ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠶᠢᠳᠡᠮ ᠪᠠᠶᠢᠭ᠎ᠠ ᠠᠵᠤ ᠠᠬᠤᠶᠢᠯᠠᠯ ᠤᠨ ᠲᠤᠭ᠎ᠠ ᠠᠩᠬ᠎ᠠ ᠤᠳᠠᠭ᠎ᠠ ᠲᠦᠮᠡᠨ ᠡᠷᠦᠬᠡ ᠶᠢᠨ ᠪᠣᠭᠤᠮᠲᠠ ᠶᠢ ᠳᠠᠪᠠᠪᠠ
ᠨᠡᠶᠢᠲᠡᠯᠡᠭᠰᠡᠨ ᠴᠠᠭ᠄
2021/4/20
     3 ᠳ᠋ᠤᠭᠠᠷ ᠰᠠᠷ᠎ᠠ ᠶᠢᠨ 17᠎ ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠵᠢᠶᠠ ᠠᠶ ᠲᠦᠩ ᠠᠷᠠᠯᠵᠢᠶᠠᠨ ᠤ ᠬᠢᠵᠠᠭᠠᠷᠲᠤ ᠺᠣᠮᠫᠠᠨᠢ ᠳᠠᠩᠰᠠᠯᠠᠭᠤᠯᠬᠤ ᠭᠤᠶᠤᠴᠢᠯᠠᠯ ᠲᠡᠪᠰᠢᠭᠦᠯᠭᠦ ᠳᠤ ᠬᠠᠭᠠᠰ ᠴᠠᠭ ᠤᠨ ᠳᠠᠷᠠᠭ᠎ᠠ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠲᠠ ᠶᠢᠨ ᠠᠷᠠᠳ ᠤᠨ ᠶᠡᠭᠡ ᠲᠢᠩᠬᠢᠮ ᠤᠨ ︽ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡ︾᠎ ᠶᠢᠨ ᠴᠣᠩᠬᠤ ᠠᠴᠠ ᠡᠵᠡᠩᠨᠡᠯᠲᠡ ᠶᠢᠨ ᠦᠨᠡᠮᠯᠡᠯ ᠣᠯᠭᠤᠵᠠᠢ᠃ ᠡᠭᠦᠨ ᠠᠴᠠ ᠡᠬᠢᠯᠡᠨ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠡᠶᠢᠳᠡᠮ ᠪᠠᠶᠢᠭ᠎ᠠ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠠᠩᠬ᠎ᠠ ᠤᠳᠠᠭ᠎ᠠ ᠲᠦᠮᠡᠨ ᠡᠷᠦᠬᠡ ᠶᠢᠨ ᠪᠣᠭᠤᠮᠲᠠ ᠶᠢ ᠳᠠᠪᠠᠪᠠ᠃ 2021 ᠣᠨ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠢᠳᠡᠭᠡᠨ ᠪᠠ ᠡᠮ ᠤᠨ ᠵᠦᠢᠯ ᠤᠨ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠴᠢᠬᠤᠯᠠ ᠭᠠᠷᠳᠠᠴᠠ ᠪᠣᠯᠭᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠭᠦ︾ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠵᠦ᠂ ᠠᠵᠤ ᠠᠬᠤᠶᠢᠯᠠᠯ ᠤᠨ ᠪᠠᠯᠠ ᠣᠷᠣᠭᠤᠯᠵᠤ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠥᠭᠵᠢᠭᠡᠪᠡ᠃ ᠡᠨᠡ ᠵᠢᠯ ᠤᠨ ᠨᠢᠭᠡᠳᠦᠭᠡᠷ ᠤᠯᠠᠷᠢᠯ ᠳᠤ᠂ ᠰᠢᠨ᠎ᠡ ᠪᠠᠷ 297 ᠠᠵᠤ ᠠᠬᠤᠶᠢᠯᠠᠯ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 94.1 %᠎ ᠪᠠᠷ ᠨᠡᠮᠡᠭᠳᠡᠪᠡ᠃ ᠠᠯᠢ ᠣᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠶᠢᠯᠠᠯ ᠪᠠ ᠬᠤᠪᠢ ᠶᠢᠨ ᠵᠡᠷᠭᠡ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠥᠭᠵᠢᠶᠡᠨᠲᠦ ᠪᠠᠶᠢᠳᠠᠯ ᠢ ᠲᠠᠰᠤᠷᠠᠯᠲᠠ ᠥᠬᠡᠶ ᠬᠥᠭᠵᠢᠭᠡᠵᠦ᠂ 3 ᠰᠠᠷ᠎ᠠ ᠶᠢᠨ 18᠎ ᠤ ᠡᠳᠦᠷ ᠪᠣᠯᠲᠠᠯ᠎ᠠ᠂ ᠣᠲᠣ ᠦᠯᠡᠳᠡᠵᠦ ᠪᠠᠶᠢᠭ᠎ᠠ ᠠᠵᠤ ᠠᠬᠤᠶᠢᠯᠠᠯ 10014 ᠡᠷᠦᠬᠡ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 11131 ᠡᠷᠦᠬᠡ ᠪᠣᠯᠵᠠᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号