ᠲᠢᠶᠠᠨ ᠾᠧ ᠰᠣᠷᠢᠨᠵᠢᠨ ᠮᠠᠲ᠋ᠧᠷᠢᠶᠠᠯ 2020 ᠣᠨ ᠤ ᠥᠪᠥᠷ ᠮᠣᠩᠭᠤᠯ ᠤᠨ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠳᠤ ᠲᠣᠳᠣᠷᠠᠪᠠ
ᠨᠡᠶᠢᠲᠡᠯᠡᠭᠰᠡᠨ ᠴᠠᠭ᠄
2021/4/11
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠢᠶᠠᠨ ᠾᠧ ᠰᠣᠷᠢᠨᠵᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ 2020 ᠣᠨ ᠤ ᠥᠪᠥᠷ ᠮᠣᠩᠭᠤᠯ ᠤᠨ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠭᠥᠷᠳᠡᠬᠦ ᠵᠢᠱᠢᠭᠳᠡᠭᠴᠢ ᠶᠢᠨ ᠱᠠᠩᠨᠠᠯ ᠣᠯᠭᠤᠬᠤ ᠵᠣᠬᠢᠶᠠᠨ ᠪᠠᠶᠢᠭᠤᠯᠤᠯᠲᠠ ᠶᠢᠨ ᠨᠡᠷᠡᠰ ᠢ ᠨᠡᠶᠢᠲᠡᠯᠡᠵᠦ᠂ ᠲᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠺᠣᠮᠢᠰ ᠢ ᠵᠣᠬᠢᠶᠠᠨ ᠪᠠᠶᠢᠭᠤᠯᠵᠤ ᠬᠢᠨᠠᠨ ᠲᠣᠭᠲᠠᠭᠠᠨ᠎ᠠ᠃ ᠡᠨᠡ ᠪᠣᠯ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠬᠤᠪᠢᠶᠠᠷᠢ ᠲᠣᠪᠴᠢᠶ᠎ᠠ ᠶᠢᠨ ᠨᠠᠷᠠᠲᠤ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠳᠥᠯᠭᠢᠨ ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠭᠡᠳ ᠣᠯᠤᠭᠰᠠᠨ ᠴᠢᠬᠤᠯᠠ ᠦᠷ᠎ᠡ ᠪᠦᠲᠦᠭᠡᠯ ᠪᠣᠯᠤᠨ᠎ᠠ᠃ ᠲᠢᠶᠠᠨ ᠾᠧ ᠰᠣᠷᠢᠨᠵᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ 2008 ᠣᠨ ᠤ 5 ᠰᠠᠷ᠎ᠠ ᠳᠤ ᠪᠠᠶᠢᠭᠤᠯᠤᠭᠳᠠᠵᠤ᠂ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠶ ᠶᠢᠨ ᠬᠡᠷᠡᠭᠯᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠳᠠᠩᠰᠠᠯᠠᠭᠤᠯᠵᠤ᠂ ᠺᠣᠮᠫᠠᠨᠢ ᠶᠢᠨ ᠦᠢᠯᠡᠳᠭᠦᠨ ᠢ ᠭᠤᠤᠯᠳᠠᠭᠤ ᠮᠠᠰᠢᠨ ᠲᠡᠷᠭᠡ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠤᠶᠤᠨᠲᠤ ᠮᠠᠰᠢᠨ ᠬᠥᠮᠦᠨ᠂ ᠳᠠᠪᠲᠠᠮᠵᠢ ᠬᠤᠪᠢᠰᠬᠠᠬᠤ ᠠᠭᠠᠷ ᠲᠣᠬᠢᠷᠠᠭᠤᠯᠤᠭᠴᠢ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ᠂ ᠡᠯ᠎ᠡ ᠲᠥᠷᠥᠯ ᠤᠨ ᠴᠠᠬᠢᠯᠭᠠᠨ ᠮᠠᠰᠢᠨ᠂ ᠬᠡᠷᠡᠭᠯᠡᠭᠡᠨ ᠤ ᠡᠯᠧᠺᠲᠷᠣᠨ᠂ ᠡᠮᠴᠢᠯᠡᠭᠡᠨ ᠤ ᠪᠠᠭᠠᠵᠢ ᠬᠡᠷᠡᠭᠰᠡᠯ᠂ ᠰᠣᠷᠢᠨᠵᠢᠨ ᠰᠠᠯᠭᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠴᠡᠷᠢᠭ ᠤᠨ ᠠᠵᠤ ᠦᠢᠡᠯᠳᠪᠦᠷᠢ ᠵᠡᠷᠭᠡ ᠬᠦᠷᠢᠶᠡᠨ ᠳᠤ ᠬᠡᠷᠡᠭᠯᠡᠵᠣ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号