ᠲᠦᠷᠦᠭᠦᠦ ᠲᠠᠪᠤᠨ ᠰᠠᠷ᠎ᠠ ᠳᠤ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶᠡᠵᠢᠯ ᠠᠴᠠ ᠳᠡᠭᠡᠭᠰᠢᠬᠢ ᠬᠤᠪᠣᠷ ᠰᠢᠷᠣᠶ ᠶᠢᠨ ᠠᠵᠤ ᠠᠬᠤᠶᠢᠯᠠᠯ ᠨᠢ ᠠᠵᠤ ᠦᠢᠯᠡᠳᠪᠦᠷᠢ ᠶᠢᠨ ᠦᠢᠯᠡᠳᠭᠦᠨ ᠤ ᠪᠥᠬᠦ ᠥᠷᠲᠡᠭ ᠢ 80.7 ᠳ᠋ᠦᠩᠰᠢᠭᠤᠷ ᠲᠥᠭᠦᠷᠢᠭ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/6/21
   ᠡᠨᠡ ᠵᠢᠯ ᠤᠨ ᠲᠦᠷᠦᠭᠦᠦ 5 ᠰᠠᠷ᠎ᠠ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶᠡᠵᠢᠯ ᠠᠴᠠ ᠳᠡᠭᠡᠭᠰᠢᠬᠢ 38 ᠬᠤᠪᠣᠷ ᠰᠢᠷᠣᠶ ᠶᠢᠨ ᠠᠵᠤ ᠠᠬᠤᠶᠢᠯᠠᠯ ᠠᠵᠤ ᠦᠢᠯᠡᠳᠪᠦᠷᠢ᠎ ᠶᠢᠨ ᠦᠢᠯᠡᠳᠭᠦᠨ᠎ ᠤ ᠪᠥᠬᠦ ᠥᠷᠲᠡᠭ ᠢ ᠨᠡᠶᠢᠲᠡ 80.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 86.6%᠎ ᠪᠠᠷ ᠨᠡᠮᠡᠭᠳᠡᠪᠡ᠃    ᠠᠵᠤ ᠦᠢᠯᠡᠰ᠎ ᠎ ᠤᠨ ᠲᠥᠷᠥᠯ ᠬᠡᠯᠪᠡᠷᠢ ᠠᠴᠠ ᠦᠵᠡᠪᠡᠯ᠂ ᠬᠤᠪᠣᠷ ᠰᠢᠷᠣᠶ ᠶᠢᠨ ᠲᠦᠭᠦᠬᠡᠶ ᠮᠠᠲ᠋ᠧᠷᠢᠶᠠᠯ ᠤᠨ ᠠᠵᠤ ᠠᠬᠤᠶᠢᠯᠠᠯ᠂ ᠰᠢᠨ᠎ᠡ ᠮᠠᠲ᠋ᠧᠷᠢᠶᠠᠯ ᠤᠨ ᠠᠵᠤ ᠠᠬᠤᠶᠢᠯᠠᠯ᠂ ᠦᠵᠦᠭᠦᠷ ᠬᠡᠷᠡᠭᠯᠡᠭᠡᠨ ᠤ ᠠᠵᠤ ᠠᠬᠤᠶᠢᠯᠠᠯ ᠲᠣᠰ ᠲᠣᠰ 39.69 ᠳ᠋ᠦᠩᠰᠢᠭᠤᠷ ᠲᠥᠭᠦᠷᠢᠭ᠂ 36.37 ᠳ᠋ᠦᠩᠰᠢᠭᠤᠷ ᠲᠥᠭᠦᠷᠢᠭ᠂ 4.64 ᠳ᠋ᠦᠩᠰᠢᠭᠤᠷ ᠲᠥᠭᠦᠷᠢᠭ ᠤᠨ ᠦᠢᠯᠡᠳᠭᠦᠨ᠎ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 93.8%᠂ 96.9%᠂ 8.1%᠎ ᠪᠠᠷ ᠨᠡᠮᠡᠭᠳᠡᠵᠦ᠂ ᠲᠣᠰ ᠲᠣᠰ ᠪᠥᠬᠦ ᠦᠢᠯᠡᠳᠭᠦᠨ᠎ ᠤ ᠥᠷᠲᠡᠭ ᠤᠨ 49%᠂ 45%᠂ 6%᠎ ᠶᠢ ᠡᠵᠡᠯᠡᠪᠡ᠃ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠠᠵᠤ ᠠᠬᠤᠶᠢᠯᠠᠯ ᠳᠤ᠂ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠠᠵᠤ ᠠᠬᠤᠶᠢᠯᠠᠯ᠂ ᠤᠰᠤᠲᠥ᠋ᠷᠥᠭᠴᠢ ᠮᠠᠲ᠋ᠧᠷᠢᠶᠠᠯ ᠬᠠᠳᠠᠭᠠᠯᠠᠬᠤ ᠠᠵᠤ ᠠᠬᠤᠶᠢᠯᠠᠯ᠂ ᠭᠢᠯᠠᠶᠢᠯᠭᠠᠬᠤ ᠮᠠᠲ᠋ᠧᠷᠢᠶᠠᠯ ᠤᠨ ᠠᠵᠤ ᠠᠬᠤᠶᠢᠯᠠᠯ ᠲᠣᠰ ᠲᠣᠰ 32.69 ᠳ᠋ᠦᠩᠰᠢᠭᠤᠷ ᠲᠥᠭᠦᠷᠢᠭ᠂ 2.46 ᠳ᠋ᠦᠩᠰᠢᠭᠤᠷ ᠲᠥᠭᠦᠷᠢᠭ᠂ 1.23 ᠳ᠋ᠦᠩᠰᠢᠭᠤᠷ ᠲᠥᠭᠦᠷᠢᠭ ᠤᠨ ᠦᠢᠯᠡᠳᠭᠦᠨ᠎ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ  ᠲᠤᠰ ᠲᠤᠰ 98.2 %᠂ 88.9 %᠂ 80.2 % ᠎ ᠢᠶᠠᠷ ᠨᠡᠮᠡᠭᠳᠡᠪᠡ᠃    ᠠᠵᠤ ᠠᠬᠤᠶ ᠶᠢᠨ ᠲᠥᠷᠥᠯ ᠬᠡᠯᠪᠡᠷᠢ ᠠᠴᠠ ᠦᠵᠡᠪᠡᠯ᠂ ᠤᠯᠤᠰ ᠤᠨ ᠥᠮᠴᠢᠯᠡᠯ ᠤᠨ ᠪᠠ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ 7 ᠬᠤᠪᠣᠷ ᠰᠢᠷᠣᠶ ᠶᠢᠨ ᠠᠵᠤ ᠠᠬᠤᠶᠢᠯᠠᠯ ᠨᠢ 46.09 ᠳ᠋ᠦᠩᠰᠢᠭᠤᠷ ᠲᠥᠭᠦᠷᠢᠭ ᠤᠨ ᠦᠢᠯᠡᠳᠭᠦᠨ᠎ ᠤ ᠪᠥᠬᠦ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 106.3%᠎ ᠪᠠᠷ ᠨᠡᠮᠡᠭᠳᠡᠨ᠂ ᠬᠤᠪᠣᠷ ᠰᠢᠷᠣᠶ ᠶᠢᠨ ᠠᠵᠤ ᠦᠢᠯᠡᠳᠪᠦᠷᠢ᠎ ᠶᠢᠨ ᠦᠢᠯᠡᠳᠭᠦᠨ᠎ ᠤ ᠪᠥᠬᠦ ᠥᠷᠲᠡᠭ ᠤᠨ 57.1%᠎ ᠶᠢ ᠡᠵᠡᠯᠡᠪᠡ᠃
 
ᠢᠷᠡᠯᠲᠡ᠄ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠫᠤᠷᠲ᠋ᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号