ᠰᠣᠷᠪᠤᠯᠵᠢᠯᠠᠭ᠎ᠠ ᠶᠢᠨ ᠭᠤᠣᠯ ᠰᠡᠳᠦᠪ᠄ ᠰᠢᠨ᠎ᠡ ᠶᠢ ᠡᠷᠢᠯᠬᠢᠯᠡᠨ ᠬᠤᠪᠢᠷᠠᠯᠲᠠ ᠶᠢ ᠪᠣᠳᠣᠯᠬᠢᠯᠠᠵᠤ᠂ ᠰᠢᠨᠵᠢᠯᠡᠬᠦ | ᠤᠬᠠᠭᠠᠨ ᠮᠡᠷᠭᠡᠵᠢᠯ ᠢᠶᠠᠷ ᠠᠵᠤ ᠦᠢᠯᠡᠰ ᠤᠨ ᠬᠤᠪᠢᠰᠤᠯᠲᠠ ᠶᠢ ᠣᠯᠭᠤᠨ᠎ᠠ ᠪᠠᠶᠢᠳᠠᠯ ᠢ ᠲᠥᠪᠯᠡᠷᠡᠭᠦᠯᠦᠨ ᠠᠵᠢᠯᠯᠠᠵᠤ᠂ | ᠠᠵᠤ ᠦᠢᠯᠡᠰ ᠤᠨ ᠬᠡᠯᠬᠢᠶ᠎ᠡ ᠶᠢᠨ ᠰᠡᠳᠬᠢᠬᠦᠢ ᠪᠠᠷ ᠲᠦᠷᠦᠯ ᠵᠦᠢᠯ ᠢ ᠠᠳᠬᠤᠬᠤ ᠬᠡᠷᠡᠭᠲᠡᠢ | ᠰᠤᠷᠪᠤᠯᠵᠢᠯᠠᠭᠰᠠᠨ ᠴᠠᠭ᠄ 2022 ︱ 08 ︱ 18 | ᠰᠤᠷᠪᠤᠯᠵᠢᠯᠠᠭᠰᠠᠨ ᠵᠣᠴᠢᠨ᠄ ᠪᠤᠭᠤᠲᠤ ᠬᠤᠲᠠ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠦᠨᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ | ᠦ᠋ ᠵᠢᠶᠦ᠋ᠨ ᠵᠢᠶᠦ᠋ᠨ | ᠰᠣᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠬᠥᠭᠵᠢᠯᠲᠡ ᠶᠢᠨ | ᠰᠠᠭᠤᠷᠢ ᠶᠢ ᠪᠠᠲᠤᠳᠬᠠᠬᠤ᠂ ᠪᠣᠳᠠᠲᠤ ᠴᠣᠭᠴᠠ ᠶᠢᠨ ᠠᠵᠤ ᠠᠬᠤᠢ ᠶᠢ ᠪᠤᠵᠠᠭᠠᠶᠢᠷᠠᠭᠤᠯᠬᠤ᠂ ᠰᠢᠨ᠎ᠡ ᠶᠢ ᠡᠭᠦᠳᠬᠦ | ᠬᠥᠭᠵᠢᠯᠲᠡ ᠶᠢ ᠬᠡᠷᠬᠢᠨ ᠪᠡᠶᠡᠯᠡᠭᠦᠯᠬᠦ ᠳᠤ ᠴᠢᠭᠯᠡᠭᠦᠯᠵᠦ᠂ ᠳᠡᠭᠡᠳᠦ ᠰᠢᠨ᠎ᠡ ᠮᠡᠷᠭᠡᠵᠢᠯ ᠦᠨᠤᠷᠤᠨ ᠤ ᠥᠩᠭᠡᠷᠡᠭᠰᠡᠨ ᠨᠢᠭᠡ | ᠵᠢᠯ ᠳᠤ ᠭᠠᠷᠭᠠᠭᠰᠠᠨ ᠦᠷ᠎ᠡ ᠪᠦᠲᠦᠮᠵᠢ ᠵᠢᠴᠢ ᠢᠷᠡᠭᠡᠳᠦᠢ ᠶᠢᠨ ᠴᠢᠷᠮᠠᠶᠢᠬᠤ ᠴᠢᠭᠯᠡᠯ ᠢ ᠬᠤᠷᠢᠶᠠᠩᠭᠤᠶᠢᠯᠠᠵᠠᠢ᠃ | ᠰᠤᠷᠪᠤᠯᠵᠢᠯᠠᠨ ᠶᠠᠷᠢᠯᠴᠠᠭᠰᠠᠨ ᠠᠭᠤᠯᠭ᠎ᠠ᠄ ᠰᠢᠨ᠎ᠡ ᠶᠢ ᠡᠷᠢᠯᠬᠢᠯᠡᠨ ᠬᠤᠪᠢᠷᠠᠯᠲᠠ ᠶᠢ ᠪᠣᠳᠣᠯᠬᠢᠯᠠᠵᠤ᠂ ᠰᠢᠨᠵᠢᠯᠡᠬᠦ | ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ ᠠᠵᠤ ᠦᠢᠯᠡᠰ ᠤᠨ ᠬᠤᠪᠢᠰᠤᠯᠲᠠ ᠶᠢ ᠪᠣᠳᠣᠯᠬᠢᠯᠠᠨ᠎ᠠ︔ᠪᠠᠶᠢᠳᠠᠯ ᠢ | ᠲᠥᠪᠯᠡᠷᠡᠭᠦᠯᠦᠨ ᠠᠵᠢᠯᠯᠠᠵᠤ᠂ ᠠᠵᠤ ᠦᠢᠯᠡᠰ ᠤᠨ ᠬᠡᠯᠬᠢᠶ᠎ᠡ ᠶᠢᠨ ᠰᠡᠳᠬᠢᠬᠦᠢ ᠪᠠᠷ ᠲᠦᠷᠦᠯ ᠵᠦᠢᠯ ᠢ ᠠᠳᠬᠤᠨ᠎ᠠ᠃ | ᠬᠥᠲᠥᠯᠥᠭᠴᠢ᠄ ᠪᠥᠬᠦ ᠤᠯᠤᠰ ᠤᠨ ᠴᠣᠷ ᠤᠨ ᠭᠠᠭᠴᠠ ︽ᠬᠤᠪᠣᠷ ᠰᠢᠷᠣᠢ︾ ᠶᠢᠨ ᠡᠬᠢ ᠪᠠᠶᠠᠯᠢᠭ ᠢᠶᠠᠷ | ᠨᠡᠷᠡᠶᠢᠳᠦᠭᠰᠡᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠦᠨᠤᠷᠤᠨ ᠪᠣᠯᠤᠭᠰᠠᠨ ᠤ ᠬᠤᠪᠢ ᠳᠤ᠂ ᠬᠤᠪᠣᠷ | ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠲᠣᠭᠲᠠᠭᠠᠭᠰᠠᠨ ︽2+2+N︾ ᠬᠥᠭᠵᠢᠯᠲᠡ ᠶᠢᠨ ᠰᠡᠳᠬᠢᠮᠵᠢ ᠶᠣᠰᠣᠭᠠᠷ᠂ ᠬᠤᠪᠣᠷ ᠰᠢᠷᠣᠢ ᠶᠢᠨ ᠠᠵᠤ ᠦᠢᠯᠡᠰ ᠤᠨ | ᠡᠬᠢ ᠪᠠᠶᠠᠯᠢᠭ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠲᠥᠪᠯᠡᠷᠡᠭᠦᠯᠬᠦ ᠠᠯᠬᠤᠴᠠ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠷᠭᠢᠯᠡᠬᠦ ᠣᠷᠴᠢᠨ | ᠲᠣᠭᠤᠷᠢᠨ ︽ᠭᠤᠷᠪᠠᠨ ᠬᠦᠴᠦᠨ ᠢ ᠵᠡᠷᠭᠡᠪᠡᠷ ᠬᠥᠭᠵᠢᠭᠦᠯᠬᠦ︾ ᠶᠢ ᠲᠦᠷᠭᠡᠳᠬᠡᠵᠦ᠂ ᠣᠯᠠᠨ ᠡᠰᠢᠲᠦ ᠬᠥᠭᠵᠢᠯᠲᠡ᠂ ᠣᠯᠠᠨ | ᠲᠤᠶᠢᠯ ᠢᠶᠠᠷ ᠲᠤᠯᠭᠠᠭᠤᠷᠢᠯᠠᠭᠰᠠᠨ ᠣᠲᠣ ᠦᠶ᠎ᠡ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠰᠢᠰᠲ᠋ᠧᠮᠵᠢ ᠶᠢ ᠪᠣᠶ | ᠪᠣᠯᠭᠠᠨ᠎ᠠ᠃ᠣᠶᠢᠯᠠᠭᠠᠭᠳᠠᠬᠤᠨ ᠪᠣᠯ ᠠᠵᠢᠯᠯᠠᠭ᠎ᠠ ᠶᠢᠨ ᠵᠢᠯᠣᠭᠤᠳᠤᠮᠵᠢ ᠮᠥᠨ᠂ ᠲᠡᠷᠡ ᠨᠢ ᠠᠵᠢᠯᠯᠠᠭ᠎ᠠ ᠶᠢᠨ ᠥᠨᠳᠥᠷᠴᠡ ᠶᠢ | ᠲᠣᠭᠲᠠᠭᠠᠳᠠᠭ᠃ᠳᠡᠭᠡᠳᠦ ᠰᠢᠨ᠎ᠡ ᠮᠡᠷᠭᠡᠵᠢᠯ ᠦᠨᠤᠷᠤᠨ ᠤ ᠨᠢᠳᠤᠨᠤᠨ ᠤ ᠣᠯᠣᠭᠰᠠᠨ ᠠᠮᠵᠢᠯᠲᠠ ᠪᠦᠲᠦᠮᠵᠢ ᠪᠠ ᠡᠨᠡ | ᠵᠢᠯ ᠤᠨ ᠬᠥᠭᠵᠢᠯᠲᠡ ᠶᠢᠨ ᠬᠠᠷᠠᠯᠲᠠ ᠨᠢ ᠶᠠᠭᠤ ᠪᠤᠢ︖ | ᠵᠣᠴᠢᠨ᠄ 2022 ᠣᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠨᠢ ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ︽ᠲᠥᠷᠥᠯ ᠵᠦᠢᠯ + | ᠰᠢᠨᠵᠢᠯᠡᠬᠦ ᠤᠬᠠᠭᠠᠨ ᠮᠡᠷᠭᠡᠵᠢᠯ︾ ᠤᠨ ᠬᠤᠣᠰ ᠬᠥᠳᠡᠯᠭᠡᠭᠦᠷ ᠢ ᠭᠦᠢᠴᠡᠳ ᠬᠡᠷᠡᠭᠯᠡᠵᠦ᠂ ᠰᠤᠨᠤᠮᠠᠯ ᠬᠡᠯᠬᠢᠶ᠎ᠡ ᠪᠠᠷ ᠬᠡᠯᠬᠢᠶ᠎ᠡ ᠶᠢ | ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠳᠤ ᠠᠰᠢᠭᠲᠠᠢ ᠬᠤᠪᠣᠷ ᠰᠢᠷᠣᠢ ᠶᠢᠨ ᠲᠣᠮᠣ ᠲᠥᠷᠥᠯ ᠵᠦᠢᠯ ᠤᠨ ᠰᠠᠶᠢᠨ | ᠲᠥᠷᠥᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠪᠠ | ᠦᠢᠯᠡᠳᠬᠦᠨ ᠤ ᠨᠡᠮᠡᠯᠲᠡ ᠥᠷᠲᠡᠭ ᠢ ᠦᠷᠭᠦᠯᠵᠢᠯᠡᠨ ᠳᠡᠭᠡᠭᠰᠢᠯᠡᠭᠦᠯᠵᠦ᠂ ᠢᠯᠠᠩᠭᠤᠶ᠎ᠠ ᠰᠤᠳᠤᠯᠬᠤ ᠪᠠ ᠲᠤᠷᠰᠢᠯᠲᠠ ᠬᠢᠵᠦ | ᠬᠥᠭᠵᠢᠭᠦᠯᠬᠦ ᠵᠠᠷᠤᠳᠠᠯ ᠤᠨ ᠣᠷᠣᠭᠤᠯᠤᠯᠲᠠ ᠶᠢᠨ ᠬᠦᠴᠦᠯᠡᠴᠡ ᠶᠢ 4% ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠨᠢᠭᠡ | ᠪᠦᠯᠦᠭ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠥᠪᠯᠡᠷᠡᠭᠦᠯᠦᠨ | ᠬᠡᠷᠡᠭᠵᠢᠭᠦᠯᠵᠦ᠂ ᠪᠥᠬᠦ ᠵᠢᠯ ᠳᠤ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠢ 120% ᠠᠴᠠ | ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠵᠤ᠂ ᠪᠥᠬᠦ ᠤᠯᠤᠰ ᠴᠢᠨᠠᠭᠰᠢᠯᠠᠪᠠᠯ ᠳᠡᠯᠡᠬᠡᠢ ᠶᠢᠨ ᠬᠤᠪᠣᠷ ᠰᠢᠷᠣᠢ ᠶᠢᠨ ᠰᠢᠨ᠎ᠡ | ᠮᠠᠲ᠋ᠧᠷᠢᠶᠠᠯ ᠪᠠ ᠦᠵᠦᠭᠦᠷ ᠤᠨ ᠬᠡᠷᠡᠭᠯᠡᠭᠡᠨ ᠤ ᠠᠵᠤ ᠦᠢᠯᠡᠰ ᠤᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠤᠨ᠎ᠠ᠃ | ᠵᠢᠷᠤᠭ ᠲᠥᠰᠥᠪ ᠢ ᠨᠢᠭᠡᠨᠲᠡ ᠵᠢᠷᠤᠭᠯᠠᠵᠤ᠂ ᠡᠷᠡᠯᠬᠡᠭᠯᠡᠨ ᠤᠷᠤᠭᠰᠢᠯᠠᠬᠤ ᠴᠠᠭ ᠦᠶ᠎ᠡ ᠳᠡᠭᠡᠨ ᠪᠠᠶᠢᠨ᠎ᠠ᠃ᠡᠨᠡ ᠵᠢᠯ ᠠᠴᠠ ᠨᠠᠰᠢ᠂ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠰᠢᠨ᠎ᠡ ᠪᠠᠷ ᠭᠡᠷ᠎ᠡ ᠲᠣᠭᠲᠠᠵᠤ 21 ᠵᠦᠢᠯ ᠤᠨ | ᠬᠤᠪᠣᠷ ᠰᠢᠷᠣᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠵᠤ ᠶᠡᠷᠦᠩᠬᠡᠢ ᠪᠡᠯᠡ ᠣᠷᠣᠭᠤᠯᠤᠯᠲᠠ ᠨᠢ 38.4 ᠳ᠋ᠦᠩᠰᠢᠭᠤᠷ | ᠲᠥᠭᠦᠷᠢᠭ ᠲᠤ ᠬᠦᠷᠴᠦ᠂ ︽ᠲᠦᠷᠦᠭᠦᠦ ᠬᠡᠰᠡᠭ︾ ᠤᠨ ᠠᠵᠤ ᠠᠬᠤᠶᠢᠯᠠᠯ ᠨᠡᠩ ᠢᠯᠡᠭᠦᠦ ᠬᠤᠷᠠᠨ ᠴᠤᠭᠯᠠᠷᠠᠵᠤ᠂ | ᠨᠢᠭᠡᠨᠲᠡ ᠤᠮᠠᠷᠠᠲᠤ ᠶᠢᠨ ᠬᠤᠪᠣᠷ ᠰᠢᠷᠣᠢ᠂ ᠨᠢᠩᠪᠦ᠋ᠸᠧ ᠶᠢᠨ ᠶᠦᠨ ᠱᠧᠩ᠂ ᠳᠤᠮᠳᠠᠳᠤ ᠤᠯᠤᠰ ᠤᠨ ᠵᠦᠩ ᠴᠧ᠂ ᠳ᠋ᠠ ᠳ᠋ᠢ | ᠰᠢᠶᠦ᠋ᠩ᠂ ᠶᠢᠨ ᠯᠢ ᠲᠣᠭᠲᠠᠮᠠᠯ ᠰᠣᠷᠢᠨᠵᠢᠨ᠂ ᠶᠢᠨ ᠲᠢᠶᠠᠨ ᠵᠡᠰ ᠤᠨ ᠦᠢᠯᠡᠰ᠂ ᠠᠨ ᠲᠠᠢ ᠰᠢᠨᠵᠢᠯᠡᠬᠦ ᠤᠬᠠᠭᠠᠨ ᠮᠡᠷᠭᠡᠵᠢᠯ᠂ | ᠱᠧᠩ ᠾᠧ ᠡᠬᠢ ᠪᠠᠶᠠᠯᠢᠭ ᠵᠡᠷᠭᠡ 8 ᠬᠤᠪᠣᠷ ᠰᠢᠷᠣᠢ ᠶᠢᠨ ᠬᠤᠯᠪᠣᠭᠳᠠᠯ ᠪᠦᠬᠦᠢ ᠵᠠᠬ᠎ᠠ ᠳᠡᠯᠭᠡᠭᠦᠷ ᠲᠤ ᠭᠠᠷᠤᠭᠰᠠᠨ | ᠺᠣᠮᠫᠠᠨᠢ ᠶᠢᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠬᠢᠪᠡ᠂ ᠡᠭᠦᠨ ᠳᠤ ᠨᠢᠩᠪᠦ᠋ᠸᠧ ᠶᠢᠨ ᠶᠦᠨ ᠱᠧᠩ᠂ | ᠶᠢᠨ ᠯᠢ ᠲᠣᠭᠲᠠᠮᠠᠯ ᠰᠣᠷᠢᠨᠵᠢᠨ ᠳᠤ ᠬᠤᠶᠠᠳᠠᠭᠢ ᠤᠳᠠᠭᠠᠨ ᠤ ᠨᠡᠮᠡᠯᠲᠡ ᠪᠡᠯᠡ ᠣᠷᠣᠭᠤᠯᠤᠯᠲᠠ ᠪᠠᠶᠢᠵᠤ᠂ ᠪᠤᠭᠤᠲᠤ ᠶᠢᠨ | ᠶᠦᠨ ᠱᠧᠩ ᠤᠨ ᠲᠦᠷᠦᠯ ᠵᠦᠢᠯ ᠢ ᠪᠠᠶᠢᠭᠤᠯᠤᠭᠰᠠᠨ ᠤ ᠳᠠᠷᠠᠭ᠎ᠠ ᠦᠢᠯᠡᠳᠪᠦᠷᠢᠯᠡᠯ ᠤᠨ ᠴᠢᠳᠠᠪᠤᠷᠢ 3.3 ᠲᠦᠮᠡᠨ | ᠲᠣᠨ ᠳᠤ ᠬᠦᠷᠴᠦ᠂ ᠪᠦᠬᠦ ᠪᠥᠮᠪᠥᠷᠴᠡᠭ ᠤᠨ ᠬᠠᠮᠤᠭ ᠤᠨ ᠲᠣᠮᠣ ᠲᠡᠮᠦᠷ ᠪᠤᠷ ᠤᠨ ᠦᠢᠯᠡᠳᠪᠦᠷᠢᠯᠡᠯ ᠤᠨ ᠲᠠᠩ ᠴᠣᠭᠴᠠᠲᠤ | ᠲᠦᠷᠦᠯ ᠵᠦᠢᠯ ᠪᠣᠯᠬᠤ ᠪᠣᠯᠣᠨ᠎ᠠ᠃ | ᠬᠥᠲᠥᠯᠥᠭᠴᠢ᠄ ᠰᠢᠨ᠎ᠡ ᠲᠥᠷᠥᠯ ᠵᠦᠢᠯ ᠣᠪᠣᠭᠠᠷᠠᠨ ᠣᠷᠣᠵᠤ᠂ ᠬᠠᠭᠤᠴᠢᠨ ᠠᠵᠤ ᠠᠬᠤᠶᠢᠯᠠᠯ ᠤᠨ ᠪᠡᠯᠡ | ᠣᠷᠣᠭᠤᠯᠤᠯᠲᠠ ᠶᠢ ᠨᠡᠮᠡᠭᠳᠡᠭᠦᠯᠦᠭᠰᠡᠨ ᠤ ᠠᠷᠤ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠪᠠ ᠠᠵᠤ ᠠᠬᠤᠶᠢᠯᠠᠯ ᠳᠤ ᠦᠢᠯᠡᠴᠢᠯᠡᠬᠦ ᠦᠨᠡᠨᠴᠢ ᠰᠡᠳᠬᠢᠯ ᠪᠠ ᠡᠷᠡᠰ ᠵᠣᠷᠢᠭ | ᠨᠢ ᠶᠠᠮᠠᠷ ᠶᠠᠮᠠᠷ ᠬᠤᠪᠢᠷᠠᠯᠲᠠ ᠲᠠᠢ ᠪᠣᠶ︖ | ᠵᠣᠴᠢᠨ᠄ ︽ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠦᠨᠤᠷᠤᠨ ᠳᠤ ︿ᠭᠠᠵᠠᠷ ᠠᠪᠤᠪᠠᠯ ᠳᠠᠷᠤᠢ ᠠᠵᠢᠯ | ᠡᠬᠢᠯᠡᠭᠦᠯᠬᠦ﹀ ︿ᠳᠤᠲᠠᠭᠤ ᠶᠢ ᠪᠠᠭᠲᠠᠭᠠᠬᠤ ᠶᠢ ᠤᠷᠢᠳᠴᠢᠯᠠᠨ ᠬᠢᠨᠠᠬᠤ + ᠠᠵᠤ ᠠᠬᠤᠶᠢᠯᠠᠯ ᠤᠨ ᠠᠮᠠᠯᠠᠯᠲᠠ﹀ ᠵᠡᠷᠭᠡ ᠠᠵᠤ | ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠭᠤᠣᠯᠳᠠᠯᠭ᠎ᠠ ᠲᠠᠢ ᠲᠥᠷᠥᠯ | ᠵᠦᠢᠯ ᠳᠤ ᠲᠤᠰᠬᠠᠢ ᠬᠥᠮᠥᠨ ᠢᠶᠠᠷ ᠬᠠᠷᠢᠭᠤᠴᠠᠭᠤᠯᠤᠨ ᠮᠥᠷᠳᠡᠨ ᠦᠢᠯᠡᠴᠢᠯᠡᠬᠦ ᠳᠦᠷᠢᠮ ᠢ ᠬᠡᠷᠡᠭᠵᠢᠭᠦᠯᠦᠨ᠂ ᠲᠥᠷᠥᠯ | ᠵᠦᠢᠯ ᠢ ᠨᠠᠶᠢᠳᠠᠪᠤᠷᠢᠵᠢᠭᠤᠯᠬᠤ᠂ ᠪᠦᠲᠦᠭᠡᠨ ᠪᠠᠶᠢᠭᠤᠯᠵᠤ ᠳᠠᠭᠤᠰᠬᠠᠬᠤ ᠠᠴᠠ ᠪᠥᠬᠦ ᠦᠶᠡᠯᠡᠯ ᠤᠨ ᠬᠤᠭᠤᠴᠠᠭ᠎ᠠ ᠶᠢ | ᠪᠣᠶᠢᠵᠢᠭᠤᠯᠤᠨ ᠪᠤᠵᠠᠭᠠᠶᠢᠷᠠᠭᠤᠯᠬᠤ ᠬᠦᠷᠲᠡᠯᠡᠬᠢ ᠦᠢᠯᠡᠴᠢᠯᠡᠭᠡᠨ ᠤ ᠪᠢᠲᠡᠭᠦᠦ ᠴᠠᠭᠠᠷᠢᠭ ᠢ ᠪᠠᠶᠢᠭᠤᠯᠵᠤ᠂ ᠣᠷᠣᠭᠤᠯᠤᠨ | ᠠᠪᠴᠢᠷᠠᠬᠤ ᠲᠥᠷᠥᠯ ᠵᠦᠢᠯ ᠢ ᠬᠦᠴᠦᠷᠬᠡᠭᠵᠢᠭᠦᠯᠦᠨ ᠪᠤᠵᠠᠭᠠᠶᠢᠷᠠᠭᠤᠯᠵᠤ ᠰᠢᠯᠢᠳᠡᠭᠵᠢᠭᠦᠯᠬᠦ ᠶᠢ ᠠᠬᠢᠭᠤᠯᠤᠨ᠎ᠠ︾᠃ | ᠬᠥᠲᠥᠯᠥᠭᠴᠢ᠄ ᠶᠡᠷᠦᠩᠬᠡᠢ ᠪᠠᠶᠢᠳᠠᠯ ᠢ ᠠᠵᠢᠭᠯᠠᠵᠤ᠂ ᠪᠥᠬᠦ ᠲᠠᠯ᠎ᠠ ᠶᠢ ᠪᠣᠳᠣᠯᠬᠢᠯᠠᠨ᠎ᠠ᠃ᠳᠠᠷᠠᠭᠠᠴᠢ ᠶᠢᠨ | ᠠᠯᠬᠤᠮ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠦᠨᠤᠷᠤᠨ ᠤ ᠬᠢᠨ ᠬᠡᠷᠬᠢᠨ ᠳᠠᠪᠠᠭᠤᠯᠢᠭ ᠢᠶᠠᠨ | ᠪᠠᠳᠠᠷᠠᠭᠤᠯᠵᠤ᠂ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ | ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠪᠤᠢ︖ | ᠵᠣᠴᠢᠨ᠄ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠢᠨ ︽ᠤᠯᠤᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠵᠢᠨᠤᠷᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠢ ᠬᠥᠭᠵᠢᠭᠦᠯᠬᠦ ᠶᠢ ᠪᠠᠷᠢᠮᠲᠠᠯᠠᠵᠤ᠂ ᠠᠵᠤ | ᠦᠢᠯᠡᠰᠵᠢᠯᠲᠡ ᠶᠢᠨ ᠴᠢᠭᠯᠡᠯ ᠢ ᠪᠡᠶᠡᠯᠡᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠭᠡᠬᠦ ᠡᠨᠡᠬᠦ ︽ᠵᠠᠩᠭᠢᠯᠠᠭ᠎ᠠ︾ ᠶᠢ | ᠴᠢᠩᠭ᠎ᠠ ᠠᠳᠬᠤᠵᠤ᠂ ᠰᠣᠷᠢᠨᠵᠢᠨᠲᠤ ᠮᠠᠲ᠋ᠧᠷᠢᠶᠠᠯ᠂ ᠤᠰᠤᠲᠥ᠋ᠷᠥᠭᠴᠢ ᠬᠠᠳᠠᠭᠠᠯᠠᠬᠤ ᠮᠠᠲ᠋ᠧᠷᠢᠶᠠᠯ ᠢ ᠤᠷᠢᠳᠠᠪᠠᠷ ᠬᠥᠭᠵᠢᠭᠦᠯᠵᠦ᠂ | ᠭᠢᠯᠠᠶᠢᠯᠭᠠᠬᠤ ᠮᠠᠲ᠋ᠧᠷᠢᠶᠠᠯ᠂ ᠭᠡᠷᠡᠯ ᠭᠠᠷᠭᠠᠬᠤ ᠮᠠᠲ᠋ᠧᠷᠢᠶᠠᠯ ᠢ ᠭᠤᠣᠯᠳᠠᠯᠭ᠎ᠠ ᠲᠠᠢ ᠬᠥᠭᠵᠢᠭᠦᠯᠵᠦ᠂ ᠬᠤᠪᠣᠷ ᠰᠢᠷᠣᠢ ᠶᠢᠨ | ᠲᠦᠷᠭᠡᠳᠬᠡᠭᠦᠷ ᠤᠨ ᠲᠤᠰᠠᠯᠠᠬᠤ ᠡᠳ᠋᠂ ᠬᠤᠪᠣᠷ ᠰᠢᠷᠣᠢ ᠶᠢᠨ ᠬᠠᠶᠢᠯᠤᠰᠢ᠂ ︽ᠬᠤᠪᠣᠷ ᠰᠢᠷᠣᠢ +︾ ᠬᠡᠷᠡᠭᠯᠡᠭᠡᠨ ᠤ ᠡᠳ᠋ ᠵᠡᠷᠭᠡ | ᠠᠵᠤ ᠦᠢᠯᠡᠰ ᠤᠨ ᠬᠡᠯᠬᠢᠶ᠎ᠡ ᠶᠢ ᠵᠡᠷᠭᠡᠪᠡᠷ ᠬᠥᠭᠵᠢᠭᠦᠯᠵᠦ᠂ ᠬᠤᠪᠣᠷ ᠰᠢᠷᠣᠢ ᠶᠢᠨ ᠡᠬᠢ ᠪᠠᠶᠠᠯᠢᠭ ᠢ︽ᠮᠠᠲ᠋ᠧᠷᠢᠶᠠᠯ ᠢ ᠮᠠᠲ᠋ᠧᠷᠢᠶᠠᠯ | ᠪᠣᠯᠭᠠᠵᠤ᠂ ᠮᠠᠲ᠋ᠧᠷᠢᠶᠠᠯ ᠢ ᠬᠡᠷᠡᠭᠰᠡᠯ᠂ ᠬᠡᠷᠡᠭᠰᠡᠯ ᠢ ᠳᠡᠭᠡᠳᠦ ᠲᠦᠪᠰᠢᠨ ᠳᠤ ᠬᠦᠷᠭᠡᠬᠦ︾ ᠪᠠᠷ ᠴᠢᠷᠮᠠᠶᠢᠨ᠎ᠠ᠃ᠡᠭᠦᠨ ᠤ ᠬᠠᠮᠲᠤ ︽ | ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠪᠠᠷ ᠶᠡᠷᠦᠩᠬᠡᠶᠢᠯᠡᠨ | ᠵᠢᠯᠣᠭᠤᠳᠤᠭᠤᠯᠵᠤ᠂ ︽ᠲᠠᠪᠴᠠᠩ ᠪᠠᠶᠢᠭᠤᠯᠬᠤ᠂ ᠴᠢᠳᠠᠪᠤᠷᠢᠲᠠᠨ ᠢ ᠴᠤᠭᠯᠠᠭᠤᠯᠬᠤ᠂ ᠣᠷᠣᠭᠤᠯᠤᠯᠲᠠ ᠶᠢ ᠨᠡᠮᠡᠭᠳᠡᠭᠦᠯᠬᠦ᠂ | ᠲᠥᠷᠥ ᠶᠢᠨ ᠪᠣᠳᠣᠯᠭ᠎ᠠ ᠬᠠᠩᠭᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ︾ ᠰᠢᠨ᠎ᠡ ᠶᠢ ᠡᠭᠦᠳᠬᠦ ᠠᠮᠢ ᠠᠬᠤᠢ ᠶᠢᠨ ᠬᠠᠮ | ᠠᠷᠭ᠎ᠠ ᠪᠠᠷᠢᠯ ᠢ ᠬᠡᠷᠡᠭᠯᠡᠨ᠂ ︽ᠪᠣᠭᠤᠮᠢᠯᠠᠬᠤ︾ ᠭᠤᠣᠯᠯᠠᠬᠤ ᠮᠡᠷᠭᠡᠵᠢᠯ ᠢ ᠲᠠᠰᠤᠷᠠᠯᠲᠠ ᠦᠭᠡᠢ ᠰᠢᠪᠲᠤᠯᠵᠤ᠂ ᠬᠤᠪᠣᠷ | ᠰᠢᠷᠣᠢ ᠶᠢᠨ ᠦᠢᠯᠡᠳᠬᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠ ᠠᠵᠤ ᠠᠬᠤᠢ ᠶᠢᠨ ᠨᠡᠮᠡᠯᠲᠡ | ᠥᠷᠲᠡᠭ ᠢ ᠲᠦᠷᠭᠡᠳᠬᠡᠨ ᠳᠡᠭᠡᠭᠰᠢᠯᠡᠭᠦᠯᠵᠦ᠂ ᠬᠤᠪᠣᠷ ᠰᠢᠷᠣᠢ ᠶᠢᠨ ᠠᠵᠤ ᠦᠢᠯᠡᠰ ᠲᠤ ᠬᠦᠴᠦᠷᠬᠡᠭ ᠶᠡᠭᠡ | ᠳᠣᠲᠣᠭᠠᠳᠤ ᠶᠢᠨ ᠬᠥᠳᠡᠯᠭᠡᠭᠦ ᠬᠦᠴᠦᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠣᠯᠭᠤᠵᠤ᠂ ᠬᠤᠪᠣᠷ | ᠰᠢᠷᠣᠢ ᠶᠢᠨ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠠᠮᠤᠷ ᠲᠦᠪᠰᠢᠨ ᠢ | ᠦᠷᠭᠦᠯᠵᠢᠯᠡᠨ ᠪᠠᠲᠤᠯᠠᠬᠤ ᠬᠡᠷᠡᠭᠲᠡᠢ᠃ | ᠦᠨᠡᠨᠴᠢ ᠰᠢᠳᠤᠷᠭᠤ ᠪᠠᠷ ᠠᠵᠢᠯᠯᠠᠵᠤ ᠪᠣᠳᠠᠲᠠᠢ ᠠᠵᠢᠯᠯᠠᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ | ᠬᠦᠴᠦᠨ ᠢᠶᠠᠨ ᠬᠤᠷᠠᠮᠳᠤᠭᠤᠯᠤᠨ ᠠᠯᠤᠰ ᠢ ᠲᠥᠯᠥᠪᠵᠢᠭᠦᠯᠵᠦ ᠲᠠᠬᠢᠨ ᠮᠣᠷᠳᠠᠬᠤ ᠪᠠᠷ ᠴᠢᠷᠮᠠᠶᠢᠬᠤ ᠬᠡᠷᠡᠭᠲᠡᠢ᠃ᠦ᠋ ᠵᠢᠶᠦ᠋ᠨ | ᠵᠢᠶᠦ᠋ᠨ ᠢᠯᠡᠷᠬᠡᠶᠢᠯᠡᠬᠦ ᠳᠡᠭᠡᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠦᠨᠤᠷᠤᠨ ᠨᠢ ᠲᠣᠰ ᠬᠤᠭᠤᠴᠠᠭᠠᠨ ᠤ | ᠶᠠᠷᠢᠶᠠᠨ ᠤ ᠲᠠᠪᠴᠠᠩ ᠢᠶᠠᠷ ᠰᠢᠨ᠎ᠡ ᠭᠠᠷᠤᠭ᠎ᠠ ᠪᠣᠯᠭᠠᠵᠤ᠂ ︽ᠭᠠᠪᠰᠢᠭᠠᠶᠢᠯᠠᠬᠤ︾ ᠡᠷᠴᠢ ᠵᠣᠷᠢᠭ ᠢᠶᠠᠨ ᠬᠥᠪᠴᠢᠯᠡᠵᠦ᠂ ︽ | ᠰᠢᠨ᠎ᠡ︾ ᠳᠦᠷᠰᠦ ᠪᠠᠶᠢᠳᠠᠯ ᠢ ᠢᠯᠡᠷᠡᠭᠦᠯᠵᠦ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠰᠢᠨ᠎ᠡ ᠶᠢ | ᠡᠭᠦᠳᠬᠦ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠲᠥᠷᠥ ᠶᠢᠨ ᠪᠣᠳᠣᠯᠭ᠎ᠠ ᠶᠢᠨ ᠬᠡᠯᠬᠢᠶ᠎ᠡ ᠶᠢ ᠵᠣᠯᠭᠠᠭᠤᠯᠤᠨ ᠬᠤᠯᠪᠣᠭᠰᠠᠨ | ᠬᠥᠭᠵᠢᠯᠲᠡ ᠶᠢᠨ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠵᠤ᠂ ᠮᠢᠩᠭᠠᠨ ᠳ᠋ᠦᠩᠰᠢᠭᠤᠷ ᠲᠠᠰ ᠤᠨ ᠬᠤᠪᠣᠷ | ᠰᠢᠷᠣᠢ ᠶᠢᠨ ᠠᠵᠤ ᠦᠢᠯᠡᠰ ᠤᠨ ᠪᠥᠭᠡᠮᠨᠡᠷᠡᠯ ᠤᠨ ᠬᠠᠷᠠᠯᠲᠠ ᠳᠠᠰᠢ ᠣᠮᠤᠭ ᠲᠡᠭᠦᠯᠳᠡᠷ ᠢᠶᠠᠷ ᠤᠷᠤᠭᠰᠢᠯᠠᠨ᠎ᠠ ᠭᠡᠵᠡᠢ᠃ |