ᠰᠤᠷᠪᠤᠯᠵᠢᠯᠠᠭᠴᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ | ᠪᠤᠭᠤᠲᠤ ᠬᠤᠲᠠ ᠶᠢᠨ ᠭᠤᠤᠯᠳᠠᠯᠭ᠎ᠠ ᠲᠠᠢ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠠᠴᠠ | 2 ᠠᠵᠤ ᠠᠬᠤᠶᠢᠯᠠᠯ ᠳᠤ ᠨᠡᠶᠢᠲᠡ 1.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠠᠵᠤ ᠠᠬᠤᠶᠢᠯᠠᠯ ᠤᠨ | ᠪᠠᠯᠠ ᠳᠣᠭᠢᠷᠠᠭᠤᠯᠬᠤ ᠳᠤ ᠬᠦᠴᠢᠷᠲᠡᠶ᠂ ᠪᠠᠯᠠ ᠳᠣᠭᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠰᠢᠢᠳᠪᠦᠷᠢᠯᠡᠵᠣ | ᠥᠭᠬᠦ ᠶᠢᠨ ᠬᠠᠮᠲᠤ᠂ ᠠᠵᠤ ᠠᠬᠤᠶᠢᠯᠠᠯ ᠤᠨ ᠲᠡᠷᠢᠭᠦᠨ ᠤ ᠬᠠᠮᠢᠶᠠᠷᠤᠯᠲᠠ ᠶᠢᠨ ᠣᠶᠢᠯᠠᠭᠠᠭᠳᠠᠬᠤᠨ ᠪᠠ ᠮᠡᠷᠭᠡᠵᠢᠯ᠂ | ᠴᠢᠳᠠᠪᠤᠷᠢᠲᠠᠨ᠂ ᠵᠠᠬ᠎ᠠ ᠳᠡᠯᠭᠡᠭᠦᠷ ᠵᠡᠷᠭᠡ ᠡᠬᠢ ᠪᠠᠶᠠᠯᠢᠭ ᠣᠷᠣᠭᠤᠯᠬᠤ ᠳᠤ ᠬᠦᠴᠦᠨ ᠨᠡᠮᠡᠷᠢᠯᠡᠪᠡ᠃ | ᠡᠭᠦᠨ ᠳᠤ᠂ ᠥᠪᠥᠷ ᠮᠣᠩᠭᠤᠯ ᠤᠨ ᠰᠢᠨ ᠳ᠋ᠡ ᠨᠧᠩ ᠲᠦᠩ ᠬᠢᠵᠠᠭᠠᠷᠲᠤ ᠺᠣᠮᠫᠠᠨᠢ 6000 ᠲᠦᠮᠡᠨ | ᠲᠥᠭᠦᠷᠢᠭ ᠤᠨ ᠪᠡᠯᠡ ᠣᠷᠣᠭᠤᠯᠪᠠ᠃ ᠨᠢᠭᠡ ᠪᠦᠯᠦᠭ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠠᠵᠤ ᠠᠬᠤᠶᠢᠯᠠᠯ | ᠣᠷᠣᠵᠤ ᠰᠠᠭᠤᠬᠤ ᠶᠢ ᠳᠠᠭᠠᠯᠳᠤᠨ᠂ ᠮᠠᠨ ᠤ ᠬᠤᠲᠠ ᠶᠢᠨ ᠲᠣᠭᠲᠠᠮᠠᠯ ᠰᠣᠷᠢᠨᠵᠢᠨ ᠰᠢᠨ᠎ᠡ ᠮᠠᠲ᠋ᠧᠷᠢᠶᠠᠯ ᠤᠨ | ᠦᠢᠯᠡᠳᠪᠦᠷᠢᠯᠡᠭᠦ ᠴᠢᠳᠠᠪᠤᠷᠢ ᠨᠢ ᠣᠲᠣ ᠶᠢᠨ 5.6 ᠲᠦᠮᠡᠨ ᠲᠣᠨ ᠪᠠᠶᠢᠭᠰᠠᠨ ᠠᠴᠠ ᠪᠠᠨ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠰᠡᠭᠦᠯᠴᠢ ᠳᠤ 10 ᠲᠦᠮᠡᠨ ᠲᠣᠨ ᠪᠣᠯᠵᠣ ᠨᠡᠮᠡᠭᠳᠡᠨ᠂ ᠰᠡᠭᠦᠯᠴᠢ ᠶᠢᠨ ᠪᠣᠯᠪᠠᠰᠤᠷᠠᠭᠤᠯᠬᠤ | ᠢᠵᠢ ᠪᠦᠷᠢᠳᠦᠭᠦᠯᠬᠦ ᠬᠡᠷᠡᠭᠴᠡᠭᠡ ᠴᠦ ᠶᠡᠭᠡ ᠪᠠᠷ ᠨᠡᠮᠡᠭᠳᠡᠬᠦ ᠪᠣᠯᠤᠨ᠎ᠠ᠃ ᠣᠳᠣᠬᠠᠨ ᠳᠤ᠂ ᠮᠠᠨ ᠤ ᠬᠤᠲᠠ ᠶᠢᠨ ᠠᠷᠤ | ᠵᠠᠮ ᠤᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠡᠪᠴᠢᠶ᠎ᠡ ᠪᠠᠭ᠎ᠠ᠂ ᠲᠥᠬᠦᠭᠡᠷᠦᠮᠵᠢ ᠶᠢᠨ ᠮᠡᠷᠭᠡᠵᠢᠯ ᠤᠨ | ᠠᠭᠤᠯᠤᠭᠳᠠᠴᠠ ᠳᠤᠤᠷ᠎ᠠ᠂ ᠦᠢᠯᠡᠳᠭᠦᠨ ᠤ ᠶᠠᠰᠤ ᠴᠢᠨᠠᠷ ᠳᠤᠤᠷ᠎ᠠ ᠪᠠᠶᠢᠵᠤ᠂ ᠲᠣᠭᠲᠠᠮᠠᠯ ᠰᠣᠷᠢᠨᠵᠢᠨ | ᠮᠠᠲ᠋ᠧᠷᠢᠶᠠᠯ ᠤᠨ ᠠᠵᠤ ᠦᠢᠯᠡᠰ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠡᠷᠡᠭᠴᠡᠭᠡ ᠶᠢ ᠬᠠᠩᠭᠠᠵᠤ ᠳᠡᠶᠢᠯᠬᠦ | ᠥᠬᠡᠶ ᠪᠠᠶᠢᠨ᠎ᠠ᠃ ᠥᠪᠥᠷ ᠮᠣᠩᠭᠤᠯ ᠤᠨ ᠰᠢᠨ ᠳ᠋ᠡ ᠨᠧᠩ ᠲᠦᠩ ᠬᠢᠵᠠᠭᠠᠷᠲᠤ ᠺᠣᠮᠫᠠᠨᠢ ᠳᠤ ᠰᠠᠭᠤᠷᠢ ᠮᠥᠩᠭᠦ ᠪᠠᠷ | ᠪᠠᠯᠠ ᠣᠷᠣᠭᠤᠯᠤᠭᠰᠠᠨ ᠤ ᠳᠠᠷᠠᠭ᠎ᠠ᠂ ᠭᠤᠤᠯᠳᠠᠭᠤ ᠠᠷᠤ ᠵᠠᠮ ᠤᠨ ᠡᠳ᠋ᠰᠢᠭᠦᠯᠦᠯᠲᠡ ᠳᠤ ᠬᠡᠷᠡᠭᠰᠡᠬᠦ ᠬᠡᠷᠴᠢᠬᠦ ᠵᠡᠷᠭᠡ | ᠲᠥᠬᠦᠭᠡᠷᠦᠮᠵᠢ ᠵᠢᠴᠢ ᠲᠡᠷᠢᠭᠦᠨ ᠤ ᠮᠡᠷᠭᠡᠵᠢᠯ ᠢ ᠣᠷᠣᠭᠤᠯᠤᠨ ᠠᠪᠴᠢᠷᠠᠬᠤ ᠳᠤ ᠬᠡᠷᠡᠭᠯᠡᠵᠦ᠂ ᠠᠵᠤ ᠠᠬᠤᠶᠢᠯᠠᠯ ᠤᠨ | ᠠᠷᠤ ᠵᠠᠮ ᠤᠨ ᠡᠳ᠋ᠰᠢᠭᠦᠯᠦᠯᠲᠡ ᠨᠢ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠦᠢᠯᠡᠳᠪᠦᠷᠢᠯᠡᠯ ᠢ ᠪᠡᠶᠡᠯᠡᠭᠦᠯᠵᠦ᠂ | ᠮᠠᠨ ᠤ ᠬᠤᠲᠠ ᠶᠢᠨ ᠠᠷᠤ ᠵᠠᠮ ᠤᠨ ᠡᠳ᠋ᠰᠢᠭᠦᠯᠦᠯᠲᠡ ᠶᠢᠨ ᠬᠦᠷᠦᠯᠴᠡᠬᠦ ᠥᠬᠡᠶ ᠲᠠᠯ᠎ᠠ ᠶᠢ ᠨᠥᠬᠦᠪᠥᠷᠢᠯᠡᠵᠦ᠂ ᠬᠤᠪᠣᠷ | ᠰᠢᠷᠣᠶ ᠶᠢᠨ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ | ᠪᠤᠭᠤᠲᠤ ᠶᠢᠨ ᠶᠢᠨ ᠱᠠᠨ ᠰᠣᠷᠢᠨᠵᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ 1 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠪᠠ᠃ ᠰᠠᠭᠤᠷᠢ ᠮᠥᠩᠭᠦ ᠶᠢᠨ ᠪᠡᠯᠡ ᠣᠷᠣᠭᠤᠯᠤᠯᠲᠠ ᠶᠢ ᠭᠤᠣᠯᠳᠠᠭᠤ ᠬᠤᠶᠠᠳᠤᠭᠠᠷ ᠬᠤᠭᠤᠴᠠᠭᠠᠨ ᠤ | ᠦᠢᠯᠡᠳᠪᠦᠷᠢᠯᠡᠯ ᠤᠨ ᠱᠤᠭᠤᠮ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ ᠨᠢᠭᠡᠳᠦᠭᠡᠷ ᠬᠤᠭᠤᠴᠠᠭᠠᠨ ᠤ | ᠦᠢᠯᠡᠳᠪᠦᠷᠢᠯᠡᠯ ᠤᠨ ᠱᠤᠭᠤᠮ ᠤᠨ ᠬᠡᠰᠡᠭ ᠲᠥᠬᠦᠭᠡᠷᠦᠮᠵᠢ ᠵᠢᠴᠢ ᠬᠡᠷᠡᠭᠯᠡᠭᠡᠨ ᠤ ᠰᠤᠳᠤᠯᠤᠨ ᠨᠡᠭᠡᠭᠡᠬᠦ ᠶᠢ | ᠰᠢᠨᠡᠳᠬᠡᠨ᠎ᠡ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠲᠣᠰ ᠠᠵᠤ ᠠᠬᠤᠶᠢᠯᠠᠯ ᠤᠨ ᠰᠢᠲᠠᠭᠠᠨ | ᠪᠠᠷᠢᠯᠳᠤᠭᠤᠯᠤᠭᠰᠠᠨ ᠥᠨᠳᠥᠷ ᠴᠢᠳᠠᠪᠬᠢᠲᠤ ᠨᠧᠦᠳᠢᠮ ᠲᠡᠮᠦᠷᠲᠦ ᠪᠤᠷ ᠤᠨ ᠦᠢᠯᠡᠳᠪᠦᠷᠢᠯᠡᠭᠦ ᠴᠢᠳᠠᠪᠤᠷᠢ ᠨᠢ ᠵᠢᠯ ᠳᠤ | 2500 ᠲᠣᠨ ᠪᠠᠶᠢᠭᠰᠠᠨ ᠠᠴᠠ ᠪᠠᠨ 5000 ᠲᠣᠨ ᠪᠣᠯᠤᠨ ᠨᠡᠮᠡᠭᠳᠡᠵᠦ᠂ ᠮᠠᠨ ᠤ ᠬᠤᠲᠠ ᠶᠢᠨ 2025 ᠣᠨ | ᠪᠣᠯᠬᠤ ᠳᠤ ᠬᠤᠪᠣᠷ ᠰᠢᠷᠣᠶ ᠶᠢᠨ ᠰᠣᠷᠢᠨᠵᠢᠨ ᠴᠢᠨᠠᠷᠲᠠᠶ ᠮᠠᠲ᠋ᠧᠷᠢᠶᠠᠯ ᠤᠨ ᠭᠠᠷᠤᠯᠲᠠ ᠨᠢ 10 ᠲᠦᠮᠡᠨ ᠲᠣᠨ ᠢ | ᠳᠠᠪᠠᠵᠤ᠂ ᠵᠠᠬ᠎ᠠ ᠳᠡᠯᠭᠡᠭᠦᠷ ᠲᠤ ᠭᠠᠷᠤᠭᠰᠠᠨ ᠰᠣᠷᠢᠨᠵᠢᠨ ᠮᠠᠲ᠋ᠧᠷᠢᠶᠠᠯ ᠤᠨ ᠠᠵᠤ ᠠᠬᠤᠶᠢᠯᠠᠯ ᠨᠢ 5 ᠶᠢ ᠳᠠᠪᠠᠭ᠋ᠤ | ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠪᠥᠬᠦ ᠤᠯᠤᠰ ᠴᠢᠨᠠᠭᠰᠢᠯᠠᠪᠠᠯ ᠳᠡᠯᠡᠬᠡᠶ ᠶᠢᠨ ᠬᠠᠮᠤᠭ ᠤᠨ | ᠲᠣᠮᠣ ᠬᠤᠪᠣᠷ ᠰᠢᠷᠣᠶ ᠶᠢᠨ ᠰᠣᠷᠢᠨᠵᠢᠨ ᠴᠢᠨᠠᠷᠲᠠᠶ ᠮᠠᠲ᠋ᠧᠷᠢᠶᠠᠯ ᠵᠢᠴᠢ ᠭᠦᠨᠵᠡᠭᠡᠶ ᠡᠳ᠋ᠰᠢᠭᠦᠯᠦᠭᠰᠡᠨ ᠦᠢᠯᠡᠳᠭᠦᠨ ᠤ | ᠦᠢᠯᠡᠳᠪᠦᠷᠢᠯᠡᠯ ᠪᠠ ᠪᠣᠷᠣᠯᠠᠭᠤᠯᠭ᠎ᠠ ᠶᠢᠨ ᠰᠠᠭᠤᠷᠢᠨ ᠭᠠᠵᠠᠷ ᠢ ᠪᠠᠶᠢᠭᠤᠯᠣᠨ᠎ᠠ᠃ ᠡᠭᠦᠨ ᠤ ᠬᠠᠮᠲᠤ᠂ ᠲᠣᠰ ᠲᠥᠷᠥᠯ | ᠵᠦᠢᠯ ᠠᠰᠢᠭᠯᠠᠯᠲᠠ ᠳᠤ ᠤᠷᠤᠭᠰᠠᠨ ᠤ ᠳᠠᠷᠠᠭ᠎ᠠ 10 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ | ᠪᠡᠶᠡᠯᠡᠭᠦᠯᠵᠦ᠂ ᠠᠰᠢᠭ ᠭᠠᠶᠢᠯᠢ ᠶᠡᠭᠡ ᠪᠠᠷ ᠨᠡᠮᠡᠭᠳᠡᠵᠦ᠂ ᠰᠢᠨ᠎ᠡ ᠡᠳ᠋ ᠤᠨ ᠢᠷᠡᠯᠲᠡ ᠶᠢᠨ ᠨᠡᠮᠡᠭᠳᠡᠯ ᠤᠨ ᠴᠡᠭ ᠪᠣᠯᠬᠤ | ᠪᠣᠯᠤᠨ᠎ᠠ᠃ | |