ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠬᠡᠰᠡᠭ ᠲᠦᠭᠰᠢᠭᠦᠷᠢ ᠶᠢᠨ ᠣᠷᠣᠨ ᠪᠦᠰᠡ ᠶᠢᠨ ᠵᠡᠷᠭᠡ ᠳᠡᠰ ᠲᠤ ᠲᠣᠬᠢᠷᠠᠭᠤᠯᠤᠯᠲᠠ ᠬᠢᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2022/11/22
ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠬᠡᠰᠡᠭ ᠲᠦᠭᠰᠢᠭᠦᠷᠢ ᠶᠢᠨ ᠣᠷᠣᠨ ᠪᠦᠰᠡ ᠶᠢᠨ ᠵᠡᠷᠭᠡ ᠳᠡᠰ ᠲᠤ ᠲᠣᠬᠢᠷᠠᠭᠤᠯᠤᠯᠲᠠ ᠬᠢᠬᠦ ᠲᠤᠬᠠᠢ ᠵᠠᠷᠯᠠᠯ                              ︵2022 ᠣᠨ ᠤ 91 ᠳ᠋ᠦᠭᠡᠷ ᠲᠣᠭᠠᠲᠤ︶     ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠡᠷᠡᠭᠴᠡᠭᠡ ᠶᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠲᠥᠰᠥᠯ ︵ᠶᠢᠰᠦᠳᠦᠭᠡᠷ ᠨᠢᠭᠤᠷ︶︾ ᠪᠠ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠡᠷᠭᠡᠶᠢᠯᠡᠨ ᠬᠢᠵᠠᠭᠠᠷᠯᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠰᠤᠳᠤᠯᠤᠨ ᠲᠣᠭᠲᠠᠭᠠᠭᠰᠠᠨ ᠢᠶᠠᠷ᠂ 2022 ᠣᠨ ᠤ 11 ᠰᠠᠷ᠎ᠠ ᠶᠢᠨ 22 ᠤᠨ ᠡᠳᠦᠷ ᠤᠨ 10 ᠴᠠᠭ ᠠᠴᠠ ᠡᠬᠢᠯᠡᠨ᠂ ᠳᠣᠣᠷᠠᠬᠢ ᠣᠷᠣᠨ ᠪᠦᠰᠡ ᠶᠢᠨ ᠲᠦᠭᠰᠢᠭᠦᠷᠢ ᠶᠢᠨ ᠲᠠᠰ ᠲᠤ ᠲᠣᠬᠢᠷᠠᠭᠤᠯᠤᠯᠲᠠ ᠬᠢᠨ᠎ᠡ᠄ᠨᠢᠭᠡ᠂ ᠠᠶᠤᠯ ᠲᠦᠭᠰᠢᠭᠦᠷᠢ ᠶᠡᠬᠡᠲᠡᠢ ᠣᠷᠣᠨ ᠪᠣᠯᠭᠠᠨ ᠬᠤᠪᠢᠶᠠᠷᠢᠯᠠᠨ᠎ᠠᠸᠠᠨ ᠱᠦᠢ ᠴᠢᠤᠸᠠᠨ ᠪᠠᠯᠭᠠᠰᠤᠨ ᠤ ᠷᠦᠢ ᠱᠧᠩ ᠮᠠᠰᠢᠨ ᠲᠡᠷᠭᠡ ᠲᠣᠬᠢᠷᠠᠭᠤᠯᠬᠤ ᠬᠤᠲᠠ ᠶᠢᠨ ᠨᠡᠶᠢᠲᠡ ᠶᠢᠨ ᠪᠠᠶᠢᠷᠢ ᠶᠢᠨ ᠠᠰᠠᠷᠬᠤᠶᠠᠷ᠂ ᠳᠣᠣᠷ᠎ᠠ ᠲᠦᠭᠰᠢᠭᠦᠷᠢ ᠲᠠᠢ ᠣᠷᠣᠨ ᠪᠣᠯᠭᠠᠨ ᠲᠣᠬᠢᠷᠠᠭᠤᠯᠤᠨ᠎ᠠ1᠂ ᠬᠤᠪᠣᠷ ᠰᠢᠷᠣᠢ ᠶᠢᠨ ᠵᠠᠮ ᠤᠨ ᠵᠡᠭᠡᠯᠢ ᠭᠤᠳᠤᠮᠵᠢ ᠶᠢᠨ ᠼᠤᠤ ᠰᠢᠨ ᠪᠠᠭ᠎ᠠ ᠲᠣᠭᠤᠷᠢᠭ ᠤᠨ 2  ᠳ᠋ᠤᠭᠠᠷ ᠠᠰᠠᠷ ᠤᠨ 1 ᠳ᠋ᠤᠭᠠᠷ ᠨᠢᠭᠡᠴᠡ2᠂ ᠬᠤᠪᠣᠷ ᠰᠢᠷᠣᠢ ᠵᠠᠮ ᠤᠨ ᠵᠡᠭᠡᠯᠢ ᠭᠤᠳᠤᠮᠵᠢ ᠶᠢᠨ ᠵᠢᠶᠠ ᠵᠧᠦ ᠵᠢᠶᠦ᠋ᠨ ᠹᠦ᠋ 24 ᠳ᠋ᠤᠭᠠᠷ ᠠᠰᠠᠷ ᠤᠨ 1 ᠳ᠋ᠤᠭᠠᠷ ᠨᠢᠭᠡᠴᠡ      ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠨᠡᠶᠢᠲᠡ 11 ᠠᠶᠤᠯ ᠲᠦᠭᠰᠢᠭᠦᠷᠢ ᠶᠡᠬᠡᠲᠡᠢ ᠣᠷᠣᠨ ᠪᠠᠶᠢᠵᠤ᠂ ᠠᠶᠤᠯ ᠲᠦᠭᠰᠢᠭᠦᠷᠢ ᠶᠡᠬᠡᠲᠡᠢ ᠣᠷᠣᠨ ᠠᠴᠠ ᠪᠤᠰᠤᠳ ᠣᠷᠣᠨ ᠪᠦᠰᠡ ᠶᠢ ᠠᠶᠤᠯ ᠲᠦᠭᠰᠢᠭᠦᠷᠢ ᠪᠠᠭᠠᠲᠠᠢ ᠣᠷᠣᠨ ᠪᠣᠯᠭᠠᠨ᠎ᠠ᠃ᠠᠶᠤᠯ ᠲᠦᠭᠰᠢᠭᠦᠷᠢ ᠶᠡᠬᠡᠲᠡᠢ ᠣᠷᠣᠨ ᠳᠤ ︽ᠭᠡᠷ ᠠᠴᠠ ᠪᠠᠨ ᠭᠠᠷᠬᠤ ᠦᠭᠡᠢ᠂ ᠭᠡᠷ ᠲᠤᠨᠢ ᠬᠦᠷᠴᠦ ᠦᠢᠯᠡᠴᠢᠯᠡᠬᠦ︾ ᠪᠢᠲᠡᠭᠦᠮᠵᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ᠲᠦᠭᠰᠢᠭᠦᠷᠢ ᠪᠠᠭᠠᠲᠠᠢ ᠣᠷᠣᠨ ᠳᠤ ︽ᠬᠤᠪᠢ ᠬᠥᠮᠥᠨ ᠤ ᠬᠠᠮᠠᠭᠠᠯᠠᠯᠲᠠ᠂ ᠴᠤᠭᠯᠠᠷᠠᠬᠤ ᠠᠴᠠ ᠵᠠᠶᠢᠯᠠᠰᠬᠢᠬᠦ︾ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ᠥᠷᠭᠡᠨ ᠤᠯᠠᠨ ᠰᠠᠭᠤᠭᠠᠯᠢ ᠠᠷᠠᠳ ᠬᠠᠮᠢᠶᠠᠷᠤᠨ ᠡᠵᠡᠮᠳᠡᠬᠦ ᠬᠤᠭᠤᠴᠠᠭᠠᠨ ᠳᠠᠭᠠᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠣᠰᠣᠭᠠᠷ ᠠᠷᠠᠳ ᠢᠷᠭᠡᠨ ᠤ ᠬᠠᠤᠯᠢ ᠪᠠᠷ ᠲᠣᠭᠲᠠᠭᠠᠭᠰᠠᠨ ᠡᠭᠦᠷᠭᠡ ᠶᠢ ᠭᠦᠢᠴᠡᠳᠬᠡᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠨᠢᠭᠡᠳᠦᠯᠲᠡᠢ ᠲᠣᠬᠢᠷᠠᠭᠤᠯᠤᠯᠲᠠ ᠶᠢ ᠳᠠᠭᠠᠵᠤ᠂ ᠠᠯᠪᠠᠨ ᠤ ᠲᠠᠯ᠎ᠠ ᠶᠢᠨ ᠡᠷᠬᠡ ᠰᠦᠷᠲᠦ ᠨᠡᠶᠢᠲᠡᠯᠡᠭᠰᠡᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠠᠶᠤᠵᠤ ᠰᠠᠨᠳᠤᠷᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ ᠪᠠᠶᠢᠬᠤ ᠬᠡᠷᠡᠭᠲᠡᠢ︔ᠬᠡᠷᠪᠡ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠲᠠᠮᠢᠷᠳᠠᠬᠤ᠂ ᠦᠨᠦᠷ ᠤᠨ ᠰᠡᠷᠡᠯ ᠮᠠᠭᠤᠳᠠᠬᠤ᠂ ᠬᠠᠮᠠᠷ ᠪᠥᠭᠯᠡᠷᠡᠬᠦ᠂ ᠨᠢᠰᠤ ᠭᠤᠭᠤᠵᠢᠬᠤ᠂ ᠵᠠᠯᠭᠢᠭᠤᠷ ᠡᠪᠡᠳᠬᠦ᠂ ᠨᠡᠶᠢᠯᠡᠮᠡᠯ ᠪᠦᠷᠬᠦᠪᠴᠢ ᠶᠢᠨ ᠦᠷᠪᠢᠰᠦᠯ᠂ ᠪᠤᠯᠴᠢᠩ ᠡᠪᠡᠳᠬᠦ ᠪᠠ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠲᠠᠢ ᠪᠣᠯ ᠴᠠᠭ ᠲᠤᠬᠠᠢ ᠳᠤᠨᠢ ᠨᠡᠶᠢᠭᠡᠮ ᠲᠣᠭᠤᠷᠢᠭ ᠲᠤ ᠮᠡᠳᠡᠭᠦᠯᠦᠭᠡᠷᠡᠢ᠃       ᠬᠠᠮᠢᠶᠠᠷᠤᠨ ᠡᠵᠡᠮᠳᠡᠬᠦ ᠣᠷᠣᠨ ᠪᠦᠰᠡ ᠶᠢᠨ ᠬᠡᠪᠴᠢᠶ᠎ᠡ ᠪᠠ ᠱᠠᠭᠠᠷᠳᠠᠯᠭ᠎ᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠴᠠᠭ ᠲᠤᠬᠠᠢ ᠳᠤᠨᠢ ᠲᠣᠬᠢᠷᠠᠭᠤᠯᠤᠯᠲᠠ ᠬᠢᠨ᠎ᠡ᠃ᠡᠭᠦᠨ ᠠᠴᠠ ᠪᠣᠯᠤᠭᠰᠠᠨ ᠶᠠᠷᠰᠢᠭ ᠲᠦᠪᠡᠭ ᠲᠤ ᠪᠢᠳᠡ ᠭᠦᠨ ᠣᠰᠣᠯ ᠬᠦᠯᠢᠶᠡᠵᠦ ᠪᠠᠶᠢᠨ᠎ᠠ᠂ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠳᠤ ᠦᠵᠡᠭᠦᠯᠦᠭᠰᠡᠨ ᠬᠤᠪᠢ ᠨᠡᠮᠡᠷᠢ ᠳᠤ ᠴᠢᠨᠢ ᠲᠠᠯᠠᠷᠬᠠᠵᠤ ᠪᠠᠶᠢᠨ᠎ᠠ ᡽᠃                                   ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                                       2022 ᠣᠨ ᠤ 11 ᠰᠠᠷ᠎ᠠ ᠶᠢᠨ 22ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ‍ᠦᠨ‌ᠤᠷᠤᠨ ᠤ ᠲᠦᠭᠰᠢᠭᠦᠷᠢ ᠶᠢᠨ ᠣᠷᠣᠨ ᠪᠦᠰᠡ ᠶᠢᠨ ᠵᠡᠷᠭᠡᠨᠢᠭᠡ᠂ ᠲᠦᠭᠰᠢᠭᠦᠷᠢ ᠶᠡᠬᠡᠲᠡᠢ ᠣᠷᠣᠨ ︵11︶1᠄ ᠬᠤᠪᠣᠷ ᠰᠢᠷᠣᠢ ᠶᠢᠨ ᠵᠠᠮ ᠤᠨ ᠵᠡᠭᠡᠯᠢ ᠭᠤᠳᠤᠮᠵᠢ ᠶᠢᠨ ᠹᠠᠨ ᠡᠯ ᠰᠠᠢ ᠪᠠᠭ᠎ᠠ ᠲᠣᠭᠤᠷᠢᠭ ᠤᠨ 19  ᠳ᠋ᠤᠭᠠᠷ ᠠᠰᠠᠷ2᠄ ᠮᠢᠨ ᠰᠢᠨ ᠵᠠᠮ ᠤᠨ ᠵᠡᠭᠡᠯᠢ ᠭᠤᠳᠤᠮᠵᠢ ᠶᠢᠨ  ᠮᠧᠢ ᠱᠢ  ᠬᠤᠤᠰ‌‍ᠲ᠋ᠠᠪᠬᠤᠷᠭ᠎ᠠ ᠶᠢᠨ  6 ᠳ᠋ᠤᠭᠠᠷ ᠠᠰᠠᠷ3᠄ᠬᠤᠪᠣᠷ ᠰᠢᠷᠣᠢ ᠵᠠᠮ ᠤᠨ ᠵᠡᠭᠡᠯᠢ ᠭᠤᠳᠤᠮᠵᠢ ᠶᠢᠨ ᠳ᠋ᠦᠩ ᠬᠠᠢ ᠬᠤᠸᠠ ᠶᠤᠸᠠᠨ ᠪᠠᠭ᠎ᠠ ᠲᠣᠭᠤᠷᠢᠭ ᠤᠨ 5  ᠳ᠋ᠤᠭᠠᠷ ᠠᠰᠠᠷ4᠄ᠸᠠᠨ ᠱᠦᠢ ᠴᠢᠤᠸᠠᠨ ᠪᠠᠯᠭᠠᠰᠤᠨ ᠤ ᠸᠠᠨ ᠴᠢᠤᠸᠠᠨ ᠵᠢᠶᠠ ᠶᠤᠸᠠᠨ A ᠲᠣᠭᠤᠷᠢᠭ ᠤᠨ 27 ᠳ᠋ᠤᠭᠠᠷ ᠠᠰᠠᠷ5᠄ ᠮᠢᠨ ᠰᠢᠨ ᠵᠠᠮ ᠤᠨ ᠵᠡᠭᠡᠯᠢ ᠭᠤᠳᠤᠮᠵᠢ ᠶᠢᠨ   ᠶᠢᠨ ᠾᠦᠢ ᠬᠤᠸᠠ ᠹᠦ᠋ ᠶᠢᠨ 33  ᠳ᠋ᠤᠭᠠᠷ ᠠᠰᠠᠷ ᠤᠨ ᠭᠤᠷᠪᠠᠳᠤᠭᠠᠷ ᠨᠢᠭᠡᠴᠡ6᠄ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠪᠢᠨ ᠾᠧ ᠨᠢᠭᠡᠳᠦᠭᠡᠷ ᠬᠤᠲᠠ ᠶᠢᠨ B ᠲᠣᠭᠤᠷᠢᠭ ᠤᠨ 2  ᠳ᠋ᠤᠭᠠᠷ ᠠᠰᠠᠷ7᠄ᠸᠠᠨ ᠱᠦᠢ ᠴᠢᠤᠸᠠᠨ ᠪᠠᠯᠭᠠᠰᠤᠨ ᠤ ᠤᠯᠠᠭᠠᠨ ᠲᠤᠭ ᠳᠣᠯᠣᠳᠤᠭᠠᠷ ᠰᠤᠮᠤᠨ ᠤ ᠪᠠᠷᠠᠭᠤᠨ ᠲᠣᠭᠤᠷᠢᠭ ᠤᠨ ᠬᠤᠶᠠᠳᠤᠭᠠᠷ ᠠᠰᠠᠷ ᠤᠨ 01 ᠳ᠋ᠦᠭᠡᠷ ᠨᠣᠮᠧᠷ8᠄ᠸᠠᠨ ᠱᠦᠢ ᠴᠢᠤᠸᠠᠨ ᠪᠠᠯᠭᠠᠰᠤᠨ ᠤ ᠬᠤᠸᠠᠩ ᠾᠧ ᠯᠦᠩ ᠴᠧᠩ ᠤᠨ ᠨᠢᠭᠡᠳᠦᠭᠡᠷ ᠬᠤᠭᠤᠴᠠᠭᠠᠨ ᠤ ᠳᠡᠭᠡᠳᠦ ᠳᠠᠪᠬᠤᠷᠭ᠎ᠠ ᠶᠢᠨ 11 ᠳ᠋ᠤᠭᠠᠷ ᠠᠰᠠᠷ9᠄ᠬᠤᠪᠣᠷ ᠰᠢᠷᠣᠢ ᠶᠢᠨ ᠵᠠᠮ ᠤᠨ ᠵᠡᠭᠡᠯᠢ ᠭᠤᠳᠤᠮᠵᠢ ᠶᠢᠨ ᠨᠡᠷᠡᠨ ᠰᠠᠷᠠᠨ ᠬᠡᠭᠡᠨᠴᠢᠷ ᠲᠢᠩᠬᠢᠮ1  ᠳ᠋ᠤᠭᠠᠷ ᠠᠰᠠᠷ10᠄ ᠬᠤᠪᠣᠷ ᠰᠢᠷᠣᠢ ᠵᠠᠮ ᠤᠨ ᠵᠡᠭᠡᠯᠢ ᠭᠤᠳᠤᠮᠵᠢ ᠶᠢᠨ ᠵᠣᠣ ᠵᠢᠶᠠ ᠶᠢᠩ ᠹᠧᠢ ᠳ᠋ᠢ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠤᠨ ᠲᠦᠷ ᠴᠠᠭ ᠤᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠬᠡᠯᠲᠡᠰ ᠤᠨ ᠪᠠᠷᠠᠭᠤᠨ ᠲᠠᠯ᠎ᠠ ᠶᠢᠨ 1 ᠳ᠋ᠦᠭᠡᠷ ᠨᠣᠮᠧᠷᠲᠤ ᠬᠦᠷᠢᠶ᠎ᠡ11᠄ᠸᠠᠨ ᠱᠦᠢ ᠴᠢᠤᠸᠠᠨ ᠪᠠᠯᠭᠠᠰᠤᠨ ᠤ ᠷᠦᠢ ᠱᠧᠩ ᠮᠠᠰᠢᠨ ᠲᠡᠷᠭᠡ ᠲᠣᠬᠢᠷᠠᠭᠤᠯᠬᠤ ᠬᠤᠲᠠ ᠶᠢᠨ ᠨᠡᠶᠢᠲᠡ ᠶᠢᠨ ᠪᠠᠶᠢᠷᠢ ᠶᠢᠨ ᠠᠰᠠᠷᠬᠤᠶᠠᠷ᠂ ᠲᠦᠭᠰᠢᠭᠦᠷᠢ ᠪᠠᠭᠠᠲᠠᠢ ᠣᠷᠣᠨᠠᠶᠤᠯ ᠲᠦᠭᠰᠢᠭᠦᠷᠢ ᠶᠡᠬᠡᠲᠡᠢ ᠣᠷᠣᠨ ᠠᠴᠠ ᠭᠠᠳᠠᠨᠠᠬᠢ ᠪᠤᠰᠤᠳ ᠣᠷᠣᠨ ᠪᠦᠰᠡ᠃
 
ᠢᠷᠡᠯᠲᠡ᠄ ᠪᠤᠭᠤᠲᠤ ᠶᠢᠨ ᠬᠤᠪᠤᠷ ᠰᠢᠷᠤᠢ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号