ᠦ᠋ ᠵᠢᠶᠦ᠋ᠨ ᠵᠢᠶᠦ᠋ᠨ᠂ ᠡᠷᠡᠭᠲᠡᠢ᠂ ᠬᠢᠲᠠᠳ ᠦᠨᠳᠦᠰᠦᠲᠡᠨ᠂ 1971 ᠣᠨ ᠤ 12 ᠰᠠᠷ᠎ᠠ ᠳᠤ ᠲᠦᠷᠦᠵᠠᠢ᠂ | ᠥᠪᠥᠷ ᠮᠣᠩᠭᠤᠯ ᠤᠨ ᠲᠦᠮᠡᠳ ᠪᠠᠷᠠᠭᠤᠨ ᠬᠤᠰᠢᠭᠤᠨ ᠤ ᠬᠥᠮᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠭᠡᠰᠢᠭᠦᠨ᠂ ᠲᠥᠪ ᠤᠨ ᠨᠠᠮ ᠤᠨ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ | ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠶᠢᠨ ᠮᠠᠬᠢᠰᠲ᠋ᠧᠷ᠃ 1996 ᠣᠨ ᠤ 6 ᠰᠠᠷ᠎ᠠ ᠳᠤ ᠨᠠᠮ ᠳᠤ | ᠣᠷᠣᠨ᠂ 1988 ᠣᠨ ᠤ 12 ᠰᠠᠷ᠎ᠠ ᠳᠤ ᠠᠵᠢᠯ ᠳᠤ ᠭᠠᠷᠴᠠᠢ᠃ ᠤᠳᠤ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ | ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ | 1988 . 12 —— 1993 . 10 ᠲᠦᠮᠡᠳ ᠪᠠᠷᠠᠭᠤᠨ ᠬᠤᠰᠢᠭᠤᠨ ᠤ ᠤᠰᠤᠨ ᠠᠰᠢᠭᠯᠠᠯᠲᠠ ᠶᠢᠨ | ᠠᠵᠢᠯᠯᠠᠬᠤ ᠠᠩᠬᠢ ᠳᠤ ᠠᠵᠢᠯᠯᠠᠪᠠ ︵ᠡᠨᠡ ᠬᠤᠭᠤᠴᠠᠭᠠᠨ ᠳᠤ᠄ 1990 . 09 —— 1993 . 01 | ᠪᠤᠭᠤᠲᠤ ᠬᠤᠳᠠ ᠶᠢᠨ ᠠᠵᠢᠯᠳᠠᠨ ᠠᠵᠢᠯᠴᠢᠨ ᠤ ᠶᠡᠭᠡ ᠰᠤᠷᠭᠠᠭᠤᠯᠢ ᠳᠤ ᠬᠢᠲᠠᠳ ᠬᠡᠯᠡᠨ ᠤ ᠲᠤᠰᠬᠠᠢ ᠮᠡᠷᠭᠡᠵᠢᠯ ᠢᠶᠠᠷ | ᠰᠤᠷᠤᠯᠴᠠᠪᠠ︶᠃ | 1993 . 10 —— 1996 . 04 ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶᠠᠨ ᠳᠤ | ᠠᠵᠢᠯᠯᠠᠪᠠ ︵1994 ᠣᠨ ᠤ 6 ᠰᠠᠷ᠎ᠠ ᠳᠤ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ | ᠬᠡᠰᠢᠭᠦᠴᠢ ᠪᠠᠷ ᠲᠣᠭᠲᠠᠭᠠᠪᠠ︶᠃ | 1996 . 04 —— 1997 . 08 ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶᠠᠨ ᠤ | ᠳᠡᠳ᠋ ᠡᠷᠬᠢᠯᠡᠭᠴᠢ ᠭᠡᠰᠢᠭᠦᠴᠢ᠃ ︵1995 . 08 —— 1997 . 12 ᠲᠥᠪ ᠤᠨ ᠨᠠᠮ ᠤᠨ | ᠰᠤᠷᠭᠠᠭᠤᠯᠢ ᠶᠢᠨ ᠵᠠᠬᠢᠳᠠᠯ ᠢᠶᠠᠷ ᠰᠤᠷᠤᠯᠴᠠᠬᠤ ᠳᠡᠭᠡᠳᠦ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ | ᠲᠤᠰᠬᠠᠢ ᠮᠡᠷᠭᠡᠵᠢᠯ ᠤᠨ ᠵᠢᠩᠬᠢᠨᠢ ᠠᠩᠬᠢ ᠳᠤ ᠰᠤᠷᠤᠯᠴᠠᠪᠠ︶᠃ | 1997 . 08 —— 1998 . 10 ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶᠠᠨ ᠤ | ᠡᠷᠬᠢᠯᠡᠭᠴᠢ ᠭᠡᠰᠢᠭᠦᠴᠢ ᠃ | 1998 . 10 ——2001 . 01 ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠯᠪᠠᠨ | ᠬᠡᠷ ᠤᠨ ᠴᠢᠨᠡᠭᠡᠯᠢᠭ ᠨᠡᠶᠢᠭᠡᠮ ᠢ ᠪᠥᠲᠥᠭᠡᠨ ᠪᠠᠶᠢᠭᠤᠯᠬᠤ ᠰᠠᠯᠠᠭᠠᠨ ᠤ ᠳᠠᠷᠤᠭ᠎ᠠ ᠃ ︵ᠡᠨᠡ ᠬᠤᠭᠤᠴᠠᠭᠠᠨ ᠳᠤ᠄ | 1996 . 09 —— 1999 . 07 ᠪᠡᠭᠡᠵᠢᠩ ᠶᠡᠭᠡ ᠰᠤᠷᠭᠠᠭᠤᠯᠢ ᠶᠢᠨ ᠵᠠᠬᠢᠳᠠᠯ ᠢᠶᠠᠷ ᠰᠤᠷᠬᠤ ᠵᠢᠩᠬᠢᠨᠢ | ᠠᠩᠭᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠳᠤ ᠰᠤᠷᠤᠯᠴᠠᠪᠠ︔ 2000 . 03 | —— 2000 . 06 ᠪᠤᠭᠤᠲᠤ ᠬᠤᠳᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠵᠠᠯᠠᠭᠤᠴᠤᠳ ᠤᠨ | ᠺᠠᠳ᠋ᠷ ᠤᠨ ᠠᠩᠬᠢ ᠳᠤ ᠰᠤᠷᠤᠯᠴᠠᠪᠠ︶᠃ | 2001 . 01 —— 2002 . 04 ᠬᠤᠲᠠ ᠶᠢᠨ ᠣᠶ ᠰᠢᠭᠤᠶ ᠶᠢᠨ ᠲᠣᠪᠴᠢᠶᠠᠨ ᠤ ᠳᠠᠷᠤᠭ᠎ᠠ ᠶᠢᠨ | ᠲᠤᠰᠠᠯᠠᠭᠴᠢ ︵ᠲᠤᠰᠢᠶᠠᠯ ᠡᠭᠦᠷᠭᠡᠯᠡᠨ ᠪᠣᠯᠪᠠᠰᠤᠷᠠᠬᠤ ᠳᠡᠳ᠋ ᠰᠢᠶᠠᠨ ᠤ ᠳᠡᠰ ᠤᠨ ᠬᠠᠷᠠᠭᠠᠯᠵᠠᠯ︶᠃ | 2002 . 04 —— 2006 . 07 ᠬᠤᠲᠠ ᠶᠢᠨ ᠣᠢ ᠰᠢᠭᠤᠶ ᠶᠢᠨ ᠲᠣᠪᠴᠢᠶᠠᠨ ᠤ ᠳᠡᠳ᠋ | ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠃ ︵ᠡᠨᠡ ᠬᠤᠭᠤᠴᠠᠭᠠᠨ ᠳᠤ᠄ 2004 . 05 | ——2006 . 07 ᠪᠣᠯᠲᠠᠯ᠎ᠠ᠂ ᠥᠪᠥᠷ ᠮᠣᠩᠭᠤᠯ ᠤᠨ ᠪᠤᠭᠤᠲᠤ ᠬᠤᠲᠠ ᠶᠢᠨ ᠤᠢ ᠰᠢᠭᠤᠢ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠺᠣᠮᠢᠰᠰᠠᠷ ᠤᠨ ᠲᠤᠰᠢᠶᠠᠯ ᠢ ᠡᠭᠦᠷᠭᠡᠯᠡᠪᠡ᠃ 2005 . 04 | —— 2007 . 07 ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠦᠢᠯᠡᠳᠪᠦᠷᠢ ᠬᠤᠳᠠᠯᠳᠤᠭᠠᠨ ᠤ | ᠬᠠᠮᠢᠶᠠᠷᠤᠯᠲᠠ ᠶᠢᠨ ᠲᠤᠰᠬᠠᠢ ᠮᠡᠷᠭᠡᠵᠢᠯ ᠳᠤ ᠰᠤᠷᠤᠯᠴᠠᠪᠠ︶᠃ | 2006 . 07 —— 2009 . 06 ᠳ᠋ᠦᠩ ᠾᠧ ᠲᠣᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ | ᠳᠡᠳ᠋ ᠲᠣᠭᠤᠷᠢᠭ ᠤᠨ ᠳᠠᠷᠤᠭ᠎ᠠ ︵ᠡᠨᠡ ᠬᠤᠭᠤᠴᠠᠭᠠᠨ ᠳᠤ᠄ 2007 . 03 —— 2007 . 06 | ᠱᠠᠩᠬᠠᠢ ᠶᠢᠨ ᠵᠢᠩ ᠠᠨ ᠲᠣᠭᠤᠷᠢᠭ ᠤᠨ ᠶᠡᠷᠦᠩᠬᠡᠶᠢᠯᠡᠨ ᠵᠠᠰᠠᠬᠤ ᠠᠯᠪᠠᠨ ᠭᠡᠷ ᠤᠨ ᠡᠷᠬᠢᠯᠡᠭᠴᠢ ᠶᠢᠨ | ᠲᠤᠰᠠᠯᠠᠭᠴᠢ ᠶᠢᠨ ᠲᠤᠰᠢᠶᠠᠯ ᠢ ᠲᠦᠷ ᠡᠭᠦᠷᠭᠡᠯᠡᠪᠡ︶᠃ | 2009 . 06 —— 2011 . 02 ᠬᠤᠲᠠ ᠶᠢᠨ ᠨᠠᠮ ᠤᠨ ᠬᠤᠷᠢᠶᠠᠨ ᠤ ᠳᠡᠳ᠋ ᠨᠠᠷᠢᠨ ᠪᠢᠴᠢᠭ | ᠤᠨ ᠳᠠᠷᠤᠭ᠎ᠠ ᠂ ᠬᠤᠲᠠ ᠶᠢᠨ ᠨᠠᠮ ᠤᠨ ᠬᠤᠷᠢᠶᠠᠨ ᠤ ᠰᠡᠷᠭᠡᠶᠢᠯᠡᠬᠦ ᠠᠯᠪᠠᠨ ᠭᠡᠷ ᠤᠨ ᠡᠷᠬᠢᠯᠡᠭᠴᠢ᠂ ᠬᠤᠲᠠ ᠶᠢᠨ | ᠵᠠᠰᠠᠭ ᠤᠨ ᠣᠷᠳᠣᠨ ᠤ ᠰᠡᠷᠭᠡᠶᠢᠯᠡᠬᠦ ᠠᠯᠪᠠᠨ ᠭᠡᠷ ᠤᠨ ᠡᠷᠬᠢᠯᠡᠭᠴᠢ ᠃ | 2011 . 02 —— 2012 . 05 ᠰᠢᠭᠤᠶᠢᠲᠤ ᠲᠤᠭᠤᠷᠢᠭ ᠤᠨ ᠨᠠᠮ ᠤᠨ ᠬᠤᠷᠢᠶᠠᠨ ᠤ ᠳᠡᠳ᠋ | ᠱᠦᠵᠢ ︵ᠵᠢᠩᠬᠢᠨᠢ ᠰᠢᠶᠠᠨ ᠤ ᠳᠡᠰ ᠤᠨ ᠤᠳᠤᠷᠢᠳᠬᠤ ᠲᠤᠰᠢᠶᠠᠯ ᠤᠨ ᠬᠠᠷᠠᠭᠠᠯᠵᠠᠯ ᠢ ᠬᠡᠪ ᠢᠶᠠᠷ ᠪᠠᠶᠢᠯᠭᠠᠨ᠎ᠠ︶᠃ | 2012 . 05 —— 2014 . 08 ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠤᠨ | ᠡᠷᠬᠢᠯᠡᠭᠴᠢ᠃ | 2014 . 08 —— 2015 . 02 ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ ᠨᠠᠮ ᠤᠨ ᠬᠤᠷᠢᠶᠠᠨ ᠤ ᠱᠦᠵᠢ᠂ ᠬᠤᠲᠠ ᠶᠢᠨ ᠵᠠᠰᠠᠭ ᠵᠠᠬᠢᠷᠭᠠᠨ ᠤ | ᠳᠡᠭᠡᠳᠦ ᠰᠤᠷᠭᠠᠭᠤᠯᠢ ᠶᠢᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ | 2015 . 02 —— 2015 . 11 ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ | ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠶᠢᠨ ᠳᠡᠳ᠋ ᠳᠠᠷᠤᠭ᠎ᠠ᠃ | 2015 . 11 —— 2017 . 12 ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ ᠬᠡᠯᠲᠡᠰ ᠤᠨ ᠶᠠᠪᠤᠳᠠᠯ ᠤᠨ ᠬᠤᠷᠠᠯ ᠤᠨ ᠭᠡᠰᠢᠭᠦᠨ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠬᠤᠲᠠ ᠶᠢᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ᠃ | 2017 . 12 ——2018 . 07 ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠳᠣᠯᠠᠭ᠎ᠠ ᠶᠢᠨ ᠲᠣᠪᠴᠢᠶᠠᠨ ᠤ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠬᠤᠲᠠ ᠶᠢᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠶᠢᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ | 2018 . 07 —— 2018 . 09 ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ | ᠤ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠬᠤᠲᠠ ᠶᠢᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ᠃ | 2018 . 09 ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ | ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ᠃ | |