ᠵᠠᠩ ᠶᠦᠨ ᠢ
ᠨᠡᠶᠢᠲᠡᠯᠡᠭᠰᠡᠨ ᠴᠠᠭ᠄
2021/7/15
ᠵᠠᠩ ᠶᠦᠨ ᠢ᠂ ᠡᠷᠡᠭᠲᠡᠢ᠂ ᠬᠢᠲᠠᠳ ᠦᠨᠳᠦᠰᠦᠲᠡᠨ᠂ 1964 ᠣᠨ ᠤ 4 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠪᠤᠭᠤᠲᠤ ᠬᠤᠳᠠ ᠶᠢᠨ ᠬᠥᠮᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 1987 ᠣᠨ ᠤ 12 ᠰᠠᠷ᠎ᠠ ᠳᠤ ᠨᠠᠮ ᠳᠤ ᠣᠷᠣᠨ᠂ 1983 ᠣᠨ ᠤ 8 ᠰᠠᠷ᠎ᠠ ᠳᠤ ᠠᠵᠢᠯ ᠳᠤ ᠭᠠᠷᠴᠠᠢ᠃ ᠤᠳᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ  ᠤ ᠨᠠᠮ ᠤᠨ ᠠᠵᠢᠯ ᠤᠨ ᠬᠤᠷᠢᠶᠠᠨ ᠤ ᠭᠡᠰᠢᠭᠦᠨ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠶᠢᠨ ᠲᠤᠰᠢᠶᠠᠯ ᠲᠠᠢ᠃ 1980 . 09 —— 1983 . 08 ᠪᠤᠭᠤᠲᠤ ᠶᠢᠨ ᠪᠠᠭᠰᠢ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠲᠣᠭᠠᠨ ᠤ ᠤᠬᠠᠭᠠᠨ ᠤ ᠲᠤᠰᠬᠠᠢ ᠮᠡᠷᠭᠡᠵᠢᠯ ᠳᠤ ᠰᠤᠷᠤᠯᠴᠠᠪᠠ᠃ 1983 . 08 —— 1985 . 05 ᠬᠥᠬᠡᠬᠤᠲᠠ ᠶᠢᠨ ᠪᠠᠷᠢᠯᠭ᠎ᠠ ᠶᠢᠨ ᠢᠨᠵᠧᠨᠧᠷᠢᠩ ᠤᠨ ᠺᠣᠮᠫᠠᠨᠢ ᠶᠢᠨ ᠰᠤᠷᠭᠠᠨ ᠬᠥᠮᠦᠵᠢᠯ ᠤᠨ ᠰᠠᠯᠠᠭ᠎ᠠ᠂ ᠪᠠᠷᠢᠯᠭ᠎ᠠ ᠶᠢᠨ ᠠᠵᠢᠯᠳᠠᠨ ᠤ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠪᠠᠭᠰᠢ᠃ 1985 . 05 —— 1991 . 04 ᠲᠡᠭᠦᠷᠭᠡ ᠶᠢᠨ ᠬᠥᠳᠡᠯᠮᠦᠷᠢ ᠬᠦᠴᠦᠨ ᠤ ᠲᠣᠪᠴᠢᠶ᠎ᠠ᠂ ᠵᠣᠬᠢᠶᠠᠨ ᠪᠠᠶᠢᠭᠤᠯᠬᠤ ᠬᠡᠯᠲᠡᠰ ᠤᠨ ᠠᠵᠢᠯᠯᠠᠭᠴᠢ᠃ 1991 . 04 —— 1992 . 04 ᠳᠡᠭᠦᠷᠭᠡ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠤᠭᠴᠢ᠃ 1992 . 04 —— 1992 . 10 ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠨᠠᠮ ᠤᠨ ᠭᠡᠰᠢᠭᠦᠨ ᠤ ᠬᠠᠮᠢᠶᠠᠷᠤᠯᠲᠠ ᠶᠢᠨ ᠭᠠᠵᠠᠷ ᠲᠤ ᠠᠵᠢᠯᠯᠠᠪᠠ᠃ 1992 . 10 ——1994 . 12  ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠤᠯᠤᠰ ᠲᠥᠷᠥ ᠶᠢᠨ ᠭᠠᠵᠠᠷ ᠤᠨ ᠳᠡᠳ᠋ ᠡᠷᠬᠢᠯᠡᠭᠴᠢ ᠭᠡᠰᠢᠭᠦᠴᠢ  ᠃1994 . 12 —— 1996 . 01 ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠤᠯᠤᠰ ᠲᠥᠷᠥ ᠶᠢᠨ ᠭᠠᠵᠠᠷ ᠤᠨ ᠳᠡᠳ᠋ ᠳᠠᠷᠤᠭ᠎ᠠ᠃1996 . 01—— 1999 . 09 ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠵᠢᠩᠬᠢᠨᠢ ᠰᠠᠯᠠᠭᠠᠨ ᠤ ᠳᠡᠰ ᠤᠨ ᠪᠠᠶᠢᠴᠠᠭᠠᠭᠴᠢ  ᠃1999 . 09 —— 2002 . 12 ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠤᠯᠤᠰ ᠲᠥᠷᠥ ᠶᠢᠨ ᠬᠡᠯᠲᠡᠰ ᠤᠨ ᠳᠡᠳ᠋ ᠡᠷᠬᠢᠯᠡᠭᠴᠢ᠂ ᠵᠢᠩᠬᠢᠨᠢ ᠰᠠᠯᠠᠭᠠᠨ ᠲᠡᠰ ᠤᠨ ᠪᠠᠶᠢᠴᠠᠭᠠᠭᠴᠢ  ᠃2002 . 12 —— 2003 . 03 ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠤᠯᠤᠰ ᠲᠦᠷᠦ ᠶᠢᠨ ᠬᠡᠯᠲᠡᠰ ᠤᠨ ᠳᠡᠳ᠋ ᠡᠷᠬᠢᠯᠡᠭᠴᠢ᠂ ᠳᠡᠳ᠋ ᠰᠢᠶᠠᠨ ᠤ ᠳᠡᠰ ᠤᠨ ᠪᠠᠶᠢᠴᠠᠭᠠᠭᠴᠢ᠃ 2003 . 03 —— 2003 . 06 ᠳ᠋ᠦᠩ ᠾᠧ ᠲᠣᠭᠤᠷᠢᠭ ᠤᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠪᠠᠶᠢᠴᠠᠭᠠᠬᠤ ᠬᠤᠷᠢᠶᠠᠨ ᠤ ᠤᠯᠤᠰ ᠲᠦᠷᠦ ᠶᠢᠨ ᠬᠡᠯᠲᠡᠰ ᠤᠨ ᠳᠡᠳ᠋ ᠡᠷᠬᠢᠯᠡᠭᠴᠢ᠂ ᠳᠡᠳ᠋ ᠰᠢᠶᠠᠨ ᠤ ᠳᠡᠰ ᠤᠨ ᠪᠠᠶᠢᠴᠠᠭᠠᠭᠴᠢ᠃ 2003 . 06 —— 2006 . 07 ᠳ᠋ᠦᠩ ᠾᠧ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ︵2002 . 09 —— 2004 . 07 ᠪᠡᠭᠡᠵᠢᠩ ᠶᠡᠭᠡ ᠰᠤᠷᠭᠠᠭᠤᠯᠢ  ︿ᠰᠦᠯᠵᠢᠶᠡᠨ ᠤ ᠰᠤᠷᠭᠠᠨ ᠬᠥᠮᠦᠵᠢᠯ﹀  ᠶᠢᠨ ᠬᠠᠤᠯᠢ ᠶᠢᠨ ᠤᠬᠠᠭᠠᠨ ᠤ ᠲᠤᠰᠬᠠᠢ ᠮᠡᠷᠭᠡᠵᠢᠯ ᠳᠤ ᠰᠤᠷᠤᠯᠴᠠᠪᠠ︶᠃ 2006 . 07 —— 2015 . 04 ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠃ 2015 . 04 —— 2016 . 09 ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠃ 2016 . 09 ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶᠠᠨ  ᠤ ᠭᠡᠰᠢᠭᠦᠨ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号