ᠰᠢᠨ᠎ᠡ ᠶᠢ ᠡᠷᠢᠯᠬᠢᠯᠡᠨ ᠬᠤᠪᠢᠷᠠᠯᠲᠠ ᠶᠢ ᠪᠣᠳᠣᠯᠬᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ ᠠᠵᠤ ᠦᠢᠯᠡᠰ ᠤᠨ ᠬᠤᠪᠢᠰᠤᠯᠲᠠ ᠶᠢ ᠪᠣᠳᠣᠯᠬᠢᠯᠠᠨ᠎ᠠ︔ᠪᠠᠶᠢᠳᠠᠯ ᠢ ᠲᠥᠪᠯᠡᠷᠡᠭᠦᠯᠦᠨ ᠠᠵᠢᠯᠯᠠᠵᠤ᠂ ᠠᠵᠤ ᠦᠢᠯᠡᠰ ᠤᠨ ᠬᠡᠯᠬᠢᠶ᠎ᠡ ᠶᠢᠨ ᠰᠡᠳᠬᠢᠬᠦᠢ ᠪᠠᠷ ᠲᠦᠷᠦᠯ ᠵᠦᠢᠯ ᠢ ᠠᠳᠬᠤᠬᠤ ᠬᠡᠷᠡᠭᠲᠡᠢ
ᠨᠡᠶᠢᠲᠡᠯᠡᠭᠰᠡᠨ ᠴᠠᠭ᠄
2022/11/10
       ᠰᠣᠷᠪᠤᠯᠵᠢᠯᠠᠭ᠎ᠠ ᠶᠢᠨ ᠭᠤᠣᠯ ᠰᠡᠳᠦᠪ᠄ ᠰᠢᠨ᠎ᠡ ᠶᠢ ᠡᠷᠢᠯᠬᠢᠯᠡᠨ ᠬᠤᠪᠢᠷᠠᠯᠲᠠ ᠶᠢ ᠪᠣᠳᠣᠯᠬᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠵᠤ ᠦᠢᠯᠡᠰ ᠤᠨ ᠬᠤᠪᠢᠰᠤᠯᠲᠠ ᠶᠢ ᠣᠯᠭᠤᠨ᠎ᠠ ᡽ᠪᠠᠶᠢᠳᠠᠯ ᠢ ᠲᠥᠪᠯᠡᠷᠡᠭᠦᠯᠦᠨ ᠠᠵᠢᠯᠯᠠᠵᠤ᠂ ᠠᠵᠤ ᠦᠢᠯᠡᠰ ᠤᠨ ᠬᠡᠯᠬᠢᠶ᠎ᠡ ᠶᠢᠨ ᠰᠡᠳᠬᠢᠬᠦᠢ ᠪᠠᠷ ᠲᠦᠷᠦᠯ ᠵᠦᠢᠯ ᠢ ᠠᠳᠬᠤᠬᠤ ᠬᠡᠷᠡᠭᠲᠡᠢ         ᠰᠤᠷᠪᠤᠯᠵᠢᠯᠠᠭᠰᠠᠨ ᠴᠠᠭ᠄ 2022 ︱ 08 ︱ 18         ᠰᠤᠷᠪᠤᠯᠵᠢᠯᠠᠭᠰᠠᠨ ᠵᠣᠴᠢᠨ᠄ ᠪᠤᠭᠤᠲᠤ ᠬᠤᠲᠠ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ‍ᠦᠨ‌ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠦ᠋ ᠵᠢᠶᠦ᠋ᠨ ᠵᠢᠶᠦ᠋ᠨ       ᠰᠣᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠬᠥᠭᠵᠢᠯᠲᠡ ᠶᠢᠨ ᠰᠠᠭᠤᠷᠢ ᠶᠢ ᠪᠠᠲᠤᠳᠬᠠᠬᠤ᠂ ᠪᠣᠳᠠᠲᠤ ᠴᠣᠭᠴᠠ ᠶᠢᠨ ᠠᠵᠤ ᠠᠬᠤᠢ ᠶᠢ ᠪᠤᠵᠠᠭᠠᠶᠢᠷᠠᠭᠤᠯᠬᠤ᠂ ᠰᠢᠨ᠎ᠡ ᠶᠢ ᠡᠭᠦᠳᠬᠦ ᠬᠥᠭᠵᠢᠯᠲᠡ ᠶᠢ ᠬᠡᠷᠬᠢᠨ ᠪᠡᠶᠡᠯᠡᠭᠦᠯᠬᠦ ᠳᠤ ᠴᠢᠭᠯᠡᠭᠦᠯᠵᠦ᠂ ᠳᠡᠭᠡᠳᠦ ᠰᠢᠨ᠎ᠡ ᠮᠡᠷᠭᠡᠵᠢᠯ ‍ᠦᠨ‌ᠤᠷᠤᠨ ᠤ ᠥᠩᠭᠡᠷᠡᠭᠰᠡᠨ ᠨᠢᠭᠡ ᠵᠢᠯ ᠳᠤ ᠭᠠᠷᠭᠠᠭᠰᠠᠨ ᠦᠷ᠎ᠡ ᠪᠦᠲᠦᠮᠵᠢ ᠵᠢᠴᠢ ᠢᠷᠡᠭᠡᠳᠦᠢ ᠶᠢᠨ ᠴᠢᠷᠮᠠᠶᠢᠬᠤ ᠴᠢᠭᠯᠡᠯ ᠢ ᠬᠤᠷᠢᠶᠠᠩᠭᠤᠶᠢᠯᠠᠵᠠᠢ᠃        ᠰᠤᠷᠪᠤᠯᠵᠢᠯᠠᠨ ᠶᠠᠷᠢᠯᠴᠠᠭᠰᠠᠨ ᠠᠭᠤᠯᠭ᠎ᠠ᠄ ᠰᠢᠨ᠎ᠡ ᠶᠢ ᠡᠷᠢᠯᠬᠢᠯᠡᠨ ᠬᠤᠪᠢᠷᠠᠯᠲᠠ ᠶᠢ ᠪᠣᠳᠣᠯᠬᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ ᠠᠵᠤ ᠦᠢᠯᠡᠰ ᠤᠨ ᠬᠤᠪᠢᠰᠤᠯᠲᠠ ᠶᠢ ᠪᠣᠳᠣᠯᠬᠢᠯᠠᠨ᠎ᠠ︔ᠪᠠᠶᠢᠳᠠᠯ ᠢ ᠲᠥᠪᠯᠡᠷᠡᠭᠦᠯᠦᠨ ᠠᠵᠢᠯᠯᠠᠵᠤ᠂ ᠠᠵᠤ ᠦᠢᠯᠡᠰ ᠤᠨ ᠬᠡᠯᠬᠢᠶ᠎ᠡ ᠶᠢᠨ ᠰᠡᠳᠬᠢᠬᠦᠢ ᠪᠠᠷ ᠲᠦᠷᠦᠯ ᠵᠦᠢᠯ ᠢ ᠠᠳᠬᠤᠨ᠎ᠠ᠃       ᠬᠥᠲᠥᠯᠥᠭᠴᠢ᠄ ᠪᠥᠬᠦ ᠤᠯᠤᠰ ᠤᠨ ᠴᠣᠷ ᠤᠨ ᠭᠠᠭᠴᠠ ︽ᠬᠤᠪᠣᠷ ᠰᠢᠷᠣᠢ︾᠎ ᠶᠢᠨ ᠡᠬᠢ ᠪᠠᠶᠠᠯᠢᠭ ᠢᠶᠠᠷ ᠨᠡᠷᠡᠶᠢᠳᠦᠭᠰᠡᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ‍ᠦᠨ‌ᠤᠷᠤᠨ ᠪᠣᠯᠤᠭᠰᠠᠨ ᠤ ᠬᠤᠪᠢ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ‌ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ ︽2+2+N︾ ᠬᠥᠭᠵᠢᠯᠲᠡ ᠶᠢᠨ ᠰᠡᠳᠬᠢᠮᠵᠢ ᠶᠣᠰᠣᠭᠠᠷ᠂ ᠬᠤᠪᠣᠷ ᠰᠢᠷᠣᠢ ᠶᠢᠨ ᠠᠵᠤ ᠦᠢᠯᠡᠰ ᠤᠨ ᠡᠬᠢ ᠪᠠᠶᠠᠯᠢᠭ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠲᠥᠪᠯᠡᠷᠡᠭᠦᠯᠬᠦ ᠠᠯᠬᠤᠴᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ︽ᠭᠤᠷᠪᠠᠨ ᠬᠦᠴᠦᠨ ᠢ ᠵᠡᠷᠭᠡᠪᠡᠷ ᠬᠥᠭᠵᠢᠭᠦᠯᠬᠦ︾᠎ ᠶᠢ ᠲᠦᠷᠭᠡᠳᠬᠡᠵᠦ᠂ ᠣᠯᠠᠨ ᠡᠰᠢᠲᠦ ᠬᠥᠭᠵᠢᠯᠲᠡ᠂ ᠣᠯᠠᠨ ᠲᠤᠶᠢᠯ ᠢᠶᠠᠷ ᠲᠤᠯᠭᠠᠭᠤᠷᠢᠯᠠᠭᠰᠠᠨ ᠣᠲᠣ ᠦᠶ᠎ᠡ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠰᠢᠰᠲ᠋ᠧᠮᠵᠢ ᠶᠢ ᠪᠣᠶ ᠪᠣᠯᠭᠠᠨ᠎ᠠ᠃ᠣᠶᠢᠯᠠᠭᠠᠭᠳᠠᠬᠤᠨ ᠪᠣᠯ ᠠᠵᠢᠯᠯᠠᠭ᠎ᠠ ᠶᠢᠨ ᠵᠢᠯᠣᠭᠤᠳᠤᠮᠵᠢ ᠮᠥᠨ᠂ ᠲᠡᠷᠡ ᠨᠢ ᠠᠵᠢᠯᠯᠠᠭ᠎ᠠ ᠶᠢᠨ ᠥᠨᠳᠥᠷᠴᠡ ᠶᠢ ᠲᠣᠭᠲᠠᠭᠠᠳᠠᠭ᠃ᠳᠡᠭᠡᠳᠦ ᠰᠢᠨ᠎ᠡ ᠮᠡᠷᠭᠡᠵᠢᠯ ‍ᠦᠨ‌ᠤᠷᠤᠨ ᠤ  ᠨᠢᠳᠤᠨᠤᠨ ᠤ ᠣᠯᠣᠭᠰᠠᠨ ᠠᠮᠵᠢᠯᠲᠠ ᠪᠦᠲᠦᠮᠵᠢ ᠪᠠ ᠡᠨᠡ ᠵᠢᠯ ᠤᠨ ᠬᠥᠭᠵᠢᠯᠲᠡ ᠶᠢᠨ ᠬᠠᠷᠠᠯᠲᠠ ᠨᠢ ᠶᠠᠭᠤ ᠪᠤᠢ︖      ᠵᠣᠴᠢᠨ᠄ 2022 ᠣᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠨᠢ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ︽ᠲᠥᠷᠥᠯ ᠵᠦᠢᠯ + ᠰᠢᠨᠵᠢᠯᠡᠬᠦ ᠤᠬᠠᠭᠠᠨ ᠮᠡᠷᠭᠡᠵᠢᠯ︾᠎ ᠤᠨ ᠬᠤᠣᠰ ᠬᠥᠳᠡᠯᠭᠡᠭᠦᠷ ᠢ ᠭᠦᠢᠴᠡᠳ ᠬᠡᠷᠡᠭᠯᠡᠵᠦ᠂ ᠰᠤᠨᠤᠮᠠᠯ ᠬᠡᠯᠬᠢᠶ᠎ᠡ ᠪᠠᠷ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠳᠤ ᠠᠰᠢᠭᠲᠠᠢ ᠬᠤᠪᠣᠷ ᠰᠢᠷᠣᠢ ᠶᠢᠨ ᠲᠣᠮᠣ ᠲᠥᠷᠥᠯ ᠵᠦᠢᠯ ᠤᠨ ᠰᠠᠶᠢᠨ ᠲᠥᠷᠥᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠪᠠ ᠦᠢᠯᠡᠳᠬᠦᠨ ᠤ ᠨᠡᠮᠡᠯᠲᠡ ᠥᠷᠲᠡᠭ ᠢ ᠦᠷᠭᠦᠯᠵᠢᠯᠡᠨ ᠳᠡᠭᠡᠭᠰᠢᠯᠡᠭᠦᠯᠵᠦ᠂ ᠢᠯᠠᠩᠭᠤᠶ᠎ᠠ ᠰᠤᠳᠤᠯᠬᠤ ᠪᠠ ᠲᠤᠷᠰᠢᠯᠲᠠ ᠬᠢᠵᠦ ᠬᠥᠭᠵᠢᠭᠦᠯᠬᠦ ᠵᠠᠷᠤᠳᠠᠯ ᠤᠨ ᠣᠷᠣᠭᠤᠯᠤᠯᠲᠠ ᠶᠢᠨ ᠬᠦᠴᠦᠯᠡᠴᠡ ᠶᠢ 4%᠎ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠨᠢᠭᠡ ᠪᠦᠯᠦᠭ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠥᠪᠯᠡᠷᠡᠭᠦᠯᠦᠨ ᠬᠡᠷᠡᠭᠵᠢᠭᠦᠯᠵᠦ᠂ ᠪᠥᠬᠦ ᠵᠢᠯ ᠳᠤ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠢ 120%᠎ ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠵᠤ᠂ ᠪᠥᠬᠦ ᠤᠯᠤᠰ ᠴᠢᠨᠠᠭᠰᠢᠯᠠᠪᠠᠯ ᠳᠡᠯᠡᠬᠡᠢ ᠶᠢᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠪᠠ ᠦᠵᠦᠭᠦᠷ ᠤᠨ ᠬᠡᠷᠡᠭᠯᠡᠭᠡᠨ ᠤ ᠠᠵᠤ ᠦᠢᠯᠡᠰ ᠤᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠤᠨ᠎ᠠ᠃ᠵᠢᠷᠤᠭ ᠲᠥᠰᠥᠪ ᠢ ᠨᠢᠭᠡᠨᠲᠡ ᠵᠢᠷᠤᠭᠯᠠᠵᠤ᠂ ᠡᠷᠡᠯᠬᠡᠭᠯᠡᠨ ᠤᠷᠤᠭᠰᠢᠯᠠᠬᠤ ᠴᠠᠭ ᠦᠶ᠎ᠡ ᠳᠡᠭᠡᠨ ᠪᠠᠶᠢᠨ᠎ᠠ᠃ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠰᠢᠨ᠎ᠡ ᠪᠠᠷ ᠭᠡᠷ᠎ᠡ ᠲᠣᠭᠲᠠᠵᠤ 21 ᠵᠦᠢᠯ ᠤᠨ ᠬᠤᠪᠣᠷ ᠰᠢᠷᠣᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠵᠤ ᠶᠡᠷᠦᠩᠬᠡᠢ ᠪᠡᠯᠡ ᠣᠷᠣᠭᠤᠯᠤᠯᠲᠠ ᠨᠢ 38.4 ᠳ᠋ᠦᠩᠰᠢᠭᠤᠷ ᠲᠥᠭᠦᠷᠢᠭ ᠲᠤ ᠬᠦᠷᠴᠦ᠂ ︽ᠲᠦᠷᠦᠭᠦᠦ ᠬᠡᠰᠡᠭ︾᠎ ᠤᠨ ᠠᠵᠤ ᠠᠬᠤᠶᠢᠯᠠᠯ ᠨᠡᠩ ᠢᠯᠡᠭᠦᠦ ᠬᠤᠷᠠᠨ ᠴᠤᠭᠯᠠᠷᠠᠵᠤ᠂ ᠨᠢᠭᠡᠨᠲᠡ ᠤᠮᠠᠷᠠᠲᠤ ᠶᠢᠨ ᠬᠤᠪᠣᠷ ᠰᠢᠷᠣᠢ᠂ ᠨᠢᠩᠪᠦ᠋ᠸᠧ ᠶᠢᠨ ᠶᠦᠨ ᠱᠧᠩ᠂ ᠳᠤᠮᠳᠠᠳᠤ ᠤᠯᠤᠰ ᠤᠨ ᠵᠦᠩ ᠴᠧ᠂ ᠳ᠋ᠠ ᠳ᠋ᠢ ᠰᠢᠶᠦ᠋ᠩ᠂ ᠶᠢᠨ ᠯᠢ ᠲᠣᠭᠲᠠᠮᠠᠯ ᠰᠣᠷᠢᠨᠵᠢᠨ᠂ ᠶᠢᠨ ᠲᠢᠶᠠᠨ ᠵᠡᠰ ᠤᠨ ᠦᠢᠯᠡᠰ᠂ ᠠᠨ ᠲᠠᠢ ᠰᠢᠨᠵᠢᠯᠡᠬᠦ ᠤᠬᠠᠭᠠᠨ ᠮᠡᠷᠭᠡᠵᠢᠯ᠂ ᠱᠧᠩ ᠾᠧ ᠡᠬᠢ ᠪᠠᠶᠠᠯᠢᠭ ᠵᠡᠷᠭᠡ 8 ᠬᠤᠪᠣᠷ ᠰᠢᠷᠣᠢ ᠶᠢᠨ ᠬᠤᠯᠪᠣᠭᠳᠠᠯ ᠪᠦᠬᠦᠢ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠬᠢᠪᠡ᠂ ᠡᠭᠦᠨ ᠳᠤ ᠨᠢᠩᠪᠦ᠋ᠸᠧ ᠶᠢᠨ ᠶᠦᠨ ᠱᠧᠩ᠂ ᠎ ᠶᠢᠨ ᠯᠢ ᠲᠣᠭᠲᠠᠮᠠᠯ ᠰᠣᠷᠢᠨᠵᠢᠨ ᠳᠤ ᠬᠤᠶᠠᠳᠠᠭᠢ ᠤᠳᠠᠭᠠᠨ ᠤ ᠨᠡᠮᠡᠯᠲᠡ ᠪᠡᠯᠡ ᠣᠷᠣᠭᠤᠯᠤᠯᠲᠠ ᠪᠠᠶᠢᠵᠤ᠂ ᠪᠤᠭᠤᠲᠤ ᠶᠢᠨ ᠶᠦᠨ ᠱᠧᠩ ᠤᠨ ᠲᠦᠷᠦᠯ ᠵᠦᠢᠯ ᠢ ᠪᠠᠶᠢᠭᠤᠯᠤᠭᠰᠠᠨ ᠤ ᠳᠠᠷᠠᠭ᠎ᠠ ᠦᠢᠯᠡᠳᠪᠦᠷᠢᠯᠡᠯ ᠤᠨ ᠴᠢᠳᠠᠪᠤᠷᠢ 3.3 ᠲᠦᠮᠡᠨ ᠲᠣᠨ ᠳᠤ ᠬᠦᠷᠴᠦ᠂ ᠪᠦᠬᠦ ᠪᠥᠮᠪᠥᠷᠴᠡᠭ ᠤᠨ ᠬᠠᠮᠤᠭ ᠤᠨ ᠲᠣᠮᠣ ᠲᠡᠮᠦᠷ ᠪᠤᠷ ᠤᠨ ᠦᠢᠯᠡᠳᠪᠦᠷᠢᠯᠡᠯ ᠤᠨ ᠲᠠᠩ ᠴᠣᠭᠴᠠᠲᠤ ᠲᠦᠷᠦᠯ ᠵᠦᠢᠯ ᠪᠣᠯᠬᠤ ᠪᠣᠯᠣᠨ᠎ᠠ᠃       ᠬᠥᠲᠥᠯᠥᠭᠴᠢ᠄ ᠰᠢᠨ᠎ᠡ ᠲᠥᠷᠥᠯ ᠵᠦᠢᠯ ᠣᠪᠣᠭᠠᠷᠠᠨ ᠣᠷᠣᠵᠤ᠂ ᠬᠠᠭᠤᠴᠢᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠦᠭᠰᠡᠨ ᠤ ᠠᠷᠤ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠪᠠ ᠠᠵᠤ ᠠᠬᠤᠶᠢᠯᠠᠯ ᠳᠤ ᠦᠢᠯᠡᠴᠢᠯᠡᠬᠦ ᠦᠨᠡᠨᠴᠢ ᠰᠡᠳᠬᠢᠯ ᠪᠠ ᠡᠷᠡᠰ ᠵᠣᠷᠢᠭ ᠎ ᠨᠢ ᠶᠠᠮᠠᠷ ᠶᠠᠮᠠᠷ ᠬᠤᠪᠢᠷᠠᠯᠲᠠ ᠲᠠᠢ ᠪᠣᠶ︖      ᠵᠣᠴᠢᠨ᠄ ︽ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ‍ᠦᠨ‌ᠤᠷᠤᠨ ᠎ ᠳᠤ ︿ᠭᠠᠵᠠᠷ ᠠᠪᠤᠪᠠᠯ ᠳᠠᠷᠤᠢ ᠠᠵᠢᠯ ᠡᠬᠢᠯᠡᠭᠦᠯᠬᠦ﹀ ︿ᠳᠤᠲᠠᠭᠤ ᠶᠢ ᠪᠠᠭᠲᠠᠭᠠᠬᠤ ᠶᠢ ᠤᠷᠢᠳᠴᠢᠯᠠᠨ ᠬᠢᠨᠠᠬᠤ + ᠠᠵᠤ ᠠᠬᠤᠶᠢᠯᠠᠯ ᠤᠨ ᠠᠮᠠᠯᠠᠯᠲᠠ﹀ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠳᠤ ᠲᠤᠰᠬᠠᠢ ᠬᠥᠮᠥᠨ ᠢᠶᠠᠷ ᠬᠠᠷᠢᠭᠤᠴᠠᠭᠤᠯᠤᠨ ᠮᠥᠷᠳᠡᠨ ᠦᠢᠯᠡᠴᠢᠯᠡᠬᠦ ᠳᠦᠷᠢᠮ ᠢ ᠬᠡᠷᠡᠭᠵᠢᠭᠦᠯᠦᠨ᠂ ᠲᠥᠷᠥᠯ ᠵᠦᠢᠯ ᠢ ᠨᠠᠶᠢᠳᠠᠪᠤᠷᠢᠵᠢᠭᠤᠯᠬᠤ᠂ ᠪᠦᠲᠦᠭᠡᠨ ᠪᠠᠶᠢᠭᠤᠯᠵᠤ ᠳᠠᠭᠤᠰᠬᠠᠬᠤ ᠠᠴᠠ ᠪᠥᠬᠦ ᠦᠶᠡᠯᠡᠯ ᠤᠨ ᠬᠤᠭᠤᠴᠠᠭ᠎ᠠ ᠶᠢ ᠪᠣᠶᠢᠵᠢᠭᠤᠯᠤᠨ ᠪᠤᠵᠠᠭᠠᠶᠢᠷᠠᠭᠤᠯᠬᠤ ᠬᠦᠷᠲᠡᠯᠡᠬᠢ ᠦᠢᠯᠡᠴᠢᠯᠡᠭᠡᠨ ᠤ ᠪᠢᠲᠡᠭᠦᠦ ᠴᠠᠭᠠᠷᠢᠭ ᠢ ᠪᠠᠶᠢᠭᠤᠯᠵᠤ᠂ ᠣᠷᠣᠭᠤᠯᠤᠨ ᠠᠪᠴᠢᠷᠠᠬᠤ ᠲᠥᠷᠥᠯ ᠵᠦᠢᠯ ᠢ ᠬᠦᠴᠦᠷᠬᠡᠭᠵᠢᠭᠦᠯᠦᠨ ᠪᠤᠵᠠᠭᠠᠶᠢᠷᠠᠭᠤᠯᠵᠤ ᠰᠢᠯᠢᠳᠡᠭᠵᠢᠭᠦᠯᠬᠦ ᠶᠢ ᠠᠬᠢᠭᠤᠯᠤᠨ᠎ᠠ︾᠃      ᠬᠥᠲᠥᠯᠥᠭᠴᠢ᠄ ᠶᠡᠷᠦᠩᠬᠡᠢ ᠪᠠᠶᠢᠳᠠᠯ ᠢ ᠠᠵᠢᠭᠯᠠᠵᠤ᠂ ᠪᠥᠬᠦ ᠲᠠᠯ᠎ᠠ ᠶᠢ ᠪᠣᠳᠣᠯᠬᠢᠯᠠᠨ᠎ᠠ᠃ᠳᠠᠷᠠᠭᠠᠴᠢ ᠶᠢᠨ ᠠᠯᠬᠤᠮ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ‍ᠦᠨ‌ᠤᠷᠤᠨ ᠤ ᠬᠢᠨ ᠬᠡᠷᠬᠢᠨ ᠳᠠᠪᠠᠭᠤᠯᠢᠭ ᠢᠶᠠᠨ ᠪᠠᠳᠠᠷᠠᠭᠤᠯᠵᠤ᠂ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠪᠤᠢ︖     ᠵᠣᠴᠢᠨ᠄ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠢᠨ ︽ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠵᠢᠨ‌ᠤᠷᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠢ ᠬᠥᠭᠵᠢᠭᠦᠯᠬᠦ ᠶᠢ ᠪᠠᠷᠢᠮᠲᠠᠯᠠᠵᠤ᠂ ᠠᠵᠤ ᠦᠢᠯᠡᠰᠵᠢᠯᠲᠡ ᠶᠢᠨ ᠴᠢᠭᠯᠡᠯ ᠢ ᠪᠡᠶᠡᠯᠡᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠭᠡᠬᠦ ᠡᠨᠡᠬᠦ ︽ᠵᠠᠩᠭᠢᠯᠠᠭ᠎ᠠ︾᠎ ᠶᠢ ᠴᠢᠩᠭ᠎ᠠ ᠠᠳᠬᠤᠵᠤ᠂ ᠰᠣᠷᠢᠨᠵᠢᠨᠲᠤ ᠮᠠᠲ᠋ᠧᠷᠢᠶᠠᠯ᠂ ᠤᠰᠤᠲᠥ᠋ᠷᠥᠭᠴᠢ ᠬᠠᠳᠠᠭᠠᠯᠠᠬᠤ ᠮᠠᠲ᠋ᠧᠷᠢᠶᠠᠯ ᠢ ᠤᠷᠢᠳᠠᠪᠠᠷ ᠬᠥᠭᠵᠢᠭᠦᠯᠵᠦ᠂ ᠭᠢᠯᠠᠶᠢᠯᠭᠠᠬᠤ ᠮᠠᠲ᠋ᠧᠷᠢᠶᠠᠯ᠂ ᠭᠡᠷᠡᠯ ᠭᠠᠷᠭᠠᠬᠤ ᠮᠠᠲ᠋ᠧᠷᠢᠶᠠᠯ ᠢ ᠭᠤᠣᠯᠳᠠᠯᠭ᠎ᠠ ᠲᠠᠢ ᠬᠥᠭᠵᠢᠭᠦᠯᠵᠦ᠂ ᠬᠤᠪᠣᠷ ᠰᠢᠷᠣᠢ ᠶᠢᠨ ᠲᠦᠷᠭᠡᠳᠬᠡᠭᠦᠷ ᠤᠨ ᠲᠤᠰᠠᠯᠠᠬᠤ ᠡᠳ᠋᠂ ᠬᠤᠪᠣᠷ ᠰᠢᠷᠣᠢ ᠶᠢᠨ ᠬᠠᠶᠢᠯᠤᠰᠢ᠂ ︽ᠬᠤᠪᠣᠷ ᠰᠢᠷᠣᠢ +︾ ᠬᠡᠷᠡᠭᠯᠡᠭᠡᠨ ᠤ ᠡᠳ᠋ ᠵᠡᠷᠭᠡ ᠠᠵᠤ ᠦᠢᠯᠡᠰ ᠤᠨ ᠬᠡᠯᠬᠢᠶ᠎ᠡ ᠶᠢ ᠵᠡᠷᠭᠡᠪᠡᠷ ᠬᠥᠭᠵᠢᠭᠦᠯᠵᠦ᠂ ᠬᠤᠪᠣᠷ ᠰᠢᠷᠣᠢ ᠶᠢᠨ ᠡᠬᠢ ᠪᠠᠶᠠᠯᠢᠭ ᠢ︽ᠮᠠᠲ᠋ᠧᠷᠢᠶᠠᠯ ᠢ ᠮᠠᠲ᠋ᠧᠷᠢᠶᠠᠯ ᠪᠣᠯᠭᠠᠵᠤ᠂ ᠮᠠᠲ᠋ᠧᠷᠢᠶᠠᠯ ᠢ ᠬᠡᠷᠡᠭᠰᠡᠯ᠂ ᠬᠡᠷᠡᠭᠰᠡᠯ ᠢ ᠳᠡᠭᠡᠳᠦ ᠲᠦᠪᠰᠢᠨ ᠳᠤ ᠬᠦᠷᠭᠡᠬᠦ︾᠎ ᠪᠠᠷ ᠴᠢᠷᠮᠠᠶᠢᠨ᠎ᠠ᠃ᠡᠭᠦᠨ ᠤ ᠬᠠᠮᠲᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ︽ᠲᠠᠪᠴᠠᠩ ᠪᠠᠶᠢᠭᠤᠯᠬᠤ᠂ ᠴᠢᠳᠠᠪᠤᠷᠢᠲᠠᠨ ᠢ ᠴᠤᠭᠯᠠᠭᠤᠯᠬᠤ᠂ ᠣᠷᠣᠭᠤᠯᠤᠯᠲᠠ ᠶᠢ ᠨᠡᠮᠡᠭᠳᠡᠭᠦᠯᠬᠦ᠂ ᠲᠥᠷᠥ ᠶᠢᠨ ᠪᠣᠳᠣᠯᠭ᠎ᠠ ᠬᠠᠩᠭᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ︾ ᠰᠢᠨ᠎ᠡ ᠶᠢ ᠡᠭᠦᠳᠬᠦ ᠠᠮᠢ ᠠᠬᠤᠢ ᠶᠢᠨ ᠬᠠᠮ ᠠᠷᠭ᠎ᠠ ᠪᠠᠷᠢᠯ ᠢ ᠬᠡᠷᠡᠭᠯᠡᠨ᠂ ︽ᠪᠣᠭᠤᠮᠢᠯᠠᠬᠤ︾ ᠭᠤᠣᠯᠯᠠᠬᠤ ᠮᠡᠷᠭᠡᠵᠢᠯ ᠢ ᠲᠠᠰᠤᠷᠠᠯᠲᠠ ᠦᠭᠡᠢ ᠰᠢᠪᠲᠤᠯᠵᠤ᠂ ᠬᠤᠪᠣᠷ ᠰᠢᠷᠣᠢ ᠶᠢᠨ ᠦᠢᠯᠡᠳᠬᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠ ᠠᠵᠤ ᠠᠬᠤᠢ ᠶᠢᠨ ᠨᠡᠮᠡᠯᠲᠡ ᠥᠷᠲᠡᠭ ᠢ ᠲᠦᠷᠭᠡᠳᠬᠡᠨ ᠳᠡᠭᠡᠭᠰᠢᠯᠡᠭᠦᠯᠵᠦ᠂ ᠬᠤᠪᠣᠷ ᠰᠢᠷᠣᠢ ᠶᠢᠨ ᠠᠵᠤ ᠦᠢᠯᠡᠰ ᠲᠤ ᠬᠦᠴᠦᠷᠬᠡᠭ ᠶᠡᠭᠡ ᠳᠣᠲᠣᠭᠠᠳᠤ ᠶᠢᠨ ᠬᠥᠳᠡᠯᠭᠡᠭᠦ ᠬᠦᠴᠦᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠣᠯᠭᠤᠵᠤ᠂ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠠᠮᠤᠷ ᠲᠦᠪᠰᠢᠨ ᠢ ᠦᠷᠭᠦᠯᠵᠢᠯᠡᠨ ᠪᠠᠲᠤᠯᠠᠬᠤ ᠬᠡᠷᠡᠭᠲᠡᠢ᠃       ᠦᠨᠡᠨᠴᠢ ᠰᠢᠳᠤᠷᠭᠤ ᠪᠠᠷ ᠠᠵᠢᠯᠯᠠᠵᠤ ᠪᠣᠳᠠᠲᠠᠢ ᠠᠵᠢᠯᠯᠠᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠬᠦᠴᠦᠨ ᠢᠶᠠᠨ ᠬᠤᠷᠠᠮᠳᠤᠭᠤᠯᠤᠨ ᠠᠯᠤᠰ ᠢ ᠲᠥᠯᠥᠪᠵᠢᠭᠦᠯᠵᠦ ᠲᠠᠬᠢᠨ ᠮᠣᠷᠳᠠᠬᠤ ᠪᠠᠷ ᠴᠢᠷᠮᠠᠶᠢᠬᠤ ᠬᠡᠷᠡᠭᠲᠡᠢ᠃ᠦ᠋ ᠵᠢᠶᠦ᠋ᠨ ᠵᠢᠶᠦ᠋ᠨ ᠢᠯᠡᠷᠬᠡᠶᠢᠯᠡᠬᠦ ᠳᠡᠭᠡᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ‍ᠦᠨ‌ᠤᠷᠤᠨ ᠨᠢ ᠲᠣᠰ ᠬᠤᠭᠤᠴᠠᠭᠠᠨ ᠤ ᠶᠠᠷᠢᠶᠠᠨ ᠤ ᠲᠠᠪᠴᠠᠩ ᠢᠶᠠᠷ ᠰᠢᠨ᠎ᠡ ᠭᠠᠷᠤᠭ᠎ᠠ ᠪᠣᠯᠭᠠᠵᠤ᠂ ︽ᠭᠠᠪᠰᠢᠭᠠᠶᠢᠯᠠᠬᠤ︾ ᠡᠷᠴᠢ ᠵᠣᠷᠢᠭ ᠢᠶᠠᠨ ᠬᠥᠪᠴᠢᠯᠡᠵᠦ᠂ ︽ᠰᠢᠨ᠎ᠡ︾ ᠳᠦᠷᠰᠦ ᠪᠠᠶᠢᠳᠠᠯ ᠢ ᠢᠯᠡᠷᠡᠭᠦᠯᠵᠦ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠲᠥᠷᠥ ᠶᠢᠨ ᠪᠣᠳᠣᠯᠭ᠎ᠠ ᠶᠢᠨ ᠬᠡᠯᠬᠢᠶ᠎ᠡ ᠶᠢ ᠵᠣᠯᠭᠠᠭᠤᠯᠤᠨ ᠬᠤᠯᠪᠣᠭᠰᠠᠨ ᠬᠥᠭᠵᠢᠯᠲᠡ ᠶᠢᠨ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠵᠤ᠂ ᠮᠢᠩᠭᠠᠨ ᠳ᠋ᠦᠩᠰᠢᠭᠤᠷ ᠲᠠᠰ ᠤᠨ ᠬᠤᠪᠣᠷ ᠰᠢᠷᠣᠢ ᠶᠢᠨ ᠠᠵᠤ ᠦᠢᠯᠡᠰ ᠤᠨ ᠪᠥᠭᠡᠮᠨᠡᠷᠡᠯ ᠤᠨ ᠬᠠᠷᠠᠯᠲᠠ ᠳᠠᠰᠢ ᠣᠮᠤᠭ ᠲᠡᠭᠦᠯᠳᠡᠷ ᠢᠶᠠᠷ ᠤᠷᠤᠭᠰᠢᠯᠠᠨ᠎ᠠ ᠭᠡᠵᠡᠢ᠃
 
ᠢᠷᠡᠯᠲᠡ᠄ ᠬᠤᠪᠣᠷ ᠰᠢᠷᠣᠢ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号