ᠥᠪᠥᠷ ᠮᠣᠩᠭᠤᠯ ᠤᠨ ᠵᠦᠩ ᠺᠧ ᠮᠧᠩ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠪᠣᠷ ᠰᠢᠷᠣᠶ ᠶᠢᠨ ᠲᠦᠷᠭᠡᠳᠬᠡᠭᠦᠷ ᠤᠨ ᠲᠥᠷᠥᠯ ᠵᠦᠢᠯ ᠨᠢ ᠮᠠᠨ ᠤ ᠣᠷᠣᠨ ᠤ ᠯᠠᠨᠲ᠋ᠠᠨ ᠼᠧᠷᠢ ᠬᠤᠪᠣᠷ ᠰᠢᠷᠣᠶ ᠶᠢᠨ ᠦᠢᠯᠡᠳᠭᠦᠨ ᠤ ᠬᠡᠷᠡᠭᠯᠡᠭᠡᠨ ᠤ ᠬᠦᠷᠢᠶ᠎ᠡ ᠶᠢ ᠥᠷᠭᠡᠳᠬᠡᠪᠡ
ᠨᠡᠶᠢᠲᠡᠯᠡᠭᠰᠡᠨ ᠴᠠᠭ᠄
2021/5/17
    ᠥᠪᠥᠷ ᠮᠣᠩᠭᠤᠯ ᠤᠨ ᠵᠦᠩ ᠺᠧ ᠮᠧᠩ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ 2020 ᠣᠨ ᠤ 8 ᠰᠠᠷ᠎ᠠ ᠳᠤ ᠪᠠᠶᠢᠭᠤᠯᠤᠭᠳᠠᠵᠤ᠂ 2021 ᠣᠨ ᠤ 1 ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ  ᠣᠷᠣᠨ ᠭᠤᠤᠯᠳᠠᠭᠤ ᠵᠢᠯ ᠳᠤ 200 ᠲᠣᠨ ᠬᠤᠪᠣᠷ ᠰᠢᠷᠣᠶ ᠶᠢᠨ ᠲᠦᠷᠭᠡᠳᠬᠡᠭᠦᠷ ᠮᠠᠲ᠋ᠧᠷᠢᠶᠠᠯ ᠦᠢᠯᠡᠳᠪᠦᠷᠢᠯᠡᠨ ᠦᠢᠯᠡᠳᠭᠦᠨ ᠳᠤᠨᠢ ᠨᠡᠶᠢᠯᠡᠮᠡᠯ ᠭᠤᠮ ᠤᠨ ᠬᠤᠪᠣᠷ ᠰᠢᠷᠣᠶ ᠶᠢᠨ ᠲᠦᠷᠭᠡᠳᠬᠡᠭᠦᠷ᠂ ᠡᠮ ᠳᠤ ᠬᠡᠷᠡᠭᠯᠡᠬᠦ ᠬᠤᠪᠣᠷ ᠰᠢᠷᠣᠶ ᠶᠢᠨ ᠲᠦᠷᠭᠡᠳᠬᠡᠭᠦᠷ ᠪᠣᠶ᠃ ᠭᠤᠣᠯᠳᠠᠭᠤ ᠡᠮ ᠡᠮᠨᠡᠯᠭᠡ᠂ ᠨᠡᠶᠢᠯᠡᠯᠭᠡ ᠭᠤᠮ ᠵᠡᠷᠭᠡ ᠠᠵᠢᠯ ᠲᠥᠷᠥᠯ ᠳᠤ ᠬᠡᠷᠡᠭᠯᠡᠨ᠎ᠡ᠃ ᠠᠵᠤ ᠠᠬᠤᠶᠢᠯᠠᠯ ᠤᠨ ᠨᠢᠭᠡᠳᠦᠭᠡᠷ ᠤᠯᠠᠷᠢᠯ ᠤᠨ ᠭᠠᠳᠠᠭᠠᠳᠤ ᠭᠠᠷᠭᠠᠯᠳᠠ 30 ᠭᠠᠷᠤᠶ ᠲᠦᠮᠡᠨ ᠳ᠋ᠣᠯᠯᠠᠷ ᠤᠨ ᠭᠠᠳᠠᠭᠠᠳᠤ ᠭᠤᠪᠢᠭᠤᠯᠭ᠎ᠠ ᠣᠯᠵᠤ᠂ ᠤᠯᠤᠰ ᠤᠨ ᠳᠣᠲᠣᠭᠠᠳᠤ ᠶᠢᠨ ᠪᠣᠷᠣᠯᠠᠭᠤᠯᠤᠯᠲᠠ ᠶᠢᠨ ᠣᠷᠣᠯᠭ᠎ᠠ 200 ᠭᠠᠷᠤᠶ ᠲᠦᠮᠡᠨ ᠲᠥᠭᠦᠷᠢᠭ ᠲᠤ ᠬᠦᠷᠴᠡᠶ᠃ ᠡᠭᠦᠨ ᠳᠤ᠂ ᠦᠢᠯᠡᠳᠬᠦᠨ ᠤ ᠭᠠᠳᠠᠭᠠᠳᠤ ᠭᠠᠷᠭᠠᠯᠲᠠ ᠶᠢᠨ ᠣᠷᠣᠯᠭ᠎ᠠ ᠨᠢ ᠶᠡᠷᠦᠩᠬᠡᠶ ᠣᠷᠣᠯᠭ᠎ᠠ ᠶᠢᠨ 50 % ᠠᠴᠠ ᠳᠡᠭᠡᠭᠰᠢᠬᠢ ᠶᠢ ᠡᠵᠡᠯᠡᠨ᠎ᠡ᠃ ᠺᠣᠮᠫᠠᠨᠢ ᠨᠢᠭᠡᠨᠲᠡ ᠳᠤᠮᠳᠠᠳᠤ ᠤᠯᠤᠰ ᠤᠨ ᠡᠭᠦᠳᠦᠯᠲᠡ ᠶᠢᠨ ᠲᠤᠰᠬᠠᠶ ᠠᠰᠢᠭ ᠢ 1 ᠵᠦᠢᠯ ︵ᠮᠥᠨ ᠴᠢᠨᠠᠷ ᠤᠨ ᠬᠢᠨᠠᠨ ᠪᠠᠶᠢᠴᠠᠭᠠᠯᠲᠠ‌‍ᠶᠢᠨ ᠱᠠᠲᠤ︶᠂ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠶ ᠠᠰᠢᠭ ᠢ 5 ᠵᠦᠢᠯ ᠭᠤᠶᠤᠴᠢᠯᠠᠵᠠᠶ᠃ ᠲᠣᠰ ᠲᠥᠷᠥᠯ  ᠵᠦᠢᠯ  ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠨᠢ ᠮᠠᠨ ᠤ ᠣᠷᠣᠨ ᠤ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠲᠦᠷᠭᠡᠳᠬᠡᠬᠦ ᠳᠤ ᠮᠠᠰᠢ ᠰᠠᠶᠢᠨ ᠠᠬᠢᠭᠤᠯᠬᠤ ᠦᠢᠯᠡᠳᠦᠯ ᠲᠠᠢ ᠶᠤᠮ᠃  
 
ᠢᠷᠡᠯᠲᠡ᠄ ᠪᠤᠭᠤᠲᠤ ᠶᠢᠨ ᠬᠤᠪᠣᠷ ᠰᠢᠷᠣᠢ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号