ᠳᠡᠭᠡᠳᠦ ᠰᠢᠨ᠎ᠡ ᠮᠡᠷᠭᠡᠵᠢᠯ ᠤᠨ ᠣᠷᠣᠨ ᠤ 2 ᠠᠵᠤ ᠠᠬᠤᠶᠢᠯᠠᠯ 1 . 6 ᠳ᠋ᠦᠩᠰᠢᠭᠤᠷ ᠲᠥᠭᠦᠷᠢᠭ ᠤᠨ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠶᠢᠨ ᠪᠠᠯᠠ ᠣᠷᠣᠭᠤᠯᠤᠯᠲᠠ ᠶᠢ ᠤᠯᠪᠠ
ᠨᠡᠶᠢᠲᠡᠯᠡᠭᠰᠡᠨ ᠴᠠᠭ᠄
2021/5/17
    ᠰᠤᠷᠪᠤᠯᠵᠢᠯᠠᠭᠴᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠪᠤᠭᠤᠲᠤ ᠬᠤᠲᠠ ᠶᠢᠨ ᠭᠤᠤᠯᠳᠠᠯᠭ᠎ᠠ ᠲᠠᠢ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠠᠴᠠ 2 ᠠᠵᠤ ᠠᠬᠤᠶᠢᠯᠠᠯ ᠳᠤ ᠨᠡᠶᠢᠲᠡ 1.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠠᠵᠤ ᠠᠬᠤᠶᠢᠯᠠᠯ ᠤᠨ ᠪᠠᠯᠠ ᠳᠣᠭᠢᠷᠠᠭᠤᠯᠬᠤ ᠳᠤ ᠬᠦᠴᠢᠷᠲᠡᠶ᠂ ᠪᠠᠯᠠ ᠳᠣᠭᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠰᠢᠢᠳᠪᠦᠷᠢᠯᠡᠵᠣ ᠥᠭᠬᠦ ᠶᠢᠨ ᠬᠠᠮᠲᠤ᠂ ᠠᠵᠤ ᠠᠬᠤᠶᠢᠯᠠᠯ ᠤᠨ ᠲᠡᠷᠢᠭᠦᠨ ᠤ ᠬᠠᠮᠢᠶᠠᠷᠤᠯᠲᠠ ᠶᠢᠨ ᠣᠶᠢᠯᠠᠭᠠᠭᠳᠠᠬᠤᠨ ᠪᠠ ᠮᠡᠷᠭᠡᠵᠢᠯ᠂ ᠴᠢᠳᠠᠪᠤᠷᠢᠲᠠᠨ᠂ ᠵᠠᠬ᠎ᠠ ᠳᠡᠯᠭᠡᠭᠦᠷ ᠵᠡᠷᠭᠡ ᠡᠬᠢ ᠪᠠᠶᠠᠯᠢᠭ ᠣᠷᠣᠭᠤᠯᠬᠤ ᠳᠤ ᠬᠦᠴᠦᠨ ᠨᠡᠮᠡᠷᠢᠯᠡᠪᠡ᠃    ᠡᠭᠦᠨ ᠳᠤ᠂ ᠥᠪᠥᠷ ᠮᠣᠩᠭᠤᠯ ᠤᠨ ᠰᠢᠨ ᠳ᠋ᠡ ᠨᠧᠩ ᠲᠦᠩ ᠬᠢᠵᠠᠭᠠᠷᠲᠤ ᠺᠣᠮᠫᠠᠨᠢ 6000 ᠲᠦᠮᠡᠨ ᠲᠥᠭᠦᠷᠢᠭ ᠤᠨ ᠪᠡᠯᠡ ᠣᠷᠣᠭᠤᠯᠪᠠ᠃ ᠨᠢᠭᠡ ᠪᠦᠯᠦᠭ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠠᠵᠤ ᠠᠬᠤᠶᠢᠯᠠᠯ ᠣᠷᠣᠵᠤ ᠰᠠᠭᠤᠬᠤ ᠶᠢ ᠳᠠᠭᠠᠯᠳᠤᠨ᠂ ᠮᠠᠨ ᠤ ᠬᠤᠲᠠ ᠶᠢᠨ ᠲᠣᠭᠲᠠᠮᠠᠯ ᠰᠣᠷᠢᠨᠵᠢᠨ ᠰᠢᠨ᠎ᠡ ᠮᠠᠲ᠋ᠧᠷᠢᠶᠠᠯ ᠤᠨ ᠦᠢᠯᠡᠳᠪᠦᠷᠢᠯᠡᠭᠦ ᠴᠢᠳᠠᠪᠤᠷᠢ ᠨᠢ ᠣᠲᠣ ᠶᠢᠨ 5.6 ᠲᠦᠮᠡᠨ ᠲᠣᠨ ᠪᠠᠶᠢᠭᠰᠠᠨ ᠠᠴᠠ ᠪᠠᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠰᠡᠭᠦᠯᠴᠢ ᠳᠤ 10 ᠲᠦᠮᠡᠨ ᠲᠣᠨ ᠪᠣᠯᠵᠣ ᠨᠡᠮᠡᠭᠳᠡᠨ᠂ ᠰᠡᠭᠦᠯᠴᠢ ᠶᠢᠨ ᠪᠣᠯᠪᠠᠰᠤᠷᠠᠭᠤᠯᠬᠤ ᠢᠵᠢ ᠪᠦᠷᠢᠳᠦᠭᠦᠯᠬᠦ ᠬᠡᠷᠡᠭᠴᠡᠭᠡ ᠴᠦ ᠶᠡᠭᠡ ᠪᠠᠷ ᠨᠡᠮᠡᠭᠳᠡᠬᠦ ᠪᠣᠯᠤᠨ᠎ᠠ᠃ ᠣᠳᠣᠬᠠᠨ ᠳᠤ᠂ ᠮᠠᠨ ᠤ ᠬᠤᠲᠠ ᠶᠢᠨ ᠠᠷᠤ ᠵᠠᠮ ᠤᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠡᠪᠴᠢᠶ᠎ᠡ ᠪᠠᠭ᠎ᠠ᠂ ᠲᠥᠬᠦᠭᠡᠷᠦᠮᠵᠢ ᠶᠢᠨ ᠮᠡᠷᠭᠡᠵᠢᠯ ᠤᠨ ᠠᠭᠤᠯᠤᠭᠳᠠᠴᠠ ᠳᠤᠤᠷ᠎ᠠ᠂ ᠦᠢᠯᠡᠳᠭᠦᠨ ᠤ ᠶᠠᠰᠤ ᠴᠢᠨᠠᠷ ᠳᠤᠤᠷ᠎ᠠ ᠪᠠᠶᠢᠵᠤ᠂ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠠᠵᠤ ᠦᠢᠯᠡᠰ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠶ ᠪᠠᠶᠢᠨ᠎ᠠ᠃ ᠥᠪᠥᠷ ᠮᠣᠩᠭᠤᠯ ᠤᠨ ᠰᠢᠨ ᠳ᠋ᠡ ᠨᠧᠩ ᠲᠦᠩ ᠬᠢᠵᠠᠭᠠᠷᠲᠤ ᠺᠣᠮᠫᠠᠨᠢ ᠳᠤ ᠰᠠᠭᠤᠷᠢ ᠮᠥᠩᠭᠦ ᠪᠠᠷ ᠪᠠᠯᠠ ᠣᠷᠣᠭᠤᠯᠤᠭᠰᠠᠨ ᠤ ᠳᠠᠷᠠᠭ᠎ᠠ᠂ ᠭᠤᠤᠯᠳᠠᠭᠤ ᠠᠷᠤ ᠵᠠᠮ ᠤᠨ ᠡᠳ᠋ᠰᠢᠭᠦᠯᠦᠯᠲᠡ ᠳᠤ ᠬᠡᠷᠡᠭᠰᠡᠬᠦ ᠬᠡᠷᠴᠢᠬᠦ ᠵᠡᠷᠭᠡ ᠲᠥᠬᠦᠭᠡᠷᠦᠮᠵᠢ ᠵᠢᠴᠢ ᠲᠡᠷᠢᠭᠦᠨ ᠤ ᠮᠡᠷᠭᠡᠵᠢᠯ ᠢ ᠣᠷᠣᠭᠤᠯᠤᠨ ᠠᠪᠴᠢᠷᠠᠬᠤ ᠳᠤ ᠬᠡᠷᠡᠭᠯᠡᠵᠦ᠂ ᠠᠵᠤ ᠠᠬᠤᠶᠢᠯᠠᠯ ᠤᠨ ᠠᠷᠤ ᠵᠠᠮ ᠤᠨ ᠡᠳ᠋ᠰᠢᠭᠦᠯᠦᠯᠲᠡ ᠨᠢ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠦᠢᠯᠡᠳᠪᠦᠷᠢᠯᠡᠯ ᠢ ᠪᠡᠶᠡᠯᠡᠭᠦᠯᠵᠦ᠂ ᠮᠠᠨ ᠤ ᠬᠤᠲᠠ ᠶᠢᠨ ᠠᠷᠤ ᠵᠠᠮ ᠤᠨ ᠡᠳ᠋ᠰᠢᠭᠦᠯᠦᠯᠲᠡ ᠶᠢᠨ ᠬᠦᠷᠦᠯᠴᠡᠬᠦ ᠥᠬᠡᠶ ᠲᠠᠯ᠎ᠠ ᠶᠢ ᠨᠥᠬᠦᠪᠥᠷᠢᠯᠡᠵᠦ᠂ ᠬᠤᠪᠣᠷ ᠰᠢᠷᠣᠶ ᠶᠢᠨ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃     ᠪᠤᠭᠤᠲᠤ ᠶᠢᠨ ᠶᠢᠨ ᠱᠠᠨ ᠰᠣᠷᠢᠨᠵᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠃ ᠰᠠᠭᠤᠷᠢ ᠮᠥᠩᠭᠦ ᠶᠢᠨ ᠪᠡᠯᠡ ᠣᠷᠣᠭᠤᠯᠤᠯᠲᠠ ᠶᠢ ᠭᠤᠣᠯᠳᠠᠭᠤ ᠬᠤᠶᠠᠳᠤᠭᠠᠷ ᠬᠤᠭᠤᠴᠠᠭᠠᠨ ᠤ ᠦᠢᠯᠡᠳᠪᠦᠷᠢᠯᠡᠯ ᠤᠨ ᠱᠤᠭᠤᠮ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ ᠨᠢᠭᠡᠳᠦᠭᠡᠷ ᠬᠤᠭᠤᠴᠠᠭᠠᠨ ᠤ ᠦᠢᠯᠡᠳᠪᠦᠷᠢᠯᠡᠯ ᠤᠨ ᠱᠤᠭᠤᠮ ᠤᠨ ᠬᠡᠰᠡᠭ ᠲᠥᠬᠦᠭᠡᠷᠦᠮᠵᠢ ᠵᠢᠴᠢ ᠬᠡᠷᠡᠭᠯᠡᠭᠡᠨ ᠤ ᠰᠤᠳᠤᠯᠤᠨ ᠨᠡᠭᠡᠭᠡᠬᠦ ᠶᠢ ᠰᠢᠨᠡᠳᠬᠡᠨ᠎ᠡ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠲᠣᠰ ᠠᠵᠤ ᠠᠬᠤᠶᠢᠯᠠᠯ ᠤᠨ ᠰᠢᠲᠠᠭᠠᠨ ᠪᠠᠷᠢᠯᠳᠤᠭᠤᠯᠤᠭᠰᠠᠨ ᠥᠨᠳᠥᠷ ᠴᠢᠳᠠᠪᠬᠢᠲᠤ ᠨᠧᠦᠳᠢᠮ ᠲᠡᠮᠦᠷᠲᠦ ᠪᠤᠷ ᠤᠨ ᠦᠢᠯᠡᠳᠪᠦᠷᠢᠯᠡᠭᠦ ᠴᠢᠳᠠᠪᠤᠷᠢ ᠨᠢ ᠵᠢᠯ ᠳᠤ 2500 ᠲᠣᠨ ᠪᠠᠶᠢᠭᠰᠠᠨ ᠠᠴᠠ ᠪᠠᠨ 5000 ᠲᠣᠨ ᠪᠣᠯᠤᠨ ᠨᠡᠮᠡᠭᠳᠡᠵᠦ᠂ ᠮᠠᠨ ᠤ ᠬᠤᠲᠠ ᠶᠢᠨ 2025 ᠣᠨ ᠪᠣᠯᠬᠤ ᠳᠤ ᠬᠤᠪᠣᠷ ᠰᠢᠷᠣᠶ ᠶᠢᠨ ᠰᠣᠷᠢᠨᠵᠢᠨ ᠴᠢᠨᠠᠷᠲᠠᠶ ᠮᠠᠲ᠋ᠧᠷᠢᠶᠠᠯ ᠤᠨ ᠭᠠᠷᠤᠯᠲᠠ ᠨᠢ 10 ᠲᠦᠮᠡᠨ ᠲᠣᠨ ᠢ ᠳᠠᠪᠠᠵᠤ᠂ ᠵᠠᠬ᠎ᠠ ᠳᠡᠯᠭᠡᠭᠦᠷ ᠲᠤ ᠭᠠᠷᠤᠭᠰᠠᠨ ᠰᠣᠷᠢᠨᠵᠢᠨ ᠮᠠᠲ᠋ᠧᠷᠢᠶᠠᠯ ᠤᠨ ᠠᠵᠤ ᠠᠬᠤᠶᠢᠯᠠᠯ ᠨᠢ 5᠎ ᠶᠢ ᠳᠠᠪᠠᠭ᠋ᠤ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠪᠥᠬᠦ ᠤᠯᠤᠰ ᠴᠢᠨᠠᠭᠰᠢᠯᠠᠪᠠᠯ ᠳᠡᠯᠡᠬᠡᠶ ᠶᠢᠨ ᠬᠠᠮᠤᠭ ᠤᠨ ᠲᠣᠮᠣ ᠬᠤᠪᠣᠷ ᠰᠢᠷᠣᠶ ᠶᠢᠨ ᠰᠣᠷᠢᠨᠵᠢᠨ ᠴᠢᠨᠠᠷᠲᠠᠶ ᠮᠠᠲ᠋ᠧᠷᠢᠶᠠᠯ ᠵᠢᠴᠢ ᠭᠦᠨᠵᠡᠭᠡᠶ ᠡᠳ᠋ᠰᠢᠭᠦᠯᠦᠭᠰᠡᠨ ᠦᠢᠯᠡᠳᠭᠦᠨ ᠤ ᠦᠢᠯᠡᠳᠪᠦᠷᠢᠯᠡᠯ ᠪᠠ ᠪᠣᠷᠣᠯᠠᠭᠤᠯᠭ᠎ᠠ ᠶᠢᠨ ᠰᠠᠭᠤᠷᠢᠨ ᠭᠠᠵᠠᠷ ᠢ ᠪᠠᠶᠢᠭᠤᠯᠣᠨ᠎ᠠ᠃ ᠡᠭᠦᠨ ᠤ ᠬᠠᠮᠲᠤ᠂ ᠲᠣᠰ ᠲᠥᠷᠥᠯ  ᠵᠦᠢᠯ ᠠᠰᠢᠭᠯᠠᠯᠲᠠ ᠳᠤ ᠤᠷᠤᠭᠰᠠᠨ ᠤ ᠳᠠᠷᠠᠭ᠎ᠠ 10 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠰᠢᠭ ᠭᠠᠶᠢᠯᠢ ᠶᠡᠭᠡ ᠪᠠᠷ ᠨᠡᠮᠡᠭᠳᠡᠵᠦ᠂ ᠰᠢᠨ᠎ᠡ ᠡᠳ᠋ ᠤᠨ ᠢᠷᠡᠯᠲᠡ ᠶᠢᠨ ᠨᠡᠮᠡᠭᠳᠡᠯ ᠤᠨ ᠴᠡᠭ ᠪᠣᠯᠬᠤ ᠪᠣᠯᠤᠨ᠎ᠠ᠃    
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号