ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠤ 2022 ᠣᠨ ᠤ ᠳᠡᠭᠡᠷ᠎ᠡ ᠬᠠᠭᠠᠰ ᠵᠢᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠳᠤ ᠲᠥᠪᠯᠡᠷᠡᠭᠦᠯᠦᠨ ᠭᠡᠷ᠎ᠡ ᠲᠣᠭᠲᠠᠬᠤ ᠶᠡᠭᠡ ᠬᠤᠷᠠᠯ
ᠨᠡᠶᠢᠲᠡᠯᠡᠭᠰᠡᠨ ᠴᠠᠭ᠄
2022/11/17
      ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠨᠢ ᠥᠪᠥᠷ ᠮᠣᠩᠭᠤᠯ ᠤᠨ ᠳ᠋ᠠ ᠲᠠᠩ ᠣᠯᠠᠨ ᠤᠯᠤᠰ ᠤᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠴᠢᠩᠳᠣᠣ ᠶᠢᠨ ᠵᠥᠩ ᠵᠢᠶᠠ ᠲᠧ ᠴᠠᠬᠢᠯᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ 21 ᠠᠵᠤ ᠠᠬᠤᠶᠢᠯᠠᠯ ᠲᠠᠢ ︽ᠰᠦᠯᠵᠢᠶᠡᠨ ᠳᠡᠭᠡᠷ᠎ᠡ + ᠰᠦᠯᠵᠢᠶᠡᠨ ᠠᠴᠠ ᠭᠠᠳᠠᠨ᠎ᠠ︾ ᠬᠡᠯᠪᠡᠷᠢ ᠪᠠᠷ 21 ᠲᠥᠷᠥᠯ ᠵᠦᠢᠯ ᠢ ᠲᠥᠪᠯᠡᠷᠡᠭᠦᠯᠦᠨ ᠭᠡᠷ᠎ᠡ ᠲᠣᠭᠲᠠᠵᠤ᠂ ᠡᠭᠦᠨ ᠳᠤ ᠲᠤᠬᠠᠢ ᠶᠢᠨ ᠲᠠᠯᠠᠪᠤᠷ ᠲᠤ 12 ᠲᠥᠷᠥᠯ ᠵᠦᠢᠯ ᠢ ᠭᠡᠷ᠎ᠡ ᠲᠣᠭᠲᠠᠵᠤ᠂ ᠰᠦᠯᠵᠢᠶᠡᠨ ᠤ ᠬᠠᠷᠠᠭᠠᠨ ᠳᠠᠪᠲᠠᠮᠵᠢ ᠪᠠᠷ 9 ᠲᠥᠷᠥᠯ ᠵᠦᠢᠯ ᠢ ᠭᠡᠷ᠎ᠡ ᠲᠣᠭᠲᠠᠪᠠ᠃ ᠭᠡᠷ᠎ᠡ ᠲᠣᠭᠲᠠᠭᠰᠠᠨ ᠵᠥᠪᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ ᠶᠢᠨ ᠲᠤᠭ᠎ᠠ 176.25 ᠳ᠋ᠦᠩᠰᠢᠭᠤᠷ ᠲᠥᠭᠦᠷᠢᠭ ᠲᠤ ᠬᠦᠷᠴᠦ᠂ ᠭᠡᠷ᠎ᠡ ᠲᠣᠭᠲᠠᠭᠰᠠᠨ ᠲᠥᠷᠥᠯ ᠵᠦᠢᠯ ᠳᠤ ︽ᠭᠤᠷᠪᠠᠨ 500 ᠬᠦᠴᠦᠷᠬᠡᠭ︾ ᠠᠵᠤ ᠠᠬᠤᠶᠢᠯᠠᠯ 5 ᠪᠠᠶᠢᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠦᠨ ᠤᠷᠤᠨ ᠤ ᠫᠤᠷᠲᠸ᠋ᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号