3 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠵᠢᠶᠠ ᠠᠶ | ᠲᠦᠩ ᠠᠷᠠᠯᠵᠢᠶᠠᠨ ᠤ ᠬᠢᠵᠠᠭᠠᠷᠲᠤ ᠺᠣᠮᠫᠠᠨᠢ ᠳᠠᠩᠰᠠᠯᠠᠭᠤᠯᠬᠤ ᠭᠤᠶᠤᠴᠢᠯᠠᠯ ᠲᠡᠪᠰᠢᠭᠦᠯᠭᠦ ᠳᠤ ᠬᠠᠭᠠᠰ ᠴᠠᠭ ᠤᠨ | ᠳᠠᠷᠠᠭ᠎ᠠ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠲᠠ ᠶᠢᠨ ᠠᠷᠠᠳ ᠤᠨ ᠶᠡᠭᠡ | ᠲᠢᠩᠬᠢᠮ ᠤᠨ ︽ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡ︾ ᠶᠢᠨ ᠴᠣᠩᠬᠤ ᠠᠴᠠ ᠡᠵᠡᠩᠨᠡᠯᠲᠡ ᠶᠢᠨ | ᠦᠨᠡᠮᠯᠡᠯ ᠣᠯᠭᠤᠵᠠᠢ᠃ ᠡᠭᠦᠨ ᠠᠴᠠ ᠡᠬᠢᠯᠡᠨ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠨᠡᠶᠢᠳᠡᠮ ᠪᠠᠶᠢᠭ᠎ᠠ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠠᠩᠬ᠎ᠠ ᠤᠳᠠᠭ᠎ᠠ ᠲᠦᠮᠡᠨ ᠡᠷᠦᠬᠡ ᠶᠢᠨ ᠪᠣᠭᠤᠮᠲᠠ ᠶᠢ | ᠳᠠᠪᠠᠪᠠ᠃ 2021 ᠣᠨ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠢᠳᠡᠭᠡᠨ ᠪᠠ | ᠡᠮ ᠤᠨ ᠵᠦᠢᠯ ᠤᠨ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠪᠠᠷ ᠴᠢᠬᠤᠯᠠ ᠭᠠᠷᠳᠠᠴᠠ ᠪᠣᠯᠭᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠭᠦ︾ | ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠳᠤ ᠬᠠᠮᠤᠭ ᠤᠨ ᠶᠡᠭᠡ ᠬᠡᠮᠵᠢᠶ᠎ᠡ ᠪᠠᠷ | ᠲᠥᠬᠦᠮ ᠦᠵᠡᠭᠦᠯᠵᠦ᠂ ᠠᠵᠤ ᠠᠬᠤᠶᠢᠯᠠᠯ ᠤᠨ ᠪᠠᠯᠠ ᠣᠷᠣᠭᠤᠯᠵᠤ ᠦᠢᠯᠡᠰ ᠴᠣᠭᠴᠠᠯᠠᠬᠤ ᠠᠮᠢᠵᠢᠷᠠᠯ ᠤᠨ | ᠬᠦᠴᠦᠨ ᠢ ᠲᠠᠰᠤᠷᠠᠯᠲᠠ ᠥᠬᠡᠶ ᠬᠥᠭᠵᠢᠭᠡᠪᠡ᠃ ᠡᠨᠡ ᠵᠢᠯ ᠤᠨ ᠨᠢᠭᠡᠳᠦᠭᠡᠷ ᠤᠯᠠᠷᠢᠯ ᠳᠤ᠂ ᠰᠢᠨ᠎ᠡ ᠪᠠᠷ 297 | ᠠᠵᠤ ᠠᠬᠤᠶᠢᠯᠠᠯ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 94.1 % ᠪᠠᠷ ᠨᠡᠮᠡᠭᠳᠡᠪᠡ᠃ ᠠᠯᠢ ᠣᠯᠠᠨ | ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠠᠵᠤ ᠠᠬᠤᠶᠢᠯᠠᠯ ᠪᠠ ᠬᠤᠪᠢ ᠶᠢᠨ ᠵᠡᠷᠭᠡ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠥᠭᠵᠢᠶᠡᠨᠲᠦ | ᠪᠠᠶᠢᠳᠠᠯ ᠢ ᠲᠠᠰᠤᠷᠠᠯᠲᠠ ᠥᠬᠡᠶ ᠬᠥᠭᠵᠢᠭᠡᠵᠦ᠂ 3 ᠰᠠᠷ᠎ᠠ ᠶᠢᠨ 18 ᠤ ᠡᠳᠦᠷ ᠪᠣᠯᠲᠠᠯ᠎ᠠ᠂ ᠣᠲᠣ ᠦᠯᠡᠳᠡᠵᠦ | ᠪᠠᠶᠢᠭ᠎ᠠ ᠠᠵᠤ ᠠᠬᠤᠶᠢᠯᠠᠯ 10014 ᠡᠷᠦᠬᠡ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 11131 | ᠡᠷᠦᠬᠡ ᠪᠣᠯᠵᠠᠢ᠃ | |