ᠳᠡᠭᠡᠳᠦ ᠰᠢᠨ᠎ᠡ ᠮᠡᠷᠭᠡᠵᠢᠯ ᠤᠨ ᠣᠷᠣᠨ ᠤ 43 ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 870 ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠭᠥᠷᠳᠡᠪᠡ
ᠨᠡᠶᠢᠲᠡᠯᠡᠭᠰᠡᠨ ᠴᠠᠭ᠄
2021/8/9
     ᠥᠪᠡᠷᠲᠡᠭᠡᠨ ᠵᠠᠰᠠᠬᠤ ᠣᠷᠣᠨ ᠤ ︽︿ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠲᠦᠷᠭᠡᠳᠬᠡᠬᠦ ᠲᠤᠬᠠᠶ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ᠪᠠ ︽ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾᠎ ᠤᠨ ᠵᠣᠷᠢᠭ ᠰᠠᠨᠠᠭ᠎ᠠ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ ᠵᠢᠯᠣᠭᠤᠳᠬᠤ ᠪᠠ ᠣᠷᠮᠠᠰᠢᠭᠤᠯᠬᠤ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠣᠶᠢᠷ᠎ᠠ ᠳᠤ 2021 ᠣᠨ ᠤ ᠨᠢᠭᠡ ᠬᠤᠶᠠᠳᠡᠬᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ ᠵᠢᠯᠣᠭᠤᠳᠬᠤ ᠱᠠᠩᠨᠠᠯ ᠤᠨ ᠪᠠᠯᠠ ᠮᠥᠩᠭᠦ᠎ ᠶᠢ ᠪᠠᠭᠤᠯᠭᠠᠪᠠ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ‍ᠤᠨ‌ᠣᠷᠣᠨ ᠳᠤ ᠰᠠᠭᠤᠭ᠎ᠠ ᠠᠵᠤ ᠠᠬᠤᠶᠢᠯᠠᠯ ᠤᠨ ᠪᠤᠭᠤᠲᠤ ᠶᠢᠨ ᠴᠠᠩ ᠬᠥᠩᠭᠡᠨ ᠴᠠᠭᠠᠨ ᠤ ᠤᠮᠠᠷᠠᠲᠤ ᠶᠢᠨ ᠬᠥᠩᠭᠡᠨ ᠴᠠᠭᠠᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 2020 ᠣᠨ ᠳᠤ ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ ᠤᠨ ᠲᠠᠰ ᠤᠨ 43 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠣᠯᠤᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠨᠡᠶᠢᠲᠡ 870 ᠲᠦᠮᠡᠨ ᠲᠥᠭᠦᠷᠢᠭ᠎ ᠲᠤ ᠬᠦᠷᠴᠠᠢ᠃ ᠡᠳᠡᠭᠡᠷ ᠪᠡᠯᠡ ᠮᠥᠩᠭᠦ ᠶᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠦᠷᠭᠦᠯᠵᠢᠯᠡᠨ ᠰᠤᠳᠤᠯᠤᠨ ᠨᠡᠭᠡᠭᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯᠯᠠᠭ᠎ᠠ ᠥᠷᠨᠢᠭᠦᠯᠬᠦ ᠶᠢ ᠳᠡᠮᠵᠢᠬᠦ ᠳᠤ ᠬᠡᠷᠡᠭᠯᠡᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠪᠣᠯᠤᠨ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠡᠷᠡᠭᠦᠯ᠂ ᠲᠦᠷᠭᠡᠨ᠂ ᠦᠷᠭᠦᠯᠵᠢᠯᠡᠨ ᠬᠥᠭᠵᠢᠬᠦ ᠶᠢ ᠲᠦᠯᠬᠢᠨ ᠠᠬᠢᠭᠤᠯᠤᠨ᠎ᠠ᠃
 
ᠢᠷᠡᠯᠲᠡ᠄ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠫᠤᠷᠲ᠋ᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号