ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ‍ᠦᠨ‌ᠤᠷᠤᠨ ᠤ ᠮᠣᠩᠭᠤᠯ ᠰᠦᠯᠵᠢᠶᠡᠨ ᠤ ᠠᠵᠢᠯᠲᠠᠳ ᠪᠥᠬᠦ ᠬᠤᠲᠠ ᠶᠢᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠢ ᠤᠷᠤᠯᠴᠠᠪᠠ
ᠨᠡᠶᠢᠲᠡᠯᠡᠭᠰᠡᠨ ᠴᠠᠭ᠄
2022/11/17
    ᠰᠠᠶᠢᠨ ᠳᠤᠷ᠎ᠠ ᠶᠢᠨ ᠦᠢᠯᠡᠴᠢᠯᠡᠭᠡ ᠵᠣᠭᠰᠣᠰᠢ ᠦᠭᠡᠢ᠂ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠵᠣᠭᠰᠣᠰᠢ ᠦᠭᠡᠢ᠃ ᠪᠥᠬᠦ ᠬᠤᠲᠠ ᠶᠢᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠭᠡᠯ ᠢ ᠪᠥᠬᠦ ᠬᠦᠴᠦᠨ ᠢᠶᠠᠷ ᠢᠶᠠᠨ ᠪᠠᠬᠢᠵᠢᠭᠦᠯᠬᠦ ᠶᠢᠨ ᠲᠥᠯᠥᠭᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ‍ᠦᠨ‌ᠤᠷᠤᠨ ᠤ ᠮᠣᠩᠭᠤᠯ ᠰᠦᠯᠵᠢᠶᠡᠨ ᠤ ᠠᠵᠢᠯᠲᠠᠳ ᠨᠡᠶᠢᠭᠡᠮ ᠲᠣᠭᠤᠷᠢᠭ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠨᠡᠶᠢᠭᠡᠮ ᠲᠣᠭᠤᠷᠢᠭ ᠲᠤ ᠪᠥᠬᠦ ᠬᠦᠴᠦᠨ ᠢᠶᠠᠷ ᠢᠶᠠᠨ ᠬᠠᠮᠵᠢᠯᠴᠠᠨ ᠬᠠᠪᠰᠤᠷᠴᠤ ᠪᠠᠶᠢᠭᠠᠳ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠎ᠡ᠃  ᠭᠤᠤᠯᠳᠠᠭᠤ ᠭᠠᠵᠠᠷ ᠳᠡᠭᠡᠷᠡᠬᠢ ᠪᠠ ᠨᠣᠭᠤᠭᠠᠷᠠᠭᠤᠯᠤᠯᠲᠠ ᠶᠢᠨ ᠪᠦᠰᠡ ᠶᠢᠨ ᠳᠣᠲᠣᠷᠠᠬᠢ ᠬᠤᠭ ᠨᠣᠪᠰᠢ ᠶᠢ ᠲᠡᠭᠦᠬᠦ᠂ ᠳᠤᠭᠤᠢ ᠲᠡᠷᠭᠡ ᠪᠠ ᠮᠠᠰᠢᠨᠲᠤ  ᠳᠤᠷ᠎ᠠ ᠪᠠᠷ ᠲᠡᠷᠭᠡ ᠵᠤᠭᠰᠤᠬᠤ  ᠢ ᠵᠢᠷᠤᠮᠵᠢᠭᠤᠯᠬᠤ᠂ ᠠᠰᠠᠷ ᠤᠨ ᠬᠤᠩᠭᠢᠯ ᠤᠨ ᠳᠣᠲᠣᠷᠠᠬᠢ ᠡᠯᠳᠡᠪ ᠶᠠᠭᠤᠮ᠎ᠠ ᠶᠢ ᠴᠡᠪᠡᠷᠯᠡᠬᠦ ᠪᠠ ᠠᠰᠠᠷ ᠤᠨ ᠬᠤᠩᠭᠢᠯ ᠤᠨ ᠳᠣᠲᠣᠷᠠᠬᠢ ᠪᠡᠯᠡᠳᠬᠡᠮᠵᠢ ᠶᠢ ᠠᠷᠴᠢᠬᠤ᠂ ᠰᠠᠭᠤᠭᠠᠯᠢ ᠠᠷᠠᠳ ᠤᠨ ᠪᠣᠯᠪᠠᠰᠤᠨ ᠦᠶᠯᠡ ᠠᠵᠢᠯᠯᠠᠭ᠎ᠠ ᠪᠠ ᠪᠣᠯᠪᠠᠰᠤᠨ ᠢᠶᠠᠷ ᠨᠣᠬᠠᠢ ᠲᠡᠵᠢᠭᠡᠬᠦ ᠦᠶᠯᠡ ᠠᠵᠢᠯᠯᠠᠭ᠎ᠠ ᠶᠢ ᠤᠬᠠᠭᠤᠯᠬᠤ ᠵᠡᠷᠭᠡ ᠠᠵᠢᠯ ᠢ ᠰᠠᠶᠢᠲᠤᠷ ᠬᠢᠬᠦ ᠳᠤ ᠬᠠᠮᠵᠢᠯᠴᠠᠨ᠂ ︽ᠪᠣᠯᠪᠠᠰᠤᠨ ᠰᠠᠶᠢᠨ ᠳᠤᠷ᠎ᠠ ᠶᠢᠨ ᠠᠵᠢᠯᠯᠠᠭᠴᠢ ᠪᠣᠯᠬᠤ ᠪᠠᠷ ᠴᠢᠷᠮᠠᠶᠢᠵᠤ᠂ ᠬᠤᠲᠠ ᠪᠠᠶᠢᠭᠤᠯᠬᠤ ᠠᠵᠢᠯ ᠳᠤ ᠢᠳᠡᠪᠬᠢᠲᠡᠢ ᠣᠷᠤᠯᠴᠠᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃      ᠭᠤᠣᠯᠳᠠᠯᠭ᠎ᠠ ᠶᠢ ᠠᠳᠬᠤᠬᠤ᠂ ᠳᠤᠲᠠᠭᠤᠳᠠᠯ ᠢ ᠨᠥᠬᠦᠪᠦᠷᠢᠯᠡᠬᠦ᠂ ᠲᠥᠪᠯᠡᠷᠡᠭᠦᠯᠦᠨ ᠪᠣᠭᠤᠮᠲᠠ ᠰᠢᠪᠲᠤᠯᠬᠤ᠂ ᠬᠦᠴᠦ ᠪᠠᠨ ᠬᠠᠮᠲᠤᠳᠬᠠᠨ ᠴᠡᠭᠴᠡᠯᠡᠨ ᠵᠠᠰᠠᠬᠤ ᠪᠠᠷ ᠳᠠᠮᠵᠢᠭᠤᠯᠵᠤ᠂ ︽ᠴᠡᠪᠡᠷ ᠲᠡᠭᠰᠢ᠂ ᠡᠮᠬᠢ ᠳᠢᠭᠯᠢᠮ ᠲᠠᠢ᠂ ᠲᠠᠭᠠᠯᠠᠮᠵᠢᠲᠠᠢ᠂ ᠪᠠᠶᠠᠷ ᠪᠠᠶᠠᠰᠤᠯ ᠲᠠᠢ︾ ᠬᠠᠷᠢᠶ᠎ᠠ ᠣᠷᠣᠨ ᠤ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠡᠭᠦᠳᠴᠦ᠂ ᠠᠷᠠᠳ ᠤᠯᠠᠨ ᠳᠤ ᠬᠤᠲᠠ ᠶᠢ ᠴᠣᠭᠴᠠᠯᠠᠨ ᠪᠠᠶᠢᠭᠤᠯᠬᠤ ᠴᠡᠭᠴᠡᠯᠡᠨ ᠵᠠᠰᠠᠬᠤ ᠠᠵᠢᠯ ᠤᠨ ᠰᠠᠶᠢᠨ ᠦᠷ᠎ᠡ ᠪᠦᠲᠦᠮᠵᠢ ᠶᠢ ᠦᠨᠡᠨᠬᠦ ᠮᠡᠳᠡᠷᠡᠭᠦᠯᠦᠨ᠎ᠡ᠃
 
ᠢᠷᠡᠯᠲᠡ᠄ ᠪᠤᠭᠤᠲᠤ ᠶᠢᠨ ᠬᠤᠪᠤᠷ ᠰᠢᠷᠤᠢ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠭᠡᠯᠲᠡ ᠶᠢᠨ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号