᠤᠨ ᠠᠰᠠᠭᠤᠳᠠᠯ ᠢ | ᠰᠢᠢᠳᠪᠦᠷᠢᠯᠡᠵᠦ᠂ ᠦᠷ᠎ᠡ ᠠᠰᠢᠭ ᠭᠠᠷᠭᠠᠬᠤ ᠶᠢ ᠬᠦᠰᠡᠵᠦ ᠪᠠᠶᠢᠨ᠎ᠠ ᠭᠡᠵᠡᠶ᠃ ᠱᠠᠩᠬᠠᠶ ᠶᠢᠨ ᠵᠠᠮ ᠬᠠᠷᠢᠯᠴᠠᠭᠠᠨ ᠤ | ᠶᠡᠭᠡ ᠰᠤᠷᠭᠠᠭᠤᠯᠢ ᠶᠢᠨ ᠬᠥᠩᠭᠡᠨ ᠴᠠᠭᠠᠨ ᠤ ᠬᠠᠶᠢᠯᠤᠮᠠᠯ ᠪᠡᠶ᠎ᠡ ᠶᠢᠨ ᠴᠠᠬᠢᠯᠭᠠᠨ ᠰᠣᠷᠢᠨᠵᠢᠨ ᠢ ᠴᠡᠪᠡᠷᠰᠢᠭᠦᠯᠬᠦ | ᠮᠡᠷᠭᠡᠵᠢᠯ ᠤᠨ ᠨᠡᠭᠡᠭᠡᠯᠲᠡ ᠶᠢᠨ ᠪᠦᠯᠬᠦᠮ ᠤᠨ ᠭᠡᠰᠢᠭᠦᠨ ᠳ᠋ᠢᠩ ᠰᠠᠨ ᠼᠠᠢ ᠳᠡᠭᠡᠳᠦ ᠵᠡᠷᠭᠡ ᠶᠢᠨ ᠠᠵᠢᠯᠴᠢᠨ ᠲᠣᠰ | ᠮᠡᠷᠭᠡᠵᠢᠯ ᠤᠨ ᠰᠠᠭᠤᠷᠢ ᠰᠤᠳᠤᠯᠭᠠᠨ ᠪᠠ ᠠᠵᠤ ᠦᠢᠯᠡᠳᠪᠦᠷᠢ ᠶᠢᠨ ᠬᠡᠷᠡᠭᠯᠡᠭᠡᠨ ᠤ ᠪᠠᠶᠢᠳᠠᠯ ᠢ ᠨᠠᠷᠢᠨ ᠲᠠᠨᠢᠯᠴᠠᠭᠤᠯᠪᠠ | ᠃ ᠤᠮᠠᠷᠠᠲᠤ ᠶᠢᠨ ᠬᠤᠪᠣᠷ ᠰᠢᠷᠣᠢ᠂ ᠪᠤᠭᠤᠲᠤ ᠶᠢᠨ ᠬᠠᠮᠢᠶ᠎ᠠ ᠪᠦᠭᠦᠢ ᠬᠦᠩᠬᠡᠨ ᠴᠠᠭᠠᠨ ᠤ ᠦᠢᠯᠡᠰ᠂ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠣᠨᠴᠠ ᠲᠡᠮᠦᠷᠯᠢᠭ ᠬᠠᠶᠢᠯᠤᠭᠤᠯᠬᠤ ᠵᠡᠷᠭᠡ ᠨᠢᠭᠡᠴᠢ ᠶᠢᠨ | ᠬᠠᠷᠢᠭᠤᠴᠠᠯᠭᠠᠲᠠᠨ ᠵᠢᠴᠢ ᠬᠤᠯᠪᠣᠭᠳᠠᠯ ᠪᠦᠬᠦᠢ ᠮᠡᠷᠭᠡᠵᠢᠯ ᠤᠨ ᠠᠵᠢᠯᠳᠠᠨ ᠬᠤᠷᠠᠯ ᠳᠤ ᠣᠷᠣᠯᠴᠠᠭᠰᠠᠨ ᠪᠥᠭᠡᠳ | ᠳ᠋ᠢᠩ ᠰᠠᠨ ᠼᠠᠢ ᠲᠠᠢ ᠲᠤᠰ ᠮᠡᠷᠭᠡᠵᠢᠯ ᠤᠨ ᠥᠪᠡᠷ ᠤᠨ ᠦᠷᠳᠡᠭ᠂ ᠬᠡᠷᠡᠭᠯᠡᠭᠡᠨ ᠤ ᠦᠶᠡᠯᠡᠯ ᠤᠨ ᠬᠤᠭᠤᠴᠠᠭ᠎ᠠ᠂ | ᠤᠷ᠎ᠠ ᠮᠡᠷᠭᠡᠵᠢᠯ ᠤᠨ ᠶᠠᠪᠤᠴᠠ ᠵᠡᠷᠭᠡ ᠶᠢᠨ ᠲᠤᠬᠠᠢ ᠰᠠᠨᠠᠯ ᠢᠶᠠᠨ ᠰᠣᠯᠢᠯᠴᠠᠵᠠᠢ᠃ | | |