ᠳᠡᠭᠡᠳᠦ ᠰᠢᠨ᠎ᠡ ᠮᠡᠷᠭᠡᠵᠢᠯ ᠤᠨ ᠣᠷᠣᠨ᠄ ᠰᠢᠨ᠎ᠡ ᠮᠠᠲ᠋ᠧᠷᠢᠶᠠᠯ ᠳᠤ ᠴᠢᠭᠯᠡᠭᠦᠯᠦᠨ ︽ᠬᠤᠪᠣᠷ︾ ᠲᠠᠲᠠᠬᠤ ᠬᠦᠴᠦᠨ ᠢᠶᠠᠨ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2021/5/6
      ᠠᠴᠢᠶ᠎ᠠ ᠳᠦᠭᠦᠷᠡᠩ ᠠᠵᠢᠯᠯᠠᠵᠤ ᠪᠠᠶᠢᠭ᠎ᠠ 3 C ᠰᠢᠷᠢᠰ ᠦᠢᠯᠡᠳᠬᠦᠨ ᠤ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ ᠢ ᠬᠠᠷᠠᠭᠠᠳ᠂ ᠪᠤᠭᠤᠲᠤ ᠶᠢᠨ ᠶᠢᠩ ᠰᠧ ᠲᠧ ᠬᠤᠪᠣᠷ ᠰᠣᠷᠢᠨᠵᠢᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠬᠤᠷᠠᠯ ᠤᠨ ᠨᠠᠷᠢᠨ ᠪᠢᠴᠢᠭᠡᠴᠢ ᠹᠠᠨ ᠯᠢ ᠵᠦᠩ ᠪᠠᠶᠠᠷᠯᠠᠬᠤ ᠶᠢᠨ ᠵᠡᠷᠭᠡ ᠳᠤ ᠪᠠᠴᠢᠮᠳᠠᠨ᠎ᠠ᠃ ᠲᠡᠷᠡ ︽ᠣᠳᠣᠬᠠᠨ ᠳᠤ᠂ 3 C ᠳᠡᠭᠡᠳᠦ ᠲᠡᠰ ᠤᠨ ᠬᠡᠷᠡᠭᠯᠡᠭᠡᠨ ᠤ ᠵᠦᠢᠯ ᠤᠨ ᠲᠣᠨᠣᠭᠯᠠᠯ ᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠨᠡᠮᠡᠭᠳᠡᠬᠦ ᠶᠢ ᠳᠠᠭᠠᠯᠳᠤᠨ᠂ ᠠᠵᠤ ᠠᠬᠤᠶᠢᠯᠠᠯ ᠤᠨ ᠬᠢᠨ ᠦᠢᠯᠡᠳᠪᠦᠷᠢᠯᠡᠯ ᠤᠨ ᠬᠡᠪᠴᠢᠶ᠎ᠡ ᠪᠠᠨ ᠲᠦᠷᠭᠡᠨ ᠥᠷᠭᠡᠳᠬᠡᠵᠦ᠂ 3 C ᠰᠢᠷᠢᠰ ᠦᠢᠯᠡᠳᠬᠦᠨ ᠤ ᠰᠣᠷᠢᠨᠵᠢᠨ ᠮᠠᠲ᠋ᠧᠷᠢᠶᠠᠯ ᠤᠨ ᠬᠤᠶᠠᠳᠤᠭᠠᠷ ᠬᠤᠭᠤᠴᠠᠭᠠᠨ ᠤ ᠦᠢᠯᠡᠳᠪᠦᠷᠢᠯᠡᠯ ᠤᠨ ᠲᠠᠰᠤᠭ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠣᠨ ᠠᠵᠤ ᠠᠬᠤᠶᠢᠯᠠᠯ ᠤᠨ ᠦᠷ᠎ᠡ ᠠᠰᠢᠭ ᠪᠣᠯᠤᠨ ᠵᠠᠬ᠎ᠠ ᠳᠡᠯᠭᠡᠭᠦᠷ ᠤᠨ ᠡᠵᠡᠯᠡᠬᠦ ᠨᠤᠷᠮ᠎ᠠ ᠶᠢ ᠳᠡᠭᠡᠭᠰᠢᠯᠡᠭᠦᠯᠵᠦ᠂ ᠪᠤᠭᠤᠲᠤ ᠶᠢᠨ ᠬᠤᠪᠣᠷ ᠰᠢᠷᠣᠢ ᠶᠢᠨ ᠰᠣᠷᠢᠨᠵᠢᠨ ᠴᠢᠨᠠᠷᠲᠠᠢ ᠮᠠᠲ᠋ᠧᠷᠢᠶᠠᠯ ᠤᠨ ᠦᠵᠦᠭᠦᠷᠯᠢᠭ ᠤᠨ ᠬᠡᠷᠡᠭᠯᠡᠭᠡᠨ ᠤ ᠬᠦᠷᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠴᠢᠬᠤᠯᠠᠲᠠᠢ ᠪᠠᠶᠢᠨ᠎ᠠ︾ ᠭᠡᠵᠦ ᠬᠡᠯᠡᠪᠡ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ  ᠬᠤᠪᠣᠷ ᠰᠢᠷᠣᠢ ᠪᠣᠯᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠲᠣᠪᠴᠢᠶᠠᠨ ᠤ ᠳᠠᠷᠤᠭ᠎ᠠ ᠯᠢ ᡁᠢ ᠹᠧᠩ   ᠠᠴᠠ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠢᠳᠡ ︿ᠰᠣᠷᠢᠨᠵᠢᠨ ᠮᠠᠲ᠋ᠧᠷᠢᠶᠠᠯ﹀ ᠤᠨ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠠᠵᠤ ᠦᠢᠡᠯᠰ ᠢ ᠪᠥᠬᠦ ᠬᠦᠴᠦᠨ ᠢᠶᠠᠷ ᠢᠶᠠᠨ ᠬᠦᠴᠦᠷᠬᠡᠭᠵᠢᠭᠦᠯᠦᠨ ᠨᠠᠷᠢᠯᠢᠬᠵᠢᠭᠤᠯᠵᠤ᠂ ᠭᠤᠤᠯᠳᠠᠭᠤ ᠰᠣᠷᠢᠨᠵᠢᠨ ᠲᠣᠨᠣᠭᠯᠠᠯ᠂ ᠰᠣᠷᠢᠨᠵᠢᠨ ᠳᠠᠷᠪᠢᠯᠲᠠ ᠶᠢᠨ ᠲᠥᠬᠦᠭᠡᠷᠦᠮᠵᠢ᠂ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ᠂ 3 C ᠦᠢᠯᠡᠳᠭᠦᠨ ᠵᠡᠷᠭᠡ ᠲᠠᠯ᠎ᠠ ᠪᠠᠷ ᠲᠡᠳᠬᠦᠨ ᠳᠡᠮᠵᠢᠬᠦ ᠪᠠ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠪᠣᠬᠢᠷᠲᠤᠯ ᠥᠬᠡᠶ ᠪᠠᠶᠢᠬᠤ ᠬᠡᠮᠵᠢᠶ᠎ᠡ ᠪᠠᠷ ᠥᠨᠳᠥᠷ᠂ ᠠᠵᠤ ᠦᠢᠯᠡᠰ ᠤᠨ ᠬᠦᠷᠢᠶᠡᠨ ᠳᠠᠬᠢ ᠬᠤᠭᠤᠰᠣᠨ ᠢ ᠨᠥᠬᠦᠪᠥᠷᠢᠯᠡᠬᠦ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠢ ᠢᠳᠡᠪᠬᠢᠲᠡᠶ ᠣᠷᠣᠭᠤᠯᠤᠨ ᠠᠪᠴᠢᠷᠠᠨ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠤ ᠠᠵᠤ ᠦᠢᠯᠡᠰ ᠤᠨ ᠳᠠᠭᠠᠭᠤᠯᠤᠨ ᠤᠷᠤᠭᠰᠢᠯᠠᠬᠤ ᠳᠠᠪᠠᠭᠤᠯᠢᠭ ᠢ ᠤᠯᠠᠮ ᠴᠢᠨᠠᠭᠰᠢᠳᠠ ᠥᠷᠭᠡᠳᠬᠡᠵᠦ᠂ ᠬᠤᠪᠣᠷ ᠰᠢᠷᠣᠶ ᠶᠢᠨ ᠠᠵᠤ ᠦᠢᠯᠡᠰ ᠤᠨ ᠪᠣᠬᠢᠷᠲᠤᠯ ᠥᠬᠡᠶ᠂ ᠤᠶᠤᠨᠴᠢᠯᠠᠭᠰᠠᠨ᠂ ᠳᠡᠭᠡᠳᠦ ᠲᠠᠰ ᠤᠨ ᠬᠥᠭᠵᠢᠯᠲᠡ ᠶᠢ ᠠᠬᠢᠭᠤᠯᠤᠨ᠎ᠠ︾ ᠭᠡᠪᠠ᠃     ᠪᠣᠭᠤᠮᠢ ᠶᠢ ᠡᠪᠳᠡᠵᠦ ᠬᠡᠷᠡᠭᠯᠡᠭᠡ ᠶᠢ ᠣᠷᠢᠳᠴᠢᠯᠠᠭᠤᠯᠬᠤ     ᠪᠤᠭᠤᠲᠤ ᠶᠢᠨ ᠬᠤᠢ ᠵᠦᠩ ᠰᠣᠷᠢᠨᠵᠢᠨ ᠬᠥᠨᠳᠡᠢ ᠶᠢᠨ ᠬᠤᠪᠣᠷ ᠰᠢᠷᠣᠢ ᠶᠢᠨ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ ᠣᠷᠣᠪᠠᠯ᠂ ᠠᠷᠠᠭᠠᠲᠤ ᠬᠦᠷᠳᠦ ᠡᠷᠭᠢᠯᠳᠦᠵᠦ᠂ ᠮᠠᠰᠢᠨ  ᠬᠦᠷᠴᠢᠬᠢᠨᠡᠨ ᠬᠤᠶᠠᠷ ᠵᠠᠭᠤᠨ ᠮᠧᠲᠷ ᠤᠷᠳᠤ᠂ ᠱᠤᠭᠤᠮ ᠪᠦᠷᠢ ᠳᠤ ᠵᠥᠪᠬᠡᠨ 3 ᠬᠥᠮᠦᠨ ᠠᠵᠢᠯᠯᠠᠵᠤ ᠪᠠᠶᠢᠭ᠎ᠠ ᠪᠦᠷᠢᠨ ᠠᠦ᠋ᠲ᠋ᠣ᠋ ᠴᠠᠬᠢᠯᠭᠠᠨ ᠢᠶᠠᠷ ᠥᠩᠭᠡᠯᠡᠬᠦ ᠦᠢᠯᠡᠳᠪᠦᠷᠢᠯᠡᠯ ᠤᠨ ᠱᠤᠭᠤᠮ ᠶᠠᠭ ᠥᠨᠳᠥᠷ ᠬᠤᠷᠳᠤᠴᠠ ᠪᠠᠷ ᠠᠵᠢᠯᠯᠠᠵᠤ ᠪᠠᠶᠢᠭ᠎ᠠ ᠨᠢ ᠬᠠᠷᠠᠭᠳᠠᠨ᠎ᠠ᠃ ᠠᠵᠤ ᠠᠬᠤᠶᠢᠯᠠᠯ ᠠᠰᠢᠭᠯᠠᠯᠲᠠ ᠳᠤ ᠣᠷᠣᠭᠰᠠᠨ ᠠᠴᠠ ᠨᠠᠭᠠᠰᠢ᠂ ᠡᠳᠦᠷ ᠤᠨ ᠦᠢᠯᠡᠳᠪᠦᠷᠢᠯᠡᠭᠦ ᠴᠢᠳᠠᠪᠤᠷᠢ ᠨᠢᠭᠡᠨᠲᠡ 2 ᠲᠣᠨ ᠪᠣᠯᠵᠣ᠂ ᠪᠤᠭᠤᠲᠤ ᠵᠢᠴᠢ ᠡᠷᠬᠢᠨ ᠲᠣᠭᠤᠷᠢᠨ ᠤ ᠠᠵᠤ ᠠᠬᠤᠶᠢᠯᠠᠯ ᠤᠨ ᠴᠠᠬᠢᠯᠭᠠᠨ ᠥᠩᠭᠡᠯᠡᠯᠲᠡ ᠶᠢᠨ ᠪᠣᠯᠪᠠᠰᠤᠷᠠᠭᠤᠯᠬᠤ ᠬᠡᠷᠡᠭᠴᠡᠭᠡ ᠶᠢ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠭᠤᠸᠠᠩᠳᠦ᠋ᠩ᠂ ᠨᠢᠩᠪᠦ᠋ᠸᠧ ᠵᠡᠷᠭᠡ ᠤᠯᠤᠰ ᠤᠨ ᠳᠣᠲᠣᠭᠠᠳᠤ ᠶᠢᠨ ᠬᠤᠪᠣᠷ ᠰᠢᠷᠣᠶ ᠶᠢᠨ ᠨᠧᠦᠳᠢᠮ ᠲᠡᠮᠦᠷ ᠪᠣᠷ ᠤᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢ ᠶᠢᠨ ᠬᠢᠨ ᠢ ᠲᠡᠳᠡᠨ ᠠᠪᠴᠢᠷᠠᠵᠤ ᠴᠠᠬᠢᠯᠭᠠᠨ ᠥᠩᠭᠡᠯᠡᠯᠲᠡ ᠶᠢᠨ ᠪᠣᠯᠪᠠᠰᠤᠷᠠᠭᠤᠯᠬᠤ ᠪᠠᠷ ᠪᠠᠶᠢᠨ᠎ᠠ᠃    ᠣᠶᠢᠷ᠎ᠠ ᠶᠢᠨ ᠵᠢᠯ ᠠᠴᠠ ᠨᠠᠭᠠᠰᠢ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠬᠤᠪᠣᠷ ᠰᠢᠷᠣᠶ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠠᠶᠢᠷᠢᠰᠢᠭᠤᠯᠵᠤ᠂ ᠪᠥᠬᠦ ᠤᠯᠤᠰ ᠤᠨ ᠴᠠᠬᠢᠯᠭᠠᠨ ᠢᠶᠠᠷ ᠥᠩᠭᠡᠯᠡᠬᠦ ᠬᠡᠪᠴᠢᠶ᠎ᠡ ᠪᠠᠷ ᠬᠠᠮᠤᠭ ᠤᠨ ᠶᠡᠭᠡ᠂ ᠢᠵᠢ ᠪᠦᠷᠢᠨ ᠬᠠᠮᠤᠭ ᠤᠨ ᠪᠦᠷᠢᠨ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠢ ᠲᠦᠷᠭᠡᠳᠬᠡᠨ ᠪᠠᠶᠢᠭᠤᠯᠪᠠ᠃ ᠰᠠᠭᠤᠷᠢᠨ ᠭᠠᠵᠠᠷ ᠤᠨ ᠪᠠᠷᠢᠯᠭ᠎ᠠ ᠶᠢᠨ ᠲᠠᠯᠠᠪᠠᠶ ᠨᠢ ᠪᠠᠷᠤᠭ 23 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 45 ᠦᠢᠯᠡᠳᠪᠦᠷᠢᠯᠡᠯ ᠤᠨ ᠲᠠᠰᠤᠭ ᠢ ᠪᠠᠭᠲᠠᠭᠠᠨ᠎ᠠ᠃     ᠬᠤᠢ ᠵᠦᠩ ᠰᠣᠷᠢᠨᠵᠢᠨ ᠬᠥᠨᠳᠡᠢ ᠶᠢᠨ ᠶᠡᠷᠦᠩᠬᠡᠢ ᠳᠠᠭᠠᠭᠠᠮᠠᠯ ᠠᠨ ᠶᠦᠩ ᠫᠢᠩ ︽ᠰᠠᠭᠤᠷᠢᠨ ᠭᠠᠵᠠᠷ ᠪᠠᠶᠢᠭᠤᠯᠤᠭᠳᠠᠬᠤ ᠠᠴᠠ ᠡᠮᠦᠨ᠎ᠡ᠂ ᠴᠠᠬᠢᠯᠭᠠᠨ ᠢᠶᠠᠷ ᠥᠩᠭᠡᠯᠡᠵᠦ ᠡᠳ᠋ᠰᠢᠭᠦᠯᠬᠦ ᠮᠡᠷᠭᠡᠵᠢᠯ ᠨᠢ ᠪᠤᠭᠤᠲᠤ ᠳᠤ ᠶᠡᠷᠦᠨᠢ ︿ᠪᠣᠭᠤᠮᠢ﹀ ᠪᠣᠯᠵᠣ ᠪᠠᠶᠢᠭᠰᠠᠨ ᠬᠦᠴᠢᠷ ᠠᠰᠠᠭᠤᠳᠠᠯ ᠪᠠᠶᠢᠵᠤ᠂ ᠪᠤᠭᠤᠲᠤ ᠶᠢᠨ ᠬᠤᠪᠣᠷ ᠰᠢᠷᠣᠶ ᠶᠢᠨ ᠠᠵᠤ ᠦᠢᠯᠡᠰ ᠨᠢ ᠴᠦ ᠦᠵᠦᠭᠦᠷᠯᠢᠭ ᠦᠢᠯᠡᠳᠭᠦᠨ ᠪᠣᠯᠭᠠᠬᠤ ᠳᠤ ᠮᠠᠰᠢ ᠬᠦᠴᠢᠷ ᠪᠠᠶᠢᠪᠠ᠃ ᠰᠠᠭᠤᠷᠢᠨ ᠭᠠᠵᠠᠷ ᠪᠠᠶᠢᠭᠤᠯᠤᠭᠳᠠᠭᠰᠠᠨ ᠤ ᠳᠠᠷᠠᠭ᠎ᠠ᠂ ᠬᠤᠪᠣᠷ ᠰᠢᠷᠣᠶ ᠶᠢᠨ ᠠᠵᠢᠯ ᠲᠥᠷᠥᠯ ᠤᠨ ᠦᠵᠦᠭᠦᠷ ᠵᠦᠭ ᠤᠷᠤᠭᠰᠢᠯᠠᠬᠤ ᠪᠣᠭᠤᠮᠢ ᠶᠢ ᠨᠡᠪᠲᠡᠷᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠥᠩᠭᠡᠷᠡᠭᠰᠡᠨ ᠳᠤ ᠬᠡᠷ ᠤᠨ ᠡᠭᠦᠳᠡᠨ ᠳᠡᠭᠡᠨ ᠬᠤᠪᠣᠷ ᠰᠢᠷᠣᠶ ᠶᠢᠨ ᠨᠧᠦᠳᠢᠮ ᠲᠡᠮᠦᠷ ᠪᠣᠷ ᠮᠠᠲ᠋ᠧᠷᠢᠶᠠᠯ ᠳᠤ ᠥᠩᠭᠡᠨ ᠲᠠᠯ᠎ᠠ ᠶᠢᠨ ᠰᠢᠢᠳᠪᠦᠷᠢᠯᠡᠯᠳᠡ ᠬᠢᠬᠦ ᠳᠤ ᠬᠦᠴᠢᠷᠲᠡᠶ ᠪᠠᠶᠢᠭᠰᠠᠨ ᠠᠰᠠᠭᠤᠳᠠᠯ ᠢ  ᠰᠢᠢᠳᠪᠦᠷᠢᠯᠡᠵᠦ᠂ ᠪᠤᠭᠤᠲᠤ ᠶᠢᠨ ᠬᠤᠪᠣᠷ ᠰᠢᠷᠣᠶ ᠶᠢᠨ ᠴᠠᠬᠢᠯᠭᠠᠨ ᠴᠡᠨᠡᠭ ᠥᠬᠡᠶ ᠬᠤᠭᠤᠰᠣᠨ ᠢ ᠨᠥᠬᠦᠪᠥᠷᠢᠯᠡᠭᠰᠡᠨ ᠪᠠᠶᠢᠨ᠎ᠠ︾ ᠭᠡᠪᠠ᠃ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠤ ᠨᠥᠯᠥᠭᠡᠯᠡᠬᠦ ᠬᠦᠴᠦᠨ ᠤ ᠲᠠᠰᠤᠷᠠᠯᠲᠠ ᠥᠬᠡᠶ ᠥᠷᠭᠡᠳᠬᠦ ᠶᠢ ᠳᠠᠭᠠᠯᠳᠤᠨ᠂ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠢ ᠰᠤᠳᠤᠯᠤᠨ ᠨᠡᠭᠡᠭᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠪᠦᠷᠢᠯᠡᠭᠰᠡᠨ ᠠᠨᠾᠦ᠋ᠢ ᠶᠢᠨ ᠳ᠋ᠠ ᠳ᠋ᠢ ᠰᠢᠶᠦ᠋ᠩ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠴᠤ ᠠᠯᠳᠠᠷ ᠴᠣᠣ ᠪᠠᠷ ᠨᠢ ᠢᠷᠡᠵᠦ᠂ ᠪᠠᠯᠠ ᠣᠷᠣᠭᠤᠯᠤᠨ ᠦᠢᠯᠡᠳᠪᠦᠷᠢ ᠪᠠᠶᠢᠭᠤᠯᠣᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠳ᠋ᠠ ᠳ᠋ᠢ ᠰᠢᠦ᠋ᠩ ᠰᠣᠷᠢᠨᠵᠢᠨ ᠴᠠᠬᠢᠯᠭᠠᠨ ᠤ ᠬᠢᠵᠠᠭᠠᠷᠲᠤ ᠺᠣᠮᠫᠠᠨᠢ ᠪᠠᠶᠢᠭᠤᠯᠪᠠ᠃ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠵᠠᠩ ᠳ᠋ᠧ ᠸᠧᠨ  ︽ᠪᠤᠭᠤᠲᠤ ᠳᠤ ᠡᠯᠪᠡᠭ ᠪᠠᠶᠠᠯᠢᠭ ᠬᠤᠪᠣᠷ ᠰᠢᠷᠣᠶ ᠶᠢᠨ ᠡᠬᠢ ᠪᠠᠶᠠᠯᠢᠭ ᠲᠠᠢ᠂ ᠲᠡᠭᠦᠯᠳᠡᠷᠵᠢᠭᠰᠡᠨ ᠰᠠᠭᠤᠷᠢ ᠢᠵᠢ ᠪᠥᠷᠢᠳᠦᠭᠰᠡᠨ ᠵᠢᠴᠢ ᠵᠠᠰᠠᠭ ᠤᠨ ᠣᠷᠳᠣᠨ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠵᠤ ᠠᠬᠤᠶᠢᠯᠠᠯᠲᠠᠨ ᠳᠤ ᠲᠥᠬᠦᠮ ᠦᠵᠡᠭᠦᠯᠬᠦ ᠪᠠ ᠦᠢᠯᠡᠴᠢᠯᠡᠭᠡ ᠬᠠᠩᠭᠠᠬᠤ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠨᠢ ᠠᠵᠤ ᠠᠬᠤᠶᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠤᠯᠬᠤ ᠬᠤᠷᠳᠤᠴᠠ ᠶᠢ ᠲᠦᠷᠭᠡᠳᠬᠡᠭᠰᠡᠨ ᠢᠶᠠᠷ ᠪᠠᠷᠠᠬᠤ ᠥᠬᠡᠶ ᠪᠠᠰᠠ ᠠᠵᠤ ᠠᠬᠤᠶᠢᠯᠠᠯ ᠤᠨ ᠳᠤᠤᠷᠠᠳᠤ ᠤᠷᠤᠰᠬᠠᠯ ᠤᠨ ᠦᠢᠯᠡᠳᠭᠦᠨ ᠢ ᠬᠥᠭᠵᠢᠭᠦᠯᠵᠦ᠂ ᠵᠠᠬ᠎ᠠ ᠳᠡᠯᠭᠡᠭᠦᠷ ᠢ ᠡᠷᠲᠡᠬᠡᠨ ᠡᠵᠡᠯᠡᠬᠦ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ︾ ᠭᠡᠪᠠ᠃     ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠬᠤᠪᠣᠷ ᠰᠢᠷᠣᠶ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠴᠢᠬᠤᠯᠠ ᠶᠡᠭᠡ ᠴᠠᠭ ᠦᠶ᠎ᠡ ᠶᠢᠨ ᠰᠡᠳᠦᠪ ᠲᠠᠢ ᠨᠢᠭᠲᠠ ᠤᠶᠠᠯᠳᠤᠭᠤᠯᠤᠨ᠂ ᠮᠡᠷᠭᠡᠵᠢᠯ ᠤᠨ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠬᠠᠩᠭᠠᠯᠭ᠎ᠠ ᠶᠢᠨ ᠬᠡᠯᠬᠢᠶ᠎ᠡ ᠪᠠ ᠥᠷᠲᠡᠭ ᠤᠨ ᠬᠡᠯᠬᠢᠶ᠎ᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠤᠯᠤᠰ ᠤᠨ ᠳᠣᠲᠣᠭᠠᠳᠤ ᠪᠠ ᠣᠯᠠᠨ ᠤᠯᠤᠰ ᠲᠤ ᠰᠠᠭᠠᠳ ᠥᠬᠡᠶ ᠨᠡᠪᠲᠡᠷᠡᠭᠰᠡᠨ ᠬᠤᠪᠣᠷ ᠰᠢᠷᠣᠶ ᠶᠢᠨ ᠠᠵᠤ ᠦᠢᠯᠡᠰ ᠤᠨ ︽ᠬᠤᠤᠰ ᠣᠷᠴᠢᠯ︾ ᠤᠨ ᠰᠢᠨ᠎ᠡ ᠪᠠᠶᠢᠷᠢᠰᠢᠯ ᠢ ᠪᠠᠶᠢᠭᠤᠯᠵᠤ᠂ ᠬᠤᠪᠣᠷ ᠰᠢᠷᠣᠶ ᠶᠢᠨ ᠠᠵᠤ ᠦᠢᠯᠡᠰ ᠤᠨ ︽ᠬᠡᠯᠬᠢᠶ᠎ᠡ ᠶᠢ ᠬᠦᠴᠦᠷᠬᠡᠭᠵᠢᠭᠦᠯᠬᠦ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠥᠷᠭᠡᠳᠬᠡᠬᠦ︾ ᠶᠢ ᠠᠬᠢᠭᠤᠯᠤᠨ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ᠂ ᠬᠡᠰᠡᠭ ᠪᠦᠯᠦᠭ ᠤᠨ ᠬᠡᠯᠬᠢᠶ᠎ᠡ ᠵᠡᠷᠭᠡ ᠣᠶᠤᠨᠴᠢ  ᠦᠢᠯᠡᠳᠬᠦ ᠮᠡᠷᠭᠡᠵᠢᠯ ᠬᠢᠭᠡᠳ ᠬᠤᠪᠣᠷ ᠰᠢᠷᠣᠶ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠶᠡᠭᠡ ᠪᠠᠷ ᠠᠬᠢᠭᠤᠯᠵᠤ᠂ ᠬᠤᠪᠣᠷ ᠰᠢᠷᠣᠶ ᠶᠢᠨ ᠠᠵᠤ ᠦᠢᠯᠡᠰ ᠤᠨ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠵᠠᠢ᠃    ᠣᠶᠢᠯᠠᠭᠠᠭᠰᠠᠨ ᠢᠶᠠᠷ᠂ 2020 ᠣᠨ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠦᠢᠯᠡᠳᠭᠦᠨ ᠤ ᠥᠷᠲᠡᠭ ᠤᠨ ᠬᠤᠪᠣᠷ ᠰᠢᠷᠣᠶ ᠶᠢᠨ ᠠᠵᠤ ᠦᠢᠯᠡᠰ ᠤᠨ ᠦᠢᠯᠡᠳᠭᠦᠨ ᠤ ᠶᠡᠷᠦᠩᠬᠡᠶ ᠥᠷᠲᠡᠭ ᠲᠤ ᠡᠵᠡᠯᠡᠬᠦ ᠬᠤᠪᠢ ᠶᠢᠨ ᠵᠢᠩ ᠨᠢ 50 % ᠳᠤ ᠣᠶᠢᠷᠠᠳᠴᠤ᠂ ᠭᠠᠷᠤᠯᠲᠠ ᠨᠢ ᠵᠢᠯ ᠳᠠᠷᠠᠭᠠᠯᠠᠨ 20 % ᠠᠴᠠ ᠳᠡᠭᠡᠭᠰᠢᠬᠢ ᠨᠡᠮᠡᠭᠳᠡᠯ ᠤᠨ ᠬᠤᠷᠳᠤᠴᠠ ᠪᠠᠨ ᠪᠠᠲᠤᠯᠠᠪᠠ᠃ ᠢᠯᠠᠩᠭᠤᠶ᠎ᠠ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠨᠢ ᠨᠡᠯᠢᠶᠡᠳ ᠲᠦᠷᠭᠡᠨ ᠪᠠᠶᠢᠵᠤ᠂ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠦᠢᠯᠡᠳᠭᠦᠨ ᠤ ᠥᠷᠲᠡᠭ ᠤᠨ ᠰᠢᠨ᠎ᠡ ᠮᠠᠲ᠋ᠧᠷᠢᠶᠠᠯ ᠤᠨ ᠦᠢᠯᠡᠳᠭᠦᠨ ᠤ ᠥᠷᠲᠡᠭ ᠲᠤ ᠡᠵᠡᠯᠡᠬᠦ ᠬᠤᠪᠢ ᠶᠢᠨ ᠵᠢᠩ ᠨᠢ 90 % ᠳᠤ ᠬᠥᠷᠪᠡ᠃ ︽ᠡᠨᠡ ᠵᠢᠯ᠂ ᠮᠠᠨ ᠤ ᠵᠢᠱᠢᠯᠲᠡ ᠪᠠᠷ 36 ᠬᠤᠪᠣᠷ ᠰᠢᠷᠣᠶ ᠶᠢᠨ ᠰᠢᠨ᠎ᠡ ᠬᠡᠯᠪᠡᠷᠢ ᠶᠢᠨ ᠮᠠᠲ᠋ᠧᠷᠢᠶᠠᠯ ᠤᠨ ᠠᠵᠤ ᠠᠬᠤᠶᠢᠯᠠᠯ ᠠᠵᠤ ᠦᠢᠯᠡᠳᠪᠦᠷᠢ ᠶᠢᠨ ᠦᠢᠯᠡᠳᠭᠦᠨ ᠤ ᠶᠡᠷᠦᠩᠬᠡᠶ ᠥᠷᠲᠡᠭ ᠢ 190 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 35 % ᠪᠠᠷ ᠨᠡᠮᠡᠭᠳᠡᠬᠦ ᠪᠣᠯᠤᠨ᠎ᠠ  ᠃ 155.7 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ 37 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠰᠢᠨ᠎ᠡ ᠬᠡᠯᠪᠡᠷᠢ ᠶᠢᠨ ᠮᠠᠲ᠋ᠧᠷᠢᠶᠠᠯ ᠤᠨ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠵᠢᠯ ᠤᠨ ᠳᠣᠲᠣᠷ᠎ᠠ 25 ᠠᠴᠠ ᠳᠡᠭᠡᠭᠰᠢ ᠶᠢ ᠠᠵᠢᠯ ᠳᠠᠭᠤᠰᠬᠠᠬᠤ ᠪᠠᠷ ᠴᠢᠷᠮᠠᠶᠢᠨ᠎ᠠ  ᠃ ᠰᠢᠨ᠎ᠡ ᠬᠡᠯᠪᠡᠷᠢ ᠶᠢᠨ ᠮᠠᠲ᠋ᠧᠷᠢᠶᠠᠯ ᠤᠨ ᠲᠥᠷᠥᠯ ᠵᠦᠢᠯ ᠢ 25 ᠠᠴᠠ ᠳᠡᠭᠡᠭᠰᠢ ᠰᠢᠨ᠎ᠡ ᠪᠠᠷ ᠣᠷᠣᠭᠤᠯᠬᠤ ᠪᠠᠷ ᠲᠥᠯᠥᠪᠯᠡᠵᠦ᠂ ᠵᠥᠪᠳᠡᠯᠴᠡᠬᠡᠷ ᠤᠨ ᠪᠠᠯᠠ ᠣᠷᠣᠭᠤᠯᠤᠯᠲᠠ ᠶᠢᠨ ᠲᠤᠭ᠎ᠠ ᠶᠢ 320 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠨ᠎ᠠ︾ ᠭᠡᠵᠣ ᠯᠢ ᡁᠢ ᠹᠧᠩ ᠬᠡᠯᠡᠪᠡ᠃      ᠳᠡᠭᠡᠳᠦ ᠲᠠᠰ ᠤᠨ ᠪᠠᠶᠢᠷᠢᠯᠠᠯ ᠢ ᠪᠠᠶᠢᠷᠢᠯᠠᠭᠤᠯᠵᠤ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠶ᠎ᠡ      ᠪᠤᠭᠤᠲᠤ ᠶᠢᠨ ᠲᠢᠶᠠᠨ ᠾᠧ ᠰᠣᠷᠢᠨᠵᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠣᠷᠢᠨᠵᠢᠨ ᠮᠠᠲ᠋ᠧᠷᠢᠶᠠᠯ ᠤᠨ ᠣᠶᠤᠨᠴᠢ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ᠂ ᠪᠠᠷᠤᠭ 2 ᠲᠦᠮᠡᠨ ᠲᠡᠭᠰᠢ ᠳᠥᠷᠪᠡᠯᠵᠢᠨ ᠮᠧᠲᠷ ᠤᠨ ᠭᠠᠵᠠᠷ ᠳᠡᠭᠡᠷᠡᠬᠢ ᠪᠠᠷᠢᠯᠭ᠎ᠠ ᠶᠢᠨ ᠠᠵᠢᠯ ᠢ ᠨᠢᠭᠡᠨᠲᠡ ᠪᠦᠬᠦᠨ ᠢ ᠳᠠᠭᠤᠰᠬᠠᠪᠠ᠃ ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠠᠵᠤ ᠠᠬᠤᠶᠢᠯᠠᠯ ᠤᠨ ᠤᠶᠤᠨᠴᠢᠯᠠᠭᠰᠠᠨ ᠬᠢᠷᠢ ᠲᠦᠪᠰᠢᠨ ᠤ ᠪᠥᠲᠥᠭᠡᠨ ᠪᠠᠶᠢᠭᠤᠯᠤᠯᠲᠠ ᠪᠠᠨ ᠲᠦᠷᠭᠡᠳᠬᠡᠬᠦ᠂ ᠠᠵᠤ ᠠᠬᠤᠶ ᠶᠢᠨ ᠦᠷ᠎ᠡ ᠠᠰᠢᠭ ᠢᠶᠠᠨ ᠳᠡᠭᠡᠭᠰᠢᠯᠡᠭᠦᠯᠬᠦ᠂ ᠳᠡᠯᠡᠬᠡᠶᠢᠴᠢᠯᠡᠯᠲᠡ ᠯᠦᠭᠡ ᠵᠣᠯᠭᠠᠯᠳᠤᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠣᠶᠢᠯᠠᠭᠠᠭᠰᠠᠨ ᠢᠶᠠᠷ᠂ ᠲᠢᠶᠠᠨ ᠾᠧ ᠰᠣᠷᠢᠨᠵᠢᠨ ᠮᠠᠲ᠋ᠧᠷᠢᠶᠠᠯ ᠤᠨ ᠨᠧᠦᠳᠢᠮ ᠲᠡᠮᠦᠷ ᠪᠣᠷ ᠪᠠ ᠰᠠᠮᠠᠷᠢ ᠺᠣᠪᠠᠯᠲ ᠤᠨ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠶᠡᠷᠦᠩᠬᠡᠶ ᠦᠢᠯᠡᠳᠪᠦᠷᠢᠯᠡᠭᠦ ᠴᠢᠳᠠᠪᠤᠷᠢ ᠨᠢᠭᠡᠨᠲᠡ ᠲᠦᠮᠡᠨ ᠲᠣᠨ ᠤ ᠲᠠᠰ ᠲᠤ ᠬᠦᠷᠴᠦ᠂ ᠪᠥᠬᠦ ᠳᠡᠯᠡᠬᠡᠶ ᠶᠢᠨ ᠲᠣᠮᠣ ᠬᠡᠯᠪᠡᠷᠢ ᠶᠢᠨ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠦᠢᠯᠡᠳᠭᠦ ᠬᠤᠳᠠᠯᠳᠤᠭᠠᠴᠢᠨ ᠤ ᠨᠢᠭᠡ ᠪᠣᠯᠵᠠᠶ᠃ ︽ᠡᠨᠡ ᠵᠢᠯ᠂ ᠠᠵᠤ ᠠᠬᠤᠶᠢᠯᠠᠯ ᠤᠨ ᠰᠣᠷᠢᠨᠵᠢᠨ ᠮᠠᠲ᠋ᠧᠷᠢᠶᠠᠯ ᠤᠨ ᠣᠶᠤᠨᠴᠢ ᠬᠢᠮᠢ ᠶᠢᠨ ᠦᠢᠯᠡᠳᠪᠦᠷᠢ ᠶᠢᠨ ᠲᠥᠷᠥᠯ ᠵᠦᠢᠯ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠲᠡᠷᠡ ᠦᠶ᠎ᠡ ᠳᠤ ᠦᠢᠯᠡᠳᠪᠦᠷᠢᠯᠡᠭᠦ ᠴᠢᠳᠠᠪᠤᠷᠢ ᠪᠣᠯᠤᠨ ᠦᠷ᠎ᠡ ᠠᠰᠢᠭ ᠨᠢ ᠴᠥᠮ ᠵᠣᠬᠢᠬᠤ ᠬᠡᠮᠵᠢᠶ᠎ᠡ ᠪᠠᠷ ᠳᠡᠭᠡᠭᠰᠢᠯᠡᠬᠦ ᠪᠣᠯᠤᠨ᠎ᠠ︾ ᠭᠡᠵᠦ ᠲᠣᠰ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠶᠠᠮᠤᠨ ᠤ ᠰᠠᠶᠢᠳ ᠭᠠᠨ ᠮᠧᠶ ᠬᠡᠯᠡᠨ᠎ᠡ᠃     ᠪᠥᠬᠦ ᠤᠯᠤᠰ ᠤᠨ ᠬᠠᠮᠤᠭ ᠤᠨ ᠶᠡᠭᠡ ᠬᠤᠪᠣᠷ ᠰᠢᠷᠣᠶ ᠶᠢᠨ ᠠᠵᠤ ᠦᠢᠯᠡᠰ ᠤᠨ ᠲᠥᠪᠯᠡᠷᠡᠯ ᠤᠨ ᠣᠷᠣᠨ᠂ ᠬᠥᠭᠵᠢᠯᠲᠡ ᠶᠢᠨ ᠵᠠᠮᠴᠢᠯᠠᠬᠤ ᠣᠷᠣᠨ ᠪᠣᠯᠤᠭᠰᠠᠨ ᠤ ᠬᠤᠪᠢ ᠳᠤ᠂ ᠬᠤᠪᠣᠷ ᠰᠢᠷᠣᠶ ᠶᠢᠨ ᠲᠦᠭᠦᠬᠡᠶ ᠮᠠᠲ᠋ᠧᠷᠢᠶᠠᠯ ᠢᠶᠠᠷ ᠭᠤᠤᠯ ᠪᠣᠯᠭᠠᠵᠤ ᠪᠠᠶᠢᠭᠰᠠᠨ ᠠᠴᠠ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠵᠢᠴᠢ ᠦᠵᠦᠭᠦᠷᠯᠢᠭ ᠤᠨ ᠬᠡᠷᠡᠭᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠲᠡᠶᠢᠰᠢ ᠬᠤᠪᠢᠷᠠᠭᠤᠯᠬᠤ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠢ ᠭᠠᠳᠠᠭᠰᠢ ᠭᠠᠷᠭᠠᠵᠤ ᠪᠠᠶᠢᠭᠰᠠᠨ ᠠᠴᠠ ᠨᠠᠷᠢᠯᠢᠭ ᠡᠳ᠋ᠰᠢᠭᠦᠯᠬᠦ᠂ ᠨᠠᠷᠠᠲᠤ ᠲᠥᠷᠥᠯ ᠲᠡᠮᠳᠡᠭᠲᠦ ᠶᠢ ᠡᠭᠦᠳᠬᠦ ᠲᠡᠶᠢᠰᠢ ᠬᠤᠪᠢᠷᠠᠭᠤᠯᠬᠤ ᠶᠠᠪᠤᠴᠠ ᠳᠤᠮᠳᠠ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠣᠷᠣᠨ ᠪᠦᠰᠡ ᠪᠣᠯᠤᠨ ᠠᠵᠤ ᠦᠢᠯᠡᠰ ᠤᠨ ᠣᠨᠴᠠᠯᠢᠭ ᠢ ᠳᠣᠪᠤᠶᠢᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠴᠦᠨ ᠳᠤ ᠲᠦᠰᠢᠭᠯᠡᠨ᠂ ᠬᠤᠪᠣᠷ ᠰᠢᠷᠣᠶ ᠶᠢᠨ ᠠᠵᠤ ᠦᠢᠯᠡᠰ ᠤᠨ ᠣᠯᠠᠨ ᠡᠰᠢᠵᠢᠯᠲᠡ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃    ᠯᠢ ᡁᠢ ᠹᠧᠩ ᠤᠨ ᠲᠠᠨᠢᠯᠴᠠᠭᠤᠯᠤᠭᠰᠠᠨ ᠢᠶᠠᠷ᠂ ᠡᠨᠡ ᠵᠢᠯ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠶᠡᠷᠦᠩᠬᠡᠶ ᠪᠠᠯᠠ ᠣᠷᠣᠭᠤᠯᠤᠯᠲᠠ ᠨᠢ 125.15 ᠳ᠋ᠦᠩᠰᠢᠭᠤᠷ ᠲᠥᠭᠦᠷᠢᠭ ᠲᠤ ᠬᠥᠷᠬᠦ ᠬᠤᠪᠣᠷ ᠰᠢᠷᠣᠶ ᠶᠢᠨ ᠭᠤᠤᠯᠳᠠᠯᠭ᠎ᠠ ᠲᠠᠢ ᠲᠥᠷᠥᠯ ᠵᠦᠢᠯ ᠢ 32 ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 20 ᠳ᠋ᠦᠩᠰᠢᠭᠤᠷ ᠲᠥᠭᠦᠷᠢᠭ ᠲᠤ ᠬᠥᠷᠬᠦ ᠶᠢᠨ ᠯᠢ ᠲᠣᠭᠲᠠᠮᠠᠯ ᠰᠣᠷᠢᠨᠵᠢᠨ ᠥᠨᠳᠥᠷ ᠴᠢᠳᠠᠪᠬᠢᠲᠤ ᠮᠠᠲ᠋ᠧᠷᠢᠶᠠᠯ᠂ ᠶᠡᠷᠦᠩᠬᠡᠶ ᠪᠠᠯᠠ ᠣᠷᠣᠭᠤᠯᠤᠯᠲᠠ ᠨᠢ 5 ᠳ᠋ᠦᠩᠰᠢᠭᠤᠷ ᠲᠥᠭᠦᠷᠢᠭ ᠲᠤ ᠬᠥᠷᠬᠦ ᠳ᠋ᠡ ᠳ᠋ᠢ ᠰᠢᠦ᠋ᠩ ᠬᠤᠪᠣᠷ ᠰᠢᠷᠣᠶ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠳᠥᠯᠭᠢᠨ ᠠᠬᠢᠭᠤᠯᠤᠨ᠎ᠠ  ᠃ ᠬᠤᠪᠣᠷ ᠰᠢᠷᠣᠶ ᠶᠢᠨ ᠴᠢᠳᠠᠮᠵᠢᠲᠦ ᠰᠢᠨ᠎ᠡ ᠮᠠᠲ᠋ᠧᠷᠢᠶᠠᠯ ᠦᠢᠯᠡᠳᠭᠦ ᠰᠢᠨ᠎ᠡ ᠮᠡᠷᠭᠡᠵᠢᠯ ᠪᠠ ᠰᠢᠨ᠎ᠡ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠤᠯᠤᠰ ᠤᠨ ᠬᠤᠪᠣᠷ ᠰᠢᠷᠣᠶ ᠶᠢᠨ ᠴᠢᠳᠠᠮᠵᠢᠲᠦ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠤᠨ ᠥᠪᠥᠷ ᠮᠣᠩᠭᠤᠯ ᠤᠨ ᠲᠥᠪ᠂ ᠳᠡᠯᠡᠬᠡᠶ ᠶᠢᠨ ᠲᠠᠰ ᠤᠨ ᠬᠤᠪᠣᠷ ᠰᠢᠷᠣᠶ ᠶᠢᠨ ᠦᠢᠯᠡᠳᠪᠦᠷᠢᠯᠡᠭᠦ ᠵᠢᠭᠠᠬᠤ ᠰᠤᠳᠤᠯᠬᠤ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠢᠭᠡ ᠪᠦᠯᠦᠭ ᠬᠤᠪᠣᠷ ᠰᠢᠷᠣᠶ ᠶᠢᠨ ᠬᠦᠷᠢᠶ᠎ᠡ ᠴᠠᠷᠠᠭ᠎ᠠ ᠶᠢᠨ ᠭᠤᠤᠯᠯᠠᠬᠤ ᠮᠡᠷᠭᠡᠵᠢᠯ ᠳᠤ ᠰᠢᠪᠲᠤᠯᠤᠯᠲᠠ ᠬᠢᠵᠦ᠂ ᠬᠤᠪᠣᠷ ᠰᠢᠷᠣᠶ ᠶᠢᠨ ᠠᠵᠤ ᠦᠢᠯᠡᠰ ᠤᠨ ᠪᠦᠯᠦᠭᠵᠢᠬᠦ᠂ ᠬᠡᠪᠴᠢᠶᠡᠵᠢᠬᠦ᠂ ᠳᠡᠭᠡᠳᠦ ᠲᠠᠰᠵᠢᠬᠦ ᠬᠥᠭᠵᠢᠯᠲᠡ ᠶᠢ ᠠᠬᠢᠭᠤᠯᠤᠨ᠂ ᠮᠢᠩᠭᠠᠨ ᠳ᠋ᠦᠩᠰᠢᠭᠤᠷ ᠲᠠᠰ ᠤᠨ ᠬᠤᠪᠣᠷ ᠰᠢᠷᠣᠶ ᠶᠢᠨ ᠠᠵᠤ ᠦᠢᠯᠡᠰ ᠤᠨ ᠪᠦᠯᠦᠭᠵᠢᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃     ︽ᠡᠨᠡ ᠵᠢᠯ᠂ ᠪᠢᠳᠡ ᠪᠠᠰᠠ ᠬᠤᠪᠣᠷ ᠰᠢᠷᠣᠶ ᠶᠢᠨ ᠠᠵᠤ ᠦᠢᠯᠡᠰ ᠤᠨ ︿ᠲᠣᠭᠠᠴᠢᠯᠠᠭᠰᠠᠨ ᠦᠢᠯᠡᠳᠪᠦᠷᠢ﹀ ᠶᠢ ᠪᠥᠬᠦ ᠲᠠᠯ᠎ᠠ ᠪᠠᠷ ᠪᠠᠶᠢᠷᠢᠰᠢᠭᠤᠯᠵᠤ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠠᠵᠤ ᠠᠬᠤᠶᠢᠯᠠᠯ ᠤᠨ ᠣᠶᠤᠨᠴᠢᠯᠠᠭᠰᠠᠨ ᠦᠢᠡᠯᠡᠳᠪᠦᠷᠢᠯᠡᠯ᠂ ᠥᠪᠡᠷᠮᠢᠴᠡᠴᠢᠯᠡᠭᠰᠡᠨ ᠵᠠᠬᠢᠶᠠᠯᠠᠭ᠎ᠠ᠂ ᠰᠦᠯᠵᠢᠶᠡᠵᠢᠭᠰᠡᠨ ᠬᠠᠮᠵᠢᠯᠴᠠᠭ᠎ᠠ᠂  ᠦᠢᠯᠡᠴᠢᠯᠡᠭᠡᠵᠢᠭᠰᠡᠨ ᠤᠷᠲᠤᠳᠬᠠᠭᠰᠠᠨ ᠦᠢᠡᠯᠡᠳᠪᠦᠷᠢᠯᠡᠯ ᠦᠢᠡᠯᠳᠭᠦ ᠬᠡᠪᠴᠢᠶ᠎ᠡ ᠳᠠᠰᠢ ᠬᠤᠪᠢᠷᠠᠭᠤᠯᠬᠤ ᠶᠢ ᠲᠦᠷᠭᠡᠳᠬᠡᠵᠦ᠂ ᠦᠢᠡᠯᠡᠳᠪᠦᠷᠢᠯᠡᠯ   ᠤᠨ ᠦᠷ᠎ᠡ ᠪᠦᠲᠦᠮᠵᠢ ᠪᠠ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠣᠯᠠᠨ ᠶᠠᠩᠵᠤᠴᠢᠯᠠᠭᠰᠠᠨ ᠬᠡᠷᠡᠭᠴᠡᠭᠡ ᠶᠢ ᠬᠠᠩᠭᠠᠨ᠂ ᠠᠵᠤ ᠦᠢᠯᠡᠰ ᠤᠨ ᠪᠦᠬᠦᠯᠢ ᠴᠣᠭᠴᠠ ᠶᠢᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ︾ ᠭᠡᠵᠦ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠦ᠋ ᠲᠢᠶᠧ ᠱᠠᠨ ᠬᠡᠯᠡᠪᠡ᠃     ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠳᠣᠬᠠᠨ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠪᠤᠭᠤᠲᠤ ᠶᠢᠨ ᠬᠤᠪᠣᠷ ᠰᠢᠷᠣᠶ ᠶᠢᠨ ᠰᠤᠳᠤᠯᠭᠠᠨ ᠤ ᠬᠦᠷᠢᠶᠡᠯᠡᠩ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠶᠢᠨ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠤᠭᠤᠲᠤ ᠶᠢᠨ ᠬᠤᠪᠣᠷ ᠰᠢᠷᠣᠶ ᠶᠢᠨ ᠰᠤᠳᠤᠯᠤᠨ ᠨᠡᠭᠡᠭᠡᠬᠦ ᠲᠥᠪ᠂ ᠥᠪᠥᠷ ᠮᠣᠩᠭᠤᠯ ᠤᠨ ᠬᠤᠪᠣᠷ ᠰᠢᠷᠣᠶ ᠶᠢᠨ ᠴᠢᠳᠠᠮᠵᠢ ᠶᠢᠨ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠤᠨ ᠳᠥᠷᠪᠡᠨ ᠲᠣᠮᠣ ᠬᠤᠪᠣᠷ ᠰᠢᠷᠣᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ︽ᠬᠤᠪᠣᠷ ᠰᠢᠷᠣᠶ ᠶᠢᠨ ᠬᠦᠬᠦᠷᠲᠦ ᠨᠢᠭᠡᠳᠪᠦᠷᠢ ᠵᠢᠴᠢ ᠬᠤᠪᠣᠷ ᠰᠢᠷᠣᠶ ᠶᠢᠨ ᠬᠡᠷᠡᠯ ᠡᠭᠦᠰᠭᠡᠭᠴᠢ ᠶᠢᠨ ᠠᠺᠠᠳᠧᠮᠢᠴᠢ ᠶᠢᠨ ᠠᠵᠢᠯ ᠤᠨ ᠥᠷᠲᠡᠭᠡ︾ ᠭᠡᠬᠦ 1 ᠬᠤᠪᠣᠷ ᠰᠢᠷᠣᠶ ᠶᠢᠨ ᠠᠺᠠᠳᠧᠮᠢᠴᠢ᠂ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠲᠠᠢ  ᠃ ᠪᠠᠶ᠋ᠬᠠᠤᠪᠤᠭ᠎ᠠ ᠶᠢᠨ ᠬᠤᠪᠣᠷ ᠰᠢᠷᠣᠢ ᠶᠢᠨ ᠡᠬᠢ ᠪᠠᠶᠠᠯᠢᠭ ᠢ ᠰᠤᠳᠤᠯᠬᠤ ᠪᠠ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠳᠤᠮᠳᠠᠳᠤ ᠧᠦ᠋ᠷᠣᠫᠠ ᠨᠢᠭᠡ ᠪᠦᠰᠡ ᠨᠢᠭᠡ ᠵᠠᠮ ᠢ ᠶᠡᠷᠦᠩᠬᠡᠶᠢᠯᠡᠨ ᠠᠰᠢᠭᠯᠠᠬᠤ ᠬᠠᠮᠲᠤᠷᠠᠭᠰᠠᠨ ᠲᠤᠷᠰᠢᠯᠲᠠ ᠶᠢᠨ ᠲᠠᠰᠤᠭ᠂ ᠱᠠᠩᠬᠠᠢ ᠶᠢᠨ ᠶᠡᠭᠡ ᠳᠡᠭᠡᠳᠦ ᠰᠤᠷᠭᠠᠭᠤᠯᠢ ᠶᠢᠨ ᠠᠷᠪᠠᠨ ᠰᠤᠷᠭᠠᠭᠤᠯᠢ ᠶᠢᠨ ᠮᠠᠲ᠋ᠧᠷᠢᠶᠠᠯ ᠤᠨ ᠳᠡᠭᠡᠳᠦ ᠰᠤᠷᠭᠠᠭᠤᠯᠢ ᠶᠢᠨ ᠬᠤᠯᠪᠣᠭ᠎ᠠ ᠶᠢᠨ ᠪᠤᠭᠤᠲᠤ ᠶᠢᠨ ᠮᠡᠷᠭᠡᠵᠢᠯ ᠢ ᠰᠢᠯᠵᠢᠭᠦᠯᠦᠨ ᠣᠨᠳᠣᠣᠰᠢᠭᠤᠯᠬᠤ ᠲᠥᠪ᠂ ᠣᠶᠤᠨᠴᠢ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ᠂ ᠲᠤᠮᠤ ᠳ᠋ᠠᠶᠢᠲ᠋ᠠ ᠶᠢᠨ ᠰᠤᠳᠤᠯᠭᠠᠨ ᠤ ᠲᠥᠪ ᠵᠡᠷᠭᠡ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠬᠤᠪᠣᠷ ᠰᠢᠷᠣᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃    ᠯᠢ ᡁᠢ ᠹᠧᠩ ᠠᠴᠠ ︽ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠶ ᠶᠢᠨ ᠠᠵᠤ ᠦᠢᠯᠡᠰ ᠨᠢ ᠶᠠᠭ ︿ᠪᠣᠬᠢᠷᠲᠤᠯ ᠥᠬᠡᠶ ᠬᠥᠭᠵᠢᠯᠲᠡ﹀ ᠪᠠᠷ ᠰᠠᠭᠤᠷᠢ ᠪᠣᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠤᠤᠷ᠎ᠠ᠂ ᠬᠡᠯᠬᠢᠶ᠎ᠡ ᠪᠠᠨ ᠲᠠᠰᠤᠷᠠᠯᠲᠠ ᠥᠬᠡᠶ ᠤᠷᠲᠤᠳᠬᠠᠵᠤ᠂ ᠳᠤᠲᠠᠭᠤᠳᠠᠯ ᠢᠶᠠᠨ ᠨᠦᠭᠦᠪᠦᠷᠢᠯᠡᠨ ᠨᠢᠭᠡ ᠪᠦᠯᠦᠭ ᠪᠣᠬᠢᠷᠲᠤᠯ ᠥᠬᠡᠶ ᠣᠷᠴᠢᠨ ᠲᠣᠭᠤᠷᠢᠨ ᠤ ᠬᠠᠮᠠᠭᠠᠯᠠᠯᠲᠠ ᠪᠠ ᠠᠵᠤ ᠦᠢᠯᠡᠰ ᠤᠨ ᠬᠤᠭᠤᠰᠣᠨ ᠢ ᠨᠥᠬᠦᠪᠥᠷᠢᠯᠡᠬᠦ ᠵᠠᠩᠭᠢᠯᠠᠭ᠎ᠠ ᠶᠢᠨ ᠲᠥᠷᠥᠯ ᠵᠦᠢᠯ ᠢ ᠢᠳᠡᠪᠬᠢᠲᠡᠶ ᠣᠷᠣᠭᠤᠯᠤᠨ ᠠᠪᠴᠢᠷᠠᠬᠤ ᠪᠠ ᠬᠥᠭᠵᠢᠭᠦᠯᠵᠦ᠂ ᠳᠠᠭᠠᠭᠤᠯᠤᠭᠴᠢ ᠠᠵᠤ ᠠᠬᠤᠶᠢᠯᠠᠯ ᠤᠨ ᠪᠥᠬᠦ ᠣᠷᠣᠨ ᠪᠦᠰᠡ ᠶᠢᠨ ᠬᠥᠭᠵᠢᠯᠲᠡ ᠶᠢ ᠳᠠᠶᠢᠴᠢᠯᠠᠬᠤ ᠲᠥᠪᠯᠡᠷᠡᠯ ᠤᠨ ᠦᠢᠯᠡᠳᠦᠯ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠬᠤᠪᠣᠷ ᠰᠢᠷᠣᠶ ᠶᠢᠨ ᠠᠵᠤ ᠦᠢᠯᠡᠰ ᠤᠨ ᠣᠯᠠᠨ ᠡᠰᠢᠵᠢᠭᠰᠡᠨ᠂ ᠴᠢᠨᠠᠷ ᠰᠠᠶᠢᠲᠠᠶ ᠬᠥᠭᠵᠢᠯᠲᠡ ᠶᠢ ᠬᠦᠴᠦᠲᠡᠶ ᠠᠬᠢᠭᠤᠯᠤᠨ᠎ᠠ︾ ᠬᠡᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号