ᠶᠠᠩ ᠽᠧᠩ ᠱᠸᠤ
ᠨᠡᠶᠢᠲᠡᠯᠡᠭᠰᠡᠨ ᠴᠠᠭ᠄
2021/7/29
     ᠶᠠᠩ ᠽᠧᠩ ᠱᠸᠤ  ᠂ ᠡᠷᠡᠭᠲᠡᠶ᠂ ᠬᠢᠲᠠᠳ ᠦᠨᠳᠦᠰᠦᠲᠡᠨ᠂ 1962 ᠣᠨ ᠤ 5 ᠰᠠᠷ᠎ᠠ ᠳᠤ ᠳᠦᠷᠦᠵᠡᠶ᠂ ᠱᠠᠨ ᠰᠢ ᠶᠢᠨ ᠶᠣᠸᠠᠨ ᠫᠢᠩ ᠤᠨ ᠬᠥᠮᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠠᠵᠤ ᠠᠬᠤᠶ ᠶᠢᠨ ᠤᠬᠠᠭᠠᠨ ᠤ ᠮᠠᠬᠢᠰᠲ᠋ᠧᠷ᠂ 1982 ᠣᠨ ᠤ 9 ᠰᠠᠷ᠎ᠠ ᠳᠤ ᠠᠵᠢᠯ ᠳᠤ ᠭᠠᠷᠣᠨ᠂ 1988 ᠣᠨ ᠤ 6 ᠰᠠᠷ᠎ᠠ ᠳᠤ ᠨᠠᠮ ᠳᠤ ᠣᠷᠣᠵᠠᠶ᠂ ᠣᠲᠣ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶᠠᠨ ᠤ ᠭᠡᠰᠢᠭᠦᠨ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠶᠢᠨ ᠲᠤᠰᠢᠶᠠᠯ ᠲᠠᠢ᠃     1980 . 09 —— 1982 . 07 ᠥᠪᠥᠷ ᠮᠣᠩᠭᠤᠯ ᠤᠨ ᠡᠳ᠋ ᠤᠨ ᠵᠠᠰᠠᠭ ᠤᠨ ᠰᠤᠷᠭᠠᠭᠤᠯᠢ ᠶᠢᠨ ᠡᠳ᠋ ᠪᠣᠳᠠᠰ ᠤᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠳᠤ ᠰᠤᠷᠤᠯᠴᠠᠪᠠ᠃     1982 . 07 —— 1982 . 09 ᠪᠣᠯᠲᠠᠯ᠎ᠠ ᠠᠵᠢᠯ ᠬᠤᠪᠢᠶᠠᠷᠢᠯᠠᠬᠤ ᠶᠢ ᠬᠦᠯᠢᠶᠡᠪᠡ᠃     1982 . 09 —— 1984 . 12 ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠡᠳ᠋ ᠤᠨ ᠶᠠᠪᠤᠳᠠᠯ ᠤᠨ ᠰᠠᠯᠠᠭ᠎ᠠ ᠳᠤ ᠠᠵᠢᠯᠯᠠᠪᠠ᠃     1984 . 12 —— 1992 . 05 ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠡᠳ᠋ ᠤᠨ ᠶᠠᠪᠤᠳᠠᠯ ᠤᠨ ᠰᠠᠯᠠᠭᠠᠨ ᠤ ᠳᠡᠳ᠋ ᠳᠠᠷᠤᠭ᠎ᠠ ︵1983 . 09 ——1986 . 07 ᠥᠪᠥᠷ ᠮᠣᠩᠭᠤᠯ ‍ᠤᠨ‌‍ᠷᠠᠳᠢᠤ᠋ ᠲᠧᠯᠸᠢᠰ ᠤᠨ ᠶᠡᠭᠡ ᠰᠣᠷᠭᠠᠭᠤᠯᠢ ᠶᠢᠨ  ᠠᠵᠤ ᠦᠢᠯᠡᠳᠪᠦᠷᠢ ᠶᠢᠨ ᠨᠢᠭᠲᠠᠯᠠᠨ ᠪᠤᠳᠤᠬᠤ ᠲᠤᠰᠬᠠᠢ ᠮᠡᠷᠭᠡᠵᠢᠯ ᠳᠤ ᠰᠤᠷᠤᠯᠴᠠᠪᠠ︶᠃     1992 . 05 —— 1995 . 10 ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠡᠳ᠋ ᠤᠨ ᠶᠠᠪᠤᠳᠠᠯ ᠤᠨ ᠰᠠᠯᠠᠭᠠᠨ ᠤ ᠳᠠᠷᠤᠭ᠎ᠠ᠃     1995 . 10 —— 1999 . 01 ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠡᠳ᠋ ᠤᠨ ᠶᠠᠪᠤᠳᠠᠯ ᠤᠨ ᠭᠠᠵᠠᠷ ᠤᠨ ᠳᠡᠳ᠋ ᠳᠠᠷᠤᠭ᠎ᠠ ︵1994 . 09 —— 1997 . 07 ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠠᠰᠫᠢᠷᠠᠨᠲ ᠲᠤ ᠰᠤᠷᠤᠯᠴᠠᠪᠠ︶᠃     1999 . 01 —— 2001 . 03 ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠶᠡᠷᠦᠩᠬᠡᠢ ᠶᠠᠪᠤᠳᠠᠯ ᠤᠨ ᠭᠠᠵᠠᠷ ᠤᠨ ᠳᠡᠳ᠋ ᠳᠠᠷᠤᠭ᠎ᠠ᠃     2001 . 03 —— 2002 . 09 ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠠᠷᠤ ᠲᠠᠯ᠎ᠠ ᠶᠢᠨ ᠠᠵᠢᠯ ᠤᠨ ᠭᠠᠵᠠᠷ ᠤᠨ ᠳᠡᠳ᠋ ᠳᠠᠷᠤᠭ᠎ᠠ᠃     2002 . 09 —— 2007 . 05 ᠪᠤᠭᠤᠲᠤ ᠶᠢᠨ ᠪᠣᠯᠣᠳ ᠲᠡᠮᠦᠷ ᠤᠨ ᠳᠡᠭᠡᠳᠦ ᠰᠤᠷᠭᠠᠭᠤᠯᠢ ᠶᠢᠨ ᠡᠳ᠋ ᠤᠨ ᠶᠠᠪᠤᠳᠠᠯ ᠤᠨ ᠭᠠᠵᠠᠷ ᠤᠨ ᠳᠡᠳ᠋ ᠳᠠᠷᠤᠭ᠎ᠠ᠃     2007 . 05 —— 2008 . 06 ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠭᠠᠳᠠᠭᠠᠳᠤ ᠲᠠᠢ ᠬᠠᠮᠵᠢᠯᠴᠠᠬᠤ ᠭᠠᠵᠠᠷ ᠤᠨ ᠳᠠᠷᠤᠭ᠎ᠠ ᠪᠥᠭᠡᠳ ᠡᠳ᠋ ᠤᠨ ᠶᠠᠪᠤᠳᠠᠯ ᠤᠨ ᠭᠠᠵᠠᠷ ᠤᠨ ᠳᠡᠳ᠋ ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠪᠠ᠃     2008 . 06 —— 2009 . 06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠡᠳ᠋ ᠤᠨ ᠶᠠᠪᠤᠳᠠᠯ ᠤᠨ ᠭᠠᠵᠠᠷ ᠤᠨ ᠳᠠᠷᠤᠭ᠎ᠠ     2009 . 06 —— 2012 . 09 ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ  ᠤᠨ ᠣᠷᠣᠨ  ᠤ ᠨᠠᠮ ᠤᠨ ᠠᠵᠢᠯ ᠤᠨ ᠬᠤᠷᠢᠶᠠᠨ ᠤ ᠭᠡᠰᠢᠭᠦᠨ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ︵ᠵᠢᠩᠬᠢᠨᠢ ᠰᠢᠶᠠᠨ ᠤ ᠲᠡᠰ ᠢ ᠦᠯᠡᠳᠡᠭᠡᠨ᠎ᠡ︶᠃     2012 . 09  ᠬᠤᠪᠣᠷ ᠰᠢᠷᠣᠶ ᠶᠢᠨ ᠳᠡᠭᠡᠳᠦ ᠰᠢᠨ᠎ᠡ‌ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶᠠᠨ ᠤ  ᠭᠡᠰᠢᠭᠦᠨ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号