ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ  ᠠᠵᠤ ᠠᠬᠤᠶᠢᠯᠠᠯ 100  ᠶᠢ ᠳᠠᠪᠠᠪᠠ
ᠨᠡᠶᠢᠲᠡᠯᠡᠭᠰᠡᠨ ᠴᠠᠭ᠄
2021/4/12
    ᠣᠶᠢᠷ᠎ᠠ ᠶᠢᠨ ᠵᠢᠯ ᠤᠨ ᠲᠤᠷᠰᠢ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ  ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠵᠤ ᠮᠠᠭᠠᠳᠯᠠᠨ ᠲᠣᠭᠲᠠᠭᠠᠬᠤ  ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠤᠬᠠᠭᠤᠯᠤᠨ ᠲᠦᠭᠡᠮᠡᠯᠵᠢᠭᠦᠯᠬᠦ —   ᠨᠤᠲᠠᠯᠠᠨ ᠳᠤᠭᠳᠠᠭᠠᠬᠤ ᠠᠴᠠ ᠡᠮᠦᠨ᠎ᠡ ᠪᠤᠶᠢᠵᠢᠭᠤᠯᠬᠤ —   ᠨᠤᠲᠠᠯᠠᠨ ᠳᠤᠭᠳᠠᠭᠠᠬᠤ ᠳᠤᠮᠳᠠ ᠨᠠᠷᠢᠯᠢᠭ  ᠬᠠᠮᠢᠶᠠᠷᠬᠤ —   ᠨᠤᠲᠠᠯᠠᠨ ᠳᠤᠭᠳᠠᠭᠠᠬᠰᠡᠨ ᠤ ᠳᠠᠷᠠᠭ᠎ᠠ  ᠪᠤᠳᠠᠳᠠᠶᠢᠵᠢᠭᠤᠯᠬᠤ︾ ᠳᠥᠷᠪᠡ ᠶᠢ ᠨᠢᠭᠡ  ᠴᠣᠭᠴᠠᠵᠢᠭᠤᠯᠤᠭᠰᠠᠨ ᠪᠦᠷᠢᠨ ᠭᠡᠯᠬᠢᠶᠠᠵᠢᠯ ᠤᠨ ᠠᠵᠢᠯ ᠤᠨ ᠰᠢᠰᠲ᠋ᠧᠮ ᠢ ᠪᠦᠷᠢᠯᠳᠦᠭᠦᠯᠵᠦ᠂ ᠳᠡᠭᠡᠳᠦ ᠰᠢᠨ᠎ᠡ  ᠮᠡᠷᠭᠡᠵᠢᠯ ᠤᠨ ᠠᠵᠤ ᠠᠬᠤᠶᠢᠯᠠᠯ ᠤᠨ ᠲᠣᠰ ᠵᠢᠯ ᠤᠨ ᠨᠤᠲᠠᠯᠠᠨ ᠳᠤᠭᠳᠠᠭᠠᠭᠰᠠᠨ ᠲᠤᠭ᠎ᠠ ᠬᠡᠮᠵᠢᠶ᠎ᠡ ᠪᠠ ᠶᠡᠷᠦᠩᠬᠡᠶ  ᠬᠡᠮᠵᠢᠶ᠎ᠡ ᠵᠠᠯᠭᠠᠭ᠎ᠠ ᠪᠠᠷ ᠲᠠᠪᠤᠨ ᠵᠢᠯ ᠰᠢᠨ᠎ᠡ ᠳᠡᠮᠳᠡᠭᠯᠡᠯ ᠡᠭᠦᠳᠬᠦ ᠶᠢ ᠪᠠᠶᠠᠯᠠᠬᠦᠯᠵᠦ᠂ ᠠᠵᠤ ᠠᠬᠤᠶᠢᠯᠠᠯ ᠤᠨ  ᠶᠡᠷᠦᠩᠬᠡᠶ ᠬᠡᠮᠵᠢᠶ᠎ᠡ ᠥᠪᠡᠷᠲᠡᠭᠡᠨ ᠵᠠᠰᠠᠬᠤ ᠣᠷᠣᠨ ᠳᠤ ᠲᠦᠷᠦᠭᠦᠯᠡᠪᠡ᠃       2020 ᠣᠨ ᠤ ᠡᠴᠦᠰ ᠪᠣᠯᠲᠠᠯ᠎ᠠ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ  ᠬᠦᠴᠦᠨ ᠲᠠᠢ ᠬᠤᠭᠤᠴᠠᠭᠠᠨ ᠳᠤ ᠪᠠᠶᠢᠭ᠎ᠠ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ  116 ᠪᠣᠯᠵᠣ᠂ ᠲᠣᠰ ᠪᠦᠷᠢ ᠪᠤᠭᠤᠲᠤ ᠬᠤᠲᠠ ᠶᠢᠨ 53.7 % ᠶᠢ ᠡᠵᠡᠯᠡᠵᠦ᠂ ᠥᠪᠡᠷᠲᠡᠭᠡᠨ ᠵᠠᠰᠠᠬᠤ ᠣᠷᠣᠨ ᠤ  10.8 % ᠶᠢ ᠡᠵᠡᠯᠡᠪᠡ᠃ ᠡᠭᠦᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠠᠵᠤ ᠠᠬᠤᠶᠢᠯᠠᠯ  50 ᠪᠣᠯᠵᠣ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ  ᠠᠵᠤ  ᠦᠢᠯᠡᠳᠪᠦᠷᠢ ᠠᠵᠤ ᠠᠬᠤᠶᠢᠯᠠᠯ ᠤᠨ ᠶᠡᠷᠦᠩᠬᠡᠶ ᠲᠣᠭᠠᠨ ᠤ 49 % ᠶᠢ ᠡᠵᠡᠯᠡᠪᠡ᠃ ᠳᠡᠭᠡᠳᠦ ᠰᠢᠨ᠎ᠡ  ᠮᠡᠷᠭᠡᠵᠢᠯ ᠤᠨ ᠠᠵᠤ ᠠᠬᠤᠶᠢᠯᠠᠯ ᠤᠨ ᠨᠡᠮᠡᠭᠳᠡᠯ ᠥᠷᠲᠡᠭ 54.91 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂  ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ ᠨᠢ  56.5 % ᠳᠤ ᠬᠦᠷᠴᠦ᠂ ᠥᠩᠭᠡᠷᠡᠭᠰᠡᠨ ᠵᠢᠯ ᠤᠳ ᠤᠨ ᠰᠢᠨ᠎ᠡ ᠲᠡᠮᠳᠡᠭᠯᠡᠯ ᠢ ᠡᠭᠦᠳᠪᠡ᠃ ᠳᠡᠭᠡᠳᠦ ᠰᠢᠨ᠎ᠡ  ᠮᠡᠷᠭᠡᠵᠢᠯ ᠤᠨ 116 ᠠᠵᠤ ᠠᠬᠤᠶᠢᠯᠠᠯ ᠨᠡᠶᠢᠲᠡ 3537 ᠰᠤᠳᠤᠯᠤᠨ ᠨᠡᠭᠡᠭᠡᠬᠦ ᠠᠵᠢᠯᠲᠠᠨ ᠲᠠᠢ ᠪᠠᠶᠢᠵᠤ᠂  ᠣᠶᠢᠷ᠎ᠠ ᠶᠢᠨ ᠭᠤᠷᠪᠠᠨ ᠵᠢᠯ ᠳᠤ 1123  ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ  ᠤᠯᠠᠷᠢᠭᠤᠯᠤᠨ ᠬᠤᠪᠢᠷᠠᠭᠤᠯᠵᠤ᠂ 2379 ᠬᠤᠪᠢ ᠲᠤᠰᠬᠠᠶ ᠠᠰᠢᠭ ᠲᠠᠢ ᠪᠣᠯᠵᠣ᠂ ᠬᠤᠪᠣᠷ ᠰᠢᠷᠣᠶ ᠶᠢᠨ ᠳᠡᠭᠡᠳᠦ  ᠰᠢᠨ᠎ᠡ ᠮᠡᠷᠭᠡᠵᠢᠯ ᠤᠨ ᠲᠣᠭᠤᠷᠢᠭ ᠤᠨ 46 . 7 % ᠶᠢ ᠡᠵᠡᠯᠡᠪᠡ᠃        ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ  ᠮᠡᠷᠭᠡᠵᠢᠯ ᠤᠨ ᠰᠠᠯᠠᠭ᠎ᠠ ᠮᠥᠴᠢᠷ ᠨᠢ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ  ᠨᠤᠲᠠᠯᠠᠨ ᠲᠣᠭᠲᠠᠭᠠᠬᠤ ᠠᠵᠢᠯ ᠢ ᠲᠦᠭᠡᠮᠡᠯᠵᠢᠭᠦᠯᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂  ︽ ᠤᠬᠠᠭᠤᠯᠤᠨ ᠲᠦᠭᠡᠮᠡᠯᠵᠢᠭᠦᠯᠬᠦ︾ ᠭᠤᠭᠴᠤᠭ᠎ᠠ ᠳᠤ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠤᠯᠤᠰ ᠤᠨ  ᠳᠡᠭᠡᠳᠦ ᠲᠠᠰ ᠤᠨ ᠲᠤᠰᠬᠠᠶ ᠮᠡᠷᠭᠡᠵᠢᠯᠲᠡᠨ ᠢ ᠤᠷᠢᠨ ᠥᠷᠭᠡᠨ ᠢᠶᠠᠷ ᠪᠣᠯᠪᠠᠰᠤᠷᠠᠭᠤᠯᠵᠤ᠂ ᠨᠠᠩ ᠣᠯᠠᠨ ᠠᠵᠤ  ᠠᠬᠤᠶᠢᠯᠠᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠨᠤᠲᠠᠯᠠᠨ ᠲᠣᠭᠲᠠᠭᠠᠬᠤ ᠳᠤ ᠭᠥᠷᠳᠡᠬᠦ  ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠭᠤᠶᠤᠴᠢᠯᠠᠨ ᠮᠡᠳᠡᠭᠦᠯᠬᠦ ᠨᠥᠬᠦᠴᠡᠯ ᠪᠠ ᠳᠡᠰ ᠳᠠᠷᠠᠭᠠᠯᠠᠯ ᠢ  ᠣᠶᠢᠯᠠᠭᠠᠬᠤ ᠶᠢ ᠦᠨᠡᠨᠬᠦ ᠪᠠᠲᠤᠯᠠᠪᠡ︔ ︽ᠨᠤᠲᠠᠯᠠᠨ ᠳᠤᠭᠳᠠᠭᠠᠬᠤ ᠠᠴᠠ ᠡᠮᠦᠨ᠎ᠡ ᠪᠤᠶᠢᠵᠢᠭᠤᠯᠬᠤ︾  ᠭᠤᠭᠴᠤᠭ᠎ᠠ ᠳᠤ᠂ ᠲᠤᠬᠠᠶ ᠶᠢᠨ ᠵᠢᠯ ᠳᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ  ᠨᠤᠲᠠᠯᠠᠨ  ᠲᠣᠭᠲᠠᠭᠠᠬᠤ ᠶᠢ ᠥᠷᠨᠢᠭᠦᠯᠦᠭᠰᠡᠨ ᠠᠵᠤ ᠠᠬᠤᠶᠢᠯᠠᠯ ᠳᠤ ︽ᠨᠢᠭᠡ ᠨᠢᠭᠡ ᠪᠠᠷ︾ ᠬᠠᠪᠰᠤᠷᠤᠨ ᠵᠢᠯᠣᠭᠤᠳᠴᠤ᠂  ᠠᠵᠤ ᠠᠬᠤᠶᠢᠯᠠᠯ ᠳᠤ  ᠦᠢᠯᠡᠴᠢᠯᠡᠨ ᠬᠠᠪᠰᠤᠷᠴᠤ ᠪᠠᠶᠢᠭᠠᠳ  ᠨᠤᠲᠠᠯᠠᠨ ᠳᠤᠭᠳᠠᠭᠠᠬᠤ ᠳᠤ ᠣᠷᠣᠰᠢᠵᠤ ᠪᠠᠶᠢᠭ᠎ᠠ  ᠬᠠᠮᠢᠶ᠎ᠠ ᠪᠥᠬᠦᠶ ᠠᠰᠠᠭᠤᠳᠠᠯ ᠢ  ᠰᠢᠢᠳᠪᠦᠷᠢᠯᠡᠨ᠂ ᠭᠤᠶᠤᠴᠢᠯᠠᠨ   ᠮᠡᠳᠡᠬᠦᠯᠦᠭᠰᠡᠨ ᠢ  ᠵᠦᠪᠰᠢᠶᠡᠷᠡᠬᠦ ᠨᠣᠷᠮ᠎ᠠ ᠶᠢ  ᠳᠡᠭᠡᠭᠰᠢᠯᠡᠭᠦᠯᠪᠡ︔ ︽ᠨᠤᠲᠠᠯᠠᠨ ᠳᠤᠭᠳᠠᠭᠠᠬᠤ ᠳᠤᠮᠳᠠ ᠨᠠᠷᠢᠯᠢᠭ ᠬᠠᠮᠢᠶᠠᠷᠬᠤ︾ ᠭᠤᠭᠴᠤᠭ᠎ᠠ ᠳᠤ ᠲᠤᠰᠬᠠᠶ  ᠬᠥᠮᠦᠨ ᠲᠣᠮᠢᠯᠠᠨ ᠭᠤᠶᠤᠴᠢᠯᠠᠯ ᠤᠨ ᠮᠠᠲ᠋ᠧᠷᠢᠶᠠᠯ ᠤᠨ ᠬᠠᠮᠢᠶ᠎ᠠ ᠪᠥᠬᠦᠶ ᠠᠵᠢᠯ ᠢ ᠨᠠᠷᠢᠯᠢᠭᠵᠢᠭᠤᠯᠤᠨ ᠥᠷᠨᠢᠭᠦᠯᠵᠦ᠂   ᠦᠢᠯᠡᠴᠢᠯᠡᠬᠡᠨ  ᠤ ᠠᠵᠤ ᠠᠬᠤᠶᠢᠯᠠᠯ ᠤᠨ ᠭᠤᠶᠤᠴᠢᠯᠠᠯ ᠤᠨ ᠮᠠᠲ᠋ᠧᠷᠢᠶᠠᠯ ᠲᠤᠰᠢᠶᠠᠬᠤ ᠳᠤᠮᠳᠠ ᠣᠷᠣᠰᠢᠵᠤ ᠪᠠᠶᠢᠭ᠎ᠠ  ᠬᠦᠷᠦᠯᠴᠡᠬᠦ ᠥᠬᠡᠶ ᠲᠠᠯ᠎ᠠ ᠶᠢ ᠵᠢᠭᠰᠠᠭᠠᠨ ᠪᠠᠶᠢᠴᠠᠭᠠᠵᠤ᠂ ᠭᠤᠶᠤᠴᠢᠯᠠᠯ ᠤᠨ ᠮᠠᠲ᠋ᠧᠷᠢᠶᠠᠯ ᠤᠨ ︽ᠠᠯᠳᠠᠭ᠎ᠠ ᠪᠤᠷᠤᠭᠤ  ᠥᠬᠡᠶ︾ ᠪᠠᠶᠢᠬᠤ ᠶᠢ ᠦᠨᠡᠨᠬᠦ ᠪᠠᠲᠤᠯᠠᠪᠠ︔ ︽ ᠨᠤᠲᠠᠯᠠᠨ  ᠳᠤᠭᠳᠠᠭᠠᠭᠰᠠᠨ ᠤ ᠳᠠᠷᠠᠭ᠎ᠠ  ᠪᠤᠳᠠᠳᠠᠶᠢᠵᠢᠭᠤᠯᠬᠤ︾  ᠭᠤᠭᠴᠤᠭ᠎ᠠ ᠳᠤ᠂ ᠠᠵᠤ ᠠᠬᠤᠶᠢᠯᠠᠯ ᠳᠤ ᠰᠤᠳᠤᠯᠤᠨ ᠨᠡᠭᠡᠭᠡᠬᠦ ᠵᠠᠷᠤᠳᠠᠯ ᠢ ᠨᠠᠮᠠᠨ ᠪᠤᠳᠤᠵᠤ ᠰᠠᠭᠠᠳᠬᠠᠨ ᠠᠪᠬᠤ᠂  ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ  ᠨᠤᠲᠠᠯᠠᠨ ᠳᠤᠭᠳᠠᠭᠠᠵᠤ ᠱᠠᠩᠨᠠᠬᠤ ᠪᠠ ᠭᠠᠶᠢᠯᠢ ᠲᠠᠲᠠᠪᠤᠷᠢ ᠶᠢᠨ  ᠬᠠᠷᠠᠭᠠᠯᠵᠠᠯ ᠦᠵᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠰᠠᠶᠢᠲᠤᠷ ᠬᠢᠵᠦ᠂ ᠠᠵᠤ ᠠᠬᠤᠶᠢᠯᠠᠯ ᠤᠨ ᠬᠠᠮᠢᠶ᠎ᠠ  ᠪᠥᠬᠦᠶ ᠬᠠᠷᠠᠭᠠᠯᠵᠠᠯ ᠤᠨ ᠪᠠᠯᠠ ᠮᠥᠩᠭᠦ ᠶᠢᠨ ᠲᠥᠷᠥ ᠶᠢᠨ ᠪᠣᠳᠣᠯᠭ᠎ᠠ ᠶᠢ ︽ᠪᠥᠬᠦ ᠲᠠᠯ᠎ᠠ ᠪᠠᠷ︾ ᠭᠥᠷᠳᠡᠬᠦ ᠶᠢ  ᠪᠠᠲᠤᠯᠠᠪᠠ᠃          ᠬᠤᠶᠢᠰᠢᠳᠠ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ ᠠᠵᠢᠯ ᠤᠨ ᠠᠷᠭ᠎ᠠ  ᠬᠡᠮᠵᠢᠶ᠎ᠡ ᠪᠠᠨ ᠦᠷᠭᠦᠯᠵᠢᠯᠡᠨ ᠰᠢᠯᠢᠳᠡᠭᠵᠢᠭᠦᠯᠦᠨ ᠰᠠᠶᠢᠵᠢᠷᠠᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ  ᠠᠬᠤᠶᠢᠯᠠᠯ ᠢ ᠨᠤᠲᠠᠯᠠᠨ ᠳᠤᠭᠳᠠᠭᠠᠬᠤ ᠰᠠᠶᠢᠨ ᠰᠠᠶᠢᠬᠠᠨ  ᠦᠢᠯᠡᠴᠢᠯᠡᠬᠡᠨ ᠤ ᠠᠭᠤᠷ ᠠᠮᠢᠰᠬᠤᠯ ᠢ ᠪᠣᠶ ᠪᠣᠯᠭᠠᠵᠤ᠂  ᠠᠵᠤ ᠠᠬᠤᠶᠢᠯᠠᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ  ᠨᠤᠲᠠᠯᠠᠨ ᠳᠤᠭᠳᠠᠭᠠᠬᠤ ᠠᠵᠢᠯ ᠤᠨ  ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠠᠬᠢᠭᠤᠯᠵᠤ᠂ ᠰᠤᠳᠤᠯᠤᠨ ᠨᠡᠭᠡᠭᠡᠬᠦ ᠵᠠᠷᠤᠳᠠᠯ ᠤᠨ  ᠣᠷᠣᠭᠤᠯᠤᠯᠲᠠ ᠪᠠᠨ ᠨᠡᠮᠡᠭᠳᠡᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂  ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃  
 
ᠢᠷᠡᠯᠲᠡ᠄ ᠪᠤᠭᠤᠲᠤ ᠬᠤᠲᠠ ᠶᠢᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号