ᠪᠤᠭᠤᠲᠤ ᠶᠢᠨ ᠬᠤᠪᠤᠷ ᠰᠢᠷᠤᠢ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠭᠡᠯᠲᠡ ᠶᠢᠨ  ᠤᠷᠤᠨ ᠤ ᠮᠤᠩᠭᠤᠯ ᠰᠦᠯᠵᠢᠶᠡᠨ ᠤ ᠬᠢᠨ ᠮᠤᠩᠭᠤᠯ ᠰᠦᠯᠵᠢᠶ᠎ᠡ ᠪᠠᠨ ᠤᠬᠠᠭᠤᠯᠬᠤ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2022/10/8
     2022ᠤᠨ ᠤ 9ᠰᠠᠷ᠎ᠠ ᠶᠢᠨ8 ᠤ ᠦᠳᠡ ᠶᠢᠨ ᠡᠮᠦᠨ᠎ᠡ᠂ ᠪᠤᠭᠤᠲᠤ ᠶᠢᠨ ᠬᠤᠪᠤᠷ ᠰᠢᠷᠤᠢ ᠳᠡᠭᠡᠳᠦ ᠰᠢᠨ᠎ᠡ  ᠮᠡᠷᠭᠡᠵᠢᠯ ᠤᠨ ᠠᠵᠤ ᠦᠢᠯᠡᠰ ᠤᠨ ᠨᠡᠬᠡᠭᠡᠯᠲᠡ ᠶᠢᠨ ᠤᠷᠤᠨ ᠤ ᠮᠤᠩᠭᠤᠯ ᠰᠦᠯᠵᠢᠶᠡᠨ ᠤ ᠬᠢᠨ ᠤᠯᠤᠰ ᠤᠨ  ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠲᠠᠰᠢᠷᠠᠮ ᠢᠶᠠᠷ᠂ ᠤᠯᠠᠨ ᠲᠦᠮᠡᠨ ᠳᠤ ᠪᠠᠨ  ᠮᠤᠩᠭᠤᠯ ᠰᠦᠯᠵᠢᠶ᠎ᠡ ᠪᠠᠨ ᠲᠠᠨᠢᠯᠴᠠᠭᠤᠯᠤᠨ ᠤᠬᠠᠭᠤᠯᠬᠤ ᠬᠦᠳᠡᠯᠭᠡᠭᠡᠨ ᠦᠷᠨᠢᠭᠦᠯᠪᠡ᠃            ᠲᠤᠰ ᠤᠳᠠᠭᠠᠨ ᠤ ᠤᠬᠠᠭᠤᠯᠬᠤ ᠠᠵᠢᠯᠯᠠᠭ᠎ᠠ ᠳᠤ ᠨᠡᠬᠡᠭᠡᠯᠲᠡ ᠶᠢᠨ ᠤᠷᠤᠨ ᠤ ᠮᠤᠩᠭᠤᠯ ᠰᠦᠯᠵᠢᠶ᠎ᠡ ᠪᠠᠷ  ᠳᠠᠮᠵᠢᠨ ᠮᠤᠩᠭᠤᠯ ᠠᠷᠠᠳ ᠲᠦᠮᠡᠨ  ᠨᠠᠮ ᠤᠨ ᠴᠢᠭᠯᠡᠯᠲᠡ᠂ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠳᠦᠷᠢᠮ  ᠲᠤᠭᠲᠠᠭᠠᠯ᠂ ᠪᠢᠴᠢᠭ ᠮᠠᠲ᠋ᠧᠷᠢᠶᠠᠯ᠂ ᠮᠡᠳᠡᠭᠡ ᠵᠠᠩᠬᠢ᠂ ᠤᠯᠠᠨ ᠲᠦᠮᠡᠨ ᠤ ᠠᠩᠬᠠᠷᠤᠨ ᠬᠠᠯᠠᠮᠵᠢᠯᠠᠵᠤ ᠪᠠᠶᠢᠭ᠎ᠠ  ᠵᠦᠢᠯᠡᠰ᠂ ᠠᠮᠢᠳᠤᠷᠠᠯ ᠠᠬᠤᠢ ᠦᠢᠯᠡᠴᠢᠯᠡᠭᠡ᠂ ᠤᠷᠤᠨ ᠨᠤᠲᠤᠭ ᠤᠨ ᠤᠨᠴᠠᠯᠢᠭᠲᠤ ᠠᠵᠤ ᠦᠢᠯᠡᠰ᠂ ᠦᠩᠭᠡᠲᠦ  ᠦᠵᠡᠮᠵᠢ᠂ ᠠᠶᠠᠯᠠᠯ ᠵᠢᠭᠤᠯᠴᠢᠯᠠᠯ ᠵᠡᠷᠭᠡ ᠵᠦᠢᠯᠡᠰ ᠢ ᠮᠤᠩᠭᠤᠯ ᠬᠡᠯᠡ ᠪᠠᠷ ᠢᠶᠠᠨ ᠴᠠᠭ ᠲᠤᠬᠠᠢ ᠳᠤᠨᠢ ᠤᠶᠢᠯᠭᠠᠨ  ᠠᠪᠴᠤ ᠪᠤᠯᠬᠤ ᠵᠡᠷᠭᠡ ᠶᠢ ᠲᠠᠶᠢᠯᠪᠤᠷᠢᠯᠠᠭᠰᠠᠨ ᠪᠠᠶᠢᠨ᠎ᠠ᠃         ᠲᠤᠰ ᠤᠳᠠᠭᠠᠨ ᠤ ᠤᠠᠬᠭᠤᠯᠬᠤ ᠠᠵᠢᠯᠯᠠᠭ᠎ᠠ ᠨᠢ ᠮᠤᠩᠭᠤᠯ ᠰᠦᠯᠵᠢᠶ᠎ᠡ ᠪᠠᠨ ᠨᠡᠩ ᠲᠦᠭᠡᠮᠡᠯᠵᠢᠭᠦᠯᠵᠦ᠂  ᠠᠷᠠᠳ ᠲᠦᠮᠡᠨ ᠳᠤ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠪᠠᠬᠢ ᠴᠤᠭᠴᠠᠯᠠᠬᠤ ᠳᠤ ᠢᠳᠡᠪᠬᠢᠲᠠᠢ ᠠᠬᠢᠭᠤᠯᠬᠤ ᠦᠢᠯᠡᠳᠦᠯ ᠦᠵᠡᠭᠦᠯᠪᠡ᠃
 
ᠢᠷᠡᠯᠲᠡ᠄ ᠪᠤᠭᠤᠲᠤ ᠶᠢᠨ ᠬᠤᠪᠤᠷ ᠰᠢᠷᠤᠢ ᠳᠡᠭᠡᠳᠦ ᠰᠢᠨ᠎ᠡ ᠮᠡᠷᠭᠡᠵᠢᠯ ᠦᠨ ᠠᠵᠤ ᠦᠢᠯᠡᠰ  ᠦᠨ ᠨᠡᠬᠡᠭᠡᠯᠲᠡ ᠶᠢᠨ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号