ᠳᠡᠭᠡᠳᠦ ᠰᠢᠨ᠎ᠡ ᠮᠡᠷᠭᠡᠵᠢᠯ ᠤᠨ ᠣᠷᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ 10 ︽ᠲᠤᠰᠬᠠᠶ ᠨᠠᠷᠢᠯᠢᠭ ᠣᠨᠴᠠᠭᠠᠶ ᠰᠢᠨ᠎ᠡ︾ ᠠᠵᠤ ᠠᠬᠤᠶᠢᠯᠠᠯ 500 ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠭᠥᠷᠳᠡᠪᠡ
ᠨᠡᠶᠢᠲᠡᠯᠡᠭᠰᠡᠨ ᠴᠠᠭ᠄
2021/9/14
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ 2021 ᠣᠨ ᠤ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠬᠤᠶᠠᠳᠤᠭᠠᠷ ᠪᠦᠯᠦᠭ ᠲᠤᠰᠬᠠᠶ ᠵᠦᠢᠯ ᠤᠨ ᠪᠠᠯᠠ ᠮᠥᠩᠭᠦ ᠶᠢ ᠪᠠᠭᠤᠯᠭᠠᠪᠠ᠂ ᠪᠤᠭᠤᠲᠤ ᠶᠢᠨ ᠲᠢᠶᠠᠨ ᠱᠢ ᠬᠤᠪᠣᠷ ᠰᠢᠷᠣᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠬᠠᠷᠢᠴᠠᠭᠤᠯᠬᠤ ᠺᠣᠮᠫᠠᠨᠢ᠂ ᠪᠤᠭᠤᠲᠤ ᠶᠢᠨ ᠬᠤᠸᠠ ᠳ᠋ᠢᠩ ᠵᠡᠰ ᠤᠨ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠧᠨ ᠳ᠋ᠢᠩ ᠣᠷᠴᠢᠨ ᠲᠣᠭᠤᠷᠢᠨ ᠢ ᠬᠠᠮᠠᠭᠠᠯᠠᠬᠤ ᠡᠨᠧᠷᠭᠢ ᠠᠷᠪᠢᠯᠠᠬᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠺᠧ ᠷᠦᠢ ᠪᠢᠴᠢᠯ ᠰᠣᠷᠢᠨᠵᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠤᠭᠤᠲᠤ ᠶᠢᠨ ᠵᠢᠶᠠᠩ ᠰᠢᠨ ᠪᠢᠴᠢᠯ ᠴᠠᠬᠢᠯᠭᠠᠨ ᠮᠠᠰᠢᠨ ᠤ ᠰᠢᠨᠵᠢᠯᠡᠬᠦ ᠤᠬᠠᠭᠠᠨ ᠤ ᠮᠡᠷᠭᠡᠵᠢᠯ ᠤᠨ ᠬᠢᠵᠠᠭᠠᠷᠲᠤ ᠺᠣᠮᠫᠠᠨᠢ᠂ ᠴᠢᠩ ᠱᠠᠨ ᠴᠠᠬᠢᠯᠭᠠᠨ ᠤ ︵ᠥᠪᠥᠷ ᠮᠣᠩᠭᠤᠯ︶ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠽᠧ ᠷᠦᠨ ᠮᠠᠰᠢᠨ ᠤ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠶᠢᠨ ᠮᠧᠩ ᠬᠤᠢ ᠰᠣᠷᠢᠨᠵᠢᠨ ᠮᠠᠲ᠋ᠧᠷᠢᠶᠠᠯ ᠤᠨ ᠬᠢᠵᠠᠭᠠᠷᠲᠤ ᠬᠠᠷᠢᠴᠠᠭᠤᠯᠬᠤ ᠺᠣᠮᠫᠠᠨᠢ᠂ ᠪᠤᠭᠤᠲᠤ ᠬᠤᠲᠠ ᠶᠢᠨ ᠵᠠᠨ ᠬᠤᠤ ᠴᠠᠬᠢᠯᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠵᠥᠩ ᠰᠢᠨ ᠠᠨ ᠲᠠᠢ ᠰᠣᠷᠢᠨᠵᠢᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ 2021 ᠣᠨ ᠳᠤ ᠰᠢᠨ᠎ᠡ ᠪᠠᠷ ᠮᠠᠭᠠᠳᠯᠠᠨ ᠲᠣᠭᠲᠠᠭᠠᠭᠰᠠᠨ 10 ᠥᠪᠡᠷᠲᠡᠭᠡᠨ ᠵᠠᠰᠠᠬᠤ ᠣᠷᠣᠨ ᠤ ᠲᠠᠰ ᠤᠨ ︽ᠲᠤᠰᠬᠠᠶ ᠨᠠᠷᠢᠯᠢᠭ ᠣᠨᠴᠠᠭᠠᠶ ᠰᠢᠨ᠎ᠡ︾ ᠠᠵᠤ ᠠᠬᠤᠶᠢᠯᠠᠯ ᠨᠡᠶᠢᠲᠡ 500 ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠭᠥᠷᠳᠡᠪᠡ᠂ ᠱᠠᠩᠨᠠᠯ ᠤᠨ ᠪᠡᠯᠡ ᠮᠥᠩᠭᠦ ᠶᠢ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠦᠨ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠶᠢ ᠲᠦᠷᠭᠡᠳᠭᠡᠭᠦ᠂ ᠠᠵᠤ ᠠᠬᠤᠶᠢᠯᠠᠯ ᠤᠨ ᠲᠤᠰᠬᠠᠶᠢᠵᠢᠯᠲᠠ ᠶᠢ ᠠᠬᠢᠭᠤᠯᠬᠤ᠂ ᠨᠠᠷᠢᠯᠢᠭᠵᠢᠭᠤᠯᠬᠤ᠂ ᠤᠨᠴᠠᠯᠢᠭᠳᠤ᠂ ᠰᠢᠨ᠎ᠡ ᠰᠡᠪᠡᠭᠦᠨ ᠬᠥᠭᠵᠢᠯᠲᠡ ᠶᠢᠨ ᠵᠠᠮ ᠳᠤ ᠬᠡᠷᠡᠭᠯᠡᠨ᠎ᠡ᠃
 
ᠢᠷᠡᠯᠲᠡ᠄ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠫᠤᠷᠲ᠋ᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号