ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠲᠣᠭᠲᠠᠭᠠᠯ ᠠᠴᠠ ᠵᠥᠷᠢᠴᠡᠨ ᠡᠵᠡᠩᠨᠡᠭᠰᠡᠨ ᠬᠤᠳᠠᠯᠳᠤᠭᠠᠴᠢᠨ ᠢ ᠪᠠᠶᠢᠴᠠᠭᠠᠨ ᠰᠡᠶᠢᠳᠪᠦᠷᠢᠯᠡᠨ᠎ᠡ
ᠨᠡᠶᠢᠲᠡᠯᠡᠭᠰᠡᠨ ᠴᠠᠭ᠄
2022/11/21
    ᠣᠳᠣᠬᠠᠨ ᠳᠤ ᠶᠠᠭ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠠᠩᠭᠢᠯᠠᠭ᠎ᠠ ᠶᠢᠨ ᠦᠶ᠎ᠡ ᠳᠤ ᠣᠷᠣᠰᠢᠵᠤ ᠪᠠᠶᠢᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠬᠤ ᠶᠢᠨ ᠲᠥᠯᠥᠭᠡ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠤᠬᠠᠭᠤᠯᠭ᠎ᠠ ᠬᠠᠮᠢᠶᠠᠷᠤᠯᠲᠠ ᠡᠵᠡᠮᠳᠡᠯ ᠤᠨ ᠡᠷᠴᠢᠮ ᠢᠶᠠᠨ ᠴᠢᠩᠭᠠᠷᠠᠭᠤᠯᠵᠤ᠂ ᠲᠠᠰᠤᠷᠠᠯᠲᠠ ᠦᠭᠡᠢ ᠬᠠᠤᠯᠢ ᠬᠡᠷᠡᠭᠵᠢᠭᠦᠯᠬᠦ ᠲᠡᠷᠭᠡ ᠬᠥᠰᠬᠡ ᠶᠢᠨ ᠦᠭᠡ ᠬᠡᠯᠡᠨ ᠤ ᠤᠬᠠᠭᠤᠯᠭ᠎ᠠ ᠪᠣᠯᠣᠨ ᠡᠳᠦᠷ ᠪᠦᠷᠢ ᠥᠨᠴᠥᠭ ᠪᠤᠯᠤᠩ ᠦᠭᠡᠢ ᠲᠣᠭᠤᠷᠢᠨ ᠪᠠᠶᠢᠴᠠᠭᠠᠬᠤ ᠪᠠᠷ ᠳᠠᠮᠵᠢᠭᠤᠯᠵᠤ᠂ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠠᠴᠠ ᠵᠥᠷᠢᠴᠡᠭᠰᠡᠨ ᠬᠤᠳᠠᠯᠳᠤᠭᠠᠨ ᠤ ᠡᠷᠦᠬᠡ ᠶᠢ ᠪᠠᠶᠢᠴᠠᠭᠠᠨ ᠪᠢᠲᠡᠭᠦᠮᠵᠢᠯᠡᠬᠦ ᠶᠢᠨ ᠬᠠᠮᠲᠤ ᠰᠠᠭᠤᠭᠠᠯᠢ ᠠᠷᠠᠳ ᠢ ᠢᠳᠬᠠᠵᠤ ᠪᠠᠶᠢᠭᠠᠳ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠭᠡᠷ ᠪᠦᠯᠢ ᠨᠢ ᠬᠠᠷᠢᠴᠠᠩᠭᠤᠢ ᠪᠠᠷ ᠵᠣᠭᠰᠣᠩᠭᠢ᠂ ᠴᠤᠭᠯᠠᠷᠠᠬᠤ ᠦᠭᠡᠢ᠂ ᠣᠪᠣᠭᠠᠷᠠᠬᠤ ᠦᠭᠡᠢ ᠪᠠᠶᠢᠬᠤ ᠶᠢ ᠰᠠᠨᠠᠭᠠᠴᠢᠯᠠᠭ᠎ᠠ ᠠᠴᠠ ᠪᠠᠨ ᠵᠢᠷᠤᠮᠯᠠᠭᠤᠯᠪᠠ᠃     ᠣᠶᠢᠷ᠎ᠠ ᠳᠤ᠂ ᠸᠠᠩ ᠮᠠᠨ ᠼᠠᠩ ᠶᠡᠭᠡ ᠠᠩᠭᠢ ᠶᠢᠨ ᠳᠠᠷᠤᠭ᠎ᠠ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠱᠤ᠋ ᠸᠧᠨ ᠳᠤ ᠪᠠᠷ᠎ᠠ ᠪᠣᠯᠵᠤ᠂ ᠮᠠᠨ ᠤ ᠣᠷᠣᠨ ᠤ ᠳᠣᠲᠣᠷᠠᠬᠢ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠣᠰᠣᠭᠠᠷ ᠲᠣᠭᠲᠠᠭᠠᠯ ᠠᠴᠠ ᠵᠥᠷᠢᠴᠡᠨ ᠳᠤᠷ᠎ᠠ ᠪᠠᠷ ᠢᠶᠠᠨ ᠡᠵᠡᠩᠨᠡᠭᠰᠡᠨ ᠦᠭᠡᠢ 20 ᠭᠠᠷᠤᠢ ᠬᠤᠳᠠᠯᠳᠤᠭᠠᠴᠢᠨ ᠢ ᠪᠠᠶᠢᠴᠠᠭᠠᠨ ᠪᠢᠲᠡᠭᠦᠮᠵᠢᠯᠡᠵᠦ᠂ ᠨᠡᠭᠦᠳᠡᠯ ᠳᠡᠯᠭᠡᠭᠦᠷᠴᠢᠨ ᠤ 3 ᠭᠠᠵᠠᠷ ᠢ  ᠴᠡᠪᠡᠷᠯᠡᠵᠦ᠂ ᠣᠯᠠᠨ ᠢ ᠴᠤᠭᠯᠠᠭᠤᠯᠤᠨ ᠣᠪᠣᠭᠠᠷᠠᠭᠰᠠᠨ 4 ᠬᠥᠮᠥᠨ ᠢ ᠢᠳᠬᠠᠨ ᠰᠠᠯᠭᠠᠵᠤ᠂ 8 ᠬᠠᠮᠲᠤ ᠪᠠᠷ ᠡᠳ᠋ᠯᠡᠬᠦ ᠳᠤᠭᠤᠢ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠶᠢ ᠵᠢᠷᠤᠮᠵᠢᠭᠤᠯᠤᠨ᠂ 40 ᠭᠠᠷᠤᠢ ᠬᠠᠮᠲᠤ ᠪᠠᠷ ᠡᠳ᠋ᠯᠡᠬᠦ ᠳᠤᠭᠤᠢ ᠲᠡᠷᠭᠡ ᠶᠢ ᠦᠷᠦᠵᠦ ᠲᠠᠯᠪᠢᠵᠠᠢ᠃ᠡᠭᠦᠨ ᠤ ᠬᠠᠮᠲᠤ᠂ 30 ᠭᠠᠷᠤᠢ ᠬᠠᠤᠯᠢ ᠬᠡᠷᠡᠭᠵᠢᠭᠦᠯᠬᠦ ᠠᠵᠢᠯᠲᠠᠨ᠂ 8 ᠮᠠᠰᠢᠨ ᠲᠡᠷᠭᠡ ᠶᠢ ᠬᠥᠳᠡᠯᠭᠡᠵᠦ᠂ ᠬᠠᠷᠢᠶ᠎ᠠ ᠣᠷᠣᠨ ᠤ ᠳᠣᠲᠣᠷᠠᠬᠢ ᠬᠤᠲᠠ ᠶᠢᠨ ᠦᠵᠡᠮᠵᠢ ᠶᠢ ᠬᠠᠮᠢᠶᠠᠷᠤᠨ ᠡᠵᠡᠮᠳᠡᠬᠦ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠢ ᠥᠷᠨᠢᠭᠦᠯᠪᠡ᠃
 
ᠢᠷᠡᠯᠲᠡ᠄ ᠬᠤᠪᠤᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠫᠤᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号