ᠨᠦᠭᠦᠳ ᠡ᠄ | ᠥᠨᠥᠳᠥᠷ ᠪᠢᠳᠡ 2022 ᠣᠨ ᠤ ᠠᠵᠢᠯ ᠤᠨ ᠬᠤᠷᠠᠯ ᠵᠢᠴᠢ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠵᠤ ᠪᠠᠶᠢᠨ᠎ᠠ᠂ ᠭᠤᠣᠯ ᠡᠭᠦᠷᠭᠡ ᠭᠡᠪᠡᠯ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ | ᠪᠦᠭᠦᠳᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠰᠢᠯᠠᠭᠤᠯᠣᠨ | ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠦᠬᠦ | ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ | ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠣᠭᠤ᠊ᠱᠯᠠᠭᠤᠯᠤᠨ 2021 ᠣᠨ ᠤ ᠠᠵᠢᠯ ᠢ ᠡᠷᠭᠢᠴᠡᠭᠦᠯᠦᠨ | ᠳ᠋ᠦᠩᠨᠡᠵᠦ᠂ 2022 ᠣᠨ ᠤ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂ ᠪᠦᠬᠦ | ᠣᠷᠣᠨ ᠢᠶᠠᠷ ᠢᠶᠠᠨ ᠰᠢᠨ᠎ᠡ ᠣᠶᠢᠯᠠᠭᠠᠭᠳᠠᠬᠤᠨ ᠢ ᠲᠣᠭᠤ᠊ᠱᠯᠠᠭᠤᠯᠬᠤ᠂ ᠰᠢᠨ᠎ᠡ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠬᠦ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ᠋ᠢ ᠲᠠᠶᠢᠴᠢᠯᠠᠵᠦ᠂ ᠨᠡᠩ ᠢᠲᠡᠭᠡᠯ ᠲᠡᠭᠦᠯᠳᠡᠷ᠂ | ᠬᠦᠴᠦᠯᠡᠨ ᠴᠢᠷᠮᠠᠶᠢᠵᠤ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠶᠢ ᠣᠭᠳᠣᠰᠣᠭᠠᠢ᠃ | ᠨᠢᠭᠡ᠂ 2021 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠪᠦᠬᠦ ᠣᠷᠣᠨ ᠢᠶᠠᠷ ᠢᠶᠠᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠠ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ | ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠣᠭᠤ᠊ᠱᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠦᠢᠯᠡᠴᠢᠯᠡᠬᠦ ᠪᠠ ᠠᠭᠤᠰᠣᠯᠴᠠᠨ᠂ ︽ᠳᠥᠷᠪᠡᠨ | ᠰᠠᠭᠤᠷᠢᠨᠬᠤᠶᠠᠷ ᠲᠥᠪ ᠨᠢᠭᠡ ᠥᠨᠳᠥᠷ ᠭᠠᠵᠠᠷ ᠨᠢᠭᠡ ᠰᠢᠰᠲ᠋ᠧᠮ︾ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠰᠠᠭᠤᠵᠤ ᠲᠣᠭᠲᠠᠬᠤ ᠦᠭᠡᠢ ᠪᠠᠴᠢᠮ ᠲᠤᠯᠭᠠᠮ᠎ᠠ ᠰᠡᠳᠬᠢᠯᠭᠡ᠂ ᠤᠳᠠᠭᠠᠰᠢᠷᠠᠵᠤ ᠪᠣᠯᠣᠰᠢ ᠦᠭᠡᠢ | ᠲᠦᠭᠰᠢᠭᠦᠷᠢᠲᠦ ᠰᠡᠳᠬᠢᠯᠭᠡ᠂ ᠬᠦᠯᠢᠶᠡᠵᠦ ᠳᠡᠶᠢᠯᠬᠦ ᠦᠭᠡᠢ ᠬᠠᠷᠢᠭᠤᠴᠠᠯᠭᠠᠲᠤ ᠰᠡᠳᠬᠢᠯᠭᠡ ᠪᠠᠷ ᠶᠠᠭᠠᠷᠠᠨ᠂ ᠴᠠᠭ ᠢ | ᠠᠮᠵᠢᠨ᠂ ᠲᠡᠷᠢᠭᠦᠨ ᠤ ᠬᠢ ᠶᠢ ᠲᠡᠮᠡᠴᠡᠨ ᠣᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠᠶᠢᠳᠠᠯ ᠢ ᠪᠠᠲᠤᠯᠠᠵᠤ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠠᠶᠢᠨ ᠡᠬᠢᠯᠡᠯᠲᠡ ᠶᠢ ᠠᠪᠴᠢᠷᠠᠵᠠᠢ᠃ | ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠠᠳᠠᠯᠢ ᠬᠤᠭᠤᠴᠠᠭᠠᠨ ᠤ | ᠬᠢ ᠠᠴᠠ 10.2% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠳᠤ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 54.1% ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠬᠤᠲᠠ ᠶᠢᠨ ᠲᠠᠪᠣᠨ ᠣᠷᠣᠨ ᠲᠣᠭᠤᠷᠢᠭ ᠲᠤ ᠨᠢᠭᠡᠳᠦᠭᠡᠷ ᠲᠤ ᠣᠷᠣᠵᠤ᠂ ᠪᠥᠬᠦ ᠬᠤᠲᠠ ᠳᠤ | ᠬᠤᠶᠠᠳᠤᠭᠠᠷ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 25.96 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠶᠡᠷᠦᠩᠬᠡᠢ ᠬᠡᠮᠵᠢᠶ᠎ᠡ ᠨᠢ ᠪᠥᠬᠦ ᠬᠤᠲᠠ ᠳᠤ ᠬᠤᠶᠠᠳᠤᠭᠠᠷ ᠲᠤ ᠣᠷᠣᠵᠤ᠂ ᠠᠳᠠᠯᠢ ᠬᠤᠭᠤᠴᠠᠭᠠᠨ ᠤ | ᠬᠢ ᠠᠴᠠ 15.1% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 21.6% ᠨᠡᠮᠡᠭᠳᠡᠪᠡ ᠃ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 6.5% ᠪᠠᠷ ᠨᠡᠮᠡᠭᠳᠡᠪᠡ ᠃ | ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠬᠡᠮᠵᠢᠶ᠎ᠡ 45 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 60% ᠪᠠᠷ ᠨᠡᠮᠡᠭᠳᠡᠪᠡ᠃ | ᠨᠢᠭᠡ ᠵᠢᠯ ᠤᠨ ᠲᠤᠷᠰᠢ ᠭᠤᠣᠯᠳᠠᠭᠤ ᠳᠣᠣᠷᠠᠬᠢ ᠠᠵᠢᠯ ᠤᠳ ᠢ ᠬᠢᠪᠡ᠄ | ︵ᠨᠢᠭᠡ︶ ᠲᠥᠷᠥᠯ ᠵᠦᠢᠯ ᠢ ᠠᠳᠬᠤᠨ᠂ ᠨᠡᠮᠡᠭᠳᠡᠯ ᠢ ᠲᠣᠭᠲᠠᠪᠤᠷᠢᠵᠢᠭᠤᠯᠵᠤ᠂ ᠬᠥᠭᠵᠢᠯᠲᠡ ᠶᠢᠨ ᠶᠠᠰᠤ | ᠴᠢᠨᠠᠷ ᠦᠷ᠎ᠡ ᠠᠰᠢᠭ ᠢ ᠰᠢᠨ᠎ᠡ ᠪᠠᠷ ᠲᠠᠭᠡᠭᠰᠢᠯᠡᠭᠦᠯᠪᠠ᠃ ᠭᠤᠣᠯᠳᠠᠯᠭ᠎ᠠ ᠲᠠᠢ ᠲᠥᠷᠣ᠋︵ᠨᠢᠭᠡ︶ ᠲᠥᠷᠥᠯ ᠵᠦᠢᠯ ᠢ | ᠠᠳᠬᠤᠨ᠂ ᠨᠡᠮᠡᠭᠳᠡᠯ ᠢ ᠲᠣᠭᠲᠠᠪᠤᠷᠢᠵᠢᠭᠤᠯᠵᠤ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠰᠢᠨ᠎ᠡ ᠪᠠᠷ | ᠲᠠᠭᠡᠭᠰᠢᠯᠡᠭᠦᠯᠪᠠ᠃ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ | ᠲᠦᠯᠬᠢᠨ ᠠᠬᠢᠭᠤᠯᠵᠤ᠂ 96 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ 56 ᠲᠥᠷᠥᠯ ᠵᠦᠢᠯ ᠢ ᠪᠠᠷᠢᠯᠭ᠎ᠠ ᠳᠠᠭᠤᠰᠬᠠᠨ᠂ 200.03 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠯᠨ᠂ ᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡ ᠪᠠᠨ | ᠳᠠᠪᠠᠭᠤᠯᠤᠨ ᠪᠡᠶᠡᠯᠡᠭᠦᠯᠵᠦ᠂ ᠪᠥᠬᠦ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠦᠵᠡᠭᠦᠯᠦᠯᠭᠡ ᠶᠢᠨ | ᠰᠢᠯᠭᠠᠷᠠᠭᠤᠯᠤᠯᠲᠠ ᠳᠤ ︽ᠰᠢᠯᠢᠳᠡᠭ︾ ᠢᠶᠠᠷ ᠦᠨᠡᠯᠡᠭᠳᠡᠪᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ | ᠶᠡᠬᠡᠪᠡᠷ ᠠᠬᠢᠭᠤᠯᠪᠠ᠂ ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠤᠭᠤᠲᠤ · ᠬᠤᠪᠣᠷ | ᠰᠢᠷᠣᠢ ᠶᠢᠨ ᠠᠵᠤ ᠦᠢᠯᠡᠰ ᠤᠨ ᠶᠠᠷᠢᠶᠠᠨ ᠤ ᠲᠠᠪᠴᠠᠩ ᠢ ᠠᠮᠵᠢᠯᠲᠠ ᠲᠠᠢ ᠡᠷᠭᠢᠯᠡᠵᠦ᠂ ᠪᠥᠬᠦ ᠵᠢᠯ ᠳᠤ 661 ᠠᠵᠤ | ᠠᠬᠤᠶᠢᠯᠠᠯ ᠲᠠᠢ ᠵᠣᠯᠭᠠᠭᠤᠯᠣᠨ᠂ 176 ᠲᠥᠷᠥᠯ ᠵᠦᠢᠯ ᠳᠤ ᠭᠡᠷ᠎ᠡ ᠲᠣᠭᠲᠠᠵᠤ᠂ ᠬᠡᠯᠡᠯᠴᠡᠭᠡᠷ ᠤᠨ ᠪᠡᠯᠡ | ᠣᠷᠣᠭᠤᠯᠤᠯᠲᠠ ᠶᠢᠨ ᠲᠤᠭ᠎ᠠ 1104.58 ᠳ᠋ᠦᠩᠰᠢᠭᠤᠷ ᠲᠥᠭᠦᠷᠢᠭ ᠲᠤ ᠬᠦᠷᠦᠨ᠂ 156 ᠲᠥᠷᠥᠯ ᠵᠦᠢᠯ ᠢ | ᠨᠢᠭᠡᠨᠲᠡ ᠨᠠᠶᠢᠳᠠᠪᠦᠷᠢᠵᠢᠭᠤᠯᠣᠭᠰᠠᠨ ᠵᠡᠷᠭᠡ ᠨᠢ ᠲᠣᠰ ᠲᠣᠰ 2020 ᠣᠨ ᠤ ᠬᠢ ᠠᠴᠠ 147.6%᠂ 144. | 4%᠂ 197.9% ᠪᠠ 129.4% ᠪᠠᠷ ᠨᠡᠮᠡᠭᠳᠡᠨ᠂ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠳᠤ | ᠣᠷᠣᠭᠤᠯᠤᠨ ᠠᠪᠴᠢᠷᠠᠭᠰᠠᠨ ᠪᠡᠯᠡ ᠮᠥᠩᠭᠦ 88.1% ᠪᠠᠷ ᠨᠡᠮᠡᠭᠳᠡᠵᠦ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠭᠡᠷ᠎ᠡ ᠲᠣᠭᠲᠠᠭᠰᠠᠨ ᠲᠥᠷᠥᠯ ᠵᠦᠢᠯ ᠤᠨ ᠲᠤᠭ᠎ᠠ ᠬᠡᠮᠵᠢᠶ᠎ᠡ᠂ ᠨᠠᠶᠢᠳᠠᠪᠤᠷᠢᠵᠢᠭᠤᠯᠤᠭᠰᠠᠨ ᠨᠣᠷᠮ᠎ᠠ | ᠴᠥᠮ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠃ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ | ᠳᠠᠷᠤᠭᠠᠰᠤ ᠶᠢ ᠬᠦᠩᠭᠡᠷᠡᠭᠦᠯᠪᠡ᠂ ᠪᠦᠬᠦ ᠵᠢᠯ ᠳᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ | ᠶᠢ 5.55 ᠳ᠋ᠦᠩᠰᠢᠭᠤᠷ ᠲᠥᠭᠦᠷᠢᠭ ᠲᠡᠮᠡᠴᠡᠨ ᠣᠯᠵᠤ᠂ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠤᠨ | ᠨᠥᠬᠦᠪᠦᠷᠢ ᠶᠢ ᠪᠡᠶᠡᠯᠡᠭᠦᠯᠵᠦ᠂ ᠭᠤᠣᠯᠯᠠᠬᠤ ᠠᠵᠤ ᠦᠢᠯᠡᠰ ᠤᠨ ᠬᠥᠭᠵᠢᠯᠲᠡ ᠵᠢᠴᠢ ᠲᠥᠷᠥᠯ ᠵᠦᠢᠯ ᠤᠨ ᠲᠡᠳᠬᠦᠨ | ᠳᠡᠮᠵᠢᠬᠦ ᠪᠡᠯᠡ ᠮᠥᠩᠭᠦ ᠶᠢ 3.27 ᠳ᠋ᠦᠩᠰᠢᠭᠤᠷ ᠲᠥᠭᠦᠷᠢᠭ ᠠᠬᠢᠭᠤᠯᠤᠨ᠂ ᠢᠲᠡᠭᠡᠮᠵᠢ ᠣᠯᠭᠤᠭᠰᠠᠨ ᠠᠵᠤ | ᠠᠬᠤᠶᠢᠯᠠᠯ ᠨᠡᠶᠢᠲᠡ 2.6 ᠳ᠋ᠦᠩᠰᠢᠭᠤᠷ ᠲᠥᠭᠦᠷᠢᠭ ᠪᠠᠶᠢᠵᠤ᠂ 7370 ᠲᠦᠮᠡᠨ ᠲᠥᠭᠦᠷᠢᠭ ᠤᠨ ᠲᠤᠰᠬᠠᠢ | ᠠᠰᠢᠭ ᠤᠨ ᠳᠠᠨᠵᠢᠯᠠᠭ᠎ᠠ ᠲᠠᠢ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠪᠠᠷ ᠵᠥᠪᠰᠢᠶᠡᠷᠡᠭᠳᠡᠵᠦ᠂ 20 ᠠᠵᠤ | ᠠᠬᠤᠶᠢᠯᠠᠯ ᠤᠨ ᠦᠨᠳᠦᠰᠦᠨ ᠴᠠᠬᠢᠯᠭᠠᠨ ᠤ ᠰᠦᠢᠳᠬᠡᠯ ᠢ 599 ᠲᠦᠮᠡᠨ ᠲᠥᠭᠦᠷᠢᠭ ᠬᠠᠰᠤᠵᠤ ᠬᠡᠯᠲᠦᠷᠢᠭᠦᠯᠦᠨ᠂ | ᠬᠤᠸᠠ ᠮᠢᠩ ᠭᠤᠸ ᠨᠠ᠂ ᠰᠢ ᠵᠢᠶᠧ ᠣᠷᠴᠢᠨ ᠲᠣᠭᠤᠷᠢᠨ ᠤ ᠬᠠᠮᠠᠭᠠᠯᠠᠯᠲᠠ ᠶᠢᠨ 2 ᠠᠵᠤ ᠠᠬᠤᠶᠢᠯᠠᠯ ᠤᠨ | ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠣᠯᠠᠨ ᠲᠠᠯᠠᠲᠤ ᠠᠷᠠᠯᠵᠢᠶ᠎ᠠ ᠳᠤ ᠣᠷᠣᠬᠤ ᠶᠢ ᠲᠦᠯᠬᠢᠨ | ᠠᠬᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠶ ᠲᠤᠯᠭᠠᠭᠤᠷᠢᠯᠠᠪᠠ᠃ | | ︵ᠬᠤᠶᠠᠷ︶ ᠠᠵᠤ ᠦᠢᠯᠡᠰ ᠢ ᠬᠥᠭᠵᠢᠭᠦᠯᠵᠦ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠣᠨ | ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠰᠢᠨ᠎ᠡ ᠪᠠᠷ ᠴᠢᠩᠭᠠᠷᠠᠭᠤᠯᠪᠠ᠃ ᠬᠤᠪᠣᠷ ᠰᠢᠷᠣᠢ ᠶᠢᠨ ᠠᠵᠤ | ᠦᠢᠯᠡᠰ ᠤᠨ ᠳᠡᠰ ᠳᠡᠪᠰᠢᠬᠦ ᠶᠢ ᠲᠦᠷᠭᠡᠳᠬᠡᠨ ᠠᠬᠢᠭᠤᠯᠵᠤ᠂ ︽2+2+N︾ ᠬᠥᠭᠵᠢᠯᠲᠡ ᠶᠢᠨ ᠰᠡᠳᠬᠢᠴᠡ ᠶᠢ | ᠭᠦᠨᠵᠡᠭᠡᠢ ᠨᠠᠶᠢᠳᠠᠪᠤᠷᠢᠵᠢᠭᠤᠯᠵᠤ᠂ ᠰᠢᠨ᠎ᠡ ᠪᠠᠷ ᠭᠠᠷ ᠤᠨ ᠦᠰᠦᠭ ᠵᠢᠷᠤᠭᠰᠠᠨ ᠬᠤᠪᠣᠷ ᠰᠢᠷᠣᠢ ᠶᠢᠨ ᠲᠥᠷᠥᠯ ᠵᠦᠢᠯ | 32 ᠪᠠᠶᠢᠵᠤ᠂ ᠤᠮᠠᠷᠠᠲᠤ ᠶᠢᠨ ᠬᠤᠪᠣᠷ ᠰᠢᠷᠣᠢ᠂ ᠨᠢᠩᠪᠦ᠋ᠸᠧ ᠶᠢᠨ ᠶᠦᠨ ᠱᠧᠩ᠂ ᠳᠤᠮᠳᠠᠳᠤ ᠤᠯᠤᠰ ᠤᠨ ᠵᠥᠩ | ᠴᠧ᠂ ᠳ᠋ᠠ ᠳ᠋ᠢ ᠰᠢᠶᠦ᠋ᠩ᠂ ᠶᠢᠨ ᠯᠢ ᠲᠣᠭᠲᠠᠮᠠᠯ ᠰᠣᠷᠢᠨᠵᠢᠨ᠂ ᠶᠢᠨ ᠲᠢᠶᠠᠨ ᠵᠡᠰ ᠤᠨ ᠦᠢᠯᠡᠰ᠂ ᠠᠨ ᠲᠠᠢ | ᠰᠢᠨᠵᠢᠯᠡᠬᠦ ᠤᠬᠠᠭᠠᠨ ᠮᠡᠷᠭᠡᠵᠢᠯ ᠵᠡᠷᠭᠡ 7 ᠬᠤᠪᠣᠷ ᠰᠢᠷᠣᠢ ᠶᠢᠨ ᠠᠵᠤ ᠦᠢᠯᠡᠰ ᠤᠨ ᠬᠠᠮᠢᠶ᠎ᠠ ᠪᠦᠬᠦᠢ ᠰᠲ᠋ᠣᠺ ᠢᠶᠠᠨ | ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠮᠠᠨ ᠤ ᠣᠷᠣᠨ ᠳᠤ ᠨᠤᠲᠤᠭᠰᠢᠵᠤ᠂ ᠪᠥᠬᠦ ᠣᠷᠣᠨ ᠤ ᠰᠣᠷᠢᠨᠵᠢᠨ | ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ 10 ᠲᠦᠮᠡᠨ ᠲᠣᠨ ᠢ ᠳᠠᠪᠠᠵᠤ᠂ ᠪᠥᠬᠦ ᠵᠢᠯ ᠳᠤ ᠬᠤᠪᠣᠷ ᠰᠢᠷᠣᠢ ᠶᠢᠨ | ᠠᠵᠤ ᠦᠢᠯᠡᠰ 83.4% ᠪᠠᠷ ᠨᠡᠮᠡᠭᠳᠡᠨ᠂ ᠬᠤᠪᠣᠷ ᠰᠢᠷᠣᠢ ᠶᠢ ᠲᠤᠬᠠᠢ ᠶᠢᠨ ᠭᠠᠵᠠᠷ ᠲᠤᠨᠢ ᠤᠯᠠᠷᠢᠭᠤᠯᠤᠭᠰᠠᠨ | ᠨᠣᠷᠮ᠎ᠠ 80% ᠰᠢᠬᠠᠮ ᠳᠤ ᠬᠦᠷᠴᠦ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠰᠣᠷᠢᠨᠵᠢᠨ ᠮᠠᠲ᠋ᠧᠷᠢᠶᠠᠯ᠂ | ᠤᠮᠠᠷᠠᠲᠤ ᠶᠢᠨ ᠬᠤᠪᠣᠷ ᠰᠢᠷᠣᠢ᠂ ᠲᠢᠶᠠᠨ ᠾᠧ ᠰᠣᠷᠢᠨᠵᠢᠨ ᠮᠠᠲ᠋ᠧᠷᠢᠶᠠᠯ᠂ ᠶᠦᠨ ᠱᠧᠩ ᠴᠢᠩᠭ᠎ᠠ ᠰᠣᠷᠢᠨᠵᠢᠨ 4 | ᠠᠵᠤ ᠠᠬᠤᠶᠢᠯᠠᠯ ᠤᠨ ᠦᠢᠯᠡᠳᠬᠦᠨ ᠤ ᠥᠷᠲᠡᠭ 10 ᠳ᠋ᠦᠩᠰᠢᠭᠤᠷ ᠲᠥᠭᠦᠷᠢᠭ ᠢ ᠳᠠᠪᠠᠪᠠ᠃ ᠤᠯᠠᠮᠵᠢᠯᠠᠯᠲᠤ ᠠᠵᠤ | ᠦᠢᠯᠡᠰ ᠤᠨ ᠳᠡᠭᠡᠳᠦ ᠦᠵᠦᠭᠦᠷᠴᠢᠯᠡᠭᠰᠡᠨ᠂ ᠣᠶᠤᠨᠴᠢᠯᠠᠭᠰᠠᠨ᠂ ᠪᠣᠬᠢᠷᠳᠤᠯ ᠦᠭᠡᠢ ᠪᠣᠯᠭᠠᠬᠤ ᠥᠭᠡᠷᠡᠴᠢᠯᠡᠯᠲᠡ ᠶᠢ | ᠲᠦᠷᠭᠡᠳᠬᠡᠨ ᠠᠬᠢᠭᠤᠯᠵᠤ᠂ ᠤᠯᠠᠮᠵᠢᠯᠠᠯᠲᠤ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ 16 | ᠲᠥᠷᠥᠯ ᠵᠦᠢᠯ ᠢ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 2.5 ᠳᠠᠬᠢᠨ ᠨᠡᠮᠡᠭᠳᠡᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ︽ | ᠲᠠᠪᠴᠠᠩ ᠳᠤ ᠭᠠᠷᠴᠤ᠂ ᠲᠠᠪᠴᠠᠩ ᠬᠡᠷᠡᠭᠯᠡᠬᠦ︾ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ ᠵᠧᠨ ᠰᠢᠶᠦ᠋ᠩ | ᠵᠡᠰ ᠤᠨ ᠦᠢᠯᠡᠰ᠂ ᠲᠢᠶᠠᠨ ᠱᠢ ᠬᠤᠪᠣᠷ ᠰᠢᠷᠣᠢ᠂ ᠬᠤᠪᠣᠷ ᠡᠷᠳᠡᠨᠢ ᠪᠥᠸᠧ ᠸᠧᠢ ᠵᠡᠷᠭᠡ ᠠᠵᠤ ᠠᠬᠤᠶᠢᠯᠠᠯ ᠤᠨ | 14 ᠲᠦᠷᠦᠯ ᠤᠨ ᠦᠢᠯᠡᠳᠬᠦᠨ ᠨᠢ ᠥᠪᠡᠷᠲᠡᠭᠡᠨ ᠵᠠᠰᠠᠬᠤ ᠣᠷᠣᠨ ᠤ ᠲᠣᠨᠣᠭᠯᠠᠯ ᠦᠢᠯᠡᠳᠬᠦ ᠠᠩᠬᠠᠨ ᠤ ᠢᠵᠢ᠂ | ᠰᠢᠨ᠎ᠡ ᠮᠠᠲ᠋ᠧᠷᠢᠶᠠᠯ ᠤᠨ ᠠᠩᠬᠠᠨ ᠤ ᠪᠦᠯᠦᠭ ᠲᠤ ᠰᠣᠩᠭᠤᠭᠳᠠᠪᠠ᠃ ᠤᠮᠠᠷᠠᠲᠤ ᠶᠢᠨ ᠬᠤᠪᠢ ᠣᠷᠣᠭᠤᠯᠤᠭᠰᠠᠨ᠂ | ᠤᠮᠠᠷᠠᠲᠤ ᠶᠢᠨ ᠬᠤᠪᠣᠷ ᠰᠢᠷᠣᠢ᠂ ᠬᠤᠩ ᠪᠥᠸᠧ ᠲᠧ 3 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ | ᠪᠠᠷᠢᠮᠵᠢᠶ᠎ᠠ ᠳᠤ ᠬᠦᠷᠦᠭᠰᠡᠨ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠠᠯᠳᠠᠷ ᠢ ᠬᠦᠷᠲᠡᠵᠦ᠂ ᠪᠥᠬᠦ ᠬᠤᠲᠠ ᠶᠢᠨ | 100% ᠶᠢ ᠡᠵᠡᠯᠡᠪᠡ ᠃ ᠤᠮᠠᠷᠠᠲᠤ ᠶᠢᠨ ᠦᠢᠯᠡᠰ ᠴᠣᠭᠴᠠᠯᠠᠬᠤ᠂ ᠶᠢᠨ ᠬᠠᠢ ᠰᠢᠨ᠎ᠡ ᠡᠨᠧᠷᠭᠢ ᠵᠡᠷᠭᠡ 10 ᠠᠵᠤ | ᠠᠬᠤᠶᠢᠯᠠᠯ ᠪᠤᠭᠤᠲᠤ ᠬᠤᠲᠠ ᠶᠢᠨ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠲᠥᠪ ᠢ ᠠᠮᠵᠢᠯᠲᠠ ᠲᠠᠢ | ᠮᠠᠭᠠᠳᠯᠠᠨ ᠲᠣᠭᠲᠠᠭᠠᠵᠤ᠂ ᠪᠥᠬᠦ ᠬᠤᠲᠠ ᠶᠢᠨ 55% ᠶᠢ ᠡᠵᠡᠯᠡᠪᠡ᠃ ᠰᠢᠨ ᠯᠢ ᠨᠡᠬᠡᠮᠡᠯ᠂ ᠶᠢᠩ ᠬᠤᠸᠠ ᠷᠦᠩ | ᠲᠠᠢ ᠵᠡᠷᠭᠡ 15 ᠠᠵᠤ ᠠᠬᠤᠶᠢᠯᠠᠯ ᠪᠤᠭᠤᠲᠤ ᠬᠤᠲᠠ ᠶᠢᠨ ᠦᠢᠯᠡᠴᠢᠯᠡᠭᠡᠨ ᠤ ᠬᠡᠯᠪᠡᠷᠢ ᠶᠢᠨ ᠦᠶᠯᠡᠳᠬᠦ | ᠲᠤᠷᠰᠢᠯᠲᠠ ᠶᠢᠨ ᠵᠢᠱᠢᠶ᠎ᠡ ᠦᠵᠡᠭᠦᠯᠬᠦ ᠠᠩᠬᠠᠨ ᠤ ᠪᠦᠯᠦᠭ ᠤᠨ ᠠᠵᠤ ᠠᠬᠤᠶᠢᠯᠠᠯ ᠢ ᠠᠮᠵᠢᠯᠲᠠ ᠲᠠᠢ ᠪᠠᠷ ᠮᠠᠭᠠᠳᠯᠠᠨ | ᠲᠣᠭᠲᠠᠭᠠᠵᠤ᠂ ᠪᠥᠬᠦ ᠬᠤᠲᠠ ᠶᠢᠨ 68% ᠶᠢ ᠡᠵᠡᠯᠡᠪᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠬᠥᠭᠵᠢᠭᠰᠡᠨ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠲᠦᠷᠭᠡᠳᠬᠡᠨ ᠠᠬᠢᠭᠤᠯᠵᠤ᠂ ᠱᠤᠸᠠᠩ ᠯᠢᠶᠠᠩ | ᠪᠦᠯᠦᠭᠯᠡᠯ ᠤᠨ 40GW ᠲᠠᠩ ᠲᠠᠯᠠᠰᠲᠤ ᠴᠠᠬᠢᠭᠤᠷ ᠤᠨ ᠲᠥᠷᠥᠯ ᠵᠦᠢᠯ ᠳᠤ ᠲᠤᠬᠠᠢ ᠶᠢᠨ ᠵᠢᠯ ᠳᠤ ᠭᠡᠷ᠎ᠡ | ᠲᠣᠭᠲᠠᠵᠤ᠂ ᠲᠤᠬᠠᠢ ᠶᠢᠨ ᠵᠢᠯ ᠳᠤ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠤᠨ᠂ ᠨᠡᠶᠢᠲᠡ 292.87 | ᠳ᠋ᠦᠩᠰᠢᠭᠤᠷ ᠲᠥᠭᠦᠷᠢᠭ ᠤᠨ ᠪᠣᠷᠤᠯᠠᠭᠤᠯᠭ᠎ᠠ ᠶᠢᠨ ᠭᠡᠷ᠎ᠡ ᠲᠣᠭᠲᠠᠵᠤ᠂ ᠬᠡᠷᠡᠯ ᠴᠡᠨᠡᠭ ᠤᠨ ᠪᠥᠬᠦ ᠠᠵᠤ ᠦᠢᠯᠡᠰ ᠤᠨ | ᠬᠡᠯᠬᠢᠶ᠎ᠡ ᠶᠢ ᠬᠥᠭᠵᠢᠭᠦᠯᠬᠦ ᠳᠤ ᠰᠠᠶᠢᠨ ᠰᠠᠭᠤᠷᠢ ᠲᠠᠯᠪᠢᠪᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ | ᠲᠠᠪᠴᠠᠩ ᠤᠨ ᠬᠥᠭᠵᠢᠯᠲᠡ ᠶᠢᠨ ᠰᠢᠰᠲ᠋ᠧᠮᠵᠢ ᠶᠢ ᠶᠡᠬᠡᠪᠡᠷ ᠪᠠᠶᠢᠭᠤᠯᠵᠤ᠂ ᠬᠤᠪᠣᠷ ᠰᠢᠷᠣᠢ ᠶᠢᠨ ᠰᠢᠨ᠎ᠡ | ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ ᠰᠤᠳᠤᠯᠤᠨ ᠨᠡᠭᠡᠭᠡᠬᠦ ᠶᠢ | ᠪᠡᠶᠡᠯᠡᠭᠦᠯᠦᠨ᠂ ᠲᠢᠶᠠᠨ ᠾᠧ ᠰᠣᠷᠢᠨᠵᠢᠨ ᠮᠠᠲ᠋ᠧᠷᠢᠶᠠᠯ᠂ ᠶᠢᠩ ᠰᠧ ᠲᠧ ᠵᠡᠷᠭᠡ 31 ᠠᠵᠤ ᠠᠬᠤᠶᠢᠯᠠᠯ ᠤᠨ ᠠᠵᠤ | ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠬᠡᠷᠡᠭᠯᠡᠭᠡᠨ ᠤ ᠲᠤᠷᠰᠢᠯᠲᠠ ᠶᠢᠨ ᠴᠢᠭ᠋ ᠤᠨ ᠵᠢᠱᠢᠶ᠎ᠡ ᠦᠵᠡᠭᠦᠯᠬᠦ ᠲᠥᠷᠥᠯ | ᠵᠦᠢᠯ ᠢ ᠪᠠᠶᠢᠭᠤᠯᠤᠨ ᠬᠡᠷᠡᠭᠵᠢᠭᠦᠯᠬᠦ ᠶᠢ ᠠᠬᠢᠭᠤᠯᠪᠠ᠃ | ︵ᠭᠤᠷᠪᠠ︶ ᠰᠢᠨ᠎ᠡ ᠶᠢ ᠡᠭᠦᠳᠬᠦ ᠶᠢ ᠴᠢᠬᠤᠯᠠᠴᠢᠯᠠᠨ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠠᠵᠤ | ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ ᠰ᠊ᠵᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠤᠯᠤᠰ ᠤᠨ ᠬᠤᠪᠣᠷ ᠰᠢᠷᠣᠢ ᠶᠢᠨ ᠴᠢᠳᠠᠮᠵᠢᠲᠤ | ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠤᠨ ᠲᠥᠷᠥᠯ ᠵᠦᠢᠯ ᠢ ᠡᠬᠢᠯᠡᠭᠦᠯᠵᠦ᠂ ᠥᠪᠥᠷ ᠮᠣᠩᠭᠤᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠳᠡᠭᠡᠳᠦ | ᠰᠤᠷᠭᠠᠭᠤᠯᠢ ᠶᠢ ᠬᠠᠮᠲᠤᠷᠠᠨ ᠪᠠᠶᠢᠭᠤᠯᠵᠤ᠂ ︽ᠦᠺᠷᠠᠶᠢᠨ ᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠪᠠ | ᠣᠷᠣᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ︾ ᠭᠡᠬᠦ ᠬᠤᠶᠠᠷ ᠬᠦᠷᠢᠶᠡᠯᠡᠩ ᠤᠨ ᠠᠺᠠᠳᠧᠮᠢᠴᠢ ᠶᠢ | ᠣᠷᠣᠭᠤᠯᠤᠨ ᠠᠪᠴᠢᠷᠠᠵᠤ ︽ᠬᠤᠪᠣᠷ ᠰᠢᠷᠣᠢ ᠶᠢᠨ ᠰᠣᠷᠢᠨᠵᠢᠨ ᠮᠠᠲ᠋ᠧᠷᠢᠶᠠᠯ ᠤᠨ ᠬᠡᠷᠡᠭᠯᠡᠭᠡᠨ ᠤ ᠠᠺᠠᠳᠧᠮᠢᠴᠢ ᠶᠢᠨ | ᠠᠵᠢᠯ ᠤᠨ ᠥᠷᠲᠡᠭᠡ︾ ᠪᠠᠶᠢᠭᠤᠯᠣᠨ᠂ ᠪᠥᠬᠦ ᠬᠤᠲᠠ ᠶᠢᠨ ᠠᠩᠬᠠᠳᠠᠭᠴᠢ ᠭᠠᠳᠠᠭᠠᠳᠤ ᠶᠢᠨ ᠠᠺᠠᠳᠧᠮᠢᠴᠢ ᠶᠢᠨ | ᠠᠵᠢᠯ ᠤᠨ ᠥᠷᠲᠡᠭᠡ ᠪᠣᠯᠭᠠᠪᠠ᠃ ᠪᠥᠬᠦ ᠵᠢᠯ ᠳᠤ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ | 46 ᠮᠠᠭᠠᠳᠯᠠᠨ ᠲᠣᠭᠲᠠᠭᠠᠵᠤ᠂ ᠪᠥᠬᠦ ᠬᠤᠲᠠ ᠶᠢᠨ 51% ᠶᠢ ᠡᠵᠡᠯᠡᠪᠡ᠃ ᠤᠯᠤᠰ ᠤᠨ ᠲᠠᠰ ᠤᠨ 7 ᠳᠤᠮᠳᠠ | ᠵᠢᠵᠢᠭ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠤ ᠲᠠᠰ ᠤᠨ 19᠂ ᠬᠤᠲᠠ ᠶᠢᠨ ᠲᠠᠰ ᠤᠨ 17 ᠠᠵᠤ | ᠠᠬᠤᠶᠢᠯᠠᠯ ᠢᠶᠠᠷ ᠵᠥᠪᠰᠢᠶᠡᠷᠡᠭᠳᠡᠵᠦ᠂ ᠲᠣᠰ ᠲᠣᠰ ᠪᠥᠬᠦ ᠬᠤᠲᠠ ᠶᠢᠨ 64%᠂ 70%᠂ 57% ᠶᠢ ᠡᠵᠡᠯᠡᠪᠡ᠃ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 104 ᠳᠤᠮᠳᠠ ᠵᠢᠵᠢᠭ ᠠᠵᠤ ᠠᠬᠤᠶᠢᠯᠠᠯ ᠢ | ᠮᠠᠭᠠᠳᠯᠠᠨ ᠲᠣᠭᠲᠠᠭᠠᠵᠤ᠂ ᠲᠣᠰ ᠲᠣᠰ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠶᠢᠨ 12.6% ᠪᠠ 71. | 2% ᠢ ᠡᠵᠡᠯᠡᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢ ᠲᠦᠷᠭᠡᠳᠬᠡᠵᠦ᠂ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ | ᠵᠠᠷᠤᠳᠠᠯ ᠤᠨ ᠣᠷᠣᠭᠤᠯᠤᠯᠲᠠ ᠶᠢᠨ ᠡᠷᠴᠢᠮ 4.12% ᠲᠤ ᠬᠦᠷᠴᠦ᠂ ᠲᠦᠮᠡᠨ ᠬᠥᠮᠥᠨ ᠪᠦᠷᠢ ᠶᠢᠨ ᠬᠦᠴᠦᠨ | ᠪᠦᠬᠦᠢ ᠡᠭᠦᠳᠦᠯᠲᠡ ᠶᠢᠨ ᠲᠤᠰᠬᠠᠢ ᠠᠰᠢᠭ ᠤᠨ ᠲᠤᠭ᠎ᠠ 29.5 ᠬᠤᠪᠢ ᠳᠤ ᠬᠦᠷᠦᠨ᠂ ᠮᠡᠷᠭᠡᠵᠢᠯ ᠤᠨ ᠭᠡᠷ᠎ᠡ ᠶᠢᠨ | ᠠᠷᠠᠯᠵᠢᠶ᠎ᠠ ᠪᠦᠲᠦᠭᠰᠡᠨ ᠲᠤᠭ᠎ᠠ 7.96 ᠳ᠋ᠦᠩᠰᠢᠭᠤᠷ ᠲᠥᠭᠦᠷᠢᠭ ᠲᠤ ᠬᠦᠷᠴᠦ᠂ ᠴᠥᠮ ᠪᠥᠬᠦ ᠬᠤᠲᠠ ᠶᠢᠨ | ᠨᠢᠭᠡᠳᠦᠭᠡᠷ ᠲᠤ ᠣᠷᠣᠪᠠ᠃ ᠬᠤᠪᠣᠷ ᠰᠢᠷᠣᠢ᠂ ᠲᠣᠨᠣᠭᠯᠠᠯ ᠦᠢᠯᠡᠳᠬᠦ᠂ ᠳᠡᠭᠡᠳᠦ ᠰᠢᠨ᠎ᠡ ᠮᠡᠷᠭᠡᠵᠢᠯ ᠵᠡᠷᠭᠡ | ᠬᠦᠷᠢᠶ᠎ᠡ ᠶᠢᠨ ᠲᠣᠭᠤᠷᠢᠨ ᠳᠤ ᠨᠡᠶᠢᠳᠡ 176 ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠢ ᠪᠣᠳᠠᠲᠠᠢ ᠳᠤ | ᠨᠠᠶᠢᠳᠠᠪᠤᠷᠢᠵᠢᠭᠤᠯᠤᠨ ᠬᠤᠪᠢᠷᠠᠭᠤᠯᠬᠤ ᠶᠢ ᠠᠬᠢᠭᠤᠯᠵᠤ᠂ ︽ᠰᠢᠲᠠᠭᠠᠨ ᠪᠠᠷᠢᠯᠳᠤᠭᠤᠯᠤᠭᠰᠠᠨ ᠲᠡᠮᠦᠷ ᠪᠤᠷ ᠤᠨ | ᠰᠠᠴᠤᠷᠠᠯᠲᠠ ᠶᠢᠨ ᠰᠣᠷᠢᠨᠵᠢᠨ ᠴᠠᠭᠠᠷᠢᠭ︾᠂ ︽ᠳᠡᠭᠡᠳᠦ ᠴᠡᠪᠡᠷ ᠬᠤᠪᠣᠷ ᠰᠢᠷᠣᠢ ᠶᠢᠨ ᠲᠡᠮᠦᠷᠯᠢᠭ ᠤᠨ ᠫᠠᠢ ᠶᠢᠨ | ᠮᠠᠲ᠋ᠧᠷᠢᠶᠠᠯ︾᠂ ︽ᠬᠤᠪᠣᠷ ᠰᠢᠷᠣᠢ ᠶᠢᠨ ᠣᠨᠴᠠ ᠲᠦᠷᠦᠯ ᠤᠨ ᠪᠣᠯᠣᠳ ᠢ ᠰᠤᠳᠤᠯᠤᠨ ᠨᠡᠭᠡᠭᠡᠬᠦ ᠪᠠ ᠬᠡᠷᠡᠭᠯᠡᠬᠦ︾᠂ | ︽ᠨᠢᠭᠡ ᠴᠣᠭᠴᠠᠵᠢᠭᠤᠯᠤᠭᠰᠠᠨ ᠤᠰᠤᠨ ᠳᠣᠣᠷᠠᠬᠢ ᠴᠠᠬᠢᠯᠭᠠᠨ ᠮᠠᠰᠢᠨ︾ ᠵᠡᠷᠭᠡ 4 ᠲᠦᠷᠦᠯ ᠵᠦᠢᠯ ᠤᠯᠤᠰ ᠤᠨ ︽ | ᠠᠷᠪᠠᠨ ᠭᠤᠷᠪᠠᠳᠤᠭᠠᠷ ᠲᠠᠪᠤᠨ ᠵᠢᠯ︾ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ | ᠠᠮᠵᠢᠯᠲᠠ ᠪᠦᠲᠦᠮᠵᠢ ᠶᠢᠨ ᠦᠵᠡᠭᠦᠯᠦᠯᠭᠡ ᠳᠤ ᠣᠷᠣᠪᠠ᠃ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠤᠨ | ︽ᠬᠤᠪᠣᠷ ᠰᠢᠷᠣᠢ ᠶᠢᠨ ᠲᠡᠮᠦᠷ ᠤᠨ ᠬᠠᠶᠢᠯᠤᠰᠢ ᠶᠢ ᠦᠶᠯᠡᠳᠬᠦ ᠮᠡᠷᠭᠡᠵᠢᠯ︾ ᠨᠢ ᠥᠪᠥᠷ ᠮᠣᠩᠭᠤᠯ ᠤᠨ ᠠᠷᠪᠠᠨ | ᠶᠡᠭᠡ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠪᠠᠷ ᠦᠨᠡᠯᠡᠭᠳᠡᠵᠦ᠂ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠱᠠᠩᠨᠠᠯ ᠤᠨ ᠶᠡᠷᠦᠩᠬᠡᠢ ᠱᠠᠩᠨᠠᠯ ᠭᠥᠷᠳᠡᠭᠰᠡᠨ ᠲᠤᠭ᠎ᠠ ᠨᠢ | ᠪᠥᠬᠦ ᠬᠤᠲᠠ ᠶᠢᠨ 36.8% ᠶᠢ ᠡᠵᠡᠯᠡᠵᠦ᠂ ᠡᠭᠦᠨ ᠳᠤ ᠨᠢᠭᠡᠳᠦᠭᠡᠷ ᠳᠡᠰ ᠤᠨ ᠱᠠᠩᠨᠠᠯ ᠪᠠ ᠬᠤᠶᠠᠳᠤᠭᠠᠷ | ᠳᠡᠰ ᠤᠨ ᠱᠠᠩᠨᠠᠯ ᠤᠨ ᠲᠤᠭ᠎ᠠ ᠨᠢ ᠪᠥᠬᠦ ᠬᠤᠲᠠ ᠶᠢᠨ 50% ᠶᠢ ᠡᠵᠡᠯᠡᠪᠡ᠃ ᠰᠢᠨ᠎ᠡ ᠶᠢ ᠡᠭᠦᠳᠦᠨ ᠠᠳᠠᠯ | ᠦᠢᠯᠡᠰ ᠴᠣᠭᠴᠠᠯᠠᠬᠤ ᠰᠢᠰᠲ᠋ᠧᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠥᠪ ᠬᠤᠶᠠᠷ ᠵᠢᠯ ᠳᠠᠷᠠᠭᠠᠯᠠᠨ ᠰᠢᠨᠵᠢᠯᠡᠬᠦ ᠤᠬᠠᠭᠠᠨ ᠮᠡᠷᠭᠡᠵᠢᠯ ᠤᠨ | ᠶᠠᠮᠤᠨ ᠤ ᠰᠢᠯᠢᠳᠡᠭ ᠬᠢᠨᠠᠨ ᠰᠢᠯᠭᠠᠯᠲᠠ ᠶᠢᠨ ᠦᠨᠡᠯᠡᠯᠲᠡ ᠶᠢ ᠬᠦᠷᠲᠡᠵᠦ᠂ ᠥᠪᠡᠷᠲᠡᠭᠡᠨ ᠵᠠᠰᠠᠬᠤ ᠣᠷᠣᠨ ᠤ | ᠴᠣᠷ ᠤᠨ ᠭᠠᠭᠴᠠ ᠰᠢᠯᠢᠳᠡᠭ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ | ᠨᠡᠪᠴᠢᠭᠦᠯᠦᠭᠦᠷ ᠪᠣᠯᠪᠠ᠃ ᠡᠯ᠎ᠡ ᠲᠥᠷᠥᠯ ᠤᠨ ᠨᠡᠪᠴᠢᠭᠦᠯᠬᠦ ᠠᠴᠢᠶᠠᠯᠠᠪᠤᠷᠢ ᠶᠢ ᠨᠡᠶᠢᠲᠡ 30 ᠪᠠᠶᠢᠭᠤᠯᠵᠤ᠂ | ᠡᠭᠦᠨ ᠳᠤ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠬᠦ ᠪᠠᠭᠠᠵᠢ | 2 ᠪᠠᠶᠢᠵᠤ᠂ ᠪᠥᠬᠦ ᠬᠤᠲᠠ ᠶᠢᠨ 67% ᠶᠢ ᠡᠵᠡᠯᠡᠵᠦ᠂ ᠤᠯᠤᠰ ᠤᠨ ᠳᠠᠩᠰᠠᠯᠠᠭᠤᠯᠤᠭᠰᠠᠨ ᠣᠯᠠᠨ ᠢᠶᠠᠷ ᠢᠶᠠᠨ | ᠰᠢᠨ᠎ᠡ ᠶᠢ ᠡᠭᠦᠳᠬᠦ ᠣᠷᠣᠨ ᠵᠠᠢ 7 ᠪᠠᠶᠢᠵᠤ᠂ ᠪᠥᠬᠦ ᠬᠤᠲᠠ ᠶᠢᠨ 50% ᠶᠢ ᠡᠵᠡᠯᠡᠪᠡ᠃ ᠪᠥᠬᠦ ᠬᠤᠲᠠ ᠳᠤ ᠡᠩ | ᠲᠡᠷᠢᠭᠦᠨ ᠳᠤ ︽ᠴᠢᠳᠠᠪᠤᠷᠢᠲᠠᠨ ᠢ ᠣᠷᠣᠭᠤᠯᠤᠨ ᠬᠥᠮᠥᠵᠢᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ | ᠨᠠᠢᠮᠠᠨ ᠵᠦᠢᠯ ᠤᠨ ᠠᠷᠭ᠎ᠠ ᠬᠡᠮᠵᠢᠶ᠎ᠡ︾ ᠶᠢ ᠨᠡᠶᠢᠲᠡᠯᠡᠨ ᠬᠡᠷᠡᠭᠵᠢᠭᠦᠯᠵᠦ᠂ 21 ᠳᠡᠭᠡᠳᠦ ᠲᠠᠰ ᠤᠨ ᠴᠢᠳᠠᠪᠤᠷᠢᠲᠠᠨ ᠢ | ᠰᠢᠨ᠎ᠡ ᠪᠠᠷ ᠣᠷᠣᠭᠤᠯᠤᠨ ᠠᠪᠴᠢᠷᠠᠵᠤ᠂ ︽ᠭᠠᠳᠠᠭᠠᠳᠤ ᠳᠤ ᠪᠤᠴᠠᠵᠤ ᠢᠷᠡᠭᠰᠡᠨ︾ ᠰᠢᠨ᠎ᠡ ᠶᠢ ᠡᠭᠦᠳᠦᠨ ᠠᠳᠠᠯ | ᠦᠢᠯᠡᠰ ᠴᠣᠭᠴᠠᠯᠠᠬᠤ ᠪᠠᠷ ᠭᠤᠣᠯ ᠴᠣᠭᠴᠠ ᠪᠣᠯᠭᠠᠭᠰᠠᠨ ᠡᠯ᠎ᠡ ᠲᠥᠷᠥᠯ ᠤᠨ ᠳᠡᠭᠡᠳᠦ ᠲᠠᠰ ᠤᠨ ᠴᠢᠳᠠᠪᠤᠷᠢᠲᠠᠨ ᠢ | ᠨᠡᠶᠢᠲᠡ 432 ᠲᠡᠳᠡᠨ ᠣᠷᠣᠭᠤᠯᠵᠤ᠂ ᠥᠪᠥᠷ ᠮᠣᠩᠭᠤᠯ ᠤᠨ ᠭᠠᠳᠠᠭᠠᠳᠤ ᠳᠤ ᠰᠤᠷᠤᠯᠴᠠᠭᠰᠠᠳ ᠤᠨ ᠦᠢᠯᠡᠰ | ᠪᠦᠲᠦᠭᠡᠬᠦ ᠬᠦᠷᠢᠶᠡᠯᠡᠩ ᠤᠯᠤᠰ ᠤᠨ ᠲᠠᠰ ᠤᠨ ︽ᠭᠠᠳᠠᠭᠠᠳᠤ ᠶᠢᠨ ᠤᠶᠤᠨ ᠴᠢᠳᠠᠯ ᠤᠨ ᠲᠠᠯ᠎ᠠ ᠪᠠᠷ ᠤᠯᠤᠰ ᠲᠠᠭᠠᠨ | ᠦᠢᠯᠡᠴᠢᠯᠡᠬᠦ ᠠᠵᠢᠯᠯᠠᠭᠠᠨ ᠤ ᠲᠥᠯᠥᠪᠯᠡᠭᠡ ᠶᠢᠨ ᠠᠵᠢᠯ ᠤᠨ ᠰᠠᠭᠤᠷᠢᠨ ᠭᠠᠵᠠᠷ︾ ᠢᠶᠠᠷ ᠦᠨᠡᠯᠡᠭᠳᠡᠪᠡ᠃ | ︵ᠳᠥᠷᠪᠡ︶ ᠥᠭᠡᠷᠡᠴᠢᠯᠡᠯᠲᠡ ᠶᠢ ᠠᠳᠬᠤᠵᠤ᠂ ᠪᠣᠭᠤᠮᠢ ᠶᠢ ᠡᠪᠳᠡᠨ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠳᠤ ᠰᠢᠨ᠎ᠡ ᠬᠤᠪᠢᠷᠠᠯᠲᠠ ᠭᠠᠷᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ︽ᠰᠦᠯᠵᠢᠶᠡᠨ ᠳᠡᠭᠡᠷ᠎ᠡ︾ ᠭᠦᠢᠴᠡᠳᠬᠡᠵᠦ ᠪᠣᠯᠬᠤ ᠨᠣᠷᠮ᠎ᠠ᠂ ︽ᠨᠢᠭᠡ | ᠴᠣᠩᠬᠤᠪᠴᠢ︾ ᠶᠢᠨ ᠭᠥᠯᠢᠶᠡᠨ ᠠᠪᠴᠤ ᠰᠢᠢᠳᠪᠦᠷᠢᠯᠡᠬᠦ ᠨᠣᠷᠮ᠎ᠠ ᠶᠢ ᠴᠥᠮ 100% ᠳᠤ ᠬᠦᠷᠦᠭᠦᠯᠵᠦ᠂ | 1219 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ︽ᠬᠠᠮᠤᠭ ᠤᠨ ᠠᠷᠪᠢᠨ ᠳᠤ ᠪᠠᠨ | ᠨᠢᠭᠡ ᠯᠡ ᠤᠳᠠᠭ᠎ᠠ ᠳᠤ ᠭᠦᠶᠦᠯᠭᠡᠬᠦ︾ ᠶᠢ ᠪᠡᠶᠡᠯᠡᠭᠦᠯᠪᠡ᠃ 104 ᠵᠦᠢᠯ ᠤᠨ ︽ᠨᠢᠭᠡ ᠶᠠᠪᠤᠳᠠᠯ ᠢ ᠨᠢᠭᠡ ᠯᠡ | ᠤᠳᠠᠭ᠎ᠠ ᠳᠤ ᠰᠢᠢᠳᠪᠦᠷᠢᠯᠡᠬᠦ︾ ᠵᠦᠢᠯᠡᠰ ᠲᠤ ︽ᠨᠢᠭᠡ ᠬᠦᠰᠦᠨᠦᠭ ᠬᠠᠭᠤᠳᠠᠰᠤ᠂ ᠨᠢᠭᠡ ᠢᠵᠢ ᠮᠠᠲ᠋ᠧᠷᠢᠶᠠᠯ︾ ᠢ | ᠡᠮᠬᠢᠯᠡᠨ ᠳᠢᠭᠯᠡᠬᠦ ᠪᠠ ᠶᠠᠪᠤᠴᠠ ᠶᠢ ᠳᠠᠬᠢᠨ ᠵᠣᠬᠢᠶᠠᠵᠤ᠂ ᠳᠤᠮᠳᠠᠴᠢ ᠪᠠᠷ 53% ᠪᠠᠷ ᠴᠠᠭ ᠬᠤᠭᠤᠴᠠᠭ᠎ᠠ ᠶᠢ | ᠪᠠᠭᠠᠰᠬᠠᠪᠠ᠃ ᠪᠥᠬᠦ ᠬᠤᠲᠠ ᠳᠤ ᠡᠩ ᠲᠡᠷᠢᠭᠦᠨ ᠳᠤ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠡᠯᠧᠺᠲᠷᠣᠨ | ᠦᠨᠡᠮᠯᠡᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠳᠠᠩᠰᠠᠯᠠᠯᠲᠠ ᠶᠢᠨ ᠪᠥᠬᠦ ᠶᠠᠪᠤᠴᠠ ᠶᠢ | ᠡᠯᠧᠺᠲᠷᠤᠨᠴᠢᠯᠠᠬᠤ ᠥᠭᠡᠷᠡᠴᠢᠯᠡᠯᠲᠡ ᠪᠠ ᠡᠯᠧᠺᠲᠷᠣᠨ ᠦᠨᠡᠮᠯᠡᠯ ᠤᠨ ᠬᠡᠷᠡᠭᠯᠡᠯᠲᠡ ᠶᠢ ᠠᠬᠢᠭᠤᠯᠤᠨ᠂ ᠪᠥᠬᠦ ᠵᠢᠯ ᠳᠤ | ᠵᠠᠬ᠎ᠠ ᠳᠡᠯᠭᠡᠭᠦᠷ ᠤᠨ ᠭᠤᠣᠯ ᠴᠣᠭᠴᠠ ᠶᠢ 3335 ᠡᠷᠦᠬᠡ ᠰᠢᠨ᠎ᠡ ᠪᠠᠷ ᠨᠡᠮᠡᠭᠳᠡᠭᠦᠯᠪᠡ᠃ ᠲᠥᠷᠥᠯ ᠵᠦᠢᠯ ᠢ ᠬᠢᠨᠠᠨ | ᠵᠥᠪᠰᠢᠶᠡᠷᠡᠬᠦ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽ᠤᠷᠢᠳᠴᠢᠯᠠᠨ ᠭᠥᠯᠢᠶᠡᠨ ᠠᠪᠴᠤ | ᠰᠢᠢᠳᠪᠦᠷᠢᠯᠡᠬᠦ + ᠳᠤᠲᠠᠭᠤ ᠶᠢ ᠪᠠᠭᠲᠠᠭᠠᠬᠤ ᠶᠢ ᠬᠢᠨᠠᠨ ᠵᠥᠪᠰᠢᠶᠡᠷᠡᠬᠦ + ᠨᠡᠶᠢᠯᠡᠭᠦᠯᠵᠦ ᠬᠢᠨᠠᠨ ᠵᠥᠪᠰᠢᠶᠡᠷᠡᠬᠦ + | ᠠᠮᠠᠯᠠᠯᠲᠠ ᠶᠢᠨ ᠴᠠᠭ ᠬᠢᠵᠠᠭᠠᠷ︾ ᠤᠨ ᠵᠠᠭᠪᠤᠷ ᠢ ᠬᠡᠷᠡᠭᠵᠢᠭᠦᠯᠦᠨ᠂ ᠲᠥᠷᠥᠯ ᠵᠦᠢᠯ ᠢ ᠲᠣᠭᠲᠠᠭᠠᠬᠤ ᠳᠤ | ᠳᠠᠷᠤᠶᠢᠬᠠᠨ ᠬᠤᠷᠢᠶᠠᠨ ᠠᠪᠴᠤ ᠳᠠᠷᠤᠶᠢᠬᠠᠨ ᠭᠦᠢᠴᠡᠳᠬᠡᠬᠦ ᠶᠢ ᠪᠡᠶᠡᠯᠡᠭᠦᠯᠵᠦ᠂ ᠪᠠᠷᠢᠯᠭ᠎ᠠ ᠪᠠᠷᠢᠬᠤ ᠵᠥᠪᠰᠢᠶᠡᠷᠡᠯ ᠢ 2 | ᠠᠵᠢᠯ ᠤᠨ ᠡᠳᠦᠷ ᠪᠣᠯᠭᠠᠨ ᠪᠠᠭᠠᠰᠬᠠᠨ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ | ᠵᠥᠪᠰᠢᠶᠡᠷᠡᠯ ᠢ 3 ᠠᠵᠢᠯ ᠤᠨ ᠡᠳᠦᠷ ᠪᠣᠯᠭᠠᠨ ᠪᠠᠭᠠᠰᠬᠠᠵᠤ᠂ ︽ᠭᠡᠷ᠎ᠡ ᠲᠣᠭᠲᠠᠪᠠᠯ ᠳᠠᠷᠤᠢ ᠠᠵᠢᠯ ᠡᠬᠢᠯᠡᠭᠦᠯᠬᠦ︾ | ᠶᠢ ᠪᠡᠶᠡᠯᠡᠭᠦᠯᠪᠠ᠃ ᠱᠤᠸᠠᠩ ᠯᠢᠶᠠᠩ ᠪᠦᠯᠦᠭᠯᠡᠯ ᠤᠨ 40GW ᠲᠠᠩ ᠲᠠᠯᠠᠰᠲᠤ ᠴᠠᠬᠢᠭᠤᠷ ᠤᠨ ᠲᠦᠷᠦᠯ ᠵᠦᠢᠯ | ᠨᠢ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠭᠡᠷ᠎ᠡ ᠳᠤ ᠭᠠᠷ ᠤᠨ ᠦᠰᠦᠭ ᠵᠢᠷᠤᠬᠤ ᠠᠴᠠ ᠠᠪᠤᠭᠠᠳ | ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠤᠨ ᠦᠨᠡᠮᠯᠡᠯ ᠣᠯᠬᠤ ᠪᠣᠯᠲᠠᠯ᠎ᠠ ᠭᠤᠷᠪᠠᠭ᠋ᠠᠨ ᠠᠵᠢᠯ ᠤᠨ ᠡᠳᠦᠷ ᠬᠡᠷᠡᠭᠰᠡᠵᠦ | ᠂ ᠠᠵᠢᠯ ᠡᠬᠢᠯᠡᠭᠦᠯᠦᠭᠰᠡᠨ ᠠᠴᠠ ᠠᠪᠤᠭᠠᠳ ᠠᠰᠢᠭᠯᠠᠯᠲᠠ ᠳᠤ ᠣᠷᠣᠭᠤᠯᠬᠤ ᠪᠣᠯᠲᠠᠯ᠎ᠠ 5 ᠰᠠᠷ᠎ᠠ ᠬᠦᠷᠬᠦ ᠦᠭᠡᠢ᠂ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠬᠤᠷᠳᠤᠴᠠ︾ ᠶᠢ ᠨᠡᠮᠡᠭᠳᠡᠭᠦᠯᠵᠡᠢ᠃ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠠᠮᠢᠳᠤᠯᠢᠭ ᠬᠦᠴᠦᠨ ᠢ ᠦᠷᠭᠦᠯᠵᠢᠯᠡᠨ ᠬᠥᠭᠵᠢᠭᠡᠵᠦ᠂ ︽ᠪᠢᠳᠡ ᠠᠵᠤ ᠠᠬᠤᠶᠢᠯᠠᠯ ᠳᠤ | ᠵᠠᠬ᠎ᠠ ᠳᠡᠯᠭᠡᠭᠦᠷ ᠡᠷᠢᠵᠦ ᠥᠭᠬᠦ︾ ᠠᠵᠢᠯᠯᠠᠭ᠎ᠠ ᠶᠢ ᠥᠷᠨᠢᠭᠦᠯᠵᠦ᠂ 40 ᠠᠵᠤ ᠠᠬᠤᠶᠢᠯᠠᠯ ᠢ ᠵᠣᠬᠢᠶᠠᠨ ᠪᠠᠶᠢᠭᠤᠯᠤᠨ | ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ | ᠵᠡᠷᠭᠡ 5 ᠲᠠᠯᠠᠪᠤᠷ ᠪᠥᠬᠦ ᠤᠯᠤᠰ ᠤᠨ ᠴᠢᠨᠠᠷᠲᠠᠢ ᠭᠤᠣᠯᠳᠠᠯᠭ᠎ᠠ ᠲᠠᠢ ᠦᠵᠡᠰᠬᠦᠯᠡᠩ ᠤᠨ ᠴᠤᠭᠯᠠᠭᠠᠨ ᠳᠤ | ᠣᠷᠣᠯᠴᠠᠭᠤᠯᠵᠤ᠂ ᠴᠢᠩ ᠱᠠᠨ ᠴᠠᠬᠢᠯᠭᠠᠨ᠂ ᠵᠠᠨ ᠬᠤᠸ ᠴᠠᠬᠢᠯᠭᠠᠨ᠂ ᠾᠧᠩ ᠵᠢᠦ ᠪᠣᠯᠣᠳ ᠪᠦᠲᠦᠴᠡ ᠵᠡᠷᠭᠡ | ᠣᠷᠣᠨ ᠨᠤᠲᠤᠭ ᠤᠨ ᠠᠵᠤ ᠠᠬᠤᠶᠢᠯᠠᠯ ᠬᠢᠭᠡᠳ ᠱᠤᠸᠠᠩ ᠯᠢᠶᠠᠩ ᠪᠦᠯᠦᠭᠯᠡᠯ᠂ ᠶᠢᠨ ᠯᠢ ᠲᠣᠭᠲᠠᠮᠠᠯ ᠰᠣᠷᠢᠨᠵᠢᠨ | ᠵᠡᠷᠭᠡ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠥᠨᠳᠥᠷ ᠬᠦᠴᠦᠳᠡᠯᠲᠦ ᠬᠦᠴᠦᠳᠡᠯ ᠥᠭᠡᠷᠡᠴᠢᠯᠡᠬᠦ ᠴᠠᠬᠢᠯᠭᠠᠨ | ᠲᠦᠭᠡᠭᠡᠬᠦ᠂ ᠪᠣᠯᠣᠳ ᠪᠦᠲᠦᠴᠡᠲᠦ ᠦᠢᠯᠡᠳᠪᠦᠷᠢ ᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠵᠡᠷᠭᠡ | ᠲᠠᠯ᠎ᠠ ᠪᠠᠷ ᠬᠠᠮᠲᠤᠷᠠᠯᠴᠠᠬᠤ ᠶᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠥᠷᠳᠡᠬᠦ ᠶᠢ | ᠪᠡᠶᠡᠯᠡᠭᠦᠯᠦᠨ᠎ᠡ᠃ ᠨᠠᠷᠠᠲᠤ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠤᠮᠠᠷᠠᠲᠤ ᠶᠢᠨ ᠬᠤᠪᠣᠷ ᠰᠢᠷᠣᠢ ᠪᠥᠬᠦ ᠤᠯᠤᠰ ᠤᠨ ᠶᠠᠰᠤ ᠴᠢᠨᠠᠷ ᠤᠨ ᠱᠠᠩᠨᠠᠯ ᠤᠨ ᠨᠡᠷ᠎ᠡ | ᠳᠤᠷᠠᠳᠤᠭᠳᠠᠭᠰᠠᠨ ᠱᠠᠩᠨᠠᠯ ᠢ ᠬᠦᠷᠲᠡᠵᠦ᠂ ᠲᠢᠶᠠᠨ ᠾᠧ ᠰᠣᠷᠢᠨᠵᠢᠨ ᠮᠠᠲ᠋ᠧᠷᠢᠶᠠᠯ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠭᠥᠷᠳᠡᠪᠡ᠃ ᠦᠯᠡᠳᠡᠭᠡᠯ ᠭᠠᠵᠠᠷ ᠰᠢᠷᠣᠢ ᠶᠢ ᠴᠢᠯᠦᠭᠡᠲᠡᠢ | ᠪᠣᠯᠭᠠᠵᠤ᠂ ᠳ᠋ᠦᠩ ᠪᠦᠦ ᠳ᠋ᠠ ᠲᠢᠶᠠᠨ᠂ ᠰᠢᠨ ᠭᠧ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠥᠷᠥᠯ ᠵᠦᠢᠯ ᠢ | ᠣᠷᠣᠭᠤᠯᠤᠨ ᠠᠪᠴᠢᠷᠠᠵᠤ᠂ 1331 ᠮᠦ ᠳᠣᠣᠷ᠎ᠠ ᠠᠰᠢᠭᠯᠠᠮᠵᠢ ᠲᠠᠢ ᠭᠠᠵᠠᠷ ᠰᠢᠷᠣᠢ ᠶᠢ ᠪᠦᠲᠦᠮᠵᠢᠲᠡᠶ ᠴᠢᠯᠦᠭᠡᠲᠡᠢ | ᠪᠣᠯᠭᠠᠵᠤ᠂ ᠣᠳᠣ ᠪᠠᠶᠢᠭ᠎ᠠ ᠤᠯᠠᠮᠵᠢᠯᠠᠯᠳᠤ ᠦᠢᠯᠡᠳᠬᠦ ᠦᠢᠯᠡᠰ ᠢ ᠣᠳᠣᠬᠠᠨ ᠤ ᠠᠵᠤ ᠦᠢᠯᠡᠰ ᠤᠨ ᠰᠠᠭᠤᠷᠢᠨ | ᠭᠠᠵᠠᠷ ᠠᠴᠠ ︽ ᠰᠢᠯᠵᠢᠭᠦᠯᠦᠨ ᠭᠠᠷᠭᠠᠵᠤ︾ ︽ ᠲᠡᠷᠢᠭᠦᠨ ᠤ ᠦᠢᠯᠡᠳᠪᠦᠷᠢᠯᠡᠯ ᠤᠨ ᠬᠦᠴᠦᠨ︾ ᠢ ᠲᠠᠬᠢᠨ | ᠰᠢᠯᠵᠢᠭᠦᠯᠵᠦ ᠠᠪᠴᠢᠷᠠᠬᠤ ᠶᠢ ᠪᠡᠶᠡᠯᠡᠭᠦᠯᠪᠠ᠃ | ︵ᠲᠠᠪᠤ︶ ᠰᠠᠭᠤᠷᠢ ᠶᠢ ᠴᠢᠩᠭᠠᠳᠬᠠᠨ᠂ ᠶᠠᠰᠤ ᠴᠢᠨᠠᠷ ᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ | ᠬᠥᠭᠵᠢᠯᠲᠡ ᠶᠢᠨ ᠰᠢᠨ᠎ᠡ ᠠᠯᠬᠤᠮ ᠢ ᠠᠯᠬᠤᠪᠠ᠃ ᠬᠤᠳᠠ ᠶᠢᠨ ᠰᠢᠨᠡᠴᠢᠯᠡᠯᠲᠡ ᠶᠢ ᠥᠨᠳᠥᠷ ᠲᠦᠪᠰᠢᠨ ᠢᠶᠠᠷ | ᠲᠦᠯᠬᠢᠨ ᠠᠬᠢᠭᠤᠯᠵᠤ᠂ 10 ᠬᠠᠭᠤᠴᠢᠨ ᠵᠢᠵᠢᠭ ᠲᠣᠭᠤᠷᠢᠭ᠂ 28.7 ᠲᠦᠮᠡᠨ ᠲᠡᠭᠰᠢ ᠳᠥᠷᠪᠡᠯᠵᠢᠨ ᠮᠧᠲᠷ ᠤᠨ | ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠵᠦ᠂ ᠭᠤᠣᠯᠳᠠᠯᠭ᠎ᠠ ᠲᠠᠢ ᠵᠠᠮ ᠵᠢᠴᠢ ᠬᠤᠭᠤᠯᠠᠢ ᠱᠤᠭᠤᠮ ᠤᠨ | ᠢᠨᠵᠧᠨᠧᠷᠢᠩ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠳᠡᠭᠡᠭᠰᠢᠯᠡᠭᠦᠯᠬᠦ ᠢᠨᠵᠧᠨᠧᠷᠢᠩ | ᠢᠯᠡᠳᠲᠡ ᠦᠷ᠎ᠡ ᠪᠦᠲᠦᠮᠵᠢ ᠣᠯᠣᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠥᠮᠴᠢᠯᠡᠯ ᠤᠨ | ᠡᠷᠬᠡ ᠶᠢᠨ ᠦᠯᠡᠳᠡᠭᠳᠡᠯ ᠠᠰᠠᠭᠤᠳᠠᠯ ᠢ ᠲᠤᠰᠬᠠᠶᠢᠯᠠᠨ ᠵᠠᠰᠠᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ | ᠬᠤᠲᠠ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠬᠤᠲᠠ ᠶᠢᠨ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ︽ᠬᠤᠲᠠ ᠪᠠᠶᠢᠭᠤᠯᠬᠤ︾ ︽ᠡᠷᠡᠭᠦᠯ ᠬᠠᠮᠠᠭᠠᠯᠠᠯ ᠤᠨ ᠬᠤᠳᠠ | ᠪᠠᠶᠢᠭᠤᠯᠬᠤ︾ ᠪᠠᠷ ᠭᠠᠷᠳᠠᠴᠠ ᠪᠣᠯᠭᠠᠵᠤ᠂ ︽ᠵᠠᠰᠠᠮᠠᠯ ᠵᠠᠮ ᠤᠨ ᠠᠯᠪᠠᠨ︾ ᠢ ᠬᠡᠷᠡᠭᠵᠢᠭᠦᠯᠦᠨ᠂ 6 ᠵᠡᠭᠡᠯᠢ | ᠭᠤᠳᠤᠮᠵᠢ ᠶᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠵᠦ᠂ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ 6.97 | ᠲᠦᠮᠡᠨ ᠲᠡᠭᠰᠢ ᠳᠥᠷᠪᠡᠯᠵᠢᠨ ᠮᠧᠲᠷ ᠨᠤᠷᠠᠭᠠᠵᠤ᠂ 2.6 ᠲᠦᠮᠡᠨ ︽ᠵᠢᠷᠭᠤᠭᠠᠨ ᠳᠤᠷ᠎ᠠ ᠪᠠᠷ ᠢᠶᠠᠨ︾ ᠢ ᠴᠡᠪᠡᠷᠯᠡᠵᠦ | ᠂ 64 ᠨᠡᠶᠢᠲᠡ ᠶᠢᠨ ᠵᠣᠷᠯᠣᠩ ᠪᠠ ᠬᠠᠭᠤᠷᠠᠢ ᠵᠣᠷᠯᠣᠩ ᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ | ᠪᠠᠶᠢᠭᠤᠯᠣᠨ᠂ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠢ ᠪᠣᠯᠭᠠᠨ ᠰᠢᠢᠳᠪᠦᠷᠢᠯᠡᠬᠦ ᠨᠣᠷᠮ᠎ᠠ ᠶᠢ 100% ᠳᠤ | ᠬᠦᠷᠦᠭᠦᠯᠵᠦ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ | ᠪᠠᠷᠢᠮᠵᠢᠶᠠᠵᠢᠭᠤᠯᠤᠯᠲᠠ ᠶᠢᠨ ᠬᠢᠷᠢ ᠬᠡᠮᠵᠢᠶ᠎ᠡ ᠶᠢ ᠢᠯᠡᠳᠲᠡ ᠲᠡᠭᠡᠭᠰᠢᠯᠡᠭᠦᠯᠪᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠣᠬᠢᠷᠳᠤᠯ ᠦᠭᠡᠢ ᠨᠠᠷᠠᠲᠤ | ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ︽1 ᠳ᠋ᠦᠭᠡᠷ ᠮᠠᠯᠵᠢᠯ ᠤᠨ ᠲᠠᠯᠠᠪᠠᠶ︾ | ︽ᠲᠣᠭᠤᠷᠢᠭ ᠡᠳ᠋ ᠤᠨ ᠶᠠᠰᠤᠨ ᠫᠧᠫᠲ᠋ᠢᠳ᠋︾ ᠭᠡᠬᠦ ᠬᠤᠶᠠᠷ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠪᠠ᠃ | ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠠᠬᠤᠢ ᠶᠢ ᠴᠡᠭᠴᠡᠯᠡᠨ ᠵᠠᠰᠠᠵᠤ ᠳᠡᠭᠡᠭᠰᠢᠯᠡᠭᠦᠯᠬᠦ | ᠲᠠᠪᠤᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠠᠰᠠᠭ ᠵᠠᠬᠢᠷᠭᠠᠨ ᠤ ᠲᠣᠰᠬᠤᠨ ᠤ ᠠᠮᠢᠳᠤᠷᠠᠯ ᠤᠨ | ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠬᠤᠣᠷ | ᠦᠭᠡᠶᠢᠵᠢᠬᠦᠯᠦᠨ ᠰᠢᠢᠳᠪᠦᠷᠢᠯᠡᠬᠦ ᠨᠤᠷᠮ᠎ᠠ ᠶᠢ 70 % ᠠᠴᠠ ᠳᠡᠭᠡᠭᠰᠢ ᠳᠤ ᠬᠦᠷᠭᠡᠪᠠ᠃ ᠬᠥᠳᠡᠭᠡ ᠲᠣᠰᠬᠤᠨ ᠤ ︽ | ᠭᠤᠷᠪᠠ ᠶᠢ ᠴᠡᠪᠡᠷᠯᠡᠵᠦ ᠨᠢᠭᠡ ᠶᠢ ᠥᠭᠡᠷᠡᠴᠢᠯᠡᠬᠦ︾ ᠴᠡᠭᠴᠡᠯᠡᠨ ᠵᠠᠰᠠᠬᠤ ᠠᠵᠢᠯ ᠪᠠ ᠲᠣᠰᠬᠤᠨ ᠤ ᠳᠦᠷᠰᠦ ᠪᠠᠶᠢᠳᠠᠯ | ᠤᠨ ︽ᠲᠠᠪᠤ ᠶᠢ ᠳᠡᠭᠡᠭᠰᠢᠯᠡᠭᠦᠯᠬᠦ︾ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠡᠷᠡᠭᠦᠯ ᠬᠠᠮᠠᠭᠠᠯᠠᠯ ᠤᠨ | ᠡᠷᠦᠬᠡ ᠶᠢᠨ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ 85% ᠶᠢ ᠲᠠᠪᠠᠪᠠ᠃ | ︵ᠵᠢᠷᠭᠤᠭ᠎ᠠ︶ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠴᠢᠩᠭ᠎ᠠ ᠴᠡᠭᠴᠡᠯᠡᠨ ᠵᠠᠰᠠᠵᠤ᠂ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠦᠷ᠎ᠡ ᠪᠦᠲᠦᠮᠵᠢ ᠣᠯᠪᠠ᠃ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠤᠨ ᠳᠤᠮᠳᠠ ᠪᠠ ᠴᠢᠬᠤᠯᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠃ ︽1+18+N︾ | ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠣᠭᠲᠠᠭᠠᠵᠤ᠂ ︽ᠬᠤᠶᠠᠷ ᠦᠨᠳᠦᠷ︾ ᠶᠢᠨ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠬᠤᠷᠢᠭᠯᠠᠬᠤ ᠶᠠᠪᠤᠳᠠᠯ ᠢ ᠪᠠᠷᠢᠮᠲᠠᠯᠠᠵᠤ᠂ ᠨᠢᠭᠡᠴᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠳᠠᠬᠢ ᠡᠨᠧᠷᠭᠢ ᠶᠢᠨ ᠬᠤᠷᠤᠭᠳᠠᠯ ᠢ ᠠᠳᠠᠯᠢ ᠬᠤᠭᠤᠴᠠᠭᠠᠨ ᠤ ᠬᠢ ᠠᠴᠠ 15% ᠤᠷᠴᠢᠮ ᠢᠶᠠᠷ | ᠪᠠᠭᠤᠷᠠᠭᠤᠯᠤᠨ᠎ᠠ᠃ ᠪᠣᠬᠢᠷᠳᠤᠯ ᠦᠭᠡᠢ ᠦᠶᠯᠡᠳᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠲᠥᠷᠥᠯ ᠵᠦᠢᠯ ᠢ ᠭᠦᠨᠵᠡᠭᠡᠢ ᠥᠷᠨᠢᠭᠦᠯᠵᠦ᠂ ᠮᠠᠨ ᠤ ᠣᠷᠣᠨ ᠠᠮᠵᠢᠯᠲᠠ ᠲᠠᠢ ᠪᠠᠷ ᠤᠯᠤᠰ ᠤᠨ | ᠲᠠᠰ ᠤᠨ ᠪᠣᠬᠢᠷᠳᠤᠯ ᠦᠭᠡᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢᠶᠠᠷ ᠦᠨᠡᠯᠡᠭᠳᠡᠵᠦ᠂ ᠥᠪᠡᠷᠲᠡᠭᠡᠨ | ᠵᠠᠰᠠᠬᠤ ᠣᠷᠣᠨ ᠤ ᠴᠣᠷ ᠤᠨ ᠭᠠᠭᠴᠠ ᠦᠨᠡᠯᠡᠭᠳᠡᠭᠰᠡᠨ ᠬᠦᠷᠢᠶᠡᠯᠡᠩ ᠲᠣᠭᠤᠷᠢᠭ ᠪᠤᠯᠤᠨ᠎ᠠ᠃ ᠢᠯᠢ ᠶᠢᠨ ᠰᠦ ᠶᠢᠨ | ᠦᠢᠯᠡᠰ ᠤᠯᠤᠰ ᠤᠨ ᠲᠡᠰ ᠤᠨ ᠪᠣᠬᠢᠷᠳᠤᠯ ᠦᠭᠡᠢ ᠦᠢᠯᠡᠳᠪᠦᠷᠢ ᠪᠠᠷ ᠦᠨᠡᠯᠡᠭᠳᠡᠵᠦ᠂ ᠬᠤᠸᠠ ᠳ᠋ᠢᠩ ᠵᠡᠰ ᠤᠨ | ᠦᠢᠯᠡᠰ ᠤᠨ ᠪᠢᠯᠢᠭ ᠲᠤᠶᠢᠯ ᠤᠨ ᠵᠡᠰ᠂ ᠲᠡᠭᠷᠢ ᠴᠢᠯᠠᠭᠤᠲᠤ ᠬᠤᠪᠣᠷ ᠰᠢᠷᠣᠢ ᠶᠢᠨ ᠨᠧᠦᠳᠢᠮ ᠲᠡᠮᠦᠷ ᠪᠤᠷ | ᠤᠯᠤᠰ ᠤᠨ ᠲᠡᠰ ᠤᠨ ᠪᠣᠬᠢᠷᠳᠤᠯ ᠦᠭᠡᠢ ᠵᠢᠷᠤᠭ ᠲᠥᠯᠥᠪᠯᠡᠭᠡ ᠶᠢᠨ ᠪᠦᠲᠦᠭᠡᠭᠳᠡᠬᠦᠨ ᠢᠶᠠᠷ ᠦᠨᠡᠯᠡᠭᠳᠡᠪᠡ᠃ | ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠪᠠᠶᠢᠯᠳᠣᠭᠠᠨ ᠢ ᠭᠦᠨᠵᠡᠭᠡᠢ ᠰᠠᠶᠢᠲᠤᠷ ᠬᠢᠵᠦ᠂ ᠪᠦᠬᠦ | ᠵᠢᠯ ᠤᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠡᠳᠦᠷ ᠤᠨ ᠲᠤᠭ᠎ᠠ | 304 ᠡᠳᠦᠷ᠂ ᠪᠠᠷᠢᠮᠵᠢᠶ᠎ᠠ ᠳᠤ ᠬᠦᠷᠦᠭᠰᠡᠨ ᠨᠤᠷᠮ᠎ᠠ 83.5% ᠲᠤ ᠬᠦᠷᠴᠦ᠂ ᠨᠢᠳᠤᠨᠤᠨ ᠤ ᠬᠢ ᠠᠴᠠ ᠵᠠᠭᠤᠨ ᠤ | ᠬᠠᠷᠢᠴᠠᠯ ᠢᠶᠠᠷ 4 ᠬᠤᠪᠢ ᠲᠡᠭᠡᠭᠰᠢᠯᠡᠨ ᠵᠢᠷᠭᠤᠭᠠᠨ ᠵᠦᠢᠯ ᠤᠨ ᠭᠤᠣᠯ ᠪᠣᠯᠬᠤ ᠠᠭᠠᠷ ᠮᠠᠨᠳᠠᠯ ᠤᠨ ᠪᠣᠬᠢᠷᠳᠤᠯ | ᠪᠣᠳᠠᠰ ᠪᠦᠬᠦᠨ ᠢᠶᠠᠷ ᠢᠶᠠᠨ ᠤᠯᠤᠰ ᠤᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠬᠤᠶᠠᠳᠤᠭᠠᠷ | ᠳᠡᠰ ᠤᠨ ᠪᠠᠷᠢᠮᠵᠢᠶ᠎ᠠ ᠳᠤ ᠬᠦᠷᠦᠨ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠪᠦᠬᠦ ᠬᠤᠳᠠ ᠶᠢᠨ | ᠬᠡᠪᠴᠢᠶᠡᠨ ᠳᠤ ᠨᠢᠭᠡᠳᠦᠭᠡᠷ ᠪᠠᠶᠢᠷᠢᠨ ᠳᠤ ᠣᠷᠣᠭᠤᠯᠪᠠ᠃ ᠠᠷᠢᠭᠤᠨ ᠴᠡᠪᠡᠷ ᠳᠤᠯᠠᠭᠠᠯᠭ᠎ᠠ ᠶᠢᠨ ᠢᠨᠵᠧᠨᠧᠷᠢᠩ ᠢ | ᠬᠡᠷᠡᠭᠵᠢᠭᠦᠯᠵᠦ᠂ 14 ︽ᠨᠡᠭᠦᠷᠡᠰᠦ ᠶᠢ ᠰᠢᠲᠠᠮᠠᠬᠠᠢ ᠬᠡᠢ ᠪᠣᠯᠭᠠᠨ ᠥᠭᠡᠷᠡᠴᠢᠯᠡᠬᠦ︾ ᠴᠡᠭᠴᠡᠯᠡᠨ ᠵᠠᠰᠠᠬᠤ ᠵᠦᠢᠯᠡᠰ ᠢ | ᠪᠦᠬᠦᠨ ᠢ ᠳᠠᠭᠤᠰᠬᠠᠬᠤ ᠶᠢᠨ ᠬᠠᠮᠲᠤ ᠭᠠᠯ ᠨᠣᠴᠣᠭᠠᠵᠤ ᠬᠡᠢ ᠨᠡᠪᠲᠡᠷᠡᠭᠦᠯᠪᠡ᠃ ᠤᠰᠤᠨ ᠤ ᠣᠷᠴᠢᠨ ᠲᠣᠭᠤᠷᠢᠨ ᠤ | ᠵᠠᠰᠠᠯᠲᠠ ᠶᠢ ᠴᠢᠩᠭᠠᠳᠬᠠᠵᠤ᠂ ᠵᠢᠷᠤᠭᠴᠢᠨ ᠤ ᠤᠲᠤᠭ ᠤᠨ ᠣᠭᠲᠣᠯᠣᠭᠠᠰᠤ ᠶᠢᠨ ᠤᠰᠤᠨ ᠤ ᠴᠢᠨᠠᠷ ᠢ Ⅱ | ᠲᠥᠷᠥᠯ ᠪᠣᠯᠭᠠᠵᠤ᠂ ᠬᠤᠲᠠ ᠶᠢᠨ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ | ᠤᠰᠤᠨ ᠤ ᠴᠢᠨᠠᠷ ᠢ 100% ᠪᠠᠷ ᠦᠷᠭᠦᠯᠵᠢᠯᠡᠨ ᠪᠠᠷᠢᠮᠵᠢᠶ᠎ᠠ ᠳᠤ ᠬᠦᠷᠦᠭᠦᠯᠪᠠ᠃ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠦᠬᠦᠨ ᠢ ᠬᠠᠤᠯᠢ ᠶᠣᠰᠣᠭᠠᠷ ᠰᠢᠢᠳᠪᠦᠷᠢᠯᠡᠵᠦ᠂ | ᠠᠶᠤᠯᠲᠠᠢ ᠬᠠᠶᠠᠭᠳᠠᠮᠠᠯ ᠪᠣᠳᠠᠰ ᠢ ᠵᠢᠷᠤᠮᠵᠢᠭᠤᠯᠤᠨ ᠬᠠᠮᠢᠶᠠᠷᠴᠤ ᠰᠢᠯᠭᠠᠨ ᠬᠢᠨᠠᠬᠤ ᠶᠢ 100% ᠪᠠᠷ ᠪᠠᠷᠢᠮᠵᠢᠶ᠎ᠠ ᠳᠤ | ᠬᠦᠷᠦᠭᠦᠯᠵᠦ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠨᠢ ᠶᠡᠷᠦᠩᠬᠡᠢ ᠳᠡᠭᠡᠨ ᠠᠮᠤᠷ ᠲᠦᠪᠰᠢᠨ | ᠲᠣᠭᠲᠠᠭᠤᠨ ᠪᠠᠶᠢᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ | ᠭᠦᠨᠵᠡᠭᠡᠢ ᠲᠦᠯᠬᠢᠨ ᠠᠬᠢᠭᠤᠯᠵᠤ᠂ ︽ᠣᠶ ᠰᠢᠭᠤᠢ ᠶᠢᠨ ᠳᠠᠷᠤᠭ᠎ᠠ ᠶᠢᠨ ᠳᠦᠷᠢᠮ︾ ᠤᠨ ᠬᠠᠷᠢᠭᠤᠴᠠᠯᠭ᠎ᠠ ᠶᠢᠨ | ᠰᠢᠰᠲ᠋ᠧᠮᠵᠢ ᠶᠢ ᠪᠠᠶᠢᠭᠤᠯᠤᠨ᠂ ᠬᠠᠲᠤᠨ ᠭᠤᠣᠯ ᠤᠨ ᠲᠠᠩ ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ | ᠂ ᠬᠠᠷ᠎ᠠ ᠤᠰᠤ ᠶᠢᠨ ᠨᠤᠭᠤ ᠭᠠᠵᠠᠷ ᠤᠨ ᠠᠮᠢ ᠠᠬᠤᠢ ᠶᠢᠨ ᠵᠠᠰᠠᠯᠲᠠ᠂ ᠨᠤᠲᠤᠭ ᠪᠡᠯᠴᠢᠭᠡᠷ ᠣᠶᠢᠲᠤ ᠭᠠᠵᠠᠷ ᠢ | ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ | ᠵᠡᠷᠭᠡ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠠ᠃ ᠭᠤᠣᠯ ︵ᠨᠠᠭᠤᠷ︶ ᠤᠨ ᠳᠠᠷᠤᠭ᠎ᠠ ᠶᠢᠨ ᠳᠦᠷᠢᠮ ᠢ ᠬᠢᠨᠠᠮᠠᠭᠠᠢ | ᠨᠠᠶᠢᠳᠠᠪᠤᠷᠢᠵᠢᠭᠤᠯᠵᠤ᠂ ᠭᠤᠣᠯ ᠨᠠᠭᠤᠷ ᠤᠨ ︽ᠲᠦᠷᠪᠡᠨ ᠳᠤᠷ᠎ᠠ ᠪᠠᠷ ᠢᠶᠠᠨ ᠰᠠᠮᠠᠭᠤᠷᠠᠭᠰᠠᠨ︾ ᠠᠰᠠᠭᠤᠳᠠᠯ ᠢ | ᠨᠡᠶᠢᠳᠡ 32 ᠴᠡᠪᠡᠷᠯᠡᠨ ᠵᠠᠰᠠᠵᠤ᠂ 41 ᠭᠤᠣᠯ ᠮᠥᠷᠡᠨ ᠤ ᠵᠠᠮ ᠢ ᠴᠡᠭᠴᠡᠯᠡᠨ ᠵᠠᠰᠠᠬᠤ ᠡᠭᠦᠷᠭᠡ ᠶᠢ ᠪᠡᠶᠡᠯᠡᠭᠦᠯᠵᠦ᠂ | ᠬᠦᠨᠳᠡᠯᠡᠨ ᠭᠤᠣᠯ ᠤᠨ ᠵᠠᠮ ᠢ ᠴᠡᠭᠴᠡᠯᠡᠨ ᠵᠠᠰᠠᠬᠤ ᠢᠨᠵᠧᠨᠧᠷᠢᠩ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ | ︵ᠳᠣᠯᠤᠭ᠎ᠠ︶ ᠪᠣᠳᠠᠲᠤ ᠶᠠᠪᠤᠳᠠᠯ ᠪᠦᠲᠦᠭᠡᠵᠦ᠂ ᠪᠤᠶᠠᠨ ᠵᠢᠷᠭᠠᠯ ᠢ ᠨᠡᠮᠡᠭᠳᠡᠭᠦᠯᠦᠨ᠂ ᠠᠷᠠᠳ ᠤᠨ | ᠠᠮᠢᠳᠤᠷᠠᠯ ᠤᠨ ᠦᠢᠯᠡᠰ ᠢ ᠰᠢᠨ᠎ᠡ ᠬᠢᠷᠢ ᠲᠦᠪᠰᠢᠨ ᠳᠤ ᠬᠦᠷᠭᠡᠪᠠ᠃ ᠪᠦᠬᠦ ᠵᠢᠯ ᠳᠤ ᠠᠮᠠᠯᠠᠭᠰᠠᠨ 22 ᠵᠦᠢᠯ ᠤᠨ | ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠪᠡ᠃ ᠪᠥᠬᠦ | ᠬᠦᠴᠦᠨ ᠢᠶᠠᠷ ᠢᠶᠠᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠠᠷᠠᠳ ᠤᠨ ᠠᠮᠢᠳᠤᠷᠠᠯ ᠢ ᠪᠠᠲᠤᠯᠠᠵᠤ᠂ ᠬᠤᠲᠠ | ᠪᠠᠯᠭᠠᠰᠤᠨ ᠳᠤ 3580 ᠬᠥᠮᠥᠨ ᠳᠤ ᠰᠢᠨ᠎ᠡ ᠪᠠᠷ ᠠᠵᠢᠯ ᠣᠯᠭᠤᠨ᠂ 6504 ᠬᠥᠮᠥᠨ ᠳᠤ ᠠᠵᠢᠯ ᠣᠯᠭᠤᠵᠤ | ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠬᠢᠵᠦ᠂ 4011 ᠲᠦᠮᠡᠨ ᠲᠥᠭᠦᠷᠢᠭ ᠤᠨ ᠠᠳᠠᠯ ᠦᠢᠯᠡᠰ | ᠴᠣᠭᠴᠠᠯᠠᠬᠤ ᠵᠢᠭᠡᠯᠡᠯᠭᠡ ᠲᠠᠯᠪᠢᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3. | 81% ᠪᠣᠯᠪᠠ᠃ ᠠᠷᠠᠳ ᠤᠨ ᠠᠮᠢᠳᠤᠷᠠᠯ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠬᠢᠷᠢ ᠲᠦᠪᠰᠢᠨ ᠢ | ᠲᠣᠭᠲᠠᠭᠤᠨ ᠢᠶᠠᠷ ᠳᠡᠭᠡᠭᠰᠢᠯᠡᠭᠦᠯᠵᠦ᠂ ᠠᠪᠤᠷᠠᠨ ᠲᠤᠰᠠᠯᠠᠬᠤ ᠮᠥᠩᠭᠦ ᠶᠢ ᠨᠡᠶᠢᠲᠡ 1582.2 ᠲᠦᠮᠡᠨ ᠲᠥᠭᠦᠷᠢᠭ | ᠲᠠᠷᠬᠠᠭᠠᠪᠠ᠃ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ 12 ᠥᠷᠲᠡᠭᠡ ᠴᠢᠭ᠋ ᠢ ᠪᠠᠶᠢᠭᠤᠯᠵᠤ᠂ 0 ︱ 3 ᠨᠠᠰᠤᠨ ᠤ ᠨᠢᠯᠬ᠎ᠠ ᠬᠡᠦᠬᠡᠳ ᠢ ᠬᠠᠷᠠᠭᠠᠯᠵᠠᠨ | ᠠᠰᠠᠷᠠᠬᠤ ᠦᠢᠯᠡᠴᠢᠯᠡᠭᠡᠨ ᠤ ᠲᠤᠷᠰᠢᠯᠲᠠ ᠶᠢ ᠥᠷᠨᠢᠭᠦᠯᠵᠦ᠂ ︽ᠨᠢᠭᠡ ᠨᠠᠰᠤᠲᠠᠨ ᠨᠢᠭᠡ ᠪᠠᠭ᠎ᠠ︾ ᠪᠠᠷ ᠭᠤᠣᠯᠳᠠᠯᠭ᠎ᠠ | ᠪᠣᠯᠭᠠᠭᠰᠠᠨ ᠬᠥᠮᠥᠨ ᠠᠮᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ | ᠳᠤᠲᠠᠭᠤᠳᠠᠯ ᠲᠠᠢ ᠴᠢᠩᠭ᠎ᠠ ᠪᠠᠭᠤᠷᠠᠢ ᠵᠦᠢᠯᠡᠰ ᠢ ᠪᠥᠬᠦ ᠬᠦᠴᠦᠨ ᠢᠶᠠᠷ ᠢᠶᠠᠨ ᠨᠥᠬᠦᠪᠦᠷᠢᠯᠡᠵᠦ᠂ ᠤᠯᠤᠰ ᠤᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠭᠦᠯᠬᠦ ᠬᠤᠰᠢᠭᠤ ᠰᠢᠶᠠᠨ | ᠲᠣᠭᠤᠷᠢᠭ ᠢ ᠡᠭᠦᠳᠦᠨ ᠪᠠᠶᠢᠭᠤᠯᠬᠤ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ︽ | ᠬᠤᠶᠠᠷ ᠢ ᠪᠠᠭᠠᠰᠬᠠᠬᠤ︾ ᠠᠵᠢᠯ ᠢ ᠬᠢᠨᠠᠮᠠᠭᠠᠢ ᠦᠷᠨᠢᠭᠦᠯᠦᠨ᠂ ᠠᠯᠪᠠᠨ ᠠᠴᠠ ᠡᠷᠭᠢᠯᠡᠭᠰᠡᠨ ᠬᠡᠦᠬᠡᠳ ᠤᠨ | ᠴᠡᠴᠡᠷᠯᠢᠭ ᠢ 2 ᠰᠢᠨ᠎ᠡ ᠪᠠᠷ ᠪᠠᠶᠢᠭᠤᠯᠵᠤ᠂ ᠬᠡᠦᠬᠡᠳ ᠤᠨ ᠰᠤᠷᠤᠯᠴᠠᠬᠤ ᠲᠤᠭ᠎ᠠ ᠶᠢ 400 ᠭᠠᠷᠤᠢ ᠰᠢᠨ᠎ᠡ ᠪᠠᠷ | ᠨᠡᠮᠡᠭᠳᠡᠭᠦᠯᠦᠨ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ | ᠤᠯᠤᠰ ᠤᠨ ᠪᠠᠷᠢᠮᠵᠢᠶ᠎ᠠ ᠳᠤ ᠬᠦᠷᠦᠭᠦᠯᠪᠠ᠃ ᠥᠪᠡᠷᠮᠢᠴᠡ ᠣᠨᠴᠠᠯᠢᠭ ᠲᠠᠢ ᠰᠤᠷᠭᠠᠭᠤᠯᠢ ᠡᠷᠬᠢᠯᠡᠭᠰᠡᠠ ᠦᠷ᠎ᠡ | ᠪᠦᠲᠦᠭᠡᠯ ᠣᠨᠴᠠᠯᠢᠭᠲᠤ ᠰᠤᠷᠭᠠᠭᠤᠯᠢ ᠡᠷᠭᠢᠯᠡᠭᠰᠡᠨ ᠦᠷ᠎ᠡ ᠪᠦᠲᠦᠭᠡᠯ ᠡᠯᠪᠡᠭ ᠳᠡᠯᠪᠡᠭ ᠪᠠᠶᠢᠵᠤ᠂ ᠣᠯᠠᠨᠪᠣᠯᠠᠭ | ᠭᠤᠣᠯ ᠪᠠᠭ᠎ᠠ ᠰᠤᠷᠭᠠᠭᠤᠯᠢ ᠶᠢᠨ U12 ᠡᠷᠡᠭᠲᠡᠢ ᠶᠢᠨ ᠪᠤᠶᠢᠺᠤ ᠪᠥᠮᠪᠥᠭᠡᠨ ᠠᠩᠭᠢ ᠪᠥᠬᠦ ᠤᠯᠤᠰ ᠤᠨ ᠵᠠᠯᠠᠭᠤᠴᠤᠳ | ᠪᠠᠭᠠᠴᠤᠳ ᠤᠨ ᠪᠤᠶᠢᠺᠤ ᠪᠥᠮᠪᠥᠭᠡᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠨᠢᠭᠡᠳᠦᠭᠡᠷ ᠳᠡᠰ ᠤᠨ ᠱᠠᠩᠨᠠᠯ | ᠭᠥᠷᠳᠡᠪᠡ᠃ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠥᠬᠡᠨ ᠴᠦ | ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠸᠠᠺᠼᠢᠨ ᠤ ᠲᠠᠷᠢᠯᠭ᠎ᠠ ᠶᠢᠨ ᠪᠥᠬᠦ ᠶᠠᠪᠤᠴᠠ ᠳᠤ ᠪᠥᠬᠦ ᠬᠥᠮᠥᠨ | ᠠᠮᠠ ᠶᠢᠨ 95% ᠶᠢ ᠡᠵᠡᠯᠡᠵᠦ᠂ ᠡᠵᠡᠨ᠎ᠡ ᠬᠤᠰᠢᠭᠤᠨ ᠤ ᠰᠠᠭᠠᠲᠠᠭᠰᠠᠨ ᠠᠶᠠᠨᠴᠢᠳ ᠤᠨ ᠰᠡᠳᠬᠢᠯ ᠢ | ᠳᠤᠯᠠᠭᠠᠴᠠᠭᠤᠯᠤᠨ ᠭᠥᠯᠢᠶᠡᠨ ᠠᠪᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠠ᠃ ᠺᠠᠩ ᠪᠠᠢ ᠵᠢᠶᠠ᠂ ᠺᠠᠩ | ᠨᠢᠩ ᠵᠡᠷᠭᠡ 11 ᠡᠮᠴᠢᠯᠡᠭᠡᠨ ᠤ ᠪᠠᠶᠢᠭᠤᠯᠤᠮᠵᠢ ᠪᠠᠷ ᠪᠦᠷᠢᠯᠳᠦᠭᠰᠡᠨ ᠡᠮᠴᠢᠯᠡᠭᠡᠨ ᠤ ᠬᠠᠮᠲᠤᠷᠠᠭᠰᠠᠨ ᠬᠠᠮᠲᠤ ᠶᠢᠨ | ᠴᠣᠭᠴᠠ ᠶᠢ ᠪᠠᠶᠢᠭᠤᠯᠵᠤ᠂ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠲᠤᠷᠰᠢᠯᠲᠠ ᠶᠢᠨ ᠲᠠᠰᠤᠭ ᠢ | ᠪᠠᠶᠢᠭᠤᠯᠵᠤ ᠳᠠᠭᠤᠰᠬᠠᠪᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ᠂ ᠪᠦᠬᠦ ᠠᠷᠠᠳ ᠤᠨ ᠪᠡᠶ᠎ᠡ ᠮᠠᠬᠠᠪᠤᠳ ᠢ | ᠴᠢᠭᠢᠷᠠᠭᠵᠢᠭᠤᠯᠬᠤ ᠠᠵᠢᠯᠯᠠᠭ᠎ᠠ ᠶᠢ ᠶᠡᠭᠡ ᠪᠠᠷ ᠥᠷᠨᠢᠭᠦᠯᠪᠡ᠃ ᠠᠶᠤᠯ ᠲᠦᠭᠰᠢᠭᠦᠷᠢ ᠶᠢᠨ ᠴᠢᠨᠠᠷᠲᠠᠢ ᠬᠡᠮ ᠰᠣᠭᠤᠭ ᠢ | ᠪᠥᠬᠦ ᠬᠦᠴᠦᠨ ᠢᠶᠠᠷ ᠢᠶᠠᠨ ᠰᠡᠷᠭᠡᠶᠢᠯᠡᠵᠦ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠂ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ | ᠵᠢᠯ ᠤᠨ ᠠᠵᠢᠯᠯᠠᠭ᠎ᠠ ᠶᠢ ᠬᠢᠨᠠᠮᠠᠭᠠᠢ ᠥᠷᠨᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ | ᠦᠨᠳᠦᠰᠦᠨ ᠳᠡᠭᠡᠨ ᠲᠣᠭᠲᠠᠭᠤᠨ ᠪᠠᠶᠢᠨ᠎ᠠ᠃ ᠳᠠᠪᠬᠤᠷᠳᠠᠭᠰᠠᠨ ᠵᠠᠬᠢᠳᠠᠯ ᠰᠣᠷᠪᠤᠯᠵᠢᠯᠠᠭ᠎ᠠ ᠶᠢ ᠲᠥᠪᠯᠡᠷᠡᠭᠦᠯᠦᠨ | ᠵᠠᠰᠠᠬᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠲᠤᠰᠬᠠᠢ ᠠᠵᠢᠯᠯᠠᠭ᠎ᠠ ᠶᠢ ᠭᠦᠨᠵᠡᠭᠡᠢ | ᠲᠦᠯᠬᠢᠨ ᠠᠬᠢᠭᠤᠯᠵᠤ᠂ ᠲᠥᠪ ᠬᠤᠷᠢᠶᠠᠨ ᠤ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠪᠠ ᠲᠥᠪ | ᠬᠤᠷᠢᠶᠠᠨ ᠤ ᠬᠠᠮᠲᠤᠷᠠᠨ ᠰᠢᠢᠳᠪᠦᠷᠢᠯᠡᠬᠦ ᠠᠯᠪᠠᠨ ᠭᠡᠷ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ | ᠰᠣᠷᠪᠤᠯᠵᠢᠯᠠᠭ᠎ᠠ ᠶᠢᠨ ᠵᠦᠢᠯᠡᠰ ᠢ ᠪᠦᠬᠦᠨ ᠢ ᠰᠢᠢᠳᠪᠦᠷᠢᠯᠡᠨ ᠳᠠᠭᠤᠰᠬᠠᠪᠠ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠥᠮᠦᠵᠢᠯ ᠢ ᠦᠷᠭᠦᠯᠵᠢᠯᠡᠨ | ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ | ᠦᠷᠨᠢᠭᠦᠯᠦᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠮᠬᠢ ᠵᠢᠷᠤᠮ ᠲᠠᠢ ᠪᠠᠷ | ᠳᠡᠯᠭᠡᠷᠡᠭᠦᠯᠦᠨ ᠬᠡᠷᠡᠭᠯᠡᠪᠡ᠃ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠪᠠ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠩᠬᠠᠳᠤᠭᠠᠷ ᠤᠳᠠᠭᠠᠨ ᠤ ᠪᠦᠬᠦ ᠤᠯᠤᠰ ᠤᠨ ᠪᠠᠶᠢᠭᠠᠯᠢ ᠶᠢᠨ | ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠪᠥᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ | ᠠᠩᠬᠠᠳᠠᠭᠴᠢ ᠡᠷᠬᠡ ᠲᠡᠭᠰᠢ ᠪᠠᠷ ᠠᠷᠠᠯᠵᠢᠶᠠᠯᠠᠨ ᠡᠶᠡᠳᠡᠭᠦᠯᠬᠦ ᠺᠣᠮᠢᠰ ᠢ ᠪᠠᠶᠢᠭᠤᠯᠵᠤ᠂ ᠠᠷᠠᠳ ᠣᠯᠠᠨ ᠤ ︽ᠢᠳᠡᠭᠡᠨ | ᠤᠮᠳᠠᠭᠠᠨ ᠤ ᠠᠮᠤᠷ ᠲᠦᠪᠰᠢᠨ︾ ᠢ ᠰᠠᠬᠢᠨ ᠬᠠᠮᠠᠭᠠᠯᠠᠨ᠎ᠠ᠃ ᠨᠡᠭᠡᠭᠡᠨ ᠬᠥᠭᠵᠢᠭᠦᠯᠬᠦ ᠣᠷᠣᠨ ᠤ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ ᠳᠠᠬᠢ | ᠢᠯᠵᠠᠷᠠᠯ ᠤᠨ ᠠᠰᠠᠭᠤᠳᠠᠯ ᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠬᠠᠷ᠎ᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠤᠰᠠᠳᠬᠠᠨ ᠬᠠᠷᠭᠢᠰ ᠬᠦᠴᠦᠨ ᠢ ᠠᠷᠢᠯᠭᠠᠬᠤ | ᠲᠡᠮᠡᠴᠡᠯ ᠢ ᠦᠷᠭᠦᠯᠵᠢᠯᠡᠨ ᠲᠦᠯᠬᠢᠨ ᠠᠬᠢᠭᠤᠯᠵᠤ᠂ ᠡᠯ᠎ᠡ ᠵᠦᠢᠯ ᠤᠨ ᠬᠠᠤᠯᠢ ᠶᠢ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠬᠦᠴᠦᠲᠡᠢ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ | ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠯᠭᠠᠪᠠ᠃ ᠡᠭᠦᠨ ᠠᠴᠠ ᠭᠠᠳᠠᠨ᠎ᠠ᠂ | ᠭᠠᠯ ᠤᠨᠲᠠᠷᠠᠭᠠᠬᠤ ᠠᠪᠤᠷᠠᠨ ᠲᠤᠰᠠᠯᠠᠬᠤ᠂ ᠬᠢᠨᠠᠨ ᠪᠤᠳᠤᠬᠤ᠂ ᠪᠦᠷᠢᠳᠬᠡᠬᠦ᠂ ᠴᠠᠭ ᠠᠭᠤᠷ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ᠂ ᠡᠮᠡᠭᠲᠡᠶᠢᠴᠦᠳ ᠬᠡᠦᠬᠡᠳ ᠵᠡᠷᠭᠡ ᠠᠵᠢᠯ ᠴᠥᠮ ᠰᠢᠨ᠎ᠡ ᠦᠷ᠎ᠡ ᠪᠦᠲᠦᠮᠵᠢ ᠣᠯᠪᠠ᠃ | ︵ᠨᠠᠢᠮᠠ︶ ᠤᠯᠤᠰ ᠲᠦᠷᠦ ᠶᠢ ᠡᠷᠬᠢᠮᠯᠡᠨ᠂ ᠶᠣᠰᠣ ᠳᠦᠷᠢᠮ ᠢ ᠴᠢᠬᠤᠯᠠᠴᠢᠯᠠᠵᠤ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠲᠠᠬᠢᠨ ᠰᠢᠨ᠎ᠡ ᠳᠡᠭᠲᠡᠷ ᠲᠤ ᠭᠠᠷᠭᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠠᠯᠢᠪᠠ ᠠᠵᠢᠯ ᠤᠨ ᠦᠨᠳᠦᠰᠦᠨ ᠵᠢᠷᠤᠮᠯᠠᠯ ᠪᠣᠯᠭᠠᠬᠤ ᠶᠢ ᠪᠠᠷᠢᠮᠲᠠᠯᠠᠵᠤ᠂ ︽ᠳᠥᠷᠪᠡᠨ ᠤᠬᠠᠮᠰᠠᠷ︾ ᠢ ᠦᠨᠡᠨᠬᠦ | ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠲᠣᠭᠲᠠᠭᠠᠬᠤ︾ ᠶᠢ ᠬᠠᠮᠠᠭᠠᠯᠠᠨ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠤᠳᠤᠷᠢᠳᠤᠯᠭ᠎ᠠ ᠶᠢ ᠤᠬᠠᠮᠰᠠᠷ ᠠᠴᠠ ᠪᠠᠨ ᠡᠯ᠎ᠡ ᠬᠦᠷᠢᠶ᠎ᠡ | ᠡᠯ᠎ᠡ ᠲᠠᠯ᠎ᠠ ᠡᠯ᠎ᠡ ᠭᠤᠭᠴᠤᠭ᠎ᠠ ᠳᠤ ᠨᠠᠶᠢᠳᠠᠪᠦᠷᠢᠵᠢᠭᠤᠯᠵᠠᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠭᠦᠨᠵᠡᠭᠡᠢ ᠥᠷᠨᠢᠭᠦᠯᠵᠦ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ | ᠠᠵᠢᠯᠯᠠᠭ᠎ᠠ ᠶᠢ ᠪᠣᠳᠠᠲᠠᠢ ᠪᠠᠷ ᠥᠷᠨᠢᠭᠦᠯᠵᠦ᠂ ᠠᠷᠠᠳ ᠤᠨ ᠠᠮᠢᠳᠤᠷᠠᠯ ᠤᠨ 84 ᠵᠦᠢᠯ ᠤᠨ ᠪᠣᠳᠠᠲᠤ ᠶᠠᠪᠤᠳᠠᠯ ᠤᠨ | ᠵᠦᠢᠯᠡᠰ ᠢ ᠪᠦᠬᠦᠨ ᠢ ᠪᠡᠶᠡᠯᠡᠭᠦᠯᠪᠡ᠃ ᠬᠠᠤᠯᠢᠵᠢᠯ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠬᠠᠤᠯᠢ ᠶᠣᠰᠣᠭᠠᠷ | ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠣᠨ | ᠣᠷᠣᠨ ᠤ ᠨᠠᠮ ᠤᠨ ᠠᠵᠢᠯ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠦᠯᠲᠡ ᠬᠢᠬᠦ ᠳᠦᠷᠢᠮ ᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠠᠢ᠃ | ᠲᠥᠪ ᠤᠨ ᠨᠠᠢᠮᠠᠨ ᠵᠦᠢᠯ ᠤᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ︽ᠭᠠᠮᠨᠠᠨ ᠠᠮᠢᠳᠤᠷᠠᠬᠤ︾ ᠶᠢ ᠪᠠᠷᠢᠮᠲᠠᠯᠠᠨ᠂ ︽ᠭᠤᠷᠪᠠᠨ ᠵᠦᠢᠯ ᠤᠨ ᠠᠯᠪᠠᠨ ᠤ | ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠵᠠᠰᠠᠭ ᠤᠨ ᠣᠷᠳᠣᠨ ᠤ ᠲᠠᠯᠳᠠ | ᠥᠷᠢ ᠥᠭᠴᠡᠭᠡ ᠶᠢ 4.88 ᠳ᠋ᠦᠩᠰᠢᠭᠤᠷ ᠲᠥᠭᠦᠷᠢᠭ ᠲᠦᠯᠦᠨ ᠣᠨ ᠤ ᠬᠠᠷᠠᠯᠲᠠ ᠡᠭᠦᠷᠭᠡ ᠶᠢᠨ 336.55 % | ᠶᠢ ᠪᠡᠶᠡᠯᠡᠭᠦᠯᠪᠡ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ ᠲᠣᠭᠤᠰᠢᠯᠠᠭᠤᠯᠣᠨ᠂ | ᠬᠠᠮᠢᠶᠠᠷᠤᠯᠲᠠ ᠶᠢᠨ ᠵᠥᠪᠯᠡᠯ ᠤᠨ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭᠠᠳᠬᠠᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠪᠠ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ | ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠨ᠂ ᠰᠤᠷᠲᠠᠯ | ᠴᠢᠬᠡᠴᠢ ᠣᠪᠣᠷ ᠲᠥᠪ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠠᠭᠤᠷ ᠠᠮᠢᠰᠬᠤᠯ ᠢ ᠨᠠᠩ ᠭᠦᠨ ᠵᠤᠵᠠᠭᠠᠨ | ᠪᠣᠯᠭᠠᠪᠠ᠃ | ᠨᠢᠭᠡ ᠵᠢᠯ ᠤᠨ ᠲᠤᠷᠰᠢᠬᠢ ᠠᠵᠢᠯ ᠢᠶᠠᠨ ᠡᠷᠭᠢᠴᠡᠭᠦᠯᠪᠡᠯ᠂ ᠡᠳᠡᠭᠡᠷ ᠠᠮᠵᠢᠯᠲᠠ ᠶᠢ ᠣᠯᠣᠭᠰᠠᠨ ᠨᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ᠂ ᠠᠮᠢᠳᠤᠯᠢᠭ ᠦᠢᠯᠡᠳᠦᠯᠭᠡ ᠶᠢᠨ ᠦᠷ᠎ᠡ ᠳ᠋ᠦᠩ ᠮᠥᠨ᠂ | ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ᠂ ᠬᠠᠯᠠᠮᠵᠢᠯᠠᠨ ᠳᠡᠮᠵᠢᠭᠰᠡᠨ ᠤ | ᠦᠷ᠎ᠡ ᠳ᠋ᠦᠩ ᠮᠥᠨ᠂ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠪᠦᠬᠦ ᠣᠷᠣᠨ ᠤ ᠳᠡᠭᠡᠳᠦ ᠳᠣᠣᠷᠠᠳᠤ | ᠱᠠᠲᠤ ᠶᠢ ᠪᠦᠯᠬᠦᠮᠳᠡᠭᠦᠯᠦᠨ ᠳᠠᠭᠠᠭᠤᠯᠵᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠲᠠᠭᠤᠵᠢᠯᠲᠠᠢ | ᠠᠵᠢᠯᠯᠠᠵᠤ ᠪᠣᠳᠠᠲᠠᠢ ᠠᠵᠢᠯᠯᠠᠭᠰᠠᠨ ᠤ ᠦᠷ᠎ᠡ ᠳ᠋ᠦᠩ ᠮᠥᠨ ᠭᠡᠳᠡᠭ ᠢ ᠪᠢᠳᠡ ᠭᠦᠨᠵᠡᠭᠡᠢ ᠣᠶᠢᠯᠠᠭᠠᠪᠠ᠃ ᠠᠳᠡ᠂ ᠪᠢ | ᠡᠯ᠎ᠡ ᠹᠷᠣᠨᠲ᠂ ᠡᠯ᠎ᠡ ᠠᠵᠢᠯ ᠤᠨ ᠪᠠᠶᠢᠷᠢ ᠳᠡᠭᠡᠷ᠎ᠡ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭ᠎ᠠ ᠺᠠᠳ᠋ᠷ ᠤᠯᠠᠨ | ᠲᠦᠮᠡᠨ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ᠂ | ᠲᠡᠭᠦᠨ ᠳᠤ ᠣᠷᠣᠯᠴᠠᠭᠰᠠᠨ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠳ᠋ᠦᠩᠨᠡᠬᠦ ᠶᠢᠨ ᠵᠡᠷᠭᠡ ᠪᠠᠷ ᠪᠢᠳᠡ ᠪᠠᠰᠠ ᠬᠥᠭᠵᠢᠯᠲᠡ ᠶᠢᠨ ᠳᠤᠮᠳᠠ ᠲᠤᠯᠭᠠᠷᠠᠵᠤ ᠪᠠᠶᠢᠭ᠎ᠠ | ᠬᠦᠴᠢᠷᠳᠡᠯ ᠪᠠ ᠠᠰᠠᠭᠤᠳᠠᠯ ᠪᠠᠰᠠ ᠮᠠᠰᠢ ᠤᠯᠠᠨ ᠪᠠᠶᠢᠬᠤ ᠶᠢ ᠰᠡᠷᠭᠡᠭ ᠢᠶᠠᠷ ᠲᠠᠨᠢᠵᠤ ᠣᠯᠵᠠᠢ᠃ ᠪᠤᠰᠤᠳᠴᠢ | ᠲᠠᠯ᠎ᠠ ᠠᠴᠠ ᠠᠪᠴᠤ ᠦᠵᠡᠪᠡᠯ᠂ ᠨᠢᠭᠡ ᠳᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠ ᠠᠵᠤ ᠦᠢᠯᠡᠰ ᠤᠨ | ᠬᠡᠪᠴᠢᠶ᠎ᠡ ᠪᠠᠰᠠ ᠲᠡᠶᠢᠮᠦ ᠶᠡᠭᠡ ᠪᠢᠰᠢ ᠪᠠᠶᠢᠵᠤ᠂ ᠬᠠᠮᠤᠭ ᠤᠨ ᠥᠪᠡᠷᠮᠢᠴᠡ ᠣᠨᠴᠠᠯᠢᠭ ᠲᠠᠢ ᠳᠠᠪᠠᠭᠤᠯᠢᠭ ᠲᠠᠢ | ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠳᠥᠩᠭᠡᠵᠢ 200 ᠳ᠋ᠦᠩᠰᠢᠭᠤᠷ ᠢ ᠳᠠᠪᠠᠵᠤ᠂ | ᠬᠡᠪᠴᠢᠶᠡᠵᠢᠭᠰᠡᠨ᠂ ᠪᠦᠯᠦᠭᠵᠢᠭᠰᠡᠨ ᠬᠥᠭᠵᠢᠯᠲᠡ ᠠᠴᠠ ᠪᠠᠰᠠ ᠵᠥᠷᠢᠶ᠎ᠡ ᠲᠠᠢ ᠪᠠᠶᠢᠭᠰᠠᠭᠠᠷ᠃ ᠬᠤᠶᠠᠷ ᠲᠤ᠂ | ᠰᠢᠨ᠎ᠡ ᠶᠢ ᠡᠭᠦᠳᠬᠦ ᠴᠢᠳᠠᠪᠤᠷᠢ ᠪᠠ ᠰᠢᠨ᠎ᠡ ᠶᠢ ᠡᠭᠦᠳᠬᠦ ᠠᠮᠢ ᠠᠬᠤᠢ ᠪᠠᠰᠠ ᠲᠡᠶᠢᠮᠦ ᠴᠢᠩᠭ᠎ᠠ ᠪᠢᠰᠢ᠂ ᠳᠡᠭᠡᠳᠦ | ᠮᠡᠷᠭᠡᠵᠢᠯ ᠤᠨ ᠠᠵᠤ ᠦᠢᠯᠡᠰ ᠨᠢ ᠠᠵᠤ ᠦᠢᠯᠡᠳᠪᠦᠷᠢ ᠶᠢᠨ ᠶᠡᠷᠦᠩᠬᠡᠢ ᠬᠡᠮᠵᠢᠶᠡᠨ ᠤ 14.6% ᠶᠢ ᠯᠡ ᠡᠵᠡᠯᠡᠵᠦ᠂ | ᠥᠨᠳᠥᠷ ᠨᠡᠮᠡᠯᠲᠡ ᠦᠷᠳᠡᠭ ᠲᠠᠢ ᠳᠠᠪᠠᠭᠤᠯᠢᠭ ᠦᠢᠯᠡᠳᠬᠦᠨ᠂ ᠨᠢᠳᠤᠷᠭᠠᠨ ᠦᠢᠯᠡᠳᠬᠦᠨ ᠨᠡᠯᠢᠶᠡᠳ ᠴᠥᠭᠡᠨ ᠪᠠᠶᠢᠵᠤ | ᠲᠠᠲᠠᠵᠤ ᠠᠪᠴᠢᠷᠠᠭᠰᠠᠨ ᠳᠡᠭᠡᠳᠦ ᠤᠷ᠎ᠠ ᠮᠡᠷᠭᠡᠵᠢᠯ ᠤᠨ ᠴᠢᠳᠠᠪᠤᠷᠢᠲᠠᠨ ᠨᠢ ᠲᠦᠷᠭᠡᠨ ᠬᠥᠭᠵᠢᠯᠲᠡ ᠶᠢᠨ | ᠬᠡᠷᠡᠭᠴᠡᠭᠡ ᠶᠢ ᠬᠠᠷᠠᠬᠠᠨ ᠬᠠᠩᠭᠠᠵᠤ ᠳᠡᠶᠢᠯᠬᠦ ᠦᠭᠡᠢ ᠪᠠᠶᠢᠵᠤ᠂ ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠪᠠᠰᠠ | ᠤᠯᠠᠮ ᠨᠢᠭᠡ ᠠᠯᠬᠤᠮ ᠬᠥᠭᠵᠢᠭᠡᠬᠦ ᠴᠢᠬᠤᠯᠠᠲᠠᠢ ᠪᠠᠶᠢᠨ᠎ᠠ᠃ ᠭᠤᠷᠪᠠ ᠳᠤ᠂ ᠡᠯᠧᠮᠧᠨ᠋ᠲ ᠤᠨ ᠪᠣᠭᠤᠮᠢ ᠶᠢᠨ | ᠬᠢᠵᠠᠭᠠᠷᠯᠠᠯ ᠶᠡᠬᠡᠰᠴᠦ᠂ ᠡᠨᠧᠷᠭᠢ ᠶᠢᠨ ᠬᠤᠷᠣᠭᠳᠠᠯ ᠤᠨ ᠭᠦᠢᠴᠡᠳᠬᠡᠬᠦ ᠲᠤᠭ᠎ᠠ᠂ ᠠᠮᠢ ᠠᠬᠤᠢ ᠶᠢᠨ ᠣᠷᠴᠢᠨ | ᠨᠥᠬᠦᠴᠡᠯ ᠤᠨ ᠬᠠᠮᠠᠭᠠᠯᠠᠯᠲᠠ᠂ ᠭᠠᠵᠠᠷ ᠰᠢᠷᠣᠢ ᠶᠢᠨ ᠡᠬᠢ ᠪᠠᠶᠠᠯᠢᠭ ᠵᠡᠷᠭᠡ ᠶᠢᠨ ᠬᠠᠲᠠᠭᠤ ᠬᠢᠵᠠᠭᠠᠷᠯᠠᠯ ᠢ ᠴᠢᠩᠭ᠎ᠠ | ᠪᠣᠯᠭᠠᠵᠤ᠂ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠬᠦᠨᠳᠦ ᠨᠣᠴᠢᠲᠠᠢ ᠲᠤᠳᠠᠭᠳᠠᠨ ᠤᠰᠤ ᠴᠠᠬᠢᠯᠭᠠᠨ ᠬᠡᠢ | ᠳᠤᠯᠠᠭᠠᠯᠭ᠎ᠠ ᠵᠡᠷᠭᠡ ᠡᠯᠧᠮᠧᠨ᠋ᠲ ᠤᠨ ᠪᠠᠲᠤᠯᠠᠭ᠎ᠠ ᠳᠤ ᠪᠠᠰᠠ ᠵᠥᠷᠢᠶ᠎ᠡ ᠲᠠᠢ ᠪᠠᠶᠢᠨ᠎ᠠ᠃ ᠪᠡᠶᠡᠴᠢ ᠲᠠᠯ᠎ᠠ ᠠᠴᠠ ᠬᠡᠯᠡᠪᠡᠯ᠂ | ᠺᠠᠳ᠋ᠷ ᠤᠨ ᠡᠩᠨᠡᠭᠡᠨ ᠤ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠶᠢ ᠪᠠᠰᠠ ᠤᠯᠠᠮ ᠨᠢᠭᠡ ᠠᠯᠬᠤᠮ | ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ ᠵᠠᠷᠢᠮ ᠺᠠᠳ᠋ᠷ ᠳᠡᠭᠡᠳᠦ ᠱᠠᠲᠤᠨ ᠤ ᠲᠦᠷᠦ ᠶᠢᠨ ᠪᠣᠳᠣᠯᠭ᠎ᠠ ᠶᠢᠨ ᠲᠤᠬᠠᠢ | ᠲᠤᠰᠬᠠᠯ ᠨᠢ ᠬᠤᠷᠴᠠ ᠰᠡᠷᠭᠡᠭ ᠪᠢᠰᠢ᠂ ᠰᠤᠳᠤᠯᠭᠠᠨ ᠨᠢ ᠭᠦᠨᠵᠡᠭᠡᠢ ᠪᠢᠰᠢ᠂ ᠵᠣᠯᠭᠠᠯᠴᠠᠭ᠎ᠠ ᠶᠢ ᠴᠠᠭ ᠲᠤᠬᠠᠢ ᠳᠤᠨᠢ | ᠬᠢᠬᠦ ᠦᠭᠡᠢ ᠪᠠᠶᠢᠨ᠎ᠠ᠃ ᠴᠥᠭᠡᠨ ᠲᠣᠭᠠᠨ ᠤ ᠺᠠᠳ᠋ᠷ ᠤᠨ ᠦᠵᠡᠯᠲᠡ ᠨᠢ ᠬᠠᠭᠤᠴᠢᠨ ᠢᠶᠠᠨ ᠪᠠᠷᠢᠮᠲᠠᠯᠠᠨ᠂ ᠠᠯᠬᠤᠮ | ᠳᠠᠷᠠᠭ᠎ᠠ ᠲᠠᠢ ᠪᠠᠷ ᠶᠠᠪᠤᠭᠳᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠰᠥᠰᠥ ᠵᠣᠷᠢᠭ ᠨᠢ ᠲᠡᠶᠢᠮᠦ ᠶᠡᠭᠡ | ᠪᠢᠰᠢ᠂ ᠵᠣᠷᠢᠭᠲᠠᠢ ᠪᠠᠷ ᠡᠷᠡᠯᠬᠡᠭᠯᠡᠨ ᠠᠵᠢᠯᠯᠠᠬᠤ ᠡᠷᠴᠢ ᠵᠣᠷᠢᠭ ᠨᠢ ᠬᠦᠷᠦᠯᠴᠡᠬᠦ ᠦᠭᠡᠢ ᠪᠠᠶᠢᠨ᠎ᠠ᠃ ᠡᠭᠦᠨ ᠢ ᠪᠢᠳᠡ | ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠠᠭ ᠲᠣᠬᠢᠶᠠᠯ ᠢ ᠢᠳᠡᠪᠬᠢᠲᠡᠢ ᠪᠠᠷ ᠠᠮᠵᠢᠨ᠂ | ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠬᠦ ᠬᠡᠷᠡᠭᠲᠡᠢ᠃ | ᠬᠤᠶᠠᠷ᠂ 2022 ᠣᠨ ᠤ ᠠᠵᠢᠯ ᠤᠨ ᠲᠣᠬᠢᠷᠠᠭᠤᠯᠤᠯᠲᠠ | ᠡᠨᠡ ᠵᠢᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠪᠣᠯᠣᠨ᠎ᠠ᠂ ᠡᠨᠡ ᠪᠣᠯ ᠨᠠᠮ ᠪᠠ | ᠲᠦᠷᠦ ᠶᠢᠨ ᠤᠯᠤᠰ ᠲᠦᠷᠦ ᠶᠢᠨ ᠠᠮᠢᠳᠤᠷᠠᠯ ᠳᠠᠬᠢ ᠨᠢᠭᠡᠨ ᠶᠡᠭᠡ ᠶᠠᠪᠤᠳᠠᠯ ᠮᠥᠨ᠂ ᠡᠯ᠎ᠡ ᠵᠦᠢᠯ ᠤᠨ ᠠᠵᠢᠯ ᠢ | ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠴᠢᠬᠤᠯᠠ ᠶᠡᠭᠡ ᠬᠠᠷᠢᠭᠤᠴᠠᠯᠭ᠎ᠠ ᠲᠠᠢ ᠶᠤᠮ᠃ | ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠦᠷᠳᠡᠭ ᠢ 10% ᠠᠴᠠ ᠳᠡᠭᠡᠭᠰᠢ ᠨᠡᠮᠡᠭᠳᠡᠭᠦᠯᠦᠨ᠎ᠡ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 20% ᠠᠴᠠ ᠳᠡᠭᠡᠭᠰᠢ ᠨᠡᠮᠡᠭᠳᠡᠭᠦᠯᠦᠨ᠎ᠡ᠃ ᠲᠣᠭᠲᠠᠮᠠᠯ | ᠬᠦᠷᠦᠩᠭᠡ ᠶᠢᠨ ᠪᠡᠯᠡ ᠣᠷᠣᠭᠤᠯᠤᠯᠲᠠ ᠶᠢ 30% ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ | 7% ᠠᠴᠠ ᠳᠡᠭᠡᠭᠰᠢ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ | ᠲᠤᠭ᠎ᠠ ᠶᠢ 15% ᠠᠴᠠ ᠳᠡᠭᠡᠭᠰᠢ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠪᠦᠷᠢ ᠶᠢᠨ ᠡᠵᠡᠮᠳᠡᠵᠦ | ᠪᠣᠯᠬᠤ ᠳᠤᠮᠳᠠᠴᠢ ᠣᠷᠣᠯᠭ᠎ᠠ ᠶᠢ ᠠᠵᠤ ᠠᠬᠤᠢ ᠶᠢᠨ ᠨᠡᠮᠡᠭᠳᠡᠯ ᠲᠠᠢ ᠠᠳᠠᠯᠢ ᠪᠣᠳᠠᠲᠠᠢ ᠠᠵᠢᠯ ᠤᠨ ᠳᠤᠮᠳᠠ᠂ ᠪᠢᠳᠡ | ᠲᠡᠷᠢᠭᠦᠨ ᠳᠤ ᠣᠷᠣᠬᠤ ᠪᠠᠷ ᠬᠦᠴᠦᠯᠡᠨ ᠴᠢᠷᠮᠠᠶᠢᠵᠤ᠂ ᠡᠷᠡᠯᠬᠡᠭ ᠪᠠᠭᠠᠲᠤᠷᠯᠢᠭ ᠢᠶᠠᠷ ᠣᠷᠣᠭᠰᠢᠯᠠᠨ ᠪᠦᠬᠦ ᠵᠢᠯ ᠤᠨ | ᠨᠡᠩ ᠰᠠᠶᠢᠨ ᠪᠥᠭᠡᠳ ᠬᠠᠮᠤᠭ ᠤᠨ ᠰᠠᠶᠢᠨ ᠬᠥᠭᠵᠢᠯᠲᠡ ᠶᠢᠨ ᠦᠷ᠎ᠡ ᠪᠦᠲᠦᠭᠡᠯ ᠢ ᠲᠡᠮᠡᠴᠡᠨ ᠣᠯᠬᠤ ᠪᠠᠷ ᠴᠢᠷᠮᠠᠶᠢᠬᠤ | ᠬᠡᠷᠡᠭᠲᠡᠢ᠃ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃ | ︵ᠨᠢᠭᠡ︶ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠵᠤ ᠠᠬᠤᠢ ᠶᠢᠨ | ᠲᠣᠭᠲᠠᠭᠤᠨ ᠠᠵᠢᠯᠯᠠᠭᠠᠨ ᠢ ᠪᠠᠲᠤᠯᠠᠨ᠎ᠠ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠡᠷᠡᠰ ᠠᠬᠢᠭᠤᠯᠤᠨ᠎ᠠ᠃ ︽ᠨᠢᠭᠡ ᠠᠵᠢᠯ ᠲᠥᠷᠥᠯ ᠨᠢᠭᠡ | ᠠᠷᠭ᠎ᠠ ᠪᠣᠳᠣᠯᠭ᠎ᠠ︾ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢᠨ ᠲᠣᠭᠤᠷᠢᠨ ᠳᠤ᠂ ᠬᠡᠯᠬᠢᠶ᠎ᠡ ᠶᠢ | ᠴᠢᠩᠭ᠎ᠠ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ ᠴᠢᠬᠤᠯᠠᠲᠠᠢ ᠠᠵᠤ ᠦᠢᠯᠡᠰ ᠢ ᠨᠠᠷᠢᠨ ᠬᠢᠨᠠᠮᠠᠭᠠᠢ ᠡᠮᠬᠢᠯᠡᠵᠦ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠭᠦᠷᠭᠡ ᠶᠢᠨ ᠨᠠᠷᠢᠨ ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢ ᠨᠢᠭᠡᠳ ᠨᠢᠭᠡ ᠪᠠᠷ ᠲᠣᠭᠲᠠᠭᠠᠵᠤ᠂ ᠵᠣᠯᠭᠠᠭᠤᠯᠬᠤ ᠲᠥᠰᠥᠯ᠂ ᠵᠠᠮ ᠱᠤᠭᠤᠮ ᠪᠠ ᠵᠢᠱᠢᠯᠲᠡ ᠶᠢ | ᠲᠣᠳᠣᠷᠬᠠᠶᠢᠯᠠᠨ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠨᠡᠶᠢᠭᠡᠮᠴᠢᠯᠡᠭᠰᠡᠨ ᠬᠤᠳᠠᠯᠳᠤᠭᠠᠴᠢᠨ | ᠤᠷᠢᠬᠤ ᠳᠡᠭᠡᠷ᠎ᠡ ᠬᠦᠴᠦ ᠲᠠᠯᠪᠢᠵᠤ᠂ ︽ᠭᠤᠷᠪᠠᠨ 500 ᠬᠦᠴᠦᠷᠬᠡᠭ︾ ᠠᠵᠤ ᠠᠬᠤᠶᠢᠯᠠᠯ᠂ ᠡᠯ᠎ᠡ ᠲᠥᠷᠥᠯ ᠤᠨ | ᠲᠡᠷᠢᠭᠦᠨ ᠤ ᠠᠵᠤ ᠠᠬᠤᠶᠢᠯᠠᠯ᠂ ᠰᠢᠨ᠎ᠡ ᠬᠤᠷᠴᠠ ᠠᠵᠤ ᠠᠬᠤᠶᠢᠯᠠᠯ ᠪᠠ ︽ᠬᠡᠯᠬᠢᠶᠡᠵᠢᠭᠰᠡᠨ ᠡᠵᠡᠨ︾ ︽ᠣᠯᠠᠨ | ᠲᠦᠮᠡᠨ ᠤ ᠡᠵᠡᠨ︾ ︽ᠭᠠᠭᠴᠠ ᠡᠪᠡᠷᠲᠦ ᠠᠷᠢᠶᠠᠲᠠᠨ︾ ︽ᠳᠠᠯᠳᠠ ᠮᠠᠩᠯᠠᠢ︾ ︽ᠲᠤᠰᠬᠠᠢ ᠨᠠᠷᠢᠯᠢᠭ ᠣᠨᠴᠠ | ᠰᠢᠨ᠎ᠡ︾ ᠠᠵᠤ ᠠᠬᠤᠶᠢᠯᠠᠯ ᠢ ᠲᠦᠷᠭᠡᠳᠬᠡᠨ ᠣᠷᠣᠭᠤᠯᠵᠤ᠂ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ | ᠵᠥᠪᠳᠡᠯᠴᠡᠭᠡᠷ ᠢᠶᠠᠷ ᠪᠡᠯᠡ ᠣᠷᠣᠭᠤᠯᠬᠤ ᠶᠢ 800 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠬᠤ ᠶᠢ | ᠦᠨᠡᠨᠬᠦ ᠪᠠᠲᠤᠯᠠᠨ᠎ᠠ᠃ ᠬᠤᠪᠣᠷ ᠰᠢᠷᠣᠢ ᠶᠢᠨ ᠠᠵᠤ ᠦᠢᠯᠡᠰ ᠤᠨ ᠶᠠᠷᠢᠯᠴᠠᠭᠠᠨ ᠤ ᠲᠠᠪᠴᠠᠩ᠂ ᠲᠤᠰᠬᠠᠢ ᠰᠡᠳᠦᠪᠲᠦ | ᠬᠤᠳᠠᠯᠳᠤᠭᠠᠴᠢᠨ ᠤᠷᠢᠬᠤ ᠬᠤᠷᠠᠯ ᠵᠡᠷᠭᠡ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠰᠠᠶᠢᠲᠤᠷ ᠡᠷᠭᠢᠯᠡᠵᠦ᠂ 3 | ︱ 5 ᠨᠡᠯᠢᠶᠡᠳ ᠴᠢᠩᠭ᠎ᠠ ᠨᠥᠯᠥᠭᠡᠯᠡᠬᠦ ᠬᠦᠴᠦᠨ ᠲᠠᠢ ᠬᠤᠳᠠᠯᠳᠤᠭᠠᠴᠢᠨ ᠤᠷᠢᠬᠤ ᠦᠢᠯᠡᠴᠢᠯᠡᠭᠡᠨ ᠤ | ᠪᠠᠶᠢᠭᠤᠯᠤᠮᠵᠢ ᠲᠠᠢ ᠬᠠᠮᠲᠤᠷᠠᠯᠴᠠᠵᠤ᠂ ᠨᠠᠩ ᠣᠯᠠᠨ ᠠᠵᠤ ᠠᠬᠤᠶᠢᠯᠠᠯ ᠢ ᠲᠡᠳᠡᠨ ᠠᠪᠴᠢᠷᠠᠵᠤ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠲᠤ ᠪᠡᠯᠡ ᠣᠷᠣᠭᠤᠯᠤᠨ ᠦᠢᠯᠡᠰ ᠬᠥᠭᠵᠢᠭᠦᠯᠦᠨ᠎ᠡ᠃ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠪᠠᠲᠤᠯᠠᠭ᠎ᠠ ᠶᠢ ᠴᠢᠩᠭᠠᠷᠠᠭᠤᠯᠤᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥ ᠶᠢᠨ | ᠪᠣᠳᠣᠯᠭ᠎ᠠ ᠶᠢ ᠨᠡᠶᠢᠲᠡᠯᠡᠵᠦ᠂ ᠰᠠᠨᠠᠭᠠᠴᠢᠯᠠᠭ᠎ᠠ ᠠᠴᠠ ᠪᠠᠨ ᠤᠷᠤᠭᠰᠢᠯᠠᠵᠤ᠂ ᠨᠠᠷᠢᠯᠢᠭ ᠣᠨᠣᠴᠠᠲᠠᠢ ᠪᠠᠷ ᠦᠢᠯᠡᠴᠢᠯᠡᠨ | ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠵᠣᠯᠭᠠᠭᠤᠯᠬᠤ ᠲᠥᠷᠥᠯ ᠵᠦᠢᠯ ᠤᠨ ᠠᠯᠢ ᠲᠦᠷᠭᠡᠨ ᠢᠶᠠᠷ ᠭᠡᠷ᠎ᠡ | ᠲᠣᠭᠲᠠᠬᠤ᠂ ᠭᠡᠷ᠎ᠡ ᠲᠣᠭᠲᠠᠬᠤ ᠲᠥᠷᠥᠯ ᠵᠦᠢᠯ ᠤᠨ ᠠᠯᠢ ᠲᠦᠷᠭᠡᠨ ᠢᠶᠠᠷ ᠨᠠᠶᠢᠳᠠᠪᠤᠷᠢᠵᠢᠭᠤᠯᠤᠭᠳᠠᠬᠤ᠂ | ᠨᠠᠶᠢᠳᠠᠪᠤᠷᠢᠵᠢᠭᠤᠯᠬᠤ ᠲᠥᠷᠥᠯ ᠵᠦᠢᠯ ᠤᠨ ᠠᠯᠢ ᠲᠦᠷᠭᠡᠨ ᠢᠶᠠᠷ ᠠᠵᠢᠯ ᠡᠬᠢᠯᠡᠬᠦ ᠶᠢ ᠲᠦᠯᠬᠢᠨ ᠠᠬᠢᠭᠤᠯᠤᠨ᠎ᠠ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡ ᠶᠢ ᠶᠡᠷᠦᠩᠬᠡᠢ ᠪᠡᠯᠡ ᠣᠷᠣᠭᠤᠯᠤᠯᠲᠠ ᠨᠢ | 588.3 ᠳ᠋ᠦᠩᠰᠢᠭᠤᠷ ᠲᠥᠭᠦᠷᠢᠭ ᠤᠨ ᠭᠤᠣᠯᠳᠠᠯᠭ᠎ᠠ ᠲᠠᠢ ᠲᠦᠷᠦᠯ ᠵᠦᠢᠯ 125 ᠶᠢ ᠶᠠᠪᠣᠭᠳᠠᠭᠤᠯᠵᠣ ᠵᠢᠯ ᠤᠨ | ᠳᠣᠲᠣᠷ᠎ᠠ 182.96 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 75 ᠠᠴᠠ | ᠳᠡᠭᠡᠭᠰᠢ ᠪᠠᠷᠢᠯᠭ᠎ᠠ ᠶᠢᠨ ᠠᠵᠢᠯ ᠢ ᠳᠠᠭᠤᠰᠬᠠᠬᠤ ᠶᠢ ᠦᠨᠡᠨᠬᠦ ᠪᠠᠲᠤᠯᠠᠨ᠎ᠠ᠃ ᠭᠤᠣᠯᠳᠠᠯᠭ᠎ᠠ ᠲᠠᠢ ᠲᠥᠷᠥᠯ ᠵᠦᠢᠯ ᠤᠨ | ᠪᠦᠬᠦ ᠶᠠᠪᠤᠴᠠ ᠶᠢᠨ ᠬᠠᠮᠢᠶᠠᠷᠤᠯᠲᠠ ᠶᠢᠨ ᠲᠣᠭᠲᠠᠴᠠ ᠶᠢ ᠶᠠᠪᠣᠭᠤᠯ ᠲᠦᠷᠦᠯ ᠵᠦᠢᠯ ᠮᠡᠳᠡᠭᠡ ᠵᠠᠩᠭᠢ ᠶᠢ ᠠᠳᠬᠤᠬᠤ | ᠂ ᠶᠠᠷᠢᠯᠴᠠᠭᠠᠨ ᠤ ᠲᠦᠷᠦᠯ ᠵᠦᠢᠯ ᠭᠡᠷ᠎ᠡ ᠲᠣᠭᠲᠠᠬᠤ ᠶᠢ ᠠᠳᠬᠤᠬᠤ᠂ ᠭᠡᠷ᠎ᠡ ᠲᠣᠭᠲᠠᠬᠤ ᠲᠦᠷᠦᠯ ᠵᠦᠢᠯ ᠤᠨ | ᠨᠠᠶᠢᠳᠠᠪᠤᠷᠢᠵᠢᠭᠤᠯᠤᠯᠲᠠ ᠶᠢ ᠠᠳᠬᠤᠬᠤ᠂ ᠨᠠᠶᠢᠳᠠᠪᠤᠷᠢᠵᠢᠭᠤᠯᠤᠯᠲᠠ ᠶᠢᠨ ᠲᠦᠷᠦᠯ ᠵᠦᠢᠯ ᠭᠠᠷᠳᠠᠮ ᠢ ᠠᠩᠬᠠᠷᠴᠤ᠂ | ᠭᠠᠷᠳᠠᠮ ᠭᠦᠢᠴᠡᠳᠬᠡᠵᠦ ᠪᠠᠷᠠᠪᠠᠯ ᠠᠵᠢᠯ ᠡᠬᠢᠯᠡᠭᠦᠯᠬᠦ ᠶᠢ ᠠᠩᠬᠤᠷᠣᠨ ᠠᠵᠢᠯ ᠡᠬᠢᠯᠡᠭᠦᠯᠬᠦ ᠲᠦᠷᠦᠯ ᠵᠦᠢᠯ ᠪᠡᠯᠡ | ᠣᠷᠣᠭᠤᠯᠤᠯᠲᠠ ᠶᠢ ᠠᠩᠬᠠᠷᠴᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠪᠠᠷᠢᠯᠭ᠎ᠠ ᠳᠠᠭᠤᠰᠬᠤ ᠶᠢ ᠠᠩᠬᠠᠷᠣᠨ | ᠪᠠᠷᠢᠯᠭ᠎ᠠ ᠳᠠᠭᠤᠰᠤᠭᠰᠠᠨ ᠲᠦᠷᠦᠯ ᠵᠦᠢᠯ ᠭᠠᠷᠤᠯᠲᠠ ᠳᠤ ᠬᠦᠷᠬᠦ ᠲᠦᠷᠦᠯ ᠵᠦᠢᠯ ᠤᠨ ᠳᠡᠭᠡᠳᠦ ᠬᠢᠵᠠᠭᠠᠷ ᠢ | ᠠᠩᠬᠠᠷᠴᠤ᠂ ᠳᠡᠭᠡᠳᠦ ᠬᠢᠵᠠᠭᠠᠷ ᠤᠨ ᠲᠦᠷᠦᠯ ᠵᠦᠢᠯ ᠬᠠᠮᠢᠶᠠᠷᠤᠯᠲᠠ ᠶᠢ ᠨᠢᠭᠡᠳᠦᠯᠲᠡᠢ ᠪᠣᠯᠭᠠᠨ ᠲᠦᠷᠦᠯ ᠵᠦᠢᠯ ᠤᠨ | ᠤᠴᠢᠷ ᠶᠠᠪᠤᠳᠠᠯ ᠤᠨ ᠡᠮᠦᠨ᠎ᠡ᠂ ᠳᠤᠮᠳᠠ᠂ ᠳᠠᠷᠠᠭᠠᠬᠢ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ | ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠦᠨ᠎ᠡ᠃ ᠭᠤᠣᠯᠳᠠᠯᠭ᠎ᠠ ᠲᠠᠢ ᠵᠦᠢᠯᠡᠰ ᠤᠨ ᠤᠳᠤᠷᠢᠳᠤᠯᠭ᠎ᠠ ᠶᠢᠨ ᠳᠠᠭᠠᠭᠠᠴᠢᠯᠠᠨ | ᠬᠤᠯᠪᠣᠭᠠᠯᠠᠬᠤ᠂ ᠲᠤᠰᠬᠠᠢ ᠠᠩᠭᠢ ᠶᠢᠨ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠵᠦ᠂ ᠪᠦᠬᠦ ᠶᠠᠪᠤᠴᠠ ᠳᠤ | ᠣᠷᠣᠯᠠᠨ ᠭᠦᠢᠴᠡᠳᠬᠡᠬᠦ᠂ ᠨᠡᠶᠢᠯᠡᠭᠦᠯᠦᠨ ᠬᠢᠨᠠᠨ ᠵᠥᠪᠰᠢᠶᠡᠷᠡᠬᠦ᠂ ᠳᠤᠲᠠᠭᠤ ᠶᠢ ᠪᠠᠭᠲᠠᠭᠠᠬᠤ ᠶᠢ ᠬᠢᠨᠠᠨ ᠵᠥᠪᠰᠢᠶᠡᠷᠡᠬᠦ | ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠥᠪ ᠤᠨ ᠲᠥᠰᠥᠪ ᠤᠨ ᠳᠣᠲᠣᠷᠠᠬᠢ ᠪᠡᠯᠡ ᠮᠥᠩᠭᠦ ᠪᠠ ᠣᠷᠣᠨ | ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠮᠡᠳᠡᠭᠦᠯᠬᠦ ᠠᠵᠢᠯ ᠢ | ᠰᠠᠶᠢᠲᠤᠷ ᠬᠢᠨ 4 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠠᠵᠢᠯ ᠡᠬᠢᠯᠡᠭᠦᠯᠵᠦ᠂ 6 ᠰᠠᠷ᠎ᠠ ᠶᠢᠨ | ᠰᠡᠭᠦᠯᠴᠢ ᠠᠴᠠ ᠡᠮᠦᠨ᠎ᠡ ᠲᠤᠰ ᠵᠢᠯ ᠤᠨ ᠲᠥᠯᠥᠪᠯᠡᠭᠰᠡᠨ ᠪᠡᠯᠡ ᠣᠷᠣᠭᠤᠯᠤᠯᠲᠠ ᠶᠢᠨ 60% ᠶᠢ ᠪᠡᠶᠡᠯᠡᠭᠦᠯᠬᠦ ᠶᠢ | ᠦᠨᠡᠨ ᠬᠦ ᠪᠠᠲᠤᠯᠠᠨ᠎ᠠ᠃ ᠲᠦᠷᠦᠯ ᠵᠦᠢᠯ ᠢ ᠲᠥᠯᠥᠪᠵᠢᠭᠦᠯᠦᠨ ᠪᠣᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ | ᠤᠯᠤᠰ ᠤᠨ ᠲᠦᠷᠦ ᠶᠢᠨ ᠪᠣᠳᠣᠯᠭ᠎ᠠ ᠶᠢᠨ ᠬᠠᠨᠳᠤᠰᠢ ᠶᠢ ᠴᠢᠩᠭ᠎ᠠ ᠠᠩᠬᠠᠷᠴᠤ᠂ ᠬᠠᠳᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ᠂ ᠪᠠᠷᠠᠭᠤᠨ ᠣᠷᠣᠨ ᠢ ᠶᠡᠬᠡᠪᠡᠷ | ᠨᠡᠭᠡᠭᠡᠨ ᠬᠥᠭᠵᠢᠭᠦᠯᠬᠦ ᠵᠡᠷᠭᠡ ᠪᠠᠶᠢᠯᠳᠤᠬᠤ ᠪᠣᠳᠣᠯᠭ᠎ᠠ ᠪᠠ ᠬᠠᠳᠤᠨ ᠭᠤᠣᠯ ᠤᠨ ︽ᠨᠣᠭᠤᠯᠠᠭᠠᠳᠣ︾ ᠦᠰᠦᠭ ᠤᠨ | ᠬᠤᠳᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠲᠠᠢ ᠣᠶᠠᠯᠳᠣᠭᠤᠯᠣᠨ ᠨᠢᠭᠡ ᠪᠦᠯᠦᠭ ᠴᠢᠬᠤᠯᠠ ᠶᠡᠭᠡ | ᠲᠦᠷᠦᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠱᠠᠲᠤ ᠳᠠᠷᠠᠭᠠᠯᠠᠨ ᠠᠬᠢᠭᠤᠯᠣᠨ ᠦᠷᠭᠦᠯᠵᠢᠯᠡᠨ | ᠤᠷᠤᠭᠰᠢᠯᠠᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠤᠢ ᠪᠣᠯᠭᠠᠵᠤ᠂ ᠦᠷᠭᠦᠯᠵᠢᠯᠡᠨ | ᠪᠡᠯᠡ ᠣᠷᠣᠭᠤᠯᠬᠤ ᠳᠤ ᠭᠠᠷᠳᠠᠴᠠ ᠲᠠᠢ᠂ ᠠᠯᠤᠰ ᠬᠡᠳᠤ ᠶᠢᠨ ᠬᠥᠭᠵᠢᠯᠲᠡ ᠳᠤ ᠨᠥᠭᠡᠴᠡ ᠬᠦᠴᠦᠨ ᠲᠠᠢ ᠪᠠᠶᠢᠬᠤ ᠶᠢ | ᠪᠠᠲᠤᠯᠠᠨ᠎ᠠ᠃ | ᠬᠡᠷᠡᠭᠯᠡᠭᠡᠨ ᠤ ᠳᠠᠯᠳᠠ ᠬᠦᠴᠦᠨ ᠢ ᠢᠯᠡᠷᠡᠭᠦᠯᠦᠨ᠎ᠡ᠃ ᠮᠠᠰᠢᠨ ᠲᠡᠷᠭᠡ ᠵᠡᠷᠭᠡ ᠤᠯᠠᠮᠵᠢᠯᠠᠯᠲᠤ ᠬᠡᠷᠡᠭᠯᠡᠭᠡ ᠶᠢ | ᠲᠣᠭᠲᠠᠪᠤᠷᠢᠵᠢᠭᠤᠯᠵᠤ᠂ 3 ᠠᠴᠠ ᠳᠡᠭᠡᠭᠰᠢ 4S ᠳᠡᠯᠭᠡᠭᠦᠷ ᠢ ᠰᠢᠨ᠎ᠡ ᠪᠠᠷ ᠣᠷᠣᠭᠤᠯᠤᠨ ᠠᠪᠴᠢᠷᠠᠵᠤ᠂ ᠮᠠᠰᠢᠨ | ᠲᠡᠷᠭᠡᠨ ᠤ ᠪᠣᠷᠤᠯᠠᠭᠤᠯᠭ᠎ᠠ ᠶᠢ 15% ᠠᠴᠠ ᠳᠡᠭᠡᠭᠰᠢ ᠨᠡᠮᠡᠭᠳᠡᠯ ᠤᠨ ᠬᠤᠷᠳᠤᠴᠠ ᠲᠠᠢ ᠪᠠᠶᠢᠯᠭᠠᠨ᠎ᠠ᠃ ᠰᠤᠷᠭᠠᠨ | ᠬᠥᠮᠦᠵᠢᠯ ᠡᠮ ᠡᠮᠨᠡᠯᠭᠡ᠂ ᠡᠷᠡᠭᠦᠯᠵᠢᠯ ᠨᠠᠰᠤᠵᠢᠯ ᠤᠨ ᠠᠰᠠᠷᠠᠮᠵᠢ᠂ ᠲᠣᠭᠠᠴᠢᠯᠠᠭᠰᠠᠨ ᠮᠡᠳᠡᠭᠡ ᠵᠠᠩᠭᠢ ᠵᠡᠷᠭᠡ | ᠰᠢᠨ᠎ᠡ ᠪᠠᠷ ᠬᠥᠭᠵᠢᠭᠰᠡᠨ ᠬᠡᠷᠡᠭᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠪᠦᠬᠦ ᠵᠢᠯ ᠳᠤ ᠬᠢᠵᠠᠭᠠᠷᠲᠤ | ᠲᠤᠭ᠎ᠠ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ 15 ᠰᠢᠨ᠎ᠡ ᠪᠠᠷ ᠨᠡᠮᠡᠭᠳᠡᠭᠦᠯᠵᠦ᠂ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠬᠦ᠂ ᠬᠤᠪᠢ ᠶᠢᠨ ᠵᠢᠩ ᠢ | ᠳᠡᠭᠡᠭᠰᠢᠯᠡᠭᠦᠯᠬᠦ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠶᠢ ᠲᠠᠶᠢᠴᠢᠯᠠᠨ᠎ᠠ᠃ ᠵᠢᠵᠢᠭᠯᠡᠨ ᠬᠤᠳᠠᠯᠳᠤᠬᠤ | ᠦᠢᠯᠡᠰ ᠤᠨ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠰᠦᠯᠵᠢᠶᠡᠨ ᠪᠠᠷᠠᠭ᠎ᠠ | ᠬᠤᠳᠠᠯᠳᠤᠨ ᠠᠪᠬᠤ᠂ ᠰᠢᠭᠤᠳ ᠨᠡᠪᠲᠡᠷᠡᠭᠦᠯᠬᠦ ᠪᠠᠷᠠᠭ᠎ᠠ ᠠᠪᠴᠤ ᠶᠠᠪᠤᠬᠤ ᠵᠡᠷᠭᠡ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠶᠢᠨ ᠠᠭᠤᠰᠤᠯᠴᠠᠭᠰᠠᠨ ᠬᠡᠷᠡᠭᠯᠡᠭᠡ ᠶᠢ ᠬᠥᠭᠵᠢᠭᠦᠯᠬᠦ ᠶᠢ ᠳᠡᠮᠵᠢᠵᠦ᠂ ᠠ ᠯᠢ ᠣᠯᠠᠨ | ᠤᠯᠤᠰ ᠤᠨ ᠥᠷᠲᠡᠭᠡ ᠶᠢᠨ ᠪᠤᠭᠤᠲᠤ ᠶᠢᠨ ᠦᠢᠯᠡᠴᠢᠯᠡᠭᠡᠨ ᠤ ᠲᠥᠪ ᠢ ᠲᠦᠷᠭᠡᠳᠬᠡᠨ ᠣᠷᠣᠭᠤᠯᠵᠤ᠂ ᠵᠢᠯ ᠤᠨ | ᠳᠣᠲᠣᠷ᠎ᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶ᠎ᠠ ᠶᠢᠨ ᠲᠤᠭ᠎ᠠ ᠶᠢ 110 ᠳ᠋ᠦᠩᠰᠢᠭᠤᠷ | ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ᠃ ᠮᠠᠰᠢᠨ ᠲᠡᠷᠭᠡ᠂ ᠭᠡᠷ ᠤᠨ ᠬᠡᠷᠡᠭᠰᠡᠯ᠂ ᠪᠠᠷᠢᠯᠭ᠎ᠠ ᠶᠢᠨ ᠮᠠᠲ᠋ᠧᠷᠢᠶᠠᠯ | ᠵᠡᠷᠭᠡ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ 10 ᠲᠠᠯᠠᠪᠤᠷ ᠠᠴᠠ ᠳᠡᠭᠡᠭᠰᠢ ᠨᠠᠷᠢᠨ ᠨᠢᠮᠪᠠᠢ ᠵᠣᠬᠢᠶᠠᠨ | ᠪᠠᠶᠢᠭᠤᠯᠵᠤ᠂ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ︽ᠡᠳᠦᠷ | ᠪᠦᠷᠢ︾ ᠶᠢᠨ ᠨᠠᠷᠠᠲᠤ ᠲᠥᠷᠥᠯ ᠲᠡᠮᠳᠡᠭᠲᠦ ᠶᠢᠨ ᠬᠡᠯᠬᠢᠶᠡᠵᠢᠭᠰᠡᠨ ᠲᠥᠬᠦᠮ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠨᠢᠭᠡ ᠮᠥᠴᠡ ᠳᠤ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ | ᠴᠠᠷᠠᠭ᠎ᠠ ᠶᠢ ᠪᠣᠶ ᠪᠣᠯᠭᠠᠨ᠎ᠠ᠃ ᠤᠯᠤᠰ ᠤᠨ ᠭᠠᠳᠠᠭᠠᠳᠤ ᠠᠷᠠᠯᠵᠢᠶ᠎ᠠ ᠶᠢᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠭᠠᠳᠠᠭᠠᠳᠤ | ᠠᠷᠠᠯᠵᠢᠶ᠎ᠠ ᠶᠢᠨ ᠪᠣᠳᠠᠲᠤ ᠠᠮᠵᠢᠯᠲᠠ ᠣᠯᠣᠭᠰᠠᠨ ᠠᠵᠤ ᠠᠬᠤᠶᠢᠯᠠᠯ ᠤᠨ ᠲᠤᠭ᠎ᠠ ᠪᠥᠬᠦ ᠬᠤᠲᠠ ᠶᠢᠨ 50% ᠠᠴᠠ | ᠳᠡᠭᠡᠭᠰᠢᠬᠢ ᠶᠢ ᠡᠵᠡᠯᠡᠵᠦ᠂ ᠪᠥᠬᠦ ᠵᠢᠯ ᠤᠨ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠨᠣᠷᠮ᠎ᠠ 10% ᠠᠴᠠ ᠲᠡᠭᠡᠭᠰᠢᠬᠢ ᠶᠢ ᠪᠠᠳᠣᠯᠠᠨ᠎ᠠ᠃ | ᠡᠯ᠎ᠡ ᠵᠦᠢᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠦᠭᠡᠶᠢᠰᠭᠡᠨ᠎ᠡ᠃ ᠵᠠᠰᠠᠭ ᠤᠨ ᠣᠷᠳᠣᠨ ᠤ ᠳᠠᠯᠳᠠ | ᠥᠷᠢ ᠥᠭᠴᠡᠭᠡ ᠶᠢ ᠦᠨᠡᠨᠬᠦ ᠠᠷᠢᠯᠭᠠᠵᠤ᠂ ︽ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠣᠶ | ᠪᠣᠯᠭᠠᠨ ᠡᠩ ᠤᠨ ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠭᠠᠵᠠᠷ ᠰᠢᠷᠣᠢ ᠶᠢ ᠰᠢᠯᠵᠢᠭᠦᠯᠦᠨ | ᠬᠤᠳᠠᠯᠳᠤᠬᠤ᠂ ᠡᠳ᠋ ᠬᠥᠷᠥᠩᠭᠡ ᠶᠢ ᠪᠡᠯᠡᠨ ᠵᠣᠭᠤᠰ ᠪᠣᠯᠭᠠᠬᠤ᠂ ᠵᠠᠬ᠎ᠠ ᠳᠡᠯᠭᠡᠭᠦᠷ ᠢᠶᠠᠷ ᠠᠷᠢᠯᠭᠠᠬᠤ ᠵᠡᠷᠭᠡ ᠠᠷᠭ᠎ᠠ | ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠥᠷᠢ ᠥᠭᠴᠡᠭᠡ ᠶᠢ ᠳᠥᠯᠥᠬᠦ ᠪᠡᠯᠡ ᠮᠥᠩᠭᠦ ᠶᠢ ᠣᠯᠠᠨ ᠠᠷᠭ᠎ᠠ ᠵᠠᠮ᠂ | ᠣᠯᠠᠨ ᠬᠦᠷᠢᠶ᠎ᠡ ᠴᠠᠷᠠᠭ᠎ᠠ ᠳᠤ ᠴᠤᠭᠯᠠᠭᠤᠯᠵᠤ᠂ ᠪᠥᠬᠦ ᠵᠢᠯ ᠤᠨ ᠥᠷᠢ ᠥᠭᠴᠡᠭᠡ ᠶᠢ ᠳᠥᠯᠥᠬᠦ ᠡᠭᠦᠷᠭᠡ ᠶᠢ | ᠭᠦᠢᠴᠡᠳ ᠲᠤᠭ᠎ᠠ ᠪᠠᠷ ᠳᠥᠯᠥᠬᠦ ᠶᠢ ᠦᠨᠡᠨᠬᠦ ᠪᠠᠲᠤᠯᠠᠨ᠎ᠠ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ | ᠪᠦᠲᠦᠮᠵᠢᠲᠡᠢ ᠪᠠᠷ ᠰᠡᠷᠭᠡᠶᠢᠯᠡᠨ ᠠᠷᠢᠯᠭᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠳᠣᠳᠬᠠᠨ ᠰᠠᠨᠠᠭᠠᠰᠢᠷᠠᠯ | ᠤᠨ ᠤᠬᠠᠮᠰᠠᠷ ᠢᠶᠠᠨ ᠴᠢᠩᠭᠠᠳᠬᠠᠵᠤ᠂ ᠠᠶᠤᠯ ᠲᠦᠭᠰᠢᠭᠦᠷᠢ ᠶᠡᠬᠡᠲᠡᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠠᠶᠤᠯ ᠲᠦᠭᠰᠢᠭᠦᠷᠢ ᠶᠢ ᠠᠷᠢᠯᠭᠠᠬᠤ ᠠᠵᠢᠯ ᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠥᠬᠦ ᠲᠠᠯ᠎ᠠ ᠪᠠᠷ | ᠪᠡᠶᠡᠯᠡᠭᠦᠯᠵᠦ᠂ ᠤᠯᠤᠰ ᠤᠨ ᠥᠮᠴᠢᠯᠡᠯ ᠤᠨ ᠨᠡᠭᠡᠭᠡᠯᠲᠡ ᠶᠢᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ | ᠠᠬᠢᠭᠤᠯᠬᠤ ᠠᠵᠢᠯ ᠢ ᠭᠦᠨᠵᠡᠭᠡᠢ ᠠᠬᠢᠭᠤᠯᠵᠤ᠂ ᠬᠠᠲᠠᠭᠤ ᠴᠢᠩᠭ᠎ᠠ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢᠨ | ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠬᠡᠷᠡᠭ ᠢᠶᠠᠷ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ | ᠬᠡᠷᠡᠭ ᠢᠶᠠᠷ ᠵᠠᠰᠠᠬᠤ ᠶᠢ ᠠᠬᠢᠭᠤᠯᠬᠤ ᠶᠢ ᠭᠦᠨᠵᠡᠭᠡᠶᠢᠷᠡᠭᠦᠯᠦᠨ᠎ᠡ᠃ | ︵ᠬᠤᠶᠠᠷ︶ ᠠᠵᠤ ᠦᠢᠯᠡᠳᠪᠦᠷᠢ ᠪᠠᠷ ᠣᠷᠣᠨ ᠢᠶᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠠᠵᠤ | ᠦᠢᠯᠡᠰ ᠤᠨ ᠬᠡᠯᠬᠢᠶᠡᠨ ᠤ ᠥᠷᠲᠡᠭ ᠤᠨ ᠬᠡᠯᠬᠢᠶᠡᠨ ᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ | ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ︽2+2+N︾ | ᠬᠥᠭᠵᠢᠯᠲᠡ ᠶᠢᠨ ᠰᠡᠳᠬᠢᠴᠡ ᠶᠢᠨ ᠲᠣᠭᠤᠷᠢᠨ ᠳᠤ᠂ ᠡᠯ᠎ᠡ ᠠᠵᠤ ᠦᠢᠯᠡᠰ ᠤᠨ ᠬᠡᠯᠬᠢᠶ᠎ᠡ ᠶᠢᠨ ᠬᠡᠪᠴᠢᠶ᠎ᠡ ᠶᠠᠰᠤ | ᠴᠢᠨᠠᠷ ᠢ ᠳᠡᠭᠡᠭᠰᠢᠯᠡᠭᠦᠯᠵᠦ᠂ ᠪᠥᠬᠦ ᠵᠢᠯ ᠤᠨ ᠦᠢᠯᠡᠳᠬᠦᠨ ᠤ ᠥᠷᠲᠡᠭ ᠢ 260 ᠳ᠋ᠦᠩᠰᠢᠭᠤᠷ ᠲᠥᠭᠦᠷᠢᠭ ᠠᠴᠠ | ᠳᠡᠭᠡᠭᠰᠢ ᠳᠤ ᠬᠦᠷᠦᠭᠦᠯᠦᠨ ᠦᠢᠯᠡᠳᠬᠦᠨ ᠤ ᠥᠷᠲᠡᠭ ᠢ 10 ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ | ᠠᠬᠤᠶᠢᠯᠠᠯ ᠢ 6 ︱ 7 ᠳᠤ ᠬᠦᠷᠦᠭᠦᠯᠭᠦ ᠶᠢᠨ ᠬᠠᠮᠳᠣ 20 ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ | ᠠᠬᠤᠶᠢᠯᠠᠯ ᠢ 4 ᠡᠷᠦᠬᠡ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠲᠣᠭᠲᠠᠮᠠᠯ ᠰᠣᠷᠢᠨᠵᠢᠨ ᠮᠠᠲ᠋ᠧᠷᠢᠶᠠᠯ ᠤᠨ | ᠬᠦᠷᠢᠶ᠎ᠡ ᠬᠡᠪᠴᠢᠶ᠎ᠡ᠂ ᠶᠢᠨ ᠯᠢ ᠲᠣᠭᠲᠠᠮᠠᠯ ᠰᠣᠷᠢᠨᠵᠢᠨ ᠤ ᠵᠢᠯ ᠳᠤ 20000 ᠲᠣᠨ ᠥᠨᠳᠥᠷ ᠴᠢᠳᠠᠪᠬᠢᠲᠤ | ᠲᠣᠭᠲᠠᠮᠠᠯ ᠰᠣᠷᠢᠨᠵᠢᠨ ᠤ ᠮᠠᠲ᠋ᠧᠷᠢᠶᠠᠯ ᠤᠨ ᠲᠥᠷᠥᠯ ᠵᠦᠢᠯ᠂ ᠠᠨ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠵᠢᠯ ᠳᠤ | 20000 ᠲᠣᠨ ᠥᠨᠳᠥᠷ ᠴᠢᠳᠠᠪᠬᠢᠲᠤ ᠲᠣᠭᠲᠠᠮᠠᠯ ᠰᠣᠷᠢᠨᠵᠢᠨ ᠤ ᠮᠠᠲ᠋ᠧᠷᠢᠶᠠᠯ ᠤᠨ ᠲᠥᠷᠥᠯ ᠵᠦᠢᠯ᠂ ᠺᠧᠲ᠋ᠢᠶᠠᠨ | ᠰᠣᠷᠢᠨᠵᠢᠨ ᠤ ᠦᠢᠯᠡᠰ ᠤᠨ ᠵᠢᠯ ᠳᠤ 8000 ᠲᠣᠨ ᠥᠨᠳᠥᠷ ᠴᠢᠳᠠᠪᠬᠢᠲᠤ ᠬᠤᠪᠣᠷ ᠰᠢᠷᠣᠢ ᠶᠢᠨ ᠲᠣᠭᠲᠠᠮᠠᠯ | ᠰᠣᠷᠢᠨᠵᠢᠨ ᠤ ᠲᠥᠷᠥᠯ ᠵᠦᠢᠯ᠂ ᠳ᠋ᠠ ᠳ᠋ᠢ ᠰᠢᠶᠦ᠋ᠩ ᠤᠨ ᠵᠢᠯ ᠳᠤ 5000 ᠲᠣᠨ ᠥᠨᠳᠥᠷ ᠴᠢᠳᠠᠪᠬᠢᠲᠤ ᠬᠤᠪᠣᠷ | ᠰᠢᠷᠣᠢ ᠶᠢᠨ ᠲᠣᠭᠲᠠᠮᠠᠯ ᠰᠣᠷᠢᠨᠵᠢᠨ ᠤ ᠮᠠᠲ᠋ᠧᠷᠢᠶᠠᠯ ᠤᠨ ᠦᠢᠯᠡᠳᠪᠦᠷᠢᠯᠡᠯ ᠤᠨ ᠲᠥᠷᠥᠯ ᠵᠦᠢᠯ ᠢ ᠭᠤᠣᠯᠳᠠᠯᠭ᠎ᠠ ᠲᠠᠢ | ᠠᠬᠢᠭᠤᠯᠤᠨ᠎ᠠ᠃ ᠠᠨᠾᠦ᠋ᠢ ᠶᠢᠨ ᠵᠥᠩ ᠭᠠᠩ ᠺᠣᠮᠫᠠᠨᠢ ᠶᠢᠨ ᠲᠢᠶᠠᠨ ᠶᠤᠸᠠᠨ᠂ ᠠᠨᠾᠦ᠋ᠢ ᠶᠢᠨ ᠬᠠᠨ ᠬᠠᠢ ᠶᠢᠨ | ᠰᠢᠨ᠎ᠡ ᠮᠠᠲ᠋ᠧᠷᠢᠶᠠᠯ᠂ ᠨᠢᠩᠪᠦ᠋ᠸᠧ ᠶᠢᠨ ᠵᠥᠩ ᠬᠠᠩ ᠰᠣᠷᠢᠨᠵᠢᠨ ᠮᠠᠲ᠋ᠧᠷᠢᠶᠠᠯ ᠵᠡᠷᠭᠡ ᠰᠣᠷᠢᠨᠵᠢᠨ ᠮᠠᠲ᠋ᠧᠷᠢᠶᠠᠯ ᠤᠨ | ᠲᠥᠷᠥᠯ ᠵᠦᠢᠯ ᠢ ᠶᠡᠬᠡᠪᠡᠷ ᠣᠷᠣᠭᠤᠯᠤᠨ ᠠᠪᠴᠢᠷᠠᠵᠤ᠂ ᠵᠥᠩ ᠺᠧ ᠰᠠᠨ ᠬᠤᠸᠠᠨ᠂ ᠶᠠᠨᠲ᠋ᠠᠢ ᠶᠢᠨ ᠵᠧᠩ ᠬᠠᠢ᠂ | ᠰᠢᠶᠠᠮᠧᠨ ᠤ ᠸᠣᠯᠹᠷᠠᠮ ᠤᠨ ᠦᠢᠯᠡᠰ ᠵᠡᠷᠭᠡ ᠬᠤᠪᠣᠷ ᠰᠢᠷᠣᠢ ᠶᠢᠨ ᠪᠦᠯᠦᠭᠯᠡᠯ ᠲᠠᠢ ᠢᠳᠡᠪᠬᠢᠲᠡᠢ ᠪᠠᠷ ᠵᠣᠯᠭᠠᠭᠤᠯᠤᠨ | ᠪᠡᠯᠡ ᠣᠷᠣᠭᠤᠯᠤᠨ ᠦᠢᠯᠡᠳᠪᠦᠷᠢ ᠪᠠᠶᠢᠭᠤᠯᠵᠤ᠂ ᠰᠣᠷᠢᠨᠵᠢᠨ ᠮᠠᠲ᠋ᠧᠷᠢᠶᠠᠯ ᠤᠨ ᠵᠢᠷᠤᠭᠯᠠᠨ ᠲᠥᠯᠥᠪᠯᠡᠭᠰᠡᠨ | ᠦᠢᠯᠡᠳᠪᠦᠷᠢᠯᠡᠬᠦ ᠴᠢᠳᠠᠪᠤᠷᠢ ᠶᠢ 14 ᠲᠦᠮᠡᠨ ᠲᠣᠨ ᠠᠴᠠ ᠳᠡᠭᠡᠭᠰᠢ ᠳᠤ ᠬᠦᠷᠦᠭᠦᠯᠬᠦ ᠶᠢ ᠲᠦᠯᠬᠢᠨ ᠠᠬᠢᠭᠤᠯᠵᠤ᠂ | ᠪᠥᠬᠦ ᠤᠯᠤᠰ ᠤᠨ ᠨᠥᠯᠥᠭᠡᠯᠡᠬᠦ ᠬᠦᠴᠦᠨ ᠲᠠᠢ ᠬᠤᠪᠣᠷ ᠰᠢᠷᠣᠢ ᠶᠢᠨ ᠰᠣᠷᠢᠨᠵᠢᠨ ᠮᠠᠲ᠋ᠧᠷᠢᠶᠠᠯ ᠤᠨ ᠠᠵᠤ | ᠦᠢᠯᠡᠰ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠤᠰᠤᠲᠥ᠋ᠷᠥᠭᠴᠢ ᠶᠢ ᠬᠠᠳᠠᠭᠠᠯᠠᠬᠤ ᠮᠠᠲ᠋ᠧᠷᠢᠶᠠᠯ ᠤᠨ | ᠬᠦᠷᠢᠶᠡᠨ ᠳᠤ᠂ ᠵᠧᠩ ᠸᠧᠢ ᠪᠦᠯᠦᠭᠯᠡᠯ ᠬᠢᠭᠡᠳ ᠬᠤᠸ ᠮᠢᠩ ᠤᠨ ᠬᠤᠪᠣᠷ ᠰᠢᠷᠣᠢ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠵᠤ᠂ ᠨᠢᠺᠧᠯ ᠤᠰᠤᠲᠥ᠋ᠷᠥᠭᠴᠢ ᠳ᠋ᠢᠶᠠᠨ ᡂᠢ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠤᠰᠤᠲᠥ᠋ᠷᠥᠭᠴᠢ ᠶᠢ ᠬᠠᠳᠠᠭᠠᠯᠠᠬᠤ ᠬᠠᠶᠢᠯᠤᠰᠢ ᠶᠢᠨ ᠮᠠᠲ᠋ᠧᠷᠢᠶᠠᠯ ᠢ | 3000 ᠲᠣᠨ ᠰᠢᠨ᠎ᠡ ᠪᠠᠷ ᠨᠡᠮᠡᠭᠳᠡᠭᠦᠯᠬᠦ ᠶᠢ ᠳᠠᠶᠢᠴᠢᠯᠠᠵᠤ᠂ 1200 ᠲᠣᠨ ᠯᠠᠨᠲ᠋ᠠᠨ ᠤ ᠢᠰᠦᠯ ᠢ ᠬᠤᠪᠢᠷᠠᠭᠤᠯᠤᠨ᠎ᠠ | ᠃ ᠵᠦᠩ ᠺᠧ ᠰᠢᠤᠸᠠᠨ ᠳ᠋ᠠ ᠶᠢᠨ ᠦᠢᠯᠡᠳᠪᠦᠷᠢᠯᠡᠯ ᠤᠨ ᠬᠡᠪᠴᠢᠶ᠎ᠡ ᠪᠠᠨ ᠥᠷᠭᠡᠳᠬᠡᠬᠦ ᠶᠢ ᠶᠡᠬᠡᠪᠡᠷ ᠳᠡᠮᠵᠢᠵᠦ᠂ | ᠤᠰᠤᠲᠥ᠋ᠷᠥᠭᠴᠢ ᠶᠢ ᠬᠠᠳᠠᠭᠠᠯᠠᠬᠤ ᠮᠠᠲ᠋ᠧᠷᠢᠶᠠᠯ ᠤᠨ ᠤᠰᠤᠲᠥ᠋ᠷᠥᠭᠴᠢ ᠶᠢᠨ ᠡᠨᠧᠷᠭᠢ᠂ ᠥᠩᠭᠡ ᠦᠵᠡᠮᠵᠢ ᠶᠢᠨ | ᠰᠢᠨ᠎ᠡ ᠡᠨᠧᠷᠭᠢ ᠶᠢᠨ ᠡᠨᠧᠷᠭᠢ ᠬᠠᠳᠠᠭᠠᠯᠠᠬᠤ ᠵᠡᠷᠭᠡ ᠬᠦᠷᠢᠶᠡᠨ ᠳᠠᠬᠢ ᠬᠡᠷᠡᠭᠯᠡᠯᠲᠡ ᠶᠢ ᠠᠬᠢᠭᠤᠯᠵᠤ ᠠᠵᠤ | ᠦᠢᠯᠡᠰ ᠤᠨ ᠤᠯᠠᠨ ᠡᠰᠢᠴᠢᠯᠡᠭᠰᠡᠨ ᠬᠥᠭᠵᠢᠯᠲᠡ ᠶᠢ ᠠᠬᠢᠭᠤᠯᠤᠨ᠎ᠠ᠃ ᠭᠢᠯᠠᠶᠢᠯᠭᠠᠬᠤ ᠮᠠᠲ᠋ᠧᠷᠢᠶᠠᠯ ᠤᠨ ᠬᠦᠷᠢᠶ᠎ᠡ | ᠴᠠᠷᠠᠭ᠎ᠠ᠂ ᠲᠢᠶᠠᠨ ᠵᠢᠶᠣᠣ ᠴᠢᠩ ᠮᠧᠶ ᠶᠢᠨ ᠰᠢᠨ᠎ᠡ ᠪᠠᠷ ᠨᠡᠮᠡᠭᠳᠡᠭᠰᠡᠨ 3000 ᠲᠣᠨ ᠭᠢᠯᠠᠶᠢᠯᠭᠠᠬᠤ ᠮᠠᠲ᠋ᠧᠷᠢᠶᠠᠯ ᠤᠨ | ᠲᠥᠷᠥᠯ ᠵᠦᠢᠯ᠂ ᠹᠦ᠋ ᠬᠠᠢ ᠶᠢᠨ ᠰᠢᠨ᠎ᠡ ᠮᠠᠲ᠋ᠧᠷᠢᠶᠠᠯ ᠤᠨ ᠰᠢᠨ᠎ᠡ ᠪᠠᠷ ᠨᠡᠮᠡᠭᠳᠡᠭᠰᠡᠨ 5000 ᠲᠣᠨ ᠥᠨᠳᠥᠷ | ᠴᠢᠳᠠᠪᠬᠢᠲᠤ ᠣᠯᠠᠨ ᠬᠡᠷᠡᠭᠴᠡᠭᠡᠲᠦ ᠭᠢᠯᠠᠶᠢᠯᠭᠠᠬᠤ ᠮᠠᠲ᠋ᠧᠷᠢᠶᠠᠯ ᠤᠨ ᠲᠥᠷᠥᠯ ᠵᠦᠢᠯ᠂ ᠮᠢᠩ ᠰᠢᠨ ᠰᠢᠨᠵᠢᠯᠡᠬᠦ | ᠤᠬᠠᠭᠠᠨ ᠮᠡᠷᠭᠡᠵᠢᠯ ᠤᠨ ᠵᠢᠯ ᠳᠤ ᠦᠢᠯᠡᠳᠪᠦᠷᠢᠯᠡᠭᠰᠡᠨ 3000 ᠲᠣᠨ ᠥᠨᠳᠥᠷ ᠴᠢᠳᠠᠪᠬᠢᠲᠤ ᠬᠤᠪᠣᠷ ᠰᠢᠷᠣᠢ ᠶᠢᠨ | ᠭᠢᠯᠠᠶᠢᠯᠭᠠᠬᠤ ᠮᠠᠲ᠋ᠧᠷᠢᠶᠠᠯ ᠤᠨ ᠠᠵᠤ ᠦᠢᠯᠡᠰᠵᠢᠯᠳᠡ ᠶᠢᠨ ᠲᠥᠷᠥᠯ ᠵᠦᠢᠯ ᠤᠨ ᠦᠢᠯᠡᠳᠪᠦᠷᠢᠯᠡᠯ ᠳᠤ ᠦᠷ᠎ᠡ | ᠪᠦᠲᠦᠮᠵᠢ ᠣᠯᠬᠤ ᠶᠢ ᠠᠬᠢᠭᠤᠯᠤᠨ᠎ᠠ᠃ ᠱᠧᠨ ᠠᠨ ᠬᠡᠷᠡᠯ ᠴᠠᠬᠢᠯᠭᠠᠨ ᠤ ᠡᠯᠧᠺᠲᠷᠣᠨ ᠰᠢᠯ ᠤᠨ ᠪᠦᠷᠬᠦᠭᠡᠰᠦ | ᠬᠠᠪᠲᠠᠰᠤ᠂ ᠵᠥᠩ ᠺᠧ ᠢᠦᠢ ᠬᠠᠩ ᠤᠨ ᠭᠢᠯᠠᠶᠢᠯᠭᠠᠬᠤ ᠰᠢᠩᠭᠡᠨ᠂ ᠭᠢᠯᠠᠶᠢᠯᠭᠠᠬᠤ ᠪᠥᠰ ᠵᠡᠷᠭᠡ ᠲᠥᠷᠥᠯ ᠵᠦᠢᠯ ᠢ | ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠪᠥᠬᠦ ᠵᠢᠯ ᠤᠨ ᠭᠢᠯᠠᠶᠢᠯᠭᠠᠬᠤ ᠮᠠᠲ᠋ᠧᠷᠢᠶᠠᠯ ᠤᠨ ᠭᠠᠷᠤᠯᠲᠠ ᠶᠢ 3 | ᠲᠦᠮᠡᠨ ᠲᠣᠨ ᠳᠤ ᠬᠦᠷᠦᠭᠦᠯᠵᠦ᠂ 5 ᠲᠦᠮᠡᠨ ᠲᠣᠨ ᠬᠤᠪᠢᠷᠠᠭᠤᠯᠤᠨ ᠯᠠᠨᠲ᠋ᠠᠨ ᠼᠧᠷᠢ ᠶᠢ ᠢᠰᠦᠯᠳᠦᠭᠦᠯᠬᠦ | ᠴᠢᠳᠠᠪᠤᠷᠢ ᠲᠠᠢ ᠪᠣᠯᠭᠠᠨ᠎ᠠ᠃ ᠦᠵᠦᠭᠦᠷ ᠤᠨ ᠬᠡᠷᠡᠭᠯᠡᠭᠡᠨ ᠤ ᠬᠦᠷᠢᠶᠡᠨ ᠳᠤ᠂ ᠬᠤᠪᠣᠷ ᠰᠢᠷᠣᠶ ᠶᠢᠨ ᠲᠣᠭᠲᠠᠮᠠᠯ | ᠰᠣᠷᠢᠨᠵᠢᠨ ᠴᠠᠬᠢᠯᠭᠠᠨ ᠮᠠᠰᠢᠨ ᠢ ᠶᠡᠬᠡᠪᠡᠷ ᠬᠥᠭᠵᠢᠭᠦᠯᠵᠦ᠂ ᠴᠢᠩᠳᠣᠤ ᠶᠢᠨ ᠵᠥᠩ ᠵᠢᠶᠠ ᠲᠧ ᠴᠠᠬᠢᠯᠭᠠᠨ ᠤ ᠵᠢᠯ | ᠳᠤ 90 ᠰᠠᠤᠷᠢ ( ᠢᠵᠢ ) ᠳᠠᠪᠲᠠᠮᠵᠢ ᠬᠤᠪᠢᠰᠬᠠᠬᠤ ᠬᠤᠷᠳᠤᠴᠠ ᠲᠣᠬᠢᠷᠠᠭᠤᠯᠬᠤ ᠨᠢᠭᠡ ᠴᠣᠭᠴᠠᠲᠤ ᠮᠠᠰᠢᠨ ᠵᠢᠴᠢ | ᠲᠣᠭᠲᠠᠮᠠᠯ ᠰᠣᠷᠢᠨᠵᠢᠨ ᠤ ᠰᠢᠭᠤᠳ ᠬᠥᠳᠡᠯᠭᠡᠬᠦ ᠨᠢᠭᠡ ᠴᠣᠭᠴᠠᠲᠤ ᠮᠠᠰᠢᠨ ᠤ ᠲᠥᠷᠥᠯ ᠵᠦᠶᠯ ᠢ ᠲᠦᠷᠭᠡᠳᠬᠡᠨ | ᠬᠡᠷᠡᠭᠵᠢᠭᠦᠯᠵᠦ᠂ ᠵᠢᠶᠠᠩᠰᠦ ᠶᠢᠨ ᠵᠢᠶᠠ ᠰᠢᠤᠸᠠᠨ᠂ ᠨᠢᠩᠪᠦᠸᠧ ᠶᠢᠨ ᠹᠸᠢ ᠱᠢ ᠲᠣᠭᠲᠠᠮᠠᠯ ᠰᠣᠷᠢᠨᠵᠢᠨ ᠤ ᠤᠶᠤᠯᠢᠭ | ᠥᠨᠳᠥᠷ ᠪᠦᠲᠦᠮᠵᠢᠲᠡᠶ ᠴᠠᠬᠢᠯᠭᠠᠨ ᠮᠠᠰᠢᠨ ᠤ ᠲᠥᠷᠥᠯ ᠵᠦᠶᠯ᠂ ᠱᠠᠩᠬᠠᠶ ᠶᠢᠨ ᠴᠠᠬᠢᠯᠭᠠᠨ ᠬᠡᠶ ᠰᠠᠯᠬᠢᠨ ᠬᠦᠴᠦᠨ ᠤ | ᠴᠠᠬᠢᠯᠭᠠᠨ ᠤ ᠪᠦᠯᠦᠭᠯᠡᠯ ᠤᠨ ᠬᠠᠭᠠᠰ ᠲᠣᠭᠲᠠᠮᠠᠯ ᠰᠣᠷᠢᠨᠵᠢᠨᠲᠤ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ | ᠤ ᠲᠥᠷᠥᠯ ᠵᠦᠶᠯ ᠤᠨ ᠭᠡᠷ᠎ᠡ ᠲᠣᠭᠲᠠᠨ ᠨᠠᠶᠢᠳᠠᠪᠤᠷᠢᠵᠢᠬᠤ ᠶᠢ ᠠᠬᠢᠭᠤᠯᠵᠤ᠂ ᠲᠣᠭᠲᠠᠮᠠᠯ ᠰᠣᠷᠢᠨᠵᠢᠨ ᠴᠠᠬᠢᠯᠭᠠᠨ | ᠮᠠᠰᠢᠨ ᠤ ᠠᠵᠤ ᠦᠶᠯᠡᠰ ᠤᠨ ᠰᠦᠷᠦᠭᠵᠢᠯ ᠢ ᠪᠣᠶ ᠪᠣᠯᠭᠠᠨ᠎ᠠ ᠃ 《 ᠬᠤᠪᠣᠷ ᠰᠢᠷᠣᠶ + 》 ᠠᠵᠤ ᠦᠶᠯᠡᠰ ᠢ | ᠥᠷᠭᠡᠳᠬᠡᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠤᠭᠤᠲᠤ ᠶᠢᠨ ᠬᠤᠪᠣᠷ ᠰᠢᠷᠣᠶ | ᠶᠢᠨ ᠰᠤᠳᠤᠯᠤᠨ ᠨᠡᠭᠡᠭᠡᠬᠦ ᠲᠥᠪ ᠤᠨ ᠰᠢᠨ᠎ᠡ ᠨᠢᠭᠡᠨ ᠦᠶ᠎ᠡ ᠶᠢᠨ ᠰᠣᠷᠢᠨᠵᠢᠨ ᠰᠡᠷᠭᠡᠭ ᠲᠣᠨᠤᠭ ᠢ ᠰᠤᠳᠤᠯᠤᠨ | ᠨᠡᠭᠡᠭᠡᠬᠦ ᠪᠠ ᠦᠶᠯᠡᠳᠪᠦᠷᠢᠯᠡᠬᠦ ᠰᠠᠭᠤᠷᠢᠨ ᠭᠠᠵᠠᠷ ᠢ ᠲᠦᠷᠦᠭᠦᠯᠡᠨ ᠪᠠᠶᠢᠭᠤᠯᠬᠤ ᠶᠢ ᠳᠥᠯᠭᠢᠨ ᠠᠬᠢᠭᠤᠯᠵᠤ᠂ ᠰᠢᠨ᠎ᠡ | ᠡᠨᠧᠷᠭᠢ ᠶᠢᠨ ᠮᠠᠰᠢᠨ ᠲᠡᠷᠭᠡ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ᠂ ᠡᠨᠧᠷᠭᠢ ᠬᠠᠳᠠᠭᠠᠯᠠᠬᠤ ᠵᠢᠴᠢ | ᠣᠶᠤᠨᠴᠢ ᠴᠠᠬᠢᠯᠭᠠᠨ ᠲᠣᠤᠷ ᠵᠡᠷᠭᠡ ᠠᠵᠢᠯ ᠲᠥᠷᠥᠯ ᠳᠤ ᠳᠡᠭᠡᠳᠦ ᠴᠢᠳᠠᠪᠬᠢᠲᠤ ᠰᠡᠷᠡᠯ ᠳᠠᠮᠵᠢᠭᠤᠯᠬᠤ ᠴᠢᠫ | ᠬᠠᠩᠭᠠᠨ᠎ᠠ ᠃ ᠳᠤᠮᠳᠠᠳᠤ ᠤᠯᠤᠰ ᠠᠴᠠ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠪᠣᠷ ᠰᠢᠷᠣᠢ ᠶᠢᠨ | ᠬᠤᠯᠬᠤᠪᠴᠢ ᠶᠢᠨ ᠪᠣᠯᠣᠳ ᠤᠨ ᠬᠡᠪᠴᠢᠶᠡᠵᠢᠭᠰᠡᠨ ᠭᠠᠷᠤᠯᠲᠠ ᠶᠢᠨ ᠬᠡᠮᠵᠢᠶ᠎ᠡ ᠶᠢ ᠠᠬᠢᠭᠤᠯᠵᠤ᠂ ᠯᠠᠩ ᠲᠧ ᠰᠢᠨᠵᠢᠯᠡᠬᠦ | ᠤᠬᠠᠭᠠᠨ ᠮᠡᠷᠭᠡᠵᠢᠯ ᠤᠨ ᠲᠦᠷᠭᠡᠳᠬᠡᠭᠦᠷ ᠤᠨ ᠮᠠᠲ᠋ᠧᠷᠢᠶᠠᠯ᠂ ᠷᠦᠢ ᠬᠤᠩ ᠰᠢᠨᠵᠢᠯᠡᠬᠦ ᠤᠬᠠᠭᠠᠨ ᠮᠡᠷᠭᠡᠵᠢᠯ ᠤᠨ | ᠬᠤᠪᠣᠷ ᠰᠢᠷᠣᠢ ᠶᠢᠨ ᠢᠯᠴᠢ ᠲᠣᠭᠲᠠᠪᠤᠷᠢᠵᠢᠭᠤᠯᠤᠭᠴᠢ᠂ ᠯᠢᠦᠢ ᠹᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠣᠷ | ᠰᠢᠷᠣᠢ ᠶᠢᠨ ᠭᠤᠯᠹᠠᠨ ᠰᠢᠷᠬᠡᠭ ᠤᠨ ᠬᠠᠶᠢᠯᠤᠰᠢ᠂ ᠠᠨᠾᠦ᠋ᠢ ᠶᠢᠨ ᠰᠢᠶᠠᠩᠱᠧᠩ ᠰᠢᠨᠵᠢᠯᠡᠬᠦ ᠤᠬᠠᠭᠠᠨ ᠮᠡᠷᠭᠡᠵᠢᠯ ᠤᠨ | ᠸᠠᠭᠠᠷ ᠱᠠᠭᠠᠵᠠᠩ ᠤᠨ ᠴᠠᠬᠢᠯᠭᠠᠨ ᠪᠠᠭᠲᠠᠭᠠᠮᠵᠢ ᠵᠡᠷᠭᠡ ᠲᠥᠷᠦᠯ ᠵᠦᠢᠯ ᠢ ᠨᠠᠢᠳᠠᠪᠤᠷᠢᠵᠢᠭᠤᠯᠤᠨ ᠪᠦᠲᠦᠭᠡᠨ | ᠪᠠᠶᠢᠭᠤᠯᠬᠤ ᠶᠢ ᠠᠬᠢᠭᠤᠯᠵᠤ᠂ ᠮᠢᠩᠭᠠᠨ ᠳ᠋ᠦᠩᠰᠢᠭᠤᠷ ᠤᠨ ᠲᠡᠰ ᠤᠨ ᠳᠠᠪᠠᠭᠤᠯᠢᠭ ᠠᠵᠤ ᠦᠢᠯᠡᠰ ᠤᠨ ᠰᠦᠷᠦᠭᠵᠢᠯ | ᠢ ᠪᠦᠬᠦ ᠬᠦᠴᠦᠨ ᠢᠶᠠᠷ ᠡᠭᠦᠳᠦᠨ ᠪᠠᠶᠢᠭᠤᠯᠤᠨ᠎ᠠ ᠃ | ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠬᠦᠴᠦᠷᠬᠡᠭᠵᠢᠭᠦᠯᠬᠦ ᠶᠢ | ᠠᠬᠢᠭᠤᠯᠤᠨ᠎ᠠ ᠃ ᠰᠠᠯᠬᠢ ᠭᠡᠷᠡᠯ ᠤᠨ ᠰᠢᠨ᠎ᠡ ᠡᠨᠧᠷᠭᠢ ᠶᠢᠨ ᠲᠥᠬᠦᠭᠡᠷᠦᠮᠵᠢ ᠦᠢᠯᠡᠳᠬᠦ ᠠᠵᠤ ᠦᠢᠯᠡᠰ ᠤᠨ | ᠬᠡᠯᠬᠢᠶᠡᠰᠦ ᠶᠢ ᠲᠦᠷᠭᠡᠳᠬᠡᠨ ᠲᠡᠭᠦᠯᠳᠡᠷᠵᠢᠭᠦᠯᠵᠦ᠂ ᠦᠢᠯᠡᠳᠬᠦᠨ ᠤ ᠥᠷᠲᠡᠭ ᠢ 100 ᠳ᠋ᠦᠩᠰᠢᠭᠤᠷ ᠲᠥᠭᠦᠷᠢᠭ | ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠱᠤᠸᠠᠩ ᠯᠢᠶᠠᠩ 20 GW ᠭᠡᠷᠡᠯ ᠴᠡᠨᠡᠭ ᠤᠨ ᠤᠭᠰᠠᠷᠠᠭ᠎ᠠ ᠲᠣᠨᠤᠭ | ᠤᠨ ᠪᠦᠬᠦ ᠠᠵᠤ ᠦᠢᠯᠡᠰ ᠤᠨ ᠬᠡᠯᠬᠢᠶᠡᠰᠦ ᠶᠢᠨ ᠲᠥᠷᠥᠯ ᠵᠦᠢᠯ᠂ ᠤᠯᠤᠰ ᠠᠴᠠ ᠴᠠᠬᠢᠯᠭᠠᠨ ᠬᠦᠴᠦᠨ ᠤ 20 | ᠲᠦᠮᠡᠨ ᠺᠢᠯᠣᠸᠠᠲ ᠤᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ | ᠶᠢ ᠭᠤᠣᠯᠳᠠᠯᠭ᠎ᠠ ᠲᠠᠢ ᠠᠬᠢᠭᠤᠯᠵᠤ᠂ ᠠᠢ ᠺᠠᠩ ᠰᠢᠨᠵᠢᠯᠡᠬᠦ ᠤᠬᠠᠭᠠᠨ ᠮᠡᠷᠭᠡᠵᠢᠯ᠂ ᠲᠢᠶᠠᠨ ᠾᠧ ᠭᠡᠷᠡᠯ ᠡᠨᠧᠷᠭᠢ | ᠵᠡᠷᠭᠡ ᠤᠭᠰᠠᠷᠠᠭ᠎ᠠ ᠲᠣᠨᠤᠭ ᠵᠢᠴᠢ ᠴᠠᠬᠢᠯᠭᠠᠨ ᠴᠡᠨᠡᠭ ᠤᠨ ᠲᠥᠷᠥᠯ ᠵᠦᠢᠯ ᠢ ᠢᠳᠡᠪᠬᠢᠲᠡᠢ ᠪᠠᠷ ᠣᠷᠣᠭᠤᠯᠤᠨ | ᠠᠪᠴᠢᠷᠠᠵᠤ᠂ ᠴᠠᠬᠢᠭᠤᠷ ᠮᠠᠲ᠋ᠧᠷᠢᠶᠠᠯ ᠠᠴᠠ ᠲᠠᠯᠠᠰᠲᠤ ᠬᠦᠷᠲᠡᠯᠡᠬᠢ ᠭᠡᠷᠡᠯ ᠴᠡᠨᠡᠭ ᠤᠨ ᠠᠵᠤ ᠦᠢᠯᠡᠰ ᠤᠨ | ᠬᠡᠯᠬᠢᠶᠡᠰᠦ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ ᠃ ᠵᠦᠩ ᠴᠧ ᠴᠠᠬᠢᠯᠭᠠᠨ ᠮᠠᠰᠢᠨ ᠤ ᠬᠤᠪᠣᠷ ᠰᠢᠷᠣᠶ | ᠶᠢᠨ ᠲᠣᠭᠲᠠᠮᠠᠯ ᠰᠣᠷᠢᠨᠵᠢᠨ ᠴᠠᠬᠢᠯᠭᠠᠨ ᠭᠠᠷᠭᠠᠬᠤ ᠮᠠᠰᠢᠨ ᠤ ᠲᠣᠭᠲᠠᠭᠴᠢ᠂ ᠲᠢᠶᠠᠨ ᠱᠦᠨ ᠰᠠᠯᠬᠢᠨ ᠡᠨᠧᠷᠭᠢ ᠶᠢᠨ | ᠰᠢᠨ᠎ᠡ ᠡᠨᠧᠷᠭᠢ ᠶᠢᠨ ᠲᠣᠨᠣᠭᠯᠠᠯ ᠦᠶᠯᠡᠳᠬᠦ ᠠᠵᠤ ᠦᠶᠯᠡᠰ ᠤᠨ ᠬᠦᠷᠢᠶᠡᠯᠡᠩ ᠤᠨ ᠲᠥᠷᠥᠯ ᠵᠦᠶᠯ ᠤᠨ ᠪᠦᠲᠦᠭᠡᠨ | ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠱᠠᠩᠬᠠᠶ ᠶᠢᠨ ᠴᠠᠬᠢᠯᠭᠠᠨ᠂ ᠶᠢᠨ ᠹᠧᠩ ᠰᠢᠨᠵᠢᠯᠡᠬᠦ ᠤᠬᠠᠭᠠᠨ | ᠮᠡᠷᠭᠡᠵᠢᠯ ᠵᠡᠷᠭᠡ ᠳᠠᠭᠠᠭᠤᠯᠤᠭᠴᠢ ᠠᠵᠤ ᠠᠬᠤᠶᠢᠯᠠᠯ ᠢ ᠲᠦᠷᠭᠡᠳᠬᠡᠨ ᠣᠷᠣᠭᠤᠯᠵᠤ ᠢᠷᠡᠨ᠂ ᠰᠤᠳᠤᠯᠤᠨ ᠨᠡᠭᠡᠭᠡᠬᠦ᠂ | ᠦᠶᠯᠡᠳᠪᠦᠷᠢᠯᠡᠬᠦ᠂ ᠦᠶᠯᠡᠴᠢᠯᠡᠬᠦ ᠶᠢ ᠨᠢᠭᠡ ᠴᠣᠭᠴᠠᠵᠢᠭᠤᠯᠤᠭᠰᠠᠨ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ | ᠦᠶᠯᠡᠳᠬᠦ ᠰᠢᠰᠲ᠋ᠧᠮᠵᠢ ᠶᠢ ᠪᠣᠶ ᠪᠣᠯᠭᠠᠬᠤ ᠬᠡᠷᠡᠭᠲᠡᠶ ᠃ | ᠲᠡᠷᠢᠭᠦᠨ ᠤ ᠲᠡᠮᠦᠷᠯᠢᠭ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠴᠢᠩᠭᠠᠷᠠᠭᠤᠯᠬᠤ ᠶᠢ | ᠠᠬᠢᠭᠤᠯᠤᠨ᠎ᠠ ᠃ ᠬᠥᠩᠭᠡᠨ ᠴᠠᠭᠠᠨ ᠵᠡᠰ ᠮᠠᠲ᠋ᠧᠷᠢᠶᠠᠯ ᠤᠨ ᠠᠵᠤ ᠦᠢᠯᠡᠰ ᠤᠨ ᠳᠡᠰ ᠳᠠᠪᠬᠤᠷᠭ᠎ᠠ ᠶᠢ ᠲᠦᠷᠭᠡᠳᠬᠡᠨ | ᠳᠡᠭᠡᠭᠰᠢᠯᠡᠭᠦᠯᠵᠦ᠂ ᠬᠤᠸᠠ ᠳ᠋ᠢᠩ ᠵᠡᠰ ᠤᠨ ᠦᠢᠯᠡᠰ ᠤᠨ 10 ᠲᠦᠮᠡᠨ ᠲᠣᠨ ᠴᠠᠬᠢᠯᠭᠠᠨ ᠢᠶᠠᠷ ᠵᠠᠳᠠᠯᠬᠤ ᠵᠡᠰ᠂ | ᠪᠠᠶᠢᠩᠭᠤ ᠬᠥᠩᠭᠡᠨ ᠴᠠᠭᠠᠨ ᠤ 10 ᠲᠦᠮᠡᠨ ᠲᠣᠨ ᠳᠠᠬᠢᠯᠲᠠ ᠬᠥᠩᠭᠡᠨ ᠴᠠᠭᠠᠨ᠂ ᠸᠧᠶ ᠹᠧᠩ ᠰᠢᠨ᠎ᠡ ᠮᠠᠲ᠋ᠧᠷᠢᠶᠠᠯ | ᠤᠨ 25 ᠲᠦᠮᠡᠨ ᠲᠣᠨ ᠵᠦᠭ ᠴᠢᠭᠯᠡᠭᠰᠡᠨ ᠴᠠᠬᠢᠭᠤᠷᠲᠤ ᠪᠣᠯᠣᠳ᠂ ᠬᠡᠳᠦ ᠳᠠᠮᠵᠢᠭᠤᠯᠤᠭᠴᠢ ᠬᠥᠩᠭᠡᠨ ᠴᠠᠭᠠᠨ ᠤ | ᠬᠠᠶᠢᠯᠤᠰᠢ ᠶᠢᠨ ᠰᠢᠨ᠎ᠡᠮᠠᠲ᠋ᠧᠷᠢᠶᠠᠯ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ | ᠲᠦᠯᠬᠢᠨ ᠠᠬᠢᠭᠤᠯᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠦᠢᠯᠡᠳᠬᠦᠨ ᠤ ᠥᠷᠲᠡᠭ ᠢ 100 ᠳ᠋ᠦᠩᠰᠢᠭᠤᠷ | ᠲᠥᠭᠦᠷᠢᠭ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ ᠃ ᠬᠥᠩᠭᠡᠨ ᠴᠠᠭᠠᠨ ᠵᠡᠰ ᠤᠨ ᠳᠣᠣᠷᠠᠳᠤ ᠤᠷᠤᠰᠬᠠᠯ | ᠤᠨ ᠡᠯ᠎ᠡ ᠲᠥᠷᠥᠯ ᠤᠨ ᠬᠡᠯᠪᠡᠷᠢ ᠶᠢᠨ ᠮᠠᠲ᠋ᠧᠷᠢᠶᠠᠯ ᠢ ᠶᠡᠬᠡᠪᠡᠷ ᠬᠥᠭᠵᠢᠭᠦᠯᠵᠦ᠂ ᠶᠣᠣ ᠹᠧᠩ ᠬᠥᠩᠭᠡᠨ ᠴᠠᠭᠠᠨ ᠤ | ᠦᠢᠯᠡᠰ ᠤᠨ ᠳᠡᠭᠡᠳᠦ ᠴᠢᠳᠠᠪᠬᠢᠲᠤ ᠮᠠᠰᠢᠨ ᠲᠡᠷᠭᠡᠨ ᠤ ᠬᠥᠩᠭᠡᠨ ᠴᠠᠭᠠᠨ ᠤ ᠬᠠᠶᠢᠯᠤᠰᠢ᠂ ᠡᠩ ᠤᠨ ᠬᠥᠩᠭᠡᠨ | ᠴᠠᠭᠠᠨ ᠤ ᠬᠤᠪᠣᠷ ᠰᠢᠷᠣᠢ ᠶᠢᠨ ᠬᠥᠩᠭᠡᠨ ᠴᠠᠭᠠᠨ ᠴᠠᠭᠠᠰᠤ᠂ ᠠᠨᠾᠦ᠋ᠢ ᠶᠢᠨ ᠵᠢᠶᠦ᠋ᠨ ᠢ ᠶᠢᠨ 3 ᠲᠦᠮᠡᠨ ᠲᠣᠨ ᠤ | ᠵᠡᠰ ᠤᠨ ᠬᠠᠶᠢᠯᠤᠰᠢ ᠶᠢᠨ ᠲᠡᠮᠦᠷᠯᠢᠭ ᠤᠨ ᠰᠡᠯᠪᠢᠭ ᠲᠣᠨᠤᠭ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠬᠤᠸᠠ ᠲᠠᠢ | ᠬᠥᠩᠭᠡᠨ ᠴᠠᠭᠠᠨ ᠤ ᠦᠢᠯᠡᠰ ᠤᠨ 5 ᠲᠦᠮᠡᠨ ᠲᠣᠨ ᠤ ᠬᠡᠲᠦ ᠳᠠᠮᠵᠢᠭᠤᠯᠤᠭᠴᠢ ᠬᠥᠩᠭᠡᠨ ᠴᠠᠭᠠᠨ ᠤ ᠬᠠᠶᠢᠯᠤᠰᠢ | ᠶᠢᠨ ᠰᠢᠨ᠎ᠡ ᠮᠠᠲ᠋ᠧᠷᠢᠶᠠᠯ᠂ ᠪᠡᠭᠡᠵᠢᠩ ᠤᠨ ᠲᠠᠪᠤᠨ ᠠᠭᠤᠷᠬᠠᠢ ᠶᠢᠨ ᠰᠢᠨ ᠰᠢᠨ ᠰᠢᠨᠵᠢᠯᠡᠬᠦ ᠤᠬᠠᠭᠠᠨ ᠮᠡᠷᠭᠡᠵᠢᠯ ᠤᠨ | ᠾᠷᠣᠮᠲᠤ ᠭᠠᠤᠯᠢ ᠵᠡᠷᠭᠡ ᠲᠥᠷᠥᠯ ᠵᠦᠢᠯ ᠢ ᠢᠳᠡᠪᠬᠢᠲᠡᠢ ᠣᠷᠣᠭᠤᠯᠤᠨ ᠠᠪᠴᠢᠷᠠᠵᠤ᠂ ᠬᠥᠩᠭᠡᠨ ᠴᠠᠭᠠᠨ ᠢ ᠨᠠᠷᠢᠯᠢᠭ | ᠪᠣᠯᠪᠠᠰᠤᠷᠠᠭᠤᠯᠬᠤ ᠨᠡᠮᠡᠯᠲᠡ ᠥᠷᠲᠡᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠦᠬᠦ ᠤᠯᠤᠰ ᠠᠴᠠ ᠲᠡᠷᠢᠭᠦᠨ ᠤ | ᠬᠥᠩᠭᠡᠨ ᠴᠠᠭᠠᠨ ᠵᠡᠰ ᠤᠨ ᠠᠵᠤ ᠦᠢᠯᠡᠰ ᠤᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ ᠃ | ᠲᠣᠨᠣᠭᠯᠠᠯ ᠦᠢᠯᠡᠳᠬᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ ᠬᠡᠯᠬᠢᠶ᠎ᠡ ᠶᠢ ᠬᠦᠴᠦᠷᠬᠡᠭᠵᠢᠭᠦᠯᠬᠦ ᠶᠢ | ᠠᠬᠢᠭᠤᠯᠤᠨ᠎ᠠ ᠃ ᠤᠮᠠᠷᠠᠲᠤ ᠣᠷᠣᠨ ᠤ ᠬᠤᠪᠢ ᠣᠷᠣᠭᠤᠯᠬᠤ᠂ ᠤᠮᠠᠷᠠᠲᠤ ᠣᠷᠣᠨ ᠤ ᠠᠳᠠᠯ ᠦᠶᠯᠡᠰ ᠴᠣᠭᠴᠠᠯᠠᠬᠤ | ᠵᠡᠷᠭᠡ ᠠᠵᠤ ᠠᠬᠤᠶᠢᠯᠠᠯ ᠤᠨ ᠭᠤᠤᠯᠯᠠᠬᠤ ᠰᠠᠭᠤᠷᠢ ᠰᠡᠯᠪᠢᠭ ᠲᠣᠨᠤᠭ᠂ ᠵᠠᠩᠭᠢᠯᠠᠭ᠎ᠠ ᠶᠢᠨ ᠮᠡᠷᠭᠡᠵᠢᠯ ᠤᠨ ᠮᠠᠲ᠋ᠧᠷᠢᠶᠠᠯ | ᠤᠨ ᠰᠤᠳᠤᠯᠤᠨ ᠨᠡᠭᠡᠭᠡᠬᠦ ᠴᠢᠳᠠᠪᠤᠷᠢ ᠪᠠ ᠦᠶᠯᠡᠳᠪᠦᠷᠢᠯᠡᠵᠦ ᠦᠶᠯᠡᠳᠬᠦ ᠴᠢᠳᠠᠪᠤᠷᠢ ᠶᠢ ᠳᠡᠭᠡᠭᠰᠢᠯᠡᠭᠦᠯᠬᠦ ᠶᠢ | ᠭᠤᠤᠯᠳᠠᠯᠭ᠎ᠠ ᠲᠠᠢ ᠠᠬᠢᠭᠤᠯᠵᠤ᠂ ᠬᠥᠬᠡ ᠭᠡᠷᠡᠯᠲᠦ ᠠᠷᠠᠭᠠᠲᠤ ᠬᠦᠷᠳᠦ ᠵᠢᠯ ᠤᠨ 100 ᠲᠦᠮᠡᠨ ᠢᠵᠢ ᠪᠠᠷᠢᠯᠭ᠎ᠠ | ᠶᠢᠨ ᠮᠧᠬᠠᠨᠢᠭ ᠠᠷᠠᠭᠠᠲᠤ ᠬᠦᠷᠳᠦ᠂ ᠱᠠᠨᠳᠦ᠋ᠩ ᠤᠨ ᠬᠥᠬᠡ ᠲᠠᠯᠠᠰᠲᠤ ᠨᠡᠭᠦᠷᠡᠰᠦᠲᠥ᠋ᠷᠥᠭᠴᠢᠲᠦ ᠨᠡᠷᠡᠨ ᠡᠨᠧᠷᠭᠢ ᠶᠢᠨ | ᠵᠠᠮ ᠤᠨ ᠳ᠋ᠧᠩ ᠤᠨ ᠬᠡᠪ ᠴᠢᠳᠬᠤᠬᠤ᠂ ᠳ᠋ᠧᠩ ᠤᠨ ᠬᠠᠯᠢᠰᠤ ᠶᠢ ᠤᠭᠰᠠᠷᠠᠬᠤ ᠵᠡᠷᠭᠡ ᠲᠥᠷᠥᠯ ᠵᠦᠶᠯ ᠢ ᠢᠳᠡᠪᠬᠢᠲᠡᠶ | ᠪᠠᠷ ᠣᠷᠣᠭᠤᠯᠤᠨ ᠠᠪᠴᠢᠷᠠᠵᠤ᠂ 10 ᠠᠴᠠ ᠳᠡᠭᠡᠭᠰᠢᠬᠢ ᠨᠢᠳᠤᠷᠭᠠᠨ ᠦᠶᠯᠡᠳᠬᠦᠨ ᠢ ᠪᠣᠶ ᠪᠣᠯᠭᠠᠨ᠂ 2 ᠡᠷᠦᠬᠡ | ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ | ᠠᠵᠤ ᠦᠶᠯᠡᠳᠪᠦᠷᠢ ᠶᠢᠨ ᠵᠢᠷᠤᠭ ᠲᠥᠯᠥᠪᠯᠡᠭᠡᠨ ᠤ ᠲᠥᠪ ᠪᠠ ᠠᠵᠤ ᠠᠬᠤᠶᠢᠯᠠᠯ ᠤᠨ ᠮᠡᠷᠭᠡᠵᠢᠯ ᠤᠨ ᠲᠥᠪ ᠢ | ᠮᠠᠭᠠᠳᠯᠠᠨ ᠲᠣᠭᠲᠠᠭᠠᠬᠤ ᠶᠢ ᠠᠬᠢᠭᠤᠯᠵᠤ᠂ ᠳᠠᠪᠠᠭᠤᠯᠢᠭ ᠬᠦᠷᠢᠶ᠎ᠡ ᠴᠠᠷᠠᠭ᠎ᠠ ᠶᠢᠨ ᠦᠶᠯᠡᠳᠬᠦᠨ ᠤ ᠥᠷᠢᠰᠦᠯᠳᠦᠬᠦ | ᠬᠦᠴᠦᠨ ᠢ ᠪᠥᠬᠦ ᠤᠯᠤᠰ ᠤᠨ ᠲᠡᠷᠢᠭᠦᠨ ᠤ ᠡᠩᠨᠡᠭᠡᠨ ᠳᠤ ᠣᠷᠣᠭᠤᠯᠬᠤ ᠶᠢ ᠠᠬᠢᠭᠤᠯᠤᠨ᠎ᠠ ᠃ | ( ᠭᠤᠷᠪᠠ ) ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠣᠷᠣᠨ ᠪᠦᠰᠡ ᠶᠢᠨ | ᠴᠢᠨᠠᠷᠲᠠᠢ ᠰᠢᠨ᠎ᠡ ᠶᠢ ᠡᠭᠦᠳᠬᠦ ᠥᠨᠳᠦᠷᠯᠢᠭ ᠭᠠᠵᠠᠷ ᠢ ᠬᠦᠴᠦᠯᠡᠨ ᠪᠠᠶᠢᠭᠤᠯᠤᠨ᠎ᠠ | ᠥᠨᠳᠥᠷ ᠲᠦᠪᠰᠢᠨ ᠪᠦᠬᠦᠢ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠎ᠡ ᠃《 | ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠪᠠᠶᠢᠷᠢᠯᠠᠭᠤᠯᠤᠯᠲᠠ ᠶᠢ ᠭᠦᠨᠵᠡᠭᠡᠢ | ᠨᠠᠢᠳᠠᠪᠤᠷᠢᠵᠢᠭᠤᠯᠬᠤ᠂ ᠳᠤᠮᠳᠠᠳᠤ ᠤᠯᠤᠰ ᠠᠴᠠ ᠰᠢᠨᠵᠢᠯᠡᠬᠦ ᠤᠬᠠᠭᠠᠨ ᠤ ᠬᠦᠷᠢᠶᠡᠯᠡᠩ᠂ ᠱᠠᠩᠬᠠᠢ ᠶᠢᠨ ᠵᠠᠮ | ᠬᠠᠷᠢᠯᠴᠠᠭᠠᠨ ᠤ ᠶᠡᠭᠡ ᠰᠤᠷᠭᠠᠭᠤᠯᠢ᠂ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠵᠡᠷᠭᠡ ᠲᠣᠮᠣ ᠬᠦᠷᠢᠶᠡᠯᠡᠩ | ᠲᠣᠮᠣ ᠭᠠᠵᠠᠷ ᠲᠠᠢ ᠰᠢᠨ᠎ᠡ ᠶᠢ ᠡᠭᠦᠳᠦᠨ ᠬᠠᠮᠲᠤᠷᠠᠯᠴᠠᠬᠤ ᠲᠣᠭᠲᠠᠴᠠ ᠶᠢ ᠪᠦᠷᠢᠨ ᠪᠣᠯᠭᠠᠨ ᠲᠡᠭᠦᠯᠳᠡᠷᠵᠢᠭᠦᠯᠵᠦ᠂ | ᠴᠢᠨᠠᠷ ᠰᠠᠶᠢᠲᠠᠢ ᠰᠢᠨ᠎ᠡ ᠶᠢ ᠡᠭᠦᠳᠬᠦ ᠡᠬᠢ ᠪᠠᠶᠠᠯᠢᠭ ᠢ ᠰᠢᠰᠲ᠋ᠧᠮ ᠲᠠᠢ ᠵᠣᠯᠭᠠᠭᠤᠯᠵᠤ᠂ ᠵᠢᠯ ᠤᠨ ᠳᠣᠲᠣᠷ᠎ᠠ ᠳᠠᠬᠢᠨ | 1 ᠠᠴᠠ ᠳᠡᠭᠡᠭᠰᠢ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠪᠣᠶᠢᠵᠢᠭᠤᠯᠵᠤ ᠣᠷᠣᠭᠤᠯᠤᠨ | ᠠᠪᠴᠢᠷᠠᠨ᠎ᠠ ᠃ ᠲᠦᠷᠦᠭᠦᠦ ᠬᠡᠰᠡᠭ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ | ᠲᠠᠪᠴᠠᠩ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠳᠠᠮᠵᠢᠵᠤ᠂ ᠭᠤᠣᠯᠳᠠᠯᠭ᠎ᠠ | ᠲᠠᠢ ᠲᠥᠷᠥᠯ ᠵᠦᠢᠯ ᠤᠨ ᠪᠣᠭᠤᠮᠲᠠ ᠰᠢᠪᠲᠤᠯᠬᠤ ᠳᠤ 《 ᠵᠠᠷᠯᠠᠯ ᠨᠡᠶᠢᠲᠡᠯᠡᠵᠦ ᠮᠠᠩᠯᠠᠶᠢᠯᠠᠭᠤᠯᠬᠤ 》 ᠶᠢ | ᠬᠡᠷᠡᠭᠵᠢᠭᠦᠯᠦᠨ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ ᠦᠢᠯᠡᠳᠪᠦᠷᠢᠯᠡᠬᠦ ᠵᠢᠭᠠᠬᠤ ᠰᠤᠳᠤᠯᠬᠤ | ᠬᠠᠮᠲᠤᠷᠠᠯᠴᠠᠬᠤ ᠲᠥᠷᠥᠯ ᠵᠦᠢᠯ ᠢ 50 ᠠᠴᠠ ᠳᠡᠭᠡᠭᠰᠢ᠂ ᠬᠠᠮᠲᠤᠷᠠᠨ ᠮᠡᠷᠭᠡᠵᠢᠯ ᠤᠨ ᠪᠣᠭᠤᠮᠲᠠ ᠰᠢᠪᠲᠤᠯᠬᠤ ᠶᠢ | 10 ᠠᠴᠠ ᠳᠡᠭᠡᠭᠰᠢ ᠥᠷᠨᠢᠭᠦᠯᠵᠦ᠂ ᠠᠵᠤ ᠦᠢᠯᠡᠰ ᠤᠨ ᠬᠡᠯᠬᠢᠶᠡᠰᠦ ᠬᠢᠭᠡᠳ ᠰᠢᠨ᠎ᠡ ᠶᠢ ᠡᠭᠦᠳᠬᠦ ᠬᠡᠯᠬᠢᠶᠡᠰᠦ ᠶᠢᠨ | ᠰᠠᠶᠢᠨ ᠰᠠᠶᠢᠬᠠᠨ ᠬᠠᠷᠢᠯᠴᠠᠨ ᠬᠥᠳᠡᠯᠦᠯᠴᠡᠬᠦ ᠪᠠ ᠠᠭᠤᠰᠤᠯᠴᠠᠨ ᠬᠥᠭᠵᠢᠬᠦ ᠶᠢ ᠠᠬᠢᠭᠤᠯᠤᠨ᠎ᠠ ᠃ | ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ ᠃ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢ | ᠬᠡᠷᠡᠭᠵᠢᠭᠦᠯᠵᠦ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠲᠤᠰᠬᠠᠶ ᠵᠦᠶᠯ ᠤᠨ ᠱᠠᠩᠨᠠᠯ ᠨᠥᠬᠦᠪᠥᠷᠢ ᠶᠢᠨ ᠪᠠᠯᠠ | ᠮᠥᠩᠭᠦ ᠪᠠ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠭᠦᠶᠴᠡᠳ ᠰᠠᠶᠢᠲᠤᠷ ᠬᠡᠷᠡᠭᠯᠡᠵᠦ᠂ ᠰᠤᠳᠤᠯᠭᠠᠨ ᠬᠢᠭᠡᠳ ᠲᠤᠷᠰᠢᠯᠲᠠ ᠶᠢᠨ ᠬᠥᠭᠵᠢᠯᠲᠡ ( R&D ) | ᠶᠢᠨ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢ 4 . 1 % ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ | ᠪᠠᠲᠤᠯᠠᠨ᠎ᠠ ᠃ 《 ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ᠂ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ 》 ᠢ ᠪᠣᠶᠢᠵᠢᠭᠤᠯᠬᠤ ᠲᠥᠯᠥᠪᠯᠡᠭᠡ ᠪᠠ 《 ᠲᠤᠰᠬᠠᠢ ᠨᠠᠷᠢᠯᠢᠭ ᠣᠨᠴᠠᠭᠠᠢ | ᠰᠢᠨ᠎ᠡ 》 ᠶᠢ ᠳᠠᠬᠢᠨ ᠢᠶᠠᠷ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠤᠯᠤᠰ ᠠᠴᠠ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ᠂ ᠤᠯᠤᠰ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ | ᠠᠵᠤ ᠠᠬᠤᠶᠢᠯᠠᠯ᠂ ᠡᠯ᠎ᠡ ᠱᠠᠲᠤᠨ ᠤ ᠡᠯ᠎ᠡ ᠲᠥᠷᠥᠯ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠠᠪᠴᠠᠩ ᠤᠨ | ᠲᠤᠭ᠎ᠠ ᠬᠡᠮᠵᠢᠶ᠎ᠡ ᠶᠢ ᠴᠥᠮ 150 ᠠᠴᠠ ᠳᠡᠭᠡᠭᠰᠢ ᠳᠤ ᠬᠦᠷᠦᠭᠦᠯᠵᠦ᠂ 《 ᠲᠤᠰᠬᠠᠢ ᠨᠠᠷᠢᠯᠢᠭ ᠣᠨᠴᠠᠭᠠᠢ ᠰᠢᠨ᠎ᠡ | 》 ᠵᠢᠵᠢᠭ ᠠᠪᠤᠷᠭᠤ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ ᠳᠠᠬᠢᠨ ᠢᠶᠠᠷ ᠨᠡᠮᠡᠭᠳᠡᠭᠦᠯᠦᠨ᠎ᠡ ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠎ᠡ ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠠ ᠡᠭᠦᠳᠦᠨ ᠪᠦᠲᠦᠭᠡᠵᠦ ᠬᠡᠷᠡᠭᠯᠡᠬᠦ ᠶᠢ | ᠴᠢᠩᠭᠠᠳᠬᠠᠵᠤ᠂ ᠰᠢᠨ᠎ᠡ ᠶᠢ ᠡᠭᠦᠳᠬᠦ ᠭᠤᠣᠯ ᠴᠣᠭᠴᠠ ᠳᠤ ᠨᠠᠩ ᠣᠯᠠᠨ ᠶᠠᠩᠵᠤ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠪᠦᠬᠦ ᠵᠢᠯ ᠤᠨ | ᠠᠵᠤ ᠠᠬᠤᠶᠢᠯᠠᠯ ᠤᠨ ᠪᠦᠲᠦᠮᠵᠢᠲᠡᠢ ᠲᠤᠰᠬᠠᠢ ᠠᠰᠢᠭ ᠬᠦᠷᠲᠡᠬᠦ ᠬᠡᠮᠵᠢᠶ᠎ᠡ ᠶᠢ 4000 ᠠᠴᠠ ᠳᠡᠭᠡᠭᠰᠢ ᠳᠤ | ᠬᠦᠷᠦᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠷᠢᠴᠠᠭᠠᠲᠤ ᠵᠢᠭᠡᠯᠡᠯᠭᠡ ᠶᠢ 8000 | ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ ᠃ ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠴᠢᠯᠡᠭᠡᠨ ᠤ | ᠴᠢᠳᠠᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠲᠤᠭ᠎ᠠ ᠶᠢ 8 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠲᠥᠷᠥᠯ ᠵᠦᠶᠯ ᠢ 60 ᠵᠦᠶᠯ ᠠᠴᠠ ᠳᠡᠭᠡᠭᠰᠢ ᠳᠤ ᠬᠦᠷᠦᠭᠦᠯᠦᠨ᠎ᠡ ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ | ᠵᠠᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠲᠠᠪᠴᠠᠩ ᠤᠨ | ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠣᠯᠠᠨ ᠢᠶᠠᠷ ᠢᠶᠠᠨ ᠰᠢᠨ᠎ᠡ | ᠶᠢ ᠡᠭᠦᠳᠬᠦ 《 ᠲᠠᠰ ᠳᠡᠪᠰᠢᠭᠰᠡᠨ ᠬᠡᠪ 》 ᠢ ᠴᠣᠭᠴᠠᠯᠠᠨ᠎ᠠ ᠃ ᠤᠶᠠᠨ ᠴᠢᠨᠠᠷᠲᠠᠶ ᠪᠠᠷ ᠴᠢᠳᠠᠪᠤᠷᠢᠲᠠᠨ ᠤᠷᠢᠬᠤ | ᠡᠷᠴᠢᠮ ᠢᠶᠠᠨ ᠴᠢᠩᠭᠠᠷᠠᠭᠤᠯᠵᠤ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠴᠢᠳᠠᠪᠤᠷᠢᠲᠠᠨ ᠤ ᠰᠢᠨ᠎ᠡ | ᠶᠢ ᠡᠭᠦᠳᠦᠨ ᠠᠳᠠᠯ ᠦᠶᠯᠡᠰ ᠴᠣᠭᠴᠠᠯᠠᠬᠤ ᠦᠶᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠂ ᠪᠥᠬᠦ ᠵᠢᠯ ᠳᠤ | ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ 50 ᠠᠴᠠ ᠳᠡᠭᠡᠭᠰᠢ ᠰᠢᠨ᠎ᠡ ᠪᠠᠷ ᠣᠷᠣᠭᠤᠯᠤᠨ ᠠᠪᠴᠢᠷᠠᠵᠤ | ᠬᠥᠮᠦᠵᠢᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠳᠡᠶᠢᠯᠬᠦ᠂ ᠰᠠᠶᠢᠨ ᠠᠵᠢᠯᠯᠠᠵᠤ | ᠳᠡᠶᠢᠯᠬᠦ᠂ ᠦᠯᠡᠳᠡᠭᠡᠵᠦ ᠳᠡᠶᠢᠯᠬᠦ ᠶᠢ ᠦᠨᠡᠨᠬᠦ ᠪᠠᠲᠤᠯᠠᠨ᠎ᠠ ᠃ | ᠲᠣᠭᠠᠴᠢᠯᠠᠭᠰᠠᠨ ᠠᠵᠤ ᠠᠬᠤᠶ ᠶᠢᠨ ᠡᠨᠧᠷᠭᠢ ᠶᠢ ᠲᠦᠷᠭᠡᠳᠬᠡᠨ᠎ᠡ ᠃ ᠲᠤᠭ᠎ᠠ ᠪᠠᠷᠢᠮᠲᠠ ᠶᠢ ᠬᠡᠷᠡᠭᠯᠡᠨ | ᠣᠶᠤᠨ ᠤᠬᠠᠭᠠᠨ ᠢ ᠳᠡᠭᠡᠭᠰᠢᠯᠡᠭᠦᠯᠬᠦ ᠣᠨ 》 ᠤ ᠠᠵᠢᠯᠯᠠᠭᠠᠨ ᠤ ᠪᠠᠶᠢᠷᠢᠯᠠᠭᠤᠯᠤᠯᠲᠠ ᠶᠢ ᠭᠦᠨᠵᠡᠭᠡᠢ | ᠨᠠᠢᠳᠠᠪᠤᠷᠢᠵᠢᠭᠤᠯᠬᠤ᠂ ᠵᠢᠯ ᠤᠨ ᠳᠣᠲᠣᠷ᠎ᠠ ᠲᠠᠪᠴᠠᠩ ᠢ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠲᠤ | ᠪᠦᠷᠬᠦᠭᠦᠯᠬᠦ᠂ ᠲᠣᠮᠣ ᠳᠤᠮᠳᠠ ᠵᠢᠵᠢᠭ ᠠᠵᠤ ᠠᠬᠤᠶᠢᠯᠠᠯ ᠵᠢᠴᠢ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠳᠤ ᠪᠦᠷᠬᠦᠭᠦᠯᠬᠦ ᠶᠢ ᠪᠡᠶᠡᠯᠡᠭᠦᠯᠦᠨ᠎ᠡ ᠃ ᠲᠣᠭᠠᠴᠢᠯᠠᠭᠰᠠᠨ ᠥᠭᠡᠷᠡᠴᠢᠯᠡᠯᠲᠡ ᠶᠢᠨ ᠢᠨᠵᠧᠨᠧᠷᠢᠩ ᠢ | ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠪᠦᠬᠦᠨ ᠢᠶᠠᠷ ᠢᠶᠠᠨ ᠲᠣᠭᠠᠴᠢᠯᠠᠭᠰᠠᠨ ᠬᠢᠮᠢ ᠶᠢᠨ | ᠦᠶᠯᠡᠳᠪᠦᠷᠢ ᠶᠢᠨ ᠪᠠᠷᠢᠮᠵᠢᠶ᠎ᠠ ᠳᠤ ᠬᠦᠷᠴᠦ᠂ 《 ᠬᠠᠷ᠎ᠠ ᠳ᠋ᠧᠩ ᠤᠨ ᠦᠶᠯᠡᠳᠪᠦᠷᠢ 》 5᠂ ᠣᠶᠤᠨᠴᠢ | ᠦᠶᠯᠡᠳᠪᠦᠷᠢ 5 ᠶᠢ ᠪᠠᠶᠢᠭᠤᠯᠪᠠ ᠃ ᠠᠵᠤ ᠦᠶᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠲᠠᠪᠴᠠᠩ ᠤᠨ ᠪᠦᠲᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠠᠵᠤ ᠦᠶᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠬᠡᠷᠡᠭᠯᠡᠭᠡᠨ | ᠤ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠨᠡᠶᠢᠲᠡ 50᠂ ᠠᠵᠤ ᠦᠶᠯᠡᠳᠪᠦᠷᠢ ᠶᠢᠨ ᠢᠨᠲ᠋ᠧᠷ | ᠰᠦᠯᠵᠢᠶ᠎ᠡ ᠶᠢᠨ ᠮᠡᠷᠭᠡᠵᠢᠯ ᠤᠨ ᠦᠢᠯᠡᠴᠢᠯᠡᠭᠡᠨ ᠤ ᠬᠤᠳᠠᠯᠳᠤᠭᠠᠴᠢᠨ ᠢ 20᠂ ᠤᠶᠤᠨᠲᠤ ᠦᠢᠯᠡᠳᠪᠦᠷᠢ ( | ᠲᠣᠭᠠᠴᠢᠯᠠᠭᠰᠠᠨ ᠦᠶᠯᠡᠳᠪᠦᠷᠢ ᠶᠢᠨ ᠲᠠᠰᠤᠭ ) ᠶᠢ 20 ᠪᠣᠶᠢᠵᠢᠭᠤᠯᠵᠤ᠂ ᠠᠵᠤ ᠦᠶᠯᠡᠳᠪᠦᠷᠢ ᠶᠢᠨ ᠢᠨᠲ᠋ᠧᠷ | ᠰᠦᠯᠵᠢᠶ᠎ᠡ ᠶᠢᠨ ᠲᠠᠪᠴᠠᠩ ᠳᠤ ᠣᠷᠣᠭᠤᠯᠤᠭᠰᠠᠨ ᠲᠥᠬᠦᠭᠡᠷᠦᠮᠵᠢ 2000 ᠶᠢ ᠳᠠᠪᠠᠵᠤ᠂ ᠪᠦᠬᠦ ᠬᠤᠲᠠ ᠶᠢᠨ | ᠠᠩᠬᠠᠳᠠᠭᠴᠢ ᠪᠦᠯᠦᠭ ᠠᠵᠤ ᠦᠶᠯᠡᠳᠪᠦᠷᠢ ᠶᠢᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ | ᠲᠣᠭᠤᠷᠢᠭ ᠢ ᠡᠭᠦᠳᠦᠨ ᠪᠠᠶᠢᠭᠤᠯᠵᠤ᠂ ᠨᠢᠭᠡ ᠵᠢᠯ ᠣᠷᠴᠢᠮ ᠤᠨ ᠴᠠᠭ ᠬᠤᠭᠤᠴᠠᠭ᠎ᠠ ᠶᠢ ᠠᠰᠢᠭᠯᠠ ᠬᠡᠪᠴᠢᠶᠡᠵᠢᠯ | ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠲᠣᠭᠠᠴᠢᠯᠠᠭᠰᠠᠨ ᠥᠭᠡᠷᠡᠴᠢᠯᠡᠯᠲᠡ ᠶᠢ ᠪᠦᠷᠢᠨ | ᠪᠦᠷᠬᠦᠭᠦᠯᠬᠦ ᠶᠢ ᠪᠡᠶᠡᠯᠡᠭᠦᠯᠬᠦ ᠪᠠᠷ ᠴᠢᠷᠮᠠᠶᠢᠨ᠎ᠠ ᠃ | ( ᠳᠦᠷᠪᠡ ) ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ | ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ ᠃ ᠨᠡᠭᠦᠷᠡᠰᠦᠲᠥ᠋ᠷᠥᠭᠴᠢ ᠤᠷᠬᠢᠯ ᠳᠤ ᠲᠤᠯᠬᠤ᠂ ᠨᠡᠭᠦᠷᠡᠰᠦᠲᠥ᠋ᠷᠥᠭᠴᠢ | ᠶᠢ ᠰᠠᠭᠠᠷᠮᠠᠭᠵᠢᠭᠤᠯᠬᠤ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠡᠨᠧᠷᠭᠢ ᠶᠢᠨ | ᠬᠤᠷᠣᠭᠳᠠᠭᠤᠯᠤᠯ ᠤᠨ ᠬᠤᠣᠰ ᠡᠵᠡᠮᠳᠡᠯ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠵᠥᠪᠳᠡᠯᠴᠡᠨ | ᠲᠤᠬᠢᠷᠠᠭᠤᠯᠬᠤ ᠲᠣᠭᠲᠠᠴᠠ ᠶᠢ ᠪᠠᠶᠢᠭᠤᠯᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠭᠠᠳᠠᠭᠰᠢᠯᠠᠭᠤᠯᠤᠯᠲᠠ | ᠶᠡᠬᠡᠲᠡᠢ ᠵᠦᠢᠯᠡᠰ ᠤᠨ ᠬᠥᠭᠵᠢᠯᠲᠡ ᠶᠢ ᠡᠷᠡᠰ ᠬᠤᠷᠢᠭᠯᠠᠨ ᠵᠣᠭᠰᠣᠭᠠᠵᠤ᠂ ᠬᠢᠵᠠᠭᠠᠷᠯᠠᠬᠤ ᠴᠢᠨᠠᠷᠲᠠᠢ ᠭᠦᠢᠴᠡᠳᠬᠡᠯ | ᠲᠤᠭ᠎ᠠ ᠶᠢᠨ ᠤᠯᠠᠭᠠᠨ ᠱᠤᠭᠤᠮ ᠤᠨ ᠳᠣᠲᠣᠷ᠎ᠠ ᠡᠷᠡᠰ ᠬᠥᠭᠵᠢᠭᠦᠯᠵᠦ᠂ 《 ᠬᠤᠣᠰ ᠡᠵᠡᠮᠳᠡᠯ 》 ᠤᠨ | ᠤᠷᠢᠳᠴᠢᠯᠠᠨ ᠰᠡᠷᠡᠮᠵᠢᠯᠡᠭᠦᠯᠬᠦ ᠲᠡᠰ ᠢ ᠢᠮᠠᠭᠲᠠ ᠪᠣᠬᠢᠷᠲᠤᠯ ᠦᠭᠡᠢ ᠬᠡᠪᠴᠢᠶᠡᠨ ᠳᠤ ᠪᠠᠶᠢᠯᠭᠠᠬᠤ ᠶᠢ ᠦᠨᠡᠨ ᠬᠦ | ᠪᠠᠲᠤᠯᠠᠨ᠎ᠠ ᠃ ᠡᠨᠧᠷᠭᠢ ᠶᠢᠨ ᠰᠤᠷᠪᠤᠯᠵᠢ ᠶᠢᠨ ᠬᠤᠷᠣᠭᠳᠠᠯ ᠤᠨ ᠪᠦᠲᠦᠴᠡ ᠶᠢ ᠰᠢᠯᠢᠳᠡᠭᠵᠢᠭᠦᠯᠵᠦ᠂ ᠬᠦᠰᠡᠯᠡᠩᠲᠦ | ᠬᠥᠩᠭᠡᠨ ᠴᠠᠭᠠᠨ ᠤ ᠦᠢᠯᠡᠰ ᠤᠨ 4 ᠳ᠋ᠦ᠋ᠭᠡᠷ ᠮᠠᠰᠢᠨ ᠴᠣᠭᠴᠠᠯᠠᠪᠤᠷᠢ ᠶᠢᠨ ᠭᠡᠭᠡᠭᠳᠡᠮᠡᠯ ᠠᠭᠤᠷ ᠢ ᠡᠭᠡᠭᠦᠯᠦᠨ | ᠬᠤᠷᠢᠶᠠᠬᠤ ᠢᠯᠴᠢ ᠶᠢᠨ ᠬᠥᠭᠡᠷᠭᠡ ᠶᠢᠨ ᠥᠭᠡᠷᠡᠴᠢᠯᠡᠯᠲᠡ᠂ ᠳᠠᠯᠠᠢ ᠶᠢᠨ ᠲᠦᠪᠰᠢᠨ ᠤ ᠴᠠᠬᠢᠯᠭᠠᠨ ᠵᠠᠳᠠᠯᠤᠯ ᠤᠨ | ᠬᠤᠪᠢᠯ ᠤᠨ ᠠᠷᠭ᠎ᠠ ᠪᠢᠯᠢᠭ ᠲᠤᠶᠢᠯ ᠤᠨ ᠲᠣᠣᠷ ᠤᠨ ᠲᠦᠷᠬᠢᠮᠡᠯ ᠳᠠᠪᠬᠤᠷᠭ᠎ᠠ ᠪᠠ ᠴᠠᠬᠢᠯᠭᠠᠨ ᠵᠠᠳᠠᠯᠤᠯ ᠤᠨ ᠬᠤᠪᠢᠯ | ᠤᠨ ᠳᠣᠲᠣᠭᠠᠳᠤ ᠣᠷᠴᠢᠯ ᠬᠠᠪᠲᠠᠰᠤ ᠶᠢᠨ ᠥᠭᠡᠷᠡᠴᠢᠯᠡᠯᠲᠡ ᠵᠡᠷᠭᠡ ᠡᠨᠧᠷᠭᠢ ᠠᠷᠪᠢᠯᠠᠬᠤ ᠢᠨᠵᠧᠨᠧᠷᠢᠩ ᠢ ᠲᠦᠯᠬᠢᠨ | ᠠᠬᠢᠭᠤᠯᠵᠤ᠂ ᠡᠬᠢ ᠪᠠᠶᠠᠯᠢᠭ ᠢ ᠠᠷᠪᠢᠯᠠᠬᠤ᠂ ᠡᠷᠴᠢᠮᠵᠢᠭᠦᠯᠬᠦ᠂ ᠡᠷᠭᠢᠯᠳᠦᠭᠦᠯᠦᠨ ᠠᠰᠢᠭᠯᠠᠬᠤ ᠶᠢ ᠲᠦᠯᠬᠢᠨ | ᠠᠬᠢᠭᠤᠯᠤᠨ᠎ᠠ ᠃ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ | ᠳᠠᠯᠠᠢ ᠶᠢᠨ ᠲᠦᠪᠰᠢᠨ ᠤ ᠨᠡᠭᠦᠷᠡᠰᠦᠲᠥ᠋ᠷᠥᠭᠴᠢ ᠶᠢᠨ ᠳᠠᠩ ᠢᠰᠦᠯ ᠢᠶᠠᠷ ᠮᠧᠲ᠋ᠢᠯ ᠬᠦᠴᠢᠯ ᠤᠨ ᠺᠠᠯᠼ ᠬᠢᠬᠦ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠭᠦᠷᠡᠰᠦᠲᠥ᠋ᠷᠥᠭᠴᠢ ᠶᠢ | ᠬᠤᠷᠢᠶᠠᠨ ᠴᠤᠭᠯᠠᠭᠤᠯᠵᠤ ᠠᠰᠢᠭᠯᠠᠬᠤ ᠶᠢ ᠦᠷᠭᠦᠯᠵᠢᠯᠡᠨ ᠰᠠᠶᠢᠲᠤᠷ ᠠᠳᠬᠤᠨ᠎ᠠ ᠃ ᠪᠣᠬᠢᠷᠲᠤᠯ ᠥᠬᠡᠶ | ᠦᠶᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠪᠥᠬᠦ ᠲᠠᠯ᠎ᠠ ᠪᠠᠷ ᠳᠡᠯᠭᠡᠷᠡᠭᠦᠯᠵᠦ᠂ ᠠᠷᠪᠢᠯᠠᠨ ᠭᠠᠮᠨᠠᠬᠤ ᠬᠡᠯᠪᠡᠷᠢ | ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠵᠢᠯ ᠤᠨ ᠳᠣᠲᠣᠷ᠎ᠠ ᠤᠯᠤᠰ ᠤᠨ | ᠲᠠᠰ ᠤᠨ ᠪᠣᠬᠢᠷᠲᠤᠯ ᠥᠬᠡᠶ ᠦᠶᠯᠡᠳᠪᠦᠷᠢ᠂ ᠪᠣᠬᠢᠷᠲᠤᠯ ᠥᠬᠡᠶ ᠵᠢᠷᠤᠵᠤ ᠲᠥᠯᠥᠪᠯᠡᠭᠰᠡᠨ ᠦᠶᠯᠡᠳᠬᠦᠨ ᠢ 5 ᠵᠦᠶᠯ | ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ ᠃ | ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠢ ᠨᠠᠩ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ 《 | ᠬᠡᠯᠪᠡᠷᠢ ᠶᠢ ᠬᠤᠪᠢᠷᠠᠭᠤᠯᠬᠤ᠂ ᠬᠡᠢ ᠶᠢ ᠵᠠᠰᠠᠬᠤ᠂ ᠨᠡᠭᠦᠷᠡᠰᠦ ᠶᠢ ᠪᠠᠭᠠᠰᠬᠠᠬᠤ᠂ ᠲᠡᠷᠭᠡ ᠶᠢ ᠬᠢᠵᠠᠭᠠᠷᠯᠠᠬᠤ᠂ | ᠲᠣᠭᠤᠰᠣ ᠶᠢ ᠬᠤᠷᠢᠭᠯᠠᠬᠤ᠂ ᠴᠢᠩᠭ᠎ᠠ ᠬᠠᠮᠢᠶᠠᠷᠬᠤ 》 ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠤᠨ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠶᠢ ᠡᠷᠡᠰ ᠬᠡᠷᠡᠭᠵᠢᠭᠦᠯᠵᠦ᠂ ᠳᠠᠯᠠᠢ ᠶᠢᠨ | ᠲᠦᠪᠰᠢᠨ ᠤ ᠲᠦᠭᠦᠬᠡᠶ ᠳᠠᠪᠤᠰᠤᠨ ᠲᠠᠯᠠᠪᠠᠢ ᠶᠢ ᠪᠦᠬᠦᠨ ᠢ ᠪᠢᠲᠡᠭᠦᠮᠵᠢᠯᠡᠬᠦ᠂ ᠢᠯᠢ ᠰᠦ ᠶᠢᠨ ᠦᠢᠯᠡᠰ ᠤᠨ | ᠰᠢᠲᠠᠮᠠᠬᠠᠶ ᠬᠡᠢ ᠶᠢᠨ ᠭᠦᠸᠧᠯᠦ ᠶᠢ ᠳᠣᠤᠷ᠎ᠠ ᠠᠽᠣᠲ ᠢᠶᠠᠷ ᠰᠢᠲᠠᠭᠠᠬᠤ ᠵᠡᠷᠭᠡ ᠠᠭᠠᠷ ᠮᠠᠨᠳᠠᠯ ᠤᠨ ᠪᠣᠬᠢᠷᠲᠤᠯ | ᠪᠣᠳᠠᠰ ᠢ ᠭᠦᠨᠵᠡᠭᠡᠶ ᠵᠠᠰᠠᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠰᠢᠯᠢᠳᠡᠭ ᠰᠠᠶᠢᠨ ᠡᠳᠦᠷ ᠤᠨ ᠲᠤᠭ᠎ᠠ | ᠶᠢᠨ ᠬᠠᠷᠢᠴᠠᠯ ᠢ 80 % ᠠᠴᠠ ᠳᠡᠭᠡᠭᠰᠢ ᠪᠠᠶᠢᠯᠭᠠᠬᠤ ᠶᠢ ᠦᠨᠡᠨᠬᠦ ᠪᠠᠲᠤᠯᠠᠨ᠎ᠠ ᠃ ᠬᠥᠬᠡᠮᠳᠦᠭ ᠤᠰᠤ ᠶᠢ | ᠬᠠᠮᠠᠭᠠᠯᠠᠬᠤ ᠳᠠᠶᠢᠯᠠᠯᠳᠤᠭᠠᠨ ᠢ ᠨᠠᠩ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠤᠰᠤᠨ ᠤ ᠡᠬᠢ ᠪᠠᠶᠠᠯᠢᠭ᠂ | ᠤᠰᠤᠨ ᠤ ᠠᠮᠢ ᠠᠬᠤᠶ᠂ ᠤᠰᠤᠨ ᠤ ᠣᠷᠴᠢᠨ ᠲᠣᠭᠤᠷᠢᠨ ᠤ ᠵᠠᠰᠠᠯᠲᠠ ᠶᠢ ᠨᠢᠭᠡᠳᠦᠯᠲᠡᠶ ᠲᠥᠯᠥᠪᠵᠢᠭᠦᠯᠵᠦ᠂ | ᠬᠦᠷᠢᠶᠡᠯᠡᠩ ᠲᠣᠭᠤᠷᠢᠭ ᠤᠨ ᠳᠠᠬᠢᠯᠲᠠ ᠤᠰᠤᠨ ᠤ ᠬᠤᠭᠤᠯᠠᠶ ᠱᠤᠭᠤᠮ ᠤᠨ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ᠂ ᠳᠥᠷᠪᠡᠨ ᠵᠤᠷᠪᠤᠰ ᠡᠯᠡᠰᠦᠲᠦ ᠭᠤᠤᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ | ᠯᠠᠪᠳᠠᠭᠤᠨ ᠪᠠᠲᠤᠲᠠᠶ ᠠᠬᠢᠭᠤᠯᠵᠤ᠂ ᠬᠠᠲᠤᠨ ᠭᠤᠤᠯ ᠤᠨ ᠣᠭᠲᠣᠯᠤᠭᠠᠰᠤ ᠳᠤ ᠣᠷᠣᠭᠤᠯᠬᠤ ᠤᠰᠤᠨ ᠤ ᠴᠢᠨᠠᠷ ᠢ | ᠲᠣᠭᠲᠠᠭᠤᠨ ᠢᠶᠠᠷ ᠳᠡᠭᠡᠭᠰᠢᠯᠡᠭᠦᠯᠦᠨ᠎ᠡ ᠃ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠨᠠᠩ ᠥᠨᠳᠥᠷ | ᠪᠠᠷᠢᠮᠵᠢᠶ᠎ᠠ ᠪᠠᠷ ᠰᠠᠶᠢᠲᠤᠷ ᠬᠢᠵᠦ᠂ 《 ᠬᠠᠶᠠᠭᠳᠠᠮᠠᠯ ᠪᠣᠳᠠᠰ ᠥᠬᠡᠶ ᠬᠤᠲᠠ 》 ᠶᠢᠨ ᠪᠥᠲᠥᠭᠡᠨ ᠪᠠᠶᠢᠭᠤᠯᠤᠯᠲᠠ | ᠶᠢᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠰᠢᠨ᠎ᠡ | ᠪᠣᠬᠢᠷᠲᠤᠯ ᠪᠣᠳᠠᠰ ᠢ ᠵᠠᠰᠠᠬᠤ ᠶᠢ ᠴᠢᠩᠭᠠᠳᠬᠠᠨ᠂ ᠠᠶᠤᠯᠲᠠᠶ ᠬᠠᠶᠠᠭᠳᠠᠮᠠᠯ ᠪᠣᠳᠠᠰ ᠢ ᠴᠡᠭᠴᠡᠯᠡᠨ ᠵᠠᠰᠠᠬᠤ ᠲᠤᠰᠬᠠᠶ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠢᠷᠤᠮᠵᠢᠭᠤᠯᠤᠨ ᠬᠠᠳᠠᠭᠠᠯᠠᠬᠤ ᠪᠠ ᠰᠢᠶᠳᠪᠦᠷᠢᠯᠡᠬᠦ ᠨᠣᠷᠮ᠎ᠠ ᠶᠢ 100 | % ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ ᠃ | ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠪᠠᠬᠢᠵᠢᠭᠦᠯᠦᠨ ᠳᠡᠭᠡᠭᠰᠢᠯᠡᠭᠦᠯᠦᠨ᠎ᠡ ᠃ 《 | ᠭᠤᠷᠪᠠᠨ ᠱᠤᠭᠤᠮ ᠨᠢᠭᠡ ᠬᠠᠭᠤᠳᠠᠰᠤ 》 ᠶᠢᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ | ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ | ᠠᠬᠢᠭᠤᠯᠵᠤ᠂ ᠣᠶ ᠰᠢᠭᠤᠶ ( ᠨᠤᠲᠤᠭ ᠪᠡᠯᠴᠢᠭᠡᠷ ) ᠶᠢᠨ ᠳᠠᠷᠤᠭ᠎ᠠ ᠶᠢᠨ ᠲᠦᠷᠢᠮ᠂ ᠭᠤᠤᠯ ( ᠨᠠᠭᠤᠷ ) ᠤᠨ | ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠷ᠎ᠠ ᠤᠰᠤ ᠶᠢᠨ ᠨᠤᠭᠤ ᠭᠠᠵᠠᠷ ᠤᠨ ᠠᠮᠢ | ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ ᠭᠤᠤᠯ ᠮᠥᠷᠡᠨ ᠨᠠᠭᠤᠷ ᠴᠥᠭᠦᠷᠥᠮ ᠤᠨ 《 | ᠳᠥᠷᠪᠡᠨ ᠰᠠᠮᠠᠭᠤᠨ ᠢ ᠴᠡᠪᠡᠷᠯᠡᠬᠦ 》 ᠶᠢ ᠪᠠᠶᠢᠩᠭᠤᠵᠢᠭᠤᠯᠤᠨ ᠠᠬᠢᠭᠤᠯᠵᠤ᠂ 4 ᠳ᠋ᠦ᠋ᠭᠡᠷ ᠰᠠᠷ᠎ᠠ ᠶᠢᠨ ᠰᠡᠭᠦᠯᠴᠢ | ᠠᠴᠠ ᠡᠮᠦᠨ᠎ᠡ ᠬᠦᠨᠳᠦᠯᠡᠨ ᠭᠤᠤᠯ ᠤᠨ ᠵᠠᠮ ᠢ ᠶᠡᠷᠦᠩᠬᠡᠶᠢᠯᠡᠨ ᠴᠡᠭᠴᠡᠯᠡᠨ ᠵᠠᠰᠠᠬᠤ ᠡᠭᠦᠷᠭᠡ ᠶᠢ ᠪᠡᠶᠡᠯᠡᠭᠦᠯᠬᠦ ᠶᠢ | ᠦᠨᠡᠨ ᠬᠦ ᠪᠠᠲᠤᠯᠠᠨ᠎ᠠ ᠃ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠢᠭᠡ ᠨᠢᠭᠡ ᠵᠦᠢᠯ ᠢᠶᠠᠷ ᠴᠡᠭᠴᠡᠯᠡᠨ | ᠰᠠᠶᠢᠵᠢᠷᠠᠭᠤᠯᠵᠤ᠂ ᠲᠤᠶᠢᠯᠪᠤᠷᠢᠲᠠᠢ ᠰᠠᠶᠢᠵᠢᠷᠠᠭᠤᠯᠵᠤ᠂ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠶᠢ | ᠲᠤᠰᠢᠶᠠᠨ᠎ᠠ ᠃ | ( ᠲᠠᠪᠤ ) ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠲᠡᠷᠢᠭᠦᠨ ᠤ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠪᠤᠢ ᠪᠣᠯᠭᠠᠨ᠎ᠠ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ ᠃ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢᠨ ᠭᠤᠤᠯᠳᠠᠯᠭ᠎ᠠ ᠲᠠᠢ | ᠡᠭᠦᠷᠭᠡ 100 ᠵᠤᠷᠪᠤᠰ ᠭᠤᠤᠯᠳᠠᠯᠭ᠎ᠠ ᠲᠠᠢ ᠨᠠᠶᠢᠳᠠᠪᠤᠷᠢᠵᠢᠭᠤᠯᠵᠤ ᠨᠠᠷᠢᠯᠢᠭᠵᠢᠭᠤᠯᠤᠨ ᠪᠣᠳᠠᠲᠠᠶᠢᠵᠢᠭᠤᠯᠬᠤ ᠶᠢ | ᠠᠬᠢᠭᠤᠯᠵᠤ᠂ 《 ᠵᠢᠷᠭᠤᠭ᠎ᠠ ᠶᠢ ᠬᠠᠰᠤᠵᠤ ᠬᠤᠶᠠᠷ ᠢ ᠰᠢᠯᠢᠳᠡᠭᠵᠢᠭᠦᠯᠬᠦ 》᠂ 《 ᠨᠢᠭᠡ ᠤᠴᠢᠷ ᠢ ᠨᠢᠭᠡ ᠯᠡ | ᠤᠳᠠᠭ᠎ᠠ ᠳᠤ ᠭᠦᠶᠴᠡᠳᠬᠡᠬᠦ 》᠂ 《 ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠶᠴᠡᠳᠬᠡᠬᠦ 》 ᠵᠡᠷᠭᠡ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ 《 ᠨᠢᠭᠡ | ᠰᠦᠯᠵᠢᠶ᠎ᠡ ᠪᠠᠷ ᠨᠡᠶᠢᠳᠡᠮ ᠭᠦᠶᠴᠡᠳᠬᠡᠬᠦ 》 ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ 《 ᠳᠡᠭᠡᠳᠦ | ᠰᠢᠨ᠎ᠡ ᠶᠠᠪᠤᠳᠠᠯ᠂ ᠪᠠᠶᠠᠷᠲᠠᠶ ᠭᠦᠶᠴᠡᠳᠬᠡᠬᠦ 》 ᠶᠢ ᠪᠡᠶᠡᠯᠡᠭᠦᠯᠦᠨ᠎ᠡ ᠃ ᠠᠵᠤ ᠠᠬᠤᠶᠢᠯᠠᠯ ᠤᠨ ᠪᠠᠯᠠ | ᠣᠷᠣᠭᠤᠯᠤᠯᠲᠠ ᠶᠢᠨ ᠲᠥᠷᠥᠯ ᠵᠦᠶᠯ ᠤᠨ ᠬᠢᠨᠠᠨ ᠵᠥᠪᠰᠢᠶᠡᠷᠡᠬᠦ ᠪᠥᠬᠦ ᠴᠤᠪᠤᠷᠠᠯ ᠤᠨ ᠥᠭᠡᠷᠡᠴᠢᠯᠡᠯᠲᠡ ᠶᠢ | ᠠᠬᠢᠭᠤᠯᠵᠤ᠂ ᠪᠠᠯᠠ ᠣᠷᠣᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ 《 ᠤᠷᠢᠳᠠᠪᠠᠷ | ᠪᠠᠶᠢᠭᠤᠯᠵᠤ ᠳᠠᠷᠠᠭ᠎ᠠ ᠨᠢ ᠰᠢᠯᠭᠠᠬᠤ 》 ᠬᠠᠮᠢᠶᠠᠷᠤᠯᠲᠠ ᠶᠢᠨ ᠰᠢᠨ᠎ᠡ ᠵᠠᠭᠪᠤᠷ ᠪᠠ ᠭᠠᠵᠠᠷ ᠰᠢᠷᠣᠶ ᠠᠪᠤᠮᠠᠭᠴᠠ | ᠠᠵᠢᠯ ᠡᠬᠢᠯᠡᠭᠦᠯᠬᠦ᠂ ᠳᠤᠲᠠᠭᠳᠠᠯ ᠢ ᠨᠢ ᠭᠥᠯᠢᠶᠡᠨ ᠠᠪᠴᠤ ᠰᠢᠶᠳᠪᠦᠷᠢᠯᠡᠬᠦ ᠲᠦᠷᠢᠮ᠂ ᠠᠵᠤ ᠠᠬᠤᠶᠢᠯᠠᠯ ᠤᠨ | ᠠᠮᠠᠯᠠᠯᠲᠠ ᠶᠢᠨ ᠲᠦᠷᠢᠮ ᠵᠡᠷᠭᠡ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ | ᠦᠷ᠎ᠡ ᠪᠦᠲᠦᠮᠵᠢ ᠪᠠ ᠦᠶᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ᠃ ᠵᠠᠰᠠᠭ ᠤᠨ | ᠶᠠᠪᠤᠳᠠᠯ ᠤᠨ ᠵᠦᠶᠯᠡᠰ ᠢ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠲᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠵᠦ᠂ ᠬᠠᠮ ᠴᠣᠩᠬᠤᠪᠴᠢ ᠶᠢᠨ《 ᠶᠡᠷᠦᠩᠬᠡᠶ ᠰᠠᠯᠠᠭ᠎ᠠ ᠨᠢ ᠵᠥᠷᠢᠶ᠎ᠡ ᠥᠬᠡᠶ 》 ᠭᠥᠯᠢᠶᠡᠨ ᠠᠪᠴᠤ | ᠰᠢᠶᠳᠪᠦᠷᠢᠯᠡᠬᠦ ᠵᠠᠭᠪᠤᠷ ᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠤᠰ ᠠᠮᠠᠷᠠᠯᠲᠠ ᠶᠢᠨ ᠡᠳᠦᠷ 《 ᠡᠭᠦᠳᠡ ᠪᠠᠨ | ᠬᠠᠭᠠᠬᠤ ᠥᠬᠡᠶ 》 ᠵᠡᠷᠭᠡ ᠠᠷᠠᠳ ᠲᠤ ᠲᠥᠬᠦᠮ ᠦᠵᠡᠭᠦᠯᠬᠦ ᠠᠵᠢᠯ ᠤᠨ ᠲᠣᠭᠲᠠᠴᠠ ᠶᠢ ᠭᠦᠨᠵᠡᠭᠡᠶᠢᠷᠡᠭᠦᠯᠦᠨ᠂ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ 《 ᠰᠠᠶᠢᠨ ᠮᠠᠭᠤ ᠦᠨᠡᠯᠡᠯᠲᠡ 》 ᠶᠢᠨ ᠲᠦᠷᠢᠮ ᠢ | ᠲᠡᠭᠦᠯᠳᠡᠷᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠦᠨᠡᠯᠡᠯᠲᠡ ᠳᠤ ᠰᠢᠯᠢᠳᠡᠭ ᠠᠮᠵᠢᠯᠲᠠ | ᠪᠦᠲᠦᠮᠵᠢ ᠤᠯᠬᠤ ᠪᠠᠷ ᠴᠢᠷᠮᠠᠶᠢᠨ᠎ᠠ ᠃ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ ᠃ ᠭᠠᠶᠢᠯᠢ | ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠪᠠᠬᠢᠵᠢᠭᠦᠯᠦᠨ ᠨᠠᠶᠢᠳᠠᠪᠤᠷᠢᠵᠢᠭᠤᠯᠵᠤ᠂ | ᠴᠠᠬᠢᠯᠭᠠᠨ ᠬᠦᠴᠦᠨ ᠤ ᠤᠯᠠᠨ ᠲᠠᠯᠠᠲᠤ ᠠᠷᠠᠯᠵᠢᠶᠠᠨ ᠤ ᠬᠡᠪᠴᠢᠶ᠎ᠡ ᠶᠢ ᠥᠷᠭᠡᠳᠬᠡᠨ᠂ ᠠᠵᠤ ᠠᠬᠤᠶᠢᠯᠠᠯ ᠤᠨ | ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ᠂ ᠪᠠᠷᠠᠭᠠᠨ ᠤ ᠭᠦᠢᠯᠭᠡᠭᠡ ᠵᠡᠷᠭᠡ ᠶᠢᠨ ᠥᠪᠡᠷ ᠤᠨ ᠦᠷᠲᠡᠭ ᠢ ᠤᠯᠠᠮ ᠨᠢᠭᠡ | ᠠᠯᠬᠤᠮ ᠪᠠᠭᠤᠷᠠᠭᠤᠯᠤᠨ᠎ᠠ ᠃ ᠵᠠᠰᠠᠭ ᠤᠨ ᠣᠷᠳᠣᠨ ᠮᠥᠩᠭᠦᠨ ᠭᠦᠶᠯᠭᠡᠭᠡ ᠠᠵᠤ ᠠᠬᠤᠶᠢᠯᠠᠯ ᠤᠨ ᠬᠠᠮᠵᠢᠯᠴᠠᠨ | ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠡᠯ᠎ᠡ ᠲᠥᠷᠥᠯ ᠤᠨ ᠲᠥᠷᠥ | ᠶᠢᠨ ᠪᠣᠳᠣᠯᠭ᠎ᠠ ᠶᠢᠨ ᠪᠠᠯᠠ ᠮᠥᠩᠭᠦ ᠶᠢ ᠣᠯᠵᠤ᠂ ᠲᠢᠶᠠᠨ ᠾᠧ ᠰᠣᠷᠢᠨᠵᠢᠨ ᠮᠠᠲ᠋ᠧᠷᠢᠶᠠᠯ᠂ ᠸᠧᠶ ᠹᠧᠩ ᠰᠢᠨ᠎ᠡ | ᠮᠠᠲ᠋ᠧᠷᠢᠶᠠᠯ᠂ ᠶᠢᠩ ᠰᠧ ᠲᠧ ᠰᠣᠷᠢᠨᠵᠢᠨ ᠮᠠᠲ᠋ᠧᠷᠢᠶᠠᠯ ᠵᠡᠷᠭᠡ 7 ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ | ᠭᠠᠷᠬᠤ ᠶᠢ ᠠᠬᠢᠭᠤᠯᠵᠤ᠂ ᠵᠠᠨ ᠬᠤᠤ ᠴᠠᠬᠢᠯᠭᠠᠨ᠂ ᠨᠢᠭᠡᠳᠦᠭᠡᠷ ᠮᠠᠰᠢᠨ ᠮᠧᠬᠠᠨᠢᠭ ᠤᠨ ᠬᠤᠩ ᠶᠤᠸᠠᠨ᠂ ᠢᠦ᠋ᠶ ᠶᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠪᠦᠬᠦ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠬᠤᠪᠢ | ᠰᠢᠯᠵᠢᠭᠦᠯᠦᠨ ᠥᠭᠬᠦ ᠰᠢᠰᠲ᠋ᠧᠮ ᠳᠤ ᠫᠠᠶᠢᠰᠠ ᠡᠯᠭᠦᠭᠰᠡᠨ 5 ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ | ᠶᠢ ᠳᠡᠮᠵᠢᠵᠦ᠂ ᠠᠵᠤ ᠠᠬᠤᠶᠢᠯᠠᠯ ᠢ ᠬᠠᠪᠰᠤᠷᠤᠨ 《 ᠪᠠᠯᠠ ᠲᠣᠬᠢᠷᠠᠭᠤᠯᠬᠤ ᠳᠤ ᠬᠦᠴᠢᠷᠲᠡᠶ 》 《 ᠪᠠᠯᠠ | ᠲᠣᠬᠢᠷᠠᠭᠤᠯᠬᠤ ᠳᠤ ᠦᠨᠡᠲᠡᠶ 》 ᠪᠠᠶᠢᠬᠤ ᠠᠰᠠᠭᠤᠳᠠᠯ ᠢ ᠰᠢᠶᠳᠪᠦᠷᠢᠯᠡᠨ᠎ᠡ ᠃ ᠭᠠᠵᠠᠷ ᠰᠢᠷᠣᠶ ᠶᠢ ᠠᠷᠪᠢᠲᠠᠶ | ᠪᠥᠭᠡᠳ ᠳᠣᠷᠪᠢᠯᠢᠭ ᠢᠶᠠᠷ ᠬᠡᠷᠡᠭᠯᠡᠬᠦ ᠶᠢ ᠴᠢᠩᠭᠠᠳᠬᠠᠨ᠂ 《 ᠣᠷᠣᠨ ᠪᠦᠰᠡ ᠶᠢᠨ ᠦᠨᠡᠯᠡᠨ ᠵᠢᠱᠢᠬᠦ 》 ᠪᠠ ᠮᠦ | ᠪᠦᠷᠢ ᠶᠢᠨ ᠳᠤᠮᠳᠠᠴᠢ ᠦᠷ᠎ᠡ ᠠᠰᠢᠭ ᠢ ᠶᠡᠷᠦᠩᠬᠡᠶᠢᠯᠡᠨ ᠦᠨᠡᠯᠡᠬᠦ ᠶᠢ ᠥᠷᠨᠢᠭᠦᠯᠵᠦ᠂ 《 ᠪᠠᠷᠢᠮᠵᠢᠶᠠᠲᠤ ᠭᠠᠵᠠᠷ 》 | ᠤᠨ ᠳᠦᠷᠢᠮ ᠢ ᠬᠡᠷᠡᠭᠵᠢᠭᠦᠯᠦᠨ᠂ ᠰᠤᠯᠠ ᠲᠠᠯᠪᠢᠵᠤ ᠪᠠᠶᠢᠭ᠎ᠠ ᠭᠠᠵᠠᠷ ᠰᠢᠷᠣᠶ᠂ ᠦᠷ᠎ᠡ ᠠᠰᠢᠭ ᠢᠶᠠᠷ ᠳᠣᠣᠷ᠎ᠠ ᠭᠠᠵᠠᠷ | ᠰᠢᠷᠣᠶ ᠪᠠ ᠵᠥᠪᠰᠢᠶᠡᠷᠡᠭᠡᠳ ᠥᠯᠥ ᠬᠡᠷᠡᠭᠯᠡᠬᠦ ᠭᠠᠵᠠᠷ ᠰᠢᠷᠣᠶ ᠶᠢ ᠰᠢᠶᠳᠪᠦᠷᠢᠯᠡᠬᠦ ᠡᠷᠴᠢᠮ ᠢ ᠴᠢᠩᠭᠠᠷᠠᠭᠤᠯᠵᠤ᠂ | ᠦᠯᠡᠳᠡᠭᠡᠯ ᠭᠠᠵᠠᠷ ᠰᠢᠷᠣᠶ ᠶᠢ ᠬᠤᠶᠠᠳᠠᠬᠢ ᠤᠳᠠᠭ᠎ᠠ ᠨᠡᠭᠡᠭᠡᠨ ᠠᠰᠢᠭᠯᠠᠬᠤ ᠶᠢ ᠠᠬᠢᠭᠤᠯᠤᠨ᠎ᠠ ᠃ 《 | ᠬᠤᠳᠠᠯᠳᠤᠭᠠᠴᠢᠨ ᠢ ᠬᠠᠮᠠᠭᠠᠯᠠᠬᠤ 》 ᠠᠵᠤ ᠠᠬᠤᠶᠢᠯᠠᠯ ᠤᠨ ᠪᠥᠬᠦ ᠲᠠᠯ᠎ᠠ ᠂ ᠪᠥᠬᠦ ᠬᠦᠴᠦᠨ ᠵᠦᠶᠯ᠂ ᠪᠥᠬᠦ | ᠦᠶᠡᠯᠡᠯ ᠤᠨ ᠬᠤᠭᠤᠴᠠᠭ᠎ᠠ ᠪᠠᠷ ᠦᠶᠯᠡᠴᠢᠯᠡᠬᠦ ᠶᠢ ᠴᠢᠩᠭᠠᠳᠬᠠᠨ᠂ ᠨᠡᠭᠦᠷᠡᠰᠦ ᠴᠠᠬᠢᠯᠭᠠᠨ ᠲᠣᠰᠣ ᠬᠡᠶ ᠲᠡᠭᠡᠭᠡᠪᠦᠷᠢ | ᠵᠡᠷᠭᠡ ᠭᠤᠤᠯᠳᠠᠯᠭ᠎ᠠ ᠲᠠᠢ ᠬᠠᠩᠭᠠᠯᠭ᠎ᠠ ᠶᠢ ᠪᠠᠲᠤᠯᠠᠬᠤ ᠬᠦᠷᠢᠶ᠎ᠡ ᠴᠠᠷᠠᠭ᠎ᠠ᠂ ᠲᠥᠷᠥᠯ ᠵᠦᠶᠯ ᠤᠨ ᠭᠡᠷ᠎ᠡ ᠲᠣᠭᠲᠠᠨ | ᠨᠠᠶᠢᠳᠠᠪᠤᠷᠢᠵᠢᠭᠤᠯᠬᠤ ᠵᠡᠷᠭᠡ ᠠᠯᠢ ᠣᠯᠠᠨ ᠠᠰᠠᠭᠤᠳᠠᠯ ᠢ ᠴᠢᠩᠭ᠎ᠠ ᠠᠩᠬᠠᠷᠴᠤ᠂ ᠠᠵᠢᠯᠯᠠᠭᠠᠨ ᠢ ᠬᠢᠨᠠᠨ ᠰᠢᠨᠵᠢᠵᠦ | ᠤᠷᠢᠳᠴᠢᠯᠠᠨ ᠰᠡᠷᠡᠮᠵᠢᠯᠡᠭᠦᠯᠬᠦ ᠪᠠ ᠬᠦᠴᠦᠨ ᠵᠦᠶᠯ ᠤᠨ ᠪᠠᠲᠤᠯᠠᠭ᠎ᠠ ᠶᠢ ᠴᠢᠩᠭᠠᠳᠬᠠᠨ᠂ 《 ᠪᠢ ᠠᠵᠤ ᠠᠬᠤᠶᠢᠯᠠᠯ | ᠳᠤ ᠵᠠᠬ᠎ᠠ ᠳᠡᠯᠭᠡᠭᠦᠷ ᠡᠷᠢᠵᠦ ᠥᠭᠬᠦ 》 ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ | ᠤᠨ ᠳᠡᠭᠡᠳᠦ ᠰᠢᠨ᠎ᠡ ᠮᠡᠷᠭᠡᠵᠢᠯ ᠤᠨ ᠤᠷᠤᠨ ᠳᠤ ᠪᠠᠯᠠ ᠣᠷᠣᠭᠤᠯᠬᠤ ᠳᠤ ᠰᠠᠨᠠᠭ᠎ᠠ ᠠᠮᠤᠷ᠂ ᠠᠳᠠᠯ ᠦᠶᠯᠡᠰ | ᠴᠣᠭᠴᠠᠯᠠᠬᠤ ᠳᠤ ᠲᠠᠭᠠᠯᠠᠮᠵᠢᠲᠠᠶ᠂ ᠠᠵᠢᠯ ᠬᠢᠬᠦ ᠳᠤ ᠤᠷᠤᠭᠰᠢᠲᠠᠶ᠂ ᠬᠥᠭᠵᠢᠭᠦᠯᠬᠦ ᠳᠤ ᠰᠠᠨᠠᠭ᠎ᠠ ᠠᠮᠤᠷ ᠪᠠᠶᠢᠯᠭᠠᠨ᠎ᠠ ᠃ | | ( ᠵᠢᠷᠭᠤᠭ᠎ᠠ ) ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠬᠤᠲᠠ | ᠬᠥᠳᠡᠭᠡ ᠶᠢᠨ ᠦᠶᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠎ᠡ | ᠬᠤᠲᠠ ᠶᠢᠨ ᠴᠢᠳᠠᠮᠵᠢ ᠶᠢ ᠪᠦᠬᠦ ᠲᠠᠯ᠎ᠠ ᠪᠠᠷ ᠲᠡᠭᠦᠯᠳᠡᠷᠵᠢᠭᠦᠯᠦᠨ᠎ᠡ ᠃ 210 ᠤᠯᠤᠰ ᠤᠨ ᠵᠠᠮ ᠠᠴᠠ | ᠵᠡᠭᠦᠨᠰᠢᠬᠢ ᠣᠷᠣᠨ ᠪᠦᠰᠡ ᠶᠢᠨ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠢᠷᠡᠭᠡᠳᠦᠶ ᠶᠢᠨ ᠬᠥᠭᠵᠢᠯᠲᠡ ᠶᠢᠨ ᠣᠷᠣᠨ ᠵᠠᠶ ᠶᠢᠨ | ᠪᠠᠶᠢᠷᠢᠰᠢᠭᠤᠯᠤᠯ ᠢ ᠰᠢᠨᠵᠢᠯᠡᠬᠦ ᠤᠬᠠᠭᠠᠨᠴᠢ ᠪᠠᠷ ᠬᠥᠲᠥᠯᠥᠨ ᠵᠢᠯᠣᠭᠤᠳᠤᠨ᠎ᠠ ᠃ ᠬᠤᠲᠠ ᠶᠢᠨ ᠰᠢᠨᠡᠳᠬᠡᠬᠦ | ᠠᠯᠬᠤᠴᠠ ᠶᠢ ᠲᠦᠷᠭᠡᠳᠬᠡᠵᠦ᠂ 5 . 74 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ 5 | ᠶᠡᠭᠡ ᠲᠥᠷᠥᠯ᠂ 26 ᠵᠦᠢᠯ ᠤᠨ ᠭᠤᠣᠯᠳᠠᠯᠭ᠎ᠠ ᠲᠠᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ | ᠢ ᠬᠡᠷᠡᠭᠵᠢᠭᠦᠯᠵᠦ᠂ 3 ᠬᠠᠭᠤᠴᠢᠨ ᠰᠠᠭᠤᠭᠠᠯᠢ ᠲᠣᠭᠤᠷᠢᠭ᠂ 10 . 76 ᠲᠦᠮᠡᠨ ᠲᠡᠭᠰᠢ ᠳᠥᠷᠪᠡᠯᠵᠢᠨ ᠮᠧᠳ᠋ᠷ ᠤᠨ | ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ | ᠠᠬᠢᠭᠤᠯᠵᠤ᠂ ᠤᠰᠤ᠂ ᠴᠠᠬᠢᠯᠭᠠᠨ᠂ ᠵᠠᠮ᠂ ᠴᠢᠮᠡᠭᠡ ᠬᠤᠯᠪᠣᠭ᠎ᠠ᠂ ᠢᠯᠴᠢ᠂ ᠬᠡᠢ ᠪᠠ ᠭᠠᠵᠠᠷ ᠳᠣᠣᠷᠠᠬᠢ ᠬᠤᠭᠤᠯᠠᠢ | ᠶᠢᠨ ᠲᠣᠣᠷ ᠵᠡᠷᠭᠡ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ᠬᠤᠲᠠ ᠶᠢᠨ ᠲᠣᠭᠤᠷᠢᠭ ᠤᠨ ᠨᠣᠭᠤᠭᠠᠨ ᠬᠥᠷᠥᠰᠥ ᠶᠢᠨ ᠨᠢᠴᠦᠭᠦᠨ ᠬᠥᠷᠥᠰᠥ ᠶᠢ | ᠬᠥᠳᠡᠯᠦᠩᠭᠦᠢ ᠪᠠᠷ ᠦᠭᠡᠢ ᠪᠣᠯᠭᠠᠬᠤ ᠶᠢ ᠠᠬᠢᠭᠤᠯᠵᠤ᠂ ᠬᠤᠲᠠ ᠶᠢᠨ ᠴᠢᠳᠠᠮᠵᠢ ᠶᠢᠨ ᠴᠢᠨᠠᠷ ᠴᠢᠨᠰᠠᠭ᠎ᠠ ᠶᠢ ᠦᠨᠡᠨᠬᠦ | ᠰᠢᠯᠢᠳᠡᠭᠵᠢᠭᠦᠯᠦᠨ᠎ᠡ ᠃ ᠬᠤᠲᠠ ᠶᠢᠨ ᠵᠠᠮ ᠤᠨ ᠭᠠᠵᠠᠷ ᠳᠣᠣᠷᠠᠬᠢ ᠬᠥᠨᠳᠡᠢ ᠶᠢ ᠪᠠᠶᠢᠴᠠᠭᠠᠨ ᠰᠢᠨᠵᠢᠬᠦ ᠶᠢ | ᠥᠷᠨᠢᠭᠦᠯᠵᠦ᠂ ᠭᠤᠣᠯ ᠵᠠᠮ᠂ ᠬᠤᠲᠠ ᠶᠢᠨ ᠶᠠᠪᠤᠳᠠᠯ ᠤᠨ ᠪᠡᠯᠡᠳᠬᠡᠮᠵᠢ ᠵᠡᠷᠭᠡ ᠬᠥᠨᠳᠡᠢ ᠬᠤᠭᠤᠰᠣᠨ ᠤ | ᠲᠦᠭᠰᠢᠭᠦᠷᠢ ᠶᠢ ᠠᠷᠢᠯᠭᠠᠨ᠂ ᠠᠮᠤᠷ ᠲᠦᠪᠰᠢᠨ᠂ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ | ᠪᠠᠶᠢᠭᠤᠯᠤᠨ᠎ᠠ ᠃ | ᠪᠦᠬᠦ ᠣᠷᠣᠨ ᠪᠦᠰᠡᠴᠢᠯᠡᠭᠰᠡᠨ ᠬᠤᠲᠠ ᠶᠢᠨ ᠬᠠᠮᠢᠶᠠᠷᠤᠯᠲᠠ ᠶᠢ ᠴᠢᠩᠭᠠᠳᠬᠠᠨ᠎ᠠ ᠃ ᠬᠤᠲᠠ ᠶᠢᠨ ᠳᠦᠷᠢ | ᠲᠥᠷᠬᠦ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 《 ᠵᠡᠭᠡᠯᠢ ᠭᠤᠳᠤᠮᠵᠢ ᠶᠢᠨ ᠳᠠᠷᠤᠭ᠎ᠠ ᠶᠢᠨ ᠲᠦᠷᠢᠮ 》᠂ | 《 ᠬᠡᠰᠡᠭ ᠳᠠᠷᠤᠭ᠎ᠠ ᠶᠢᠨ ᠲᠦᠷᠢᠮ 》 ᠢ ᠴᠢᠩᠭ᠎ᠠ ᠨᠠᠶᠢᠳᠠᠪᠤᠷᠢᠵᠢᠭᠤᠯᠤᠨ᠂ 《 ᠵᠠᠰᠠᠮᠠᠯ ᠵᠠᠮ ᠢᠶᠠᠷ ᠠᠵᠢᠯᠯᠠᠬᠤ | 》 ᠪᠠ 《 ᠨᠢᠭᠡᠳᠦᠭᠡᠷ ᠹᠷᠣᠨᠲ ᠤᠨ ᠠᠵᠢᠯ ᠤᠨ ᠠᠷᠭ᠎ᠠ 》 ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠤᠲᠠ ᠶᠢᠨ | ᠬᠠᠮᠢᠶᠠᠷᠤᠯᠲᠠ ᠶᠢ ᠪᠠᠶᠢᠩᠭᠤᠵᠢᠭᠤᠯᠬᠤ ᠪᠠ ᠣᠷᠳᠣ ᠬᠤᠭᠤᠴᠠᠭ᠎ᠠ ᠪᠦᠲᠦᠮᠵᠢᠲᠡᠶ ᠪᠠᠶᠢᠯᠭᠠᠬᠤ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠡᠭᠦᠳᠴᠦ ᠡᠷᠡᠭᠦᠯ ᠬᠠᠮᠠᠭᠠᠯᠠᠯ ᠢ ᠡᠭᠦᠳᠦᠭᠰᠡᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠦᠨ᠎ᠡ ᠃ ᠬᠤᠲᠠ ᠶᠢᠨ ᠳᠦᠷᠢ ᠲᠥᠷᠬᠦ ᠶᠢᠨ ᠬᠠᠮᠢᠶᠠᠷᠤᠯᠲᠠ ᠶᠢ ᠴᠢᠩᠭᠠᠳᠬᠠᠵᠤ᠂ 《 | ᠵᠢᠷᠭᠤᠭᠠᠨ ᠳᠤᠷ᠎ᠠ ᠪᠠᠷ ᠪᠠᠶᠬᠤ 》᠂ ᠳᠤᠷ᠎ᠠ ᠪᠠᠷ ᠢᠶᠠᠨ ᠪᠠᠷᠢᠵᠤ ᠪᠠᠶᠢᠭᠤᠯᠬᠤ ᠪᠠ ᠵᠠᠳᠠᠭᠠᠢ ᠰᠢᠷᠠᠬᠤ ᠵᠡᠷᠭᠡ | ᠲᠤᠰᠬᠠᠢ ᠲᠥᠷᠥᠯ ᠤᠨ ᠴᠡᠭᠴᠡᠯᠡᠨ ᠵᠠᠰᠠᠯᠲᠠ ᠶᠢ ᠠᠬᠢᠭᠤᠯᠵᠤ᠂ ᠵᠡᠭᠡᠯᠢ ᠭᠤᠳᠤᠮᠵᠢ ᠶᠢ ᠶᠡᠷᠦᠩᠬᠡᠢᠯᠡᠨ ᠵᠠᠰᠠᠬᠤ ᠶᠢ | ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ 77 ᠰᠠᠭᠤᠭᠠᠯᠢ ᠠᠷᠠᠳ ᠤᠨ ᠲᠣᠭᠤᠷᠢᠭ ᠲᠤ ᠠᠮᠢᠳᠤᠷᠠᠯ ᠤᠨ ᠬᠤᠭ | ᠨᠣᠪᠰᠢ ᠶᠢ ᠲᠥᠷᠦᠯ ᠬᠤᠪᠢᠶᠠᠨ ᠬᠠᠮᠢᠶᠠᠷᠬᠤ ᠶᠢ ᠪᠦᠷᠬᠦᠭᠦᠯᠬᠦ ᠶᠢ ᠠᠬᠢᠭᠤᠯᠤᠨ᠎ᠠ ᠃ ᠣᠷᠴᠢᠨ ᠲᠣᠭᠤᠷᠢᠨ ᠤ | ᠠᠷᠢᠭᠤᠨ ᠴᠡᠪᠡᠷ ᠤᠨ ᠠᠵᠢᠯ ᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠭᠤᠤᠯ | ᠪᠠ ᠳᠡᠳ᠋ ᠵᠠᠮ ᠤᠨ ᠪᠦᠬᠦᠯᠢ ᠡᠳᠦᠷ ᠤᠨ ᠠᠷᠢᠭᠤᠨ ᠴᠡᠪᠡᠷ ᠢ ᠬᠠᠮᠠᠭᠠᠯᠠᠬᠤ ᠶᠠᠰᠤ ᠴᠢᠨᠠᠷ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ ᠃ ᠠᠳᠠᠯ ᠠᠬᠤᠢ ᠶᠢᠨ ᠬᠠᠮᠢᠶᠠᠷᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠶᠡᠬᠡᠪᠡᠷ | ᠠᠬᠢᠭᠤᠯᠵᠤ᠂ ᠠᠳᠠᠯ ᠠᠬᠤᠢ ᠶᠢᠨ ᠳᠡᠰ ᠬᠤᠪᠢᠶᠠᠭᠰᠠᠨ ᠬᠠᠮᠢᠶᠠᠷᠤᠯᠲᠠ ᠶᠢ ᠥᠷᠨᠢᠭᠦᠯᠦᠨ᠂ ᠪᠤᠢ ᠪᠦᠬᠦᠢ ᠵᠢᠵᠢᠭ | ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ ᠃ 《 | ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ 》 ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ 《 | ᠰᠦᠯᠵᠢᠶᠡᠨ ᠳᠡᠭᠡᠷ᠎ᠡ ᠭᠦᠶᠴᠡᠳᠬᠡᠬᠦ 》 《 ᠭᠠᠷ ᠤᠲᠠᠰᠤ ᠪᠠᠷ ᠭᠦᠶᠴᠡᠳᠬᠡᠬᠦ 》 ᠵᠡᠷᠭᠡ ᠣᠲᠣ ᠦᠶ᠎ᠡ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠰᠦᠪᠡᠭᠴᠢᠯᠡᠨ ᠠᠰᠢᠭᠯᠠᠵᠤ᠂ ᠬᠤᠲᠠ ᠶᠢᠨ ᠠᠷᠠᠳ ᠢ | ᠬᠥᠲᠥᠯᠥᠨ ᠵᠢᠯᠣᠭᠤᠳᠴᠤ ᠪᠠᠶᠢᠭᠠᠳ ᠬᠤᠲᠠ ᠶᠢᠨ ᠬᠠᠮᠢᠶᠠᠷᠤᠯᠲᠠ ᠳᠤ ᠣᠷᠣᠯᠴᠠᠭᠤᠯᠤᠨ᠂ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ ᠃ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠠᠮᠢᠳᠤᠷᠠᠯ ᠨᠢ ᠬᠦᠴᠢᠷᠳᠡᠯᠲᠡᠶ | ᠬᠡᠷ ᠪᠦᠯᠢ ᠶᠢᠨ ᠬᠥᠳᠡᠯᠦᠩᠭᠦᠶ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ | ᠲᠣᠭᠲᠠᠮᠠᠯ ᠬᠤᠭᠤᠴᠠᠭ᠎ᠠ ᠲᠠᠢ ᠪᠠᠷ ᠬᠠᠷᠭᠤᠭᠤᠯᠤᠨ ᠪᠠᠶᠢᠴᠠᠭᠠᠵᠤ᠂ ᠴᠠᠭ ᠲᠤᠬᠠᠶ ᠳᠤᠨᠢ ᠬᠠᠪᠰᠤᠷᠤᠨ ᠲᠡᠳᠬᠦᠨ᠎ᠡ ᠃ | ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠂ ᠲᠠᠷᠢᠶᠠᠨ ᠭᠠᠵᠠᠷ ᠢ 《 | ᠲᠠᠷᠢᠶᠠᠯᠠᠩ ᠤᠨ ᠪᠤᠰᠤ ᠪᠣᠯᠭᠠᠬᠤ 》 ᠶᠢ ᠡᠷᠡᠰ ᠬᠤᠷᠢᠭᠯᠠᠵᠤ᠂ 《 ᠠᠮᠤ ᠪᠤᠳᠠᠭᠠᠨ ᠤ ᠪᠤᠰᠤ ᠪᠣᠯᠭᠠᠬᠤ 》 ᠶᠢ | ᠰᠡᠷᠭᠡᠶᠢᠯᠡᠨ᠂ ᠠᠮᠤ ᠪᠤᠳᠠᠭ᠎ᠠ ᠶᠢᠨ ᠠᠮᠤᠷ ᠲᠦᠪᠰᠢᠨ ᠤ ᠬᠤᠰᠢᠭᠤ ᠰᠢᠶᠠᠨ ᠲᠣᠭᠤᠷᠢᠭ ᠤᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠩᠬᠠᠨ ᠤ ᠪᠦᠲᠦᠭᠡᠭᠳᠡᠬᠦᠨ ᠤ | ᠪᠠᠲᠤᠯᠠᠭ᠎ᠠ ᠬᠠᠩᠭᠠᠯᠭ᠎ᠠ ᠶᠢ ᠰᠠᠶᠢᠲᠤᠷ ᠬᠢᠵᠦ᠂ ᠲᠠᠷᠢᠶᠠᠯᠠᠩ ᠲᠤᠰᠠᠯᠠᠬᠤ ᠦᠢᠯᠡᠳᠪᠦᠷᠢᠯᠡᠯ ᠤᠨ ᠪᠦᠲᠦᠭᠡᠭᠳᠡᠬᠦᠨ ᠤ | ᠬᠠᠩᠭᠠᠯᠭ᠎ᠠ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠃ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ 4 ᠵᠠᠰᠠᠭ ᠵᠠᠬᠢᠷᠭᠠᠨ ᠤ ᠭᠠᠴᠠᠭ᠎ᠠ | ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠷᠭᠡᠳᠬᠡᠨ᠂ 6 ᠳ᠋ᠤᠭᠠᠷ ᠰᠠᠷ᠎ᠠ ᠶᠢᠨ | ᠰᠡᠭᠦᠯᠴᠢ ᠪᠠᠷ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠨ᠎ᠠ ᠃ ᠣᠷᠣᠰᠢᠨ ᠠᠮᠢᠳᠤᠷᠠᠬᠤ ᠣᠷᠴᠢᠨ ᠨᠥᠬᠦᠴᠡᠯ ᠢ | ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠢᠳᠡᠪᠬᠢᠲᠡᠢ ᠲᠦᠯᠬᠢᠨ | ᠠᠬᠢᠭᠤᠯᠵᠤ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠨᠤᠷᠮ᠎ᠠ᠂ ᠠᠷᠢᠭᠤᠨ ᠴᠡᠪᠡᠷ ᠡᠷᠦᠬᠡ ᠶᠢᠨ ᠵᠣᠷᠯᠣᠩ | ᠢ ᠲᠦᠭᠡᠮᠡᠯᠵᠢᠭᠦᠯᠬᠦ ᠨᠤᠷᠮ᠎ᠠ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠪᠦᠷᠬᠦᠴᠡ ᠶᠢᠨ | ᠨᠤᠷᠮ᠎ᠠ ᠶᠢ ᠲᠤᠰ ᠲᠤᠰ 80 %᠂ 90 % ᠪᠠ 100 % ᠠᠴᠠ ᠳᠡᠭᠡᠭᠰᠢ ᠳᠤ ᠬᠦᠷᠭᠡᠨ᠎ᠡ ᠃ | ︵ᠲᠤᠯᠤᠭ᠎ᠠ ) ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ | ᠪᠤᠶᠠᠨ ᠵᠢᠷᠭᠠᠯ ᠢ ᠰᠡᠳᠬᠢᠯ ᠲᠠᠯᠪᠢᠨ ᠬᠦᠴᠦ ᠣᠷᠣᠭᠤᠯᠵᠤ ᠪᠠᠶᠢᠭᠠᠳ ᠨᠡᠮᠡᠭᠳᠡᠭᠦᠯᠪᠡ | ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ ᠃ | ᠠᠵᠢᠯ ᠣᠯᠭᠤᠬᠤ ᠶᠢ ᠡᠩ ᠲᠡᠷᠢᠭᠦᠨ ᠳᠤ ᠪᠠᠶᠢᠯᠭᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ᠂ ᠴᠡᠷᠢᠭ ᠤᠨ | ᠠᠯᠪᠠᠨ ᠠᠴᠠ ᠪᠠᠭᠤᠭᠰᠠᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠲᠣᠪᠣᠶᠢᠮ᠎ᠠ ᠰᠠᠶᠢᠲᠤᠷ | ᠬᠢᠵᠦ᠂ ᠵᠡᠮᠳᠡᠭᠴᠦᠳ᠂ ᠨᠢᠭᠡ ᠬᠥᠮᠦᠨ ᠴᠦ ᠠᠵᠢᠯ ᠣᠯᠤᠭᠠᠳᠤᠶ ᠭᠡᠷ ᠪᠦᠯᠢ ᠳᠤ 《 ᠨᠢᠭᠡ ᠳᠤ ᠨᠢᠭᠡ 》 ᠠᠵᠢᠯ | ᠣᠯᠭᠤᠬᠤ ᠦᠶᠯᠡᠴᠢᠯᠡᠭᠡᠨ ᠢ ᠬᠠᠩᠭᠠᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠣᠯᠤᠨ ᠲᠠᠷᠢᠶᠠᠴᠢᠨ | ᠬᠦᠴᠦ ᠶᠠᠪᠤᠭᠰᠠᠳ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ 1000 ᠬᠥᠮᠦᠨ ᠤᠳᠠᠭ᠎ᠠ | ᠪᠡᠶᠡᠯᠡᠭᠦᠯᠦᠨ᠂ ᠬᠤᠲᠠ ᠪᠠᠯᠭᠠᠰᠤ ᠶᠢᠨ 2000 ᠬᠥᠮᠦᠨ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ | ᠣᠯᠭᠤᠨ᠎ᠠ ᠃ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠠᠰᠠᠷᠠᠮᠵᠢ᠂ ᠬᠠᠷᠠᠭᠠᠯᠵᠠᠨ ᠲᠥᠪᠬᠢᠨᠡᠭᠦᠯᠬᠦ ᠵᠡᠷᠭᠡ | ᠡᠯ᠎ᠡ ᠵᠦᠶᠯ ᠤᠨ ᠦᠨᠳᠦᠰᠦᠨ ᠵᠦᠶᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠨᠠᠢᠳᠠᠪᠤᠷᠢᠵᠢᠭᠤᠯᠬᠤ᠂ ᠬᠤᠲᠠ | ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠂ ᠥᠨᠥᠴᠢᠨ | ᠬᠡᠦᠬᠡᠳ ᠲᠤ ᠨᠥᠬᠦᠪᠥᠷᠢ ᠥᠭᠬᠦ ᠵᠡᠷᠭᠡ ᠣᠨᠴᠣᠭᠤᠶ ᠬᠥᠮᠦᠰ ᠢ ᠠᠪᠤᠷᠠᠨ ᠲᠤᠰᠠᠯᠠᠬᠤ ᠬᠢᠷᠢ ᠬᠡᠮᠵᠢᠶ᠎ᠡ ᠶᠢ ᠯᠠᠪᠳᠠᠭᠤᠨ | ᠢᠶᠠᠷ ᠳᠡᠭᠡᠭᠰᠢᠯᠡᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠬᠦᠷᠲᠡᠨ᠎ᠡ ᠃ 《 | ᠨᠢᠭᠡ ᠨᠠᠰᠤᠲᠠᠨ ᠨᠢᠭᠡ ᠨᠢᠯᠬ᠎ᠠ 》 ᠶᠢᠨ ᠠᠰᠠᠭᠤᠳᠠᠯ ᠢ ᠰᠠᠶᠢᠲᠤᠷ ᠰᠢᠶᠳᠪᠦᠷᠢᠯᠡᠵᠦ᠂ ᠬᠡᠷ ᠲᠡᠭᠡᠨ ᠰᠠᠭᠤᠵᠤ | ᠪᠠᠶᠢᠭ᠎ᠠ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠶᠯᠡᠴᠢᠯᠡᠭᠡᠨ ᠤ ᠥᠷᠲᠡᠭᠡ ᠴᠡᠭ ᠢ 90 % ᠳᠤ | ᠥᠷᠭᠡᠳᠬᠡᠨ ᠪᠠᠶᠢᠭᠤᠯᠬᠤ ᠡᠭᠦᠷᠭᠡ ᠶᠢ ᠪᠡᠶᠡᠯᠡᠭᠦᠯᠵᠦ᠂ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ | ᠦᠶᠯᠡᠴᠢᠯᠡᠭᠡᠨ ᠤ 《 ᠨᠢᠭᠡ ᠮᠥᠴᠡ 》 ᠶᠢᠨ ᠬᠦᠷᠢᠶ᠎ᠡ ᠶᠢ ᠲᠦᠷᠭᠡᠳᠬᠡᠨ ᠪᠠᠶᠢᠭᠤᠯᠤᠨ᠎ᠠ ᠃ ᠦᠷᠡᠵᠢᠯ ᠤᠨ | ᠰᠢᠨ᠎ᠡ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠢᠷᠠᠶ ᠨᠢᠯᠬ᠎ᠠ ᠬᠡᠦᠬᠡᠳ ᠢ ᠰᠠᠭᠠᠲᠠᠭᠤᠯᠤᠨ | ᠠᠰᠠᠷᠠᠬᠤ ᠦᠶᠯᠡᠴᠢᠯᠡᠭᠡ ᠶᠢ ᠶᠡᠬᠡᠪᠡᠷ ᠬᠥᠭᠵᠢᠭᠦᠯᠵᠦ᠂ ᠬᠡᠦᠬᠡᠳ ᠰᠠᠭᠠᠲᠠᠭᠤᠯᠤᠨ ᠬᠥᠮᠦᠵᠢᠭᠦᠯᠬᠦ ᠥᠪᠡᠷᠮᠢᠴᠡ | ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ ᠃ | ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ ᠃ 《 ᠬᠤᠶᠠᠷ | ᠢ ᠪᠠᠭᠠᠰᠬᠠᠬᠤ 》 ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠠᠯᠪᠠᠨ ᠠᠴᠠ ᠡᠷᠬᠢᠯᠡᠭᠰᠡᠨ ᠬᠡᠦᠬᠡᠳ | ᠤᠨ ᠴᠡᠴᠡᠷᠯᠢᠭ ᠤᠨ ᠡᠵᠡᠯᠡᠬᠦ ᠬᠠᠷᠢᠴᠠᠯ ᠢ ᠦᠨᠡᠨ ᠬᠦ ᠳᠡᠭᠡᠭᠰᠢᠯᠡᠭᠦᠯᠵᠦ᠂ ᠰᠠᠭᠤᠷᠢ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠤᠨ ᠪᠠᠷᠢᠮᠵᠢᠶᠠᠵᠢᠯ ᠢ ᠶᠡᠭᠡ ᠪᠠᠷ ᠠᠬᠢᠭᠤᠯᠵᠤ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠠᠭᠰᠢ ᠶᠢᠨ 《 ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ | ᠤᠷᠢᠬᠤ 》 ᠬᠠᠮᠢᠶᠠᠷᠤᠯᠲᠠ ᠶᠢᠨ ᠥᠭᠡᠷᠡᠴᠢᠯᠡᠯᠲᠡ ᠪᠣᠯᠤᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ | ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠭᠤᠯᠢ ᠶᠢᠨ | ᠵᠠᠬᠢᠷᠤᠯ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠠᠵᠢᠯ ᠤᠨ | ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠃ ᠠᠮᠢᠳᠤ ᠪᠣᠳᠠᠰ ᠤᠨ ᠠᠮᠤᠷ ᠲᠦᠪᠰᠢᠨ ᠪᠠ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ | ᠤᠨ ᠭᠡᠨᠡᠳᠲᠡ ᠶᠢᠨ ᠬᠡᠷᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠠ ᠪᠠᠴᠢᠮ ᠪᠠᠶᠢᠳᠠᠯ ᠢ | ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠣᠯᠠᠨ ᠲᠦᠮᠡᠨ ᠤ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ | ᠨᠠᠩ ᠰᠠᠶᠢᠲᠤᠷ ᠬᠠᠩᠭᠠᠨ᠎ᠠ ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠶᠡᠭᠡ ᠪᠠᠷ | ᠪᠣᠶᠢᠵᠢᠭᠤᠯᠤᠨ ᠦᠢᠯᠡᠳᠦᠯᠭᠡᠵᠢᠭᠦᠯᠵᠦ᠂ 《 ᠬᠤᠨ ᠭᠠᠯᠠᠭᠤ ᠤᠩᠰᠢᠯᠭ᠎ᠠ ᠶᠢᠨ ᠢᠨᠵᠧᠨᠧᠷᠢᠩ 》᠂ 《 | ᠲᠠᠷᠢᠶᠠᠴᠢᠨ ᠠᠶᠢᠯ ᠤᠨ ᠨᠣᠮ ᠤᠨ ᠦᠷᠦᠭᠡ 》 ᠵᠡᠷᠭᠡ ᠭᠤᠣᠯᠳᠠᠯᠭ᠎ᠠ ᠲᠠᠢ ᠦᠨᠳᠦᠰᠦᠨ ᠱᠠᠲᠤᠨ ᠤ ᠤᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠢᠨᠵᠧᠨᠧᠷᠢᠩ ᠤᠨ ᠪᠠᠶᠢᠭᠤᠯᠤᠯᠲᠠ ᠶᠢ ᠠᠬᠢᠭᠤᠯᠵᠤ᠂ ᠤᠯᠠᠨ ᠨᠡᠶᠢᠲᠡ | ᠶᠢᠨ ᠰᠣᠶᠣᠯ ᠤᠨ ᠲᠥᠬᠦᠭᠡᠷᠦᠮᠵᠢ ᠶᠢ ᠦᠨᠳᠦᠰᠦᠨ ᠱᠠᠲᠤᠨ ᠳᠤ ᠨᠡᠶᠢᠳᠡᠮ ᠪᠦᠷᠬᠦᠬᠦᠯᠬᠦ ᠶᠢ ᠪᠡᠶᠡᠯᠡᠭᠦᠯᠵᠦ᠂ ᠤᠯᠠᠨ | ᠲᠦᠮᠡᠨ ᠤ ᠤᠯᠠᠨ ᠶᠠᠩᠵᠤ ᠶᠢᠨ᠂ ᠤᠯᠠᠨ ᠲᠡᠰ ᠳᠠᠪᠬᠤᠷᠭ᠎ᠠ ᠶᠢᠨ᠂ ᠤᠯᠠᠨ ᠲᠠᠯ᠎ᠠ ᠶᠢᠨ ᠤᠶᠤᠨ ᠤ ᠰᠣᠶᠣᠯ ᠤᠨ | ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠨ᠎ᠠ ᠃ | ᠨᠠᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠥᠨᠳᠥᠷ ᠰᠢᠨ᠎ᠡ ᠣᠷᠣᠨ ᠢ ᠪᠦᠲᠦᠭᠡᠨ ᠪᠠᠢᠭᠤᠯᠤᠨ᠎ᠠ ᠃ | ᠠᠶᠤᠯᠭᠦᠶ ᠦᠶᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠴᠢᠨᠠᠷ ᠰᠠᠶᠢᠲᠠᠶ | ᠪᠡᠶᠡᠯᠡᠭᠦᠯᠵᠦ᠂ ᠬᠤᠲᠠ ᠪᠠᠯᠭᠠᠰᠤᠨ ᠤ ᠰᠢᠲᠠᠮᠠᠬᠠᠶ ᠬᠡᠶ᠂ ᠵᠠᠮ ᠬᠠᠷᠢᠯᠴᠠᠭ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ | ᠂ ᠪᠠᠷᠢᠯᠭ᠎ᠠ ᠶᠢᠨ ᠠᠵᠢᠯ᠂ ᠠᠶᠤᠯᠲᠠᠶ ᠬᠢᠮᠢ ᠶᠢᠨ ᠪᠣᠳᠠᠰ ᠵᠡᠷᠭᠡ ᠭᠤᠤᠯᠳᠠᠯᠭ᠎ᠠ ᠲᠠᠢ ᠬᠦᠷᠢᠶᠡᠨ ᠤ ᠳᠠᠯᠳᠠ ᠭᠡᠮ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠠᠶᠤᠯᠭᠦᠶ ᠦᠶᠯᠡᠳᠪᠦᠷᠢᠯᠡᠯ | ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ ᠃ 《 ᠳᠥᠷᠪᠡᠨ ᠬᠠᠮᠤᠭ ᠤᠨ | ᠴᠢᠩᠭ᠎ᠠ 》 ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠶᠯᠡᠳᠪᠦᠷᠢᠯᠡᠬᠦ᠂ ᠪᠣᠷᠣᠯᠠᠭᠤᠯᠬᠤ᠂ ᠢᠳᠡᠭᠡᠨ ᠤᠮᠳᠠᠭᠠᠨ | ᠵᠡᠷᠭᠡ ᠡᠯ᠎ᠡ ᠭᠤᠭᠴᠤᠭ᠎ᠠ ᠶᠢᠨ ᠪᠥᠬᠦ ᠬᠡᠯᠬᠢᠶᠡᠰᠦ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ | ᠠᠳᠬᠤᠵᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ᠂ ᠲᠣᠤᠷ ᠰᠦᠯᠵᠢᠶ᠎ᠡ ᠶᠢᠨ ᠢᠳᠡᠭᠡᠨ ᠤᠮᠳᠠᠭᠠᠨ | ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠲᠦᠭᠰᠢᠭᠦᠷᠢ ᠶᠢᠨ ᠬᠡᠮ ᠰᠣᠭᠤᠭ ᠢ | ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠷᠠᠭᠤᠯᠤᠨ᠂ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠢ | ᠦᠨᠡᠨᠬᠦ ᠪᠠᠲᠤᠯᠠᠨ᠎ᠠ ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠬᠦᠯᠵᠤ᠂ | ᠪᠡᠯᠡᠳᠬᠡᠬᠦ ᠠᠴᠠ ᠪᠢᠰᠢ ᠬᠡᠷᠡᠭᠯᠡᠬᠦ ᠦᠭᠡᠢ᠂ ᠬᠡᠷᠡᠭᠯᠡᠬᠦ ᠠᠴᠠ ᠪᠢᠰᠢ ᠪᠡᠯᠡᠳᠬᠡᠯ ᠦᠭᠡᠢ ᠪᠠᠶᠢᠬᠤ ᠣᠶᠢᠯᠠᠭᠠᠭᠳᠠᠬᠤᠨ | ᠢᠶᠠᠷ ᠪᠠᠴᠢᠮ ᠪᠠᠶᠢᠳᠠᠯ ᠢ ᠠᠷᠭᠠᠴᠠᠭᠠᠬᠤ ᠨᠥᠭᠡᠴᠡ ᠢᠯᠠᠩᠭᠤᠶ᠎ᠠ ᠬᠢᠵᠢᠭ ᠢ ᠰᠡᠷᠭᠡᠶᠢᠯᠡᠬᠦ ᠨᠥᠭᠡᠴᠡ ᠶᠢᠨ ᠴᠢᠳᠠᠪᠤᠷᠢ | ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠃ ᠰᠢᠨ᠎ᠡ ᠴᠠᠭ ᠦᠶ᠎ᠡ ᠶᠢᠨ 《 | ᠹᠧᠩ ᠴᠢᠶᠣᠤ ᠶᠢᠨ ᠲᠤᠷᠰᠢᠯᠭ᠎ᠠ 》 ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠢᠭᠤᠷᠠᠯᠳᠤᠭᠠᠨ ᠤ ᠳᠠᠯᠳᠠ ᠬᠡᠮ | ᠢ ᠪᠠᠶᠢᠴᠠᠭᠠᠨ ᠠᠷᠢᠯᠭᠠᠬᠤ ᠶᠢ ᠭᠦᠨᠵᠡᠭᠡᠶᠢᠷᠡᠭᠦᠯᠦᠨ᠂ 《 ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠶᠢ ᠵᠠᠰᠠᠬᠤ᠂ | ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ 》 ᠲᠤᠰᠬᠠᠶ ᠠᠵᠢᠯ ᠢ ᠦᠷᠭᠦᠯᠵᠢᠯᠡᠨ | ᠠᠬᠢᠭᠤᠯᠵᠤ᠂ ᠵᠢᠯ ᠤᠨ ᠳᠣᠲᠣᠷ᠎ᠠ ᠪᠦᠬᠦᠨ ᠢ ᠰᠢᠶᠳᠪᠦᠷᠢᠯᠡᠬᠦ ᠶᠢ ᠦᠨᠡᠨ ᠬᠦ ᠪᠠᠲᠤᠯᠠᠨ᠎ᠠ ᠃ ᠬᠤᠳᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠲᠤᠭᠳᠠᠴᠠᠵᠢᠭᠤᠯᠬᠤ᠂ ᠪᠠᠶᠢᠩᠭᠤᠵᠢᠭᠤᠯᠬᠤ᠂ ᠬᠠᠤᠯᠢᠵᠢᠭᠤᠯᠬᠤ ᠶᠢ | ᠠᠬᠢᠭᠤᠯᠵᠤ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠵᠠᠰᠠᠵᠤ᠂ ᠨᠠᠮ | ᠤᠨ ᠬᠤᠷᠢᠳᠤᠭᠠᠷ ᠶᠡᠭᠡ ᠬᠤᠷᠠᠯ ᠵᠡᠷᠭᠡ ᠠᠮᠤᠷ ᠢ ᠬᠠᠮᠠᠭᠠᠯᠠᠬᠤ ᠲᠣᠭᠲᠠᠭᠤᠨ ᠢ ᠬᠠᠮᠠᠭᠠᠯᠠᠬᠤ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ | ᠬᠡᠷᠡᠭᠲᠡᠢ ᠃ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ ᠃ ᠳᠤᠮᠳᠠᠳᠤ ᠶᠢᠨ ᠦᠨᠳᠦᠰᠦᠲᠡᠨ ᠤ ᠬᠠᠮᠲᠤ | ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠬᠦ ᠪᠠ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠵᠦ᠂ ᠳᠤᠮᠳᠠᠳᠤ ᠶᠢᠨ ᠦᠨᠳᠦᠰᠦᠲᠡᠨ | ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠲᠦᠯᠦᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ | ᠬᠠᠮᠲᠤᠳᠬᠠᠬᠤ᠂ ᠵᠢᠷᠭᠠᠯ ᠵᠣᠪᠠᠯ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ | ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ 《 ᠭᠤᠷᠪᠠᠨ | ᠰᠠᠯᠵᠤ ᠴᠢᠳᠠᠬᠤ ᠦᠭᠡᠢ 》᠂ 《 ᠲᠠᠪᠤᠨ ᠬᠠᠮᠲᠤ ᠶᠢᠨ ᠲᠠᠨᠢᠯᠲᠠ 》 ᠶᠢ ᠲᠠᠰᠤᠷᠠᠯᠲᠠ ᠦᠭᠡᠢ ᠴᠢᠩᠭᠠᠳᠬᠠᠵᠤ᠂ | 《 ᠵᠢᠱᠢᠶᠡᠴᠢ ᠥᠪᠡᠷᠲᠡᠭᠡᠨ ᠵᠠᠰᠠᠬᠤ ᠣᠷᠣᠨ 》 ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠨ᠎ᠠ ᠃ | 《 ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ 》 《 ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ 》 ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 《 ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ 》᠂ 《 ᠠᠷᠠᠳᠴᠢᠯᠠᠯ ᠬᠠᠤᠯᠢᠵᠢᠯ ᠤᠨ ᠤᠬᠠᠭᠤᠯᠭ᠎ᠠ ᠶᠢᠨ ᠭᠠᠷᠠᠭ 》 | ᠵᠡᠷᠭᠡ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠡᠷᠭᠢᠯᠡᠵᠦ᠂ ᠥᠨᠳᠥᠷ ᠪᠠᠷᠢᠮᠵᠢᠶ᠎ᠠ ᠪᠠᠷ | 10 《 ᠤᠯᠠᠭᠠᠨ ᠠᠨᠠᠷ ᠬᠡᠷ ᠣᠷᠣᠨ 》 ᠢ ᠴᠣᠭᠴᠠᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠡᠶ᠎ᠡ ᠨᠠᠶᠢᠷᠲᠠᠶ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠩᠭᠤᠶ | ᠪᠠᠷ ᠬᠥᠭᠵᠢᠬᠦ ᠶᠢ ᠠᠬᠢᠭᠤᠯᠤᠨ᠎ᠠ ᠃ | ( ᠨᠠᠶᠮᠠ ) ᠦᠨᠡᠨ ᠬᠦ ᠠᠳᠬᠤᠨ ᠪᠣᠳᠠᠲᠠᠶ ᠠᠵᠢᠯᠯᠠᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠤᠨ᠎ᠠ | ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠨ᠎ᠠ ᠃ ᠤᠯᠤᠰ ᠲᠥᠷᠥ ᠶᠢ ᠡᠷᠬᠢᠮᠯᠡᠬᠦ ᠶᠢ ᠲᠡᠷᠢᠭᠦᠨ | ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ 《 ᠬᠤᠶᠠᠷ ᠢ ᠲᠣᠭᠲᠠᠭᠠᠬᠤ 》 ᠶᠢ ᠬᠠᠮᠤᠭ ᠤᠨ ᠭᠦᠨᠵᠡᠭᠡᠶ ᠤᠯᠤᠰ | ᠲᠥᠷᠥ ᠶᠢᠨ ᠣᠶᠢᠯᠠᠭᠠᠯᠲᠠ᠂ ᠤᠯᠤᠰ ᠲᠥᠷᠥ ᠶᠢᠨ ᠢᠲᠡᠭᠡᠯ ᠪᠢᠰᠢᠷᠡᠯ ᠪᠣᠯᠭᠠᠵᠤ᠂ 《 ᠬᠤᠶᠠᠷ ᠢ ᠬᠠᠮᠠᠭᠠᠯᠠᠬᠤ 》 | ᠶᠢ ᠬᠠᠮᠤᠭ ᠤᠨ ᠪᠠᠲᠤ ᠴᠢᠩᠭ᠎ᠠ ᠤᠯᠤᠰ ᠲᠥᠷᠥ ᠶᠢᠨ ᠵᠣᠭᠰᠣᠯᠲᠠ᠂ ᠤᠯᠤᠰ ᠲᠥᠷᠥ ᠶᠢᠨ ᠦᠨᠡᠨᠴᠢ ᠰᠢᠳᠤᠷᠭᠤ | ᠪᠣᠯᠭᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ | ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠃ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠤᠨ | ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡ ᠶᠢᠨ ᠲᠤᠷᠰᠢᠯᠭ᠎ᠠ ᠠᠴᠠ ᠤᠶᠤᠨ | ᠤᠬᠠᠭᠠᠨ ᠪᠠ ᠬᠦᠴᠦᠨ ᠴᠢᠳᠠᠯ ᠣᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ | ᠢ ᠲᠥᠪ ᠴᠢᠩᠭ᠎ᠠ ᠪᠣᠯᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭᠠᠳᠬᠠᠵᠤ᠂ ᠤᠯᠤᠰ ᠲᠦᠷᠦ | ᠶᠢᠨ ᠰᠠᠬᠢᠯᠭ᠎ᠠ ᠪᠠᠲᠤ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ᠂ ᠤᠬᠠᠮᠰᠠᠷ ᠠᠴᠠ ᠪᠠᠨ ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠷ ᠢᠶᠠᠨ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ | ᠲᠦᠷᠦ ᠶᠢᠨ ᠬᠡᠪ ᠴᠢᠨᠠᠷ ᠢ ᠳᠠᠪᠲᠠᠨ ᠪᠣᠯᠪᠠᠰᠤᠷᠠᠭᠤᠯᠤᠨ᠎ᠠ ᠃ ᠤᠯᠤᠰ ᠲᠥᠷᠥ ᠶᠢ ᠡᠷᠬᠢᠮᠯᠡᠬᠦ ᠦᠨᠳᠦᠷᠴᠡ ᠠᠴᠠ | ᠡᠯ᠎ᠡ ᠵᠦᠶᠯ ᠤᠨ ᠠᠵᠢᠯ ᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ | ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠨᠠᠮ ᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ | ᠤᠨ ᠣᠷᠳᠣᠨ ᠤ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ᠂ ᠡᠬᠡ ᠲᠠᠩᠰᠠ ᠪᠠᠶᠢᠭᠤᠯᠤᠨ᠂ ᠠᠵᠢᠯ ᠤᠨ ᠬᠤᠭᠤᠴᠠᠭ᠎ᠠ ᠶᠢ | ᠲᠣᠩᠭᠤᠷᠤᠭᠤᠯᠤᠨ ᠵᠢᠭᠰᠠᠭᠠᠵᠤ᠂ ᠵᠢᠷᠤᠭ ᠡᠯᠭᠦᠨ ᠪᠠᠶᠢᠯᠳᠤᠵᠤ᠂ ᠪᠠᠶᠢᠷᠢᠯᠠᠭᠤᠯᠤᠯᠲᠠ ᠱᠠᠭᠠᠷᠳᠠᠯᠭ᠎ᠠ ᠨᠢᠭᠡᠪᠦᠷᠢ ᠶᠢ | ᠪᠣᠳᠠᠲᠠᠶ ᠳᠤ ᠨᠠᠶᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ ᠃ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ ᠃ ᠰᠤᠷᠲᠠᠯ ᠤᠨ ᠪᠠᠶᠢᠭᠤᠯᠤᠯᠲᠠ ᠶᠢᠨ ᠰᠤᠷᠤᠯᠴᠠᠯᠭ᠎ᠠ | ᠦᠢᠯᠡᠳᠦᠯᠭᠡ ᠶᠢᠨ ᠠᠵᠢᠯᠯᠠᠭ᠎ᠠ ᠶᠢ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠺᠠᠳ᠋ᠷᠴᠤᠳ ᠢ ᠬᠦᠲᠦᠯᠦᠨ | ᠵᠢᠯᠣᠭᠤᠳᠴᠤ ᠪᠠᠶᠢᠭᠠᠳ《 ᠰᠢᠪᠲᠤᠯᠤᠯᠲᠠ ᠬᠢᠬᠦ 》 ᠡᠷᠴᠢ ᠵᠣᠷᠢᠭ ᠲᠠᠢ ᠪᠣᠯᠭᠠᠵᠤ ᠂《 ᠪᠤᠯᠢᠶᠠᠬᠤ 》 | ᠪᠠᠶᠢᠳᠠᠯ ᠲᠠᠢ ᠪᠣᠯᠭᠠᠵᠤ᠂《 ᠰᠢᠨ᠎ᠡ 》 ᠳᠦᠷᠰᠦ ᠪᠠᠶᠢᠳᠠᠯ ᠢ ᠢᠯᠡᠷᠡᠭᠦᠯᠵᠦ᠂ ᠬᠠᠮᠤᠭ ᠤᠨ ᠬᠦᠨᠳᠦ ᠡᠭᠦᠷᠭᠡ ᠶᠢ | ᠵᠣᠷᠢᠭᠲᠠᠢ ᠡᠭᠦᠷᠭᠡᠯᠡᠵᠦ᠂ ᠬᠠᠮᠤᠭ ᠤᠨ ᠬᠦᠴᠢᠷ ᠠᠰᠠᠭᠤᠳᠠᠯ ᠢ ᠵᠣᠷᠢᠭᠲᠠᠢ ᠰᠢᠢᠳᠪᠦᠷᠢᠯᠡᠵᠦ᠂ ᠵᠣᠷᠢᠭᠲᠠᠢ ᠪᠠᠷ | ᠤᠷᠤᠭᠰᠢᠯᠠᠨ ᠳᠠᠪᠰᠢᠬᠤ᠂ ᠡᠭᠦᠷᠢᠳᠡ ᠦᠯᠦ ᠴᠠᠯᠠᠭᠠᠶᠢᠷᠠᠬᠤ ᠤᠶᠤᠨ ᠰᠠᠨᠠᠭᠠᠨ ᠤ ᠳᠦᠷᠰᠦ ᠪᠠᠶᠢᠳᠠᠯ ᠪᠠ ᠵᠣᠷᠢᠭᠲᠠᠢ | ᠬᠢᠵᠦ ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠷ ᠠᠵᠢᠯ ᠬᠢᠵᠦ ᠦᠢᠯᠡᠰ | ᠪᠦᠲᠦᠭᠡᠵᠦ᠂ ᠬᠥᠭᠵᠢᠯᠲᠡ ᠶᠢ ᠠᠬᠢᠭᠤᠯᠬᠤ ᠬᠡᠷᠡᠭᠲᠡᠢ ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ | ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠢ | ᠲᠥᠷᠥᠯ ᠵᠦᠶᠯ ᠪᠣᠯᠭᠠᠬᠤ᠂ ᠲᠥᠷᠥᠯ ᠵᠦᠶᠯ ᠢ ᠨᠠᠷᠢᠨ ᠬᠠᠭᠤᠳᠠᠰᠤ ᠪᠣᠯᠭᠠᠬᠤ᠂ ᠨᠠᠷᠢᠨ ᠬᠠᠭᠤᠳᠠᠰᠤ ᠪᠠᠷ | ᠬᠠᠷᠢᠭᠤᠴᠠᠯᠭ᠎ᠠ ᠪᠣᠯᠭᠠᠬᠤ ᠶᠢ ᠪᠠᠷᠢᠮᠲᠠᠯᠠᠵᠤ᠂ ᠠᠵᠤ ᠠᠬᠤᠶ ᠶᠢᠨ ᠬᠥᠭᠵᠢᠯᠲᠡ᠂ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠳᠤᠮᠳᠠᠬᠢ ᠠᠰᠠᠭᠤᠳᠠᠯ ᠤᠨ ᠳᠤᠲᠠᠭᠤᠳᠠᠯ ᠢ ᠪᠥᠬᠦ | ᠬᠦᠴᠦᠨ ᠢᠶᠠᠷ ᠰᠢᠶᠳᠪᠦᠷᠢᠯᠡᠨ᠎ᠡ ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ 《 | ᠡᠷᠲᠡ᠂ ᠲᠦᠷᠭᠡᠨ᠂ ᠪᠣᠳᠠᠲᠠᠢ 》 ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠢᠳᠠᠪᠤᠷᠢᠵᠢᠭᠤᠯᠵᠤ᠂ ᠨᠢᠭᠡ ᠮᠥᠴᠡ | ᠴᠦ ᠬᠦᠯᠢᠶᠡᠵᠦ ᠪᠣᠯᠬᠤ ᠦᠭᠡᠢ᠂ ᠨᠢᠭᠡ ᠮᠥᠴᠡ ᠴᠦ ᠤᠳᠠᠭᠠᠰᠢᠷᠠᠭᠤᠯᠵᠤ ᠪᠣᠯᠬᠤ ᠦᠭᠡᠢ᠂ ᠨᠢᠭᠡ ᠮᠥᠴᠡ ᠴᠦ | ᠬᠤᠶᠢᠷᠭᠤᠰᠢᠵᠤ ᠪᠣᠯᠬᠤ ᠦᠭᠡᠢ ᠠᠵᠢᠯ ᠤᠨ ᠰᠤᠷᠲᠠᠯ ᠢ ᠪᠠᠳᠠᠷᠠᠭᠤᠯᠵᠤ᠂ ᠨᠢᠭᠡ ᠡᠳᠦᠷ ᠨᠢᠭᠡ ᠡᠳᠦᠷ ᠢᠶᠠᠷ | ᠨᠢᠭᠲᠠᠯᠠᠵᠤ᠂ ᠨᠢᠭᠡ ᠨᠢᠭᠡ ᠭᠤᠭᠴᠤᠭ᠎ᠠ ᠪᠠᠷ ᠵᠠᠯᠭᠠᠨ᠂ ᠨᠢᠭᠡ ᠨᠢᠭᠡ ᠠᠯᠤᠬ᠎ᠠ ᠪᠠᠷ ᠴᠣᠬᠢᠵᠤ᠂ ᠬᠥᠮᠦᠨ ᠪᠦᠬᠦᠨ | ᠬᠠᠳᠠᠭᠠᠰᠤ ᠬᠠᠳᠠᠵᠤ᠂ ᠤᠴᠢᠷ ᠪᠣᠯᠭᠠᠨ ᠢ ᠳᠠᠷᠤᠢ ᠳᠤᠨᠢ ᠭᠦᠢᠴᠡᠳᠬᠡᠵᠦ᠂ ᠨᠢᠭᠡ ᠨᠢᠭᠡ ᠶᠠᠪᠤᠳᠠᠯ ᠢᠶᠠᠷ | ᠨᠠᠶᠢᠳᠠᠪᠤᠷᠢᠵᠢᠭᠤᠯᠬᠤ ᠶᠢ ᠪᠠᠲᠤᠯᠠᠨ᠎ᠠ ᠃ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ ᠃ ᠰᠢ ᠶᠢᠨ ᠫᠢᠩ ᠤᠨ ᠬᠠᠤᠯᠢ ᠪᠠᠷ ᠵᠠᠰᠠᠬᠤ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠤᠯᠢ ᠪᠠᠷ ᠵᠠᠰᠠᠬᠤ ᠬᠠᠮᠢᠶᠠᠷᠤᠯᠲᠠ ᠶᠢᠨ ᠵᠥᠪᠯᠡᠯ | ᠤᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠴᠢᠩᠭ᠎ᠠ | ᠭᠦᠢᠴᠡᠳᠬᠡᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠰᠢᠢᠳᠪᠦᠷᠢᠲᠦ ᠪᠤᠳᠤᠯᠭ᠎ᠠ ᠲᠣᠭᠲᠠᠭᠠᠬᠤ᠂ | ᠬᠡᠷᠡᠭᠵᠢᠭᠦᠯᠬᠦ᠂ ᠨᠠᠶᠢᠳᠠᠪᠤᠷᠢᠵᠢᠭᠤᠯᠬᠤ ᠪᠦᠬᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ | ᠬᠠᠤᠯᠢ ᠠᠴᠠ ᠡᠷᠬᠡ ᠣᠯᠭᠤᠭᠰᠠᠨ ᠦᠭᠡᠢ ᠵᠦᠢᠯ ᠢ ᠬᠢᠵᠦ ᠪᠣᠯᠬᠤ ᠦᠭᠡᠢ᠂ ᠬᠠᠤᠯᠢ ᠪᠠᠷ ᠲᠣᠭᠲᠠᠭᠠᠭᠰᠠᠨ ᠡᠷᠬᠡ | ᠲᠤᠰᠢᠶᠠᠯ ᠢ ᠵᠠᠪᠠᠯ ᠰᠠᠶᠢᠲᠤᠷ ᠭᠦᠢᠴᠡᠳᠬᠡᠬᠦ ᠬᠡᠷᠡᠭᠲᠡᠢ ᠃ ᠠᠷᠠᠳᠴᠢᠯᠠᠯ ᠲᠥᠪᠯᠡᠷᠡᠯ ᠤᠨ ᠶᠣᠰᠣ ᠶᠢ | ᠲᠤᠭᠤᠰᠢᠯᠠᠭᠤᠯᠤᠨ ᠬᠡᠷᠡᠭᠵᠢᠭᠦᠯᠵᠦ᠂ 《 ᠭᠤᠷᠪᠠᠨ ᠴᠢᠬᠤᠯᠠ ᠨᠢᠭᠡ ᠶᠡᠭᠡ 》 ᠬᠠᠮᠲᠤ ᠪᠠᠷ ᠰᠢᠢᠳᠪᠦᠷᠢᠲᠦ | ᠪᠤᠳᠤᠯᠭ᠎ᠠ ᠲᠣᠭᠲᠠᠭᠠᠬᠤ ᠠᠵᠢᠯ ᠤᠨ ᠲᠦᠷᠢᠮ ᠪᠠ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ | ᠲᠣᠭᠲᠠᠭᠠᠬᠤ ᠬᠠᠤᠯᠢ ᠪᠠᠷ ᠲᠣᠭᠲᠠᠭᠠᠭᠰᠠᠨ ᠵᠢᠷᠤᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ | ᠵᠥᠪᠯᠡᠭᠴᠢ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ | ᠪᠤᠳᠤᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠬᠠᠤᠯᠢ ᠶᠣᠰᠣᠭᠠᠷ | ᠰᠢᠢᠳᠪᠦᠷᠢᠲᠦ ᠪᠤᠳᠤᠯᠭ᠎ᠠ ᠲᠣᠭᠲᠠᠭᠠᠬᠤ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠦᠨ᠎ᠡ ᠃ 《 ᠨᠠᠶᠮᠠᠳᠤᠭᠠᠷ | ᠲᠠᠪᠤᠨ ᠵᠢᠯ 》 ᠤᠨ ᠬᠠᠤᠯᠢ ᠲᠦᠭᠡᠮᠡᠯᠵᠢᠭᠦᠯᠬᠦ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠵᠠᠰᠠᠭ ᠵᠠᠬᠢᠷᠭᠠᠨ ᠤ | ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ ᠬᠢᠨᠠᠨ ᠪᠠᠶᠢᠴᠠᠭᠠᠯᠲᠠ ᠪᠠ ᠡᠷᠬᠡ ᠲᠡᠭᠰᠢ | ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠪᠠᠷᠢᠮᠵᠢᠶᠠᠵᠢᠭᠤᠯᠬᠤ ᠲᠦᠪᠰᠢᠨ ᠢ ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠠᠵᠢᠯ ᠢᠶᠠᠨ ᠨᠠᠩ ᠢᠯᠡ ᠲᠣᠳᠣ ᠪᠣᠯᠭᠠᠨ᠎ᠠ ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠎ᠠ ᠃ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠢᠳᠠᠪᠤᠷᠢᠵᠢᠭᠤᠯᠬᠤ᠂ ᠰᠠᠬᠢᠯᠭ᠎ᠠ ᠪᠠᠲᠤ | ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠ ᠬᠢᠨᠠᠨ ᠪᠣᠳᠣᠵᠤ ᠬᠢᠨᠠᠯᠲᠠ ᠲᠠᠯᠪᠢᠬᠤ ᠶᠢ ᠴᠢᠩᠭᠠᠳᠬᠠᠨ᠂ | ᠵᠠᠰᠠᠭ ᠤᠨ ᠣᠷᠳᠣᠨ ᠤ ᠲᠥᠷᠥᠯ ᠵᠦᠢᠯ᠂ ᠤᠯᠤᠰ ᠠᠴᠠ ᠥᠮᠴᠢᠯᠡᠯᠲᠡ ᠡᠳ᠋ ᠬᠥᠷᠥᠩᠭᠡ᠂ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠲᠦᠭᠰᠢᠭᠦᠷᠢ ᠶᠢᠨ | ᠰᠡᠷᠭᠡᠶᠢᠯᠡᠯᠲᠡ ᠶᠢ ᠴᠢᠩᠭᠠᠳᠬᠠᠵᠤ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ ᠪᠤᠰᠤ | ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ ᠃ ᠲᠥᠪ ᠤᠨ ᠨᠠᠢᠮᠠᠨ | ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ | ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ ᠪᠦᠷᠢᠯᠭᠡᠨ ᠰᠦᠢᠳᠬᠡᠬᠦ ᠶᠢ ᠡᠰᠡᠷᠭᠦᠴᠡᠨ᠂ ᠪᠠᠴᠢᠮ ᠬᠡᠷᠡᠭᠴᠡᠭᠡ | ᠪᠤᠰᠤ᠂ ᠴᠢᠩᠳᠠᠯᠠᠭ ᠪᠤᠰᠤ ᠵᠠᠷᠤᠯᠭ᠎ᠠ ᠶᠢ ᠶᠡᠭᠡ ᠪᠠᠷ ᠪᠠᠭᠠᠰᠬᠠᠵᠤ᠂ ᠲᠥᠰᠦᠪ ᠤᠨ ᠶᠡᠷᠦᠩᠬᠡᠢ ᠬᠡᠮᠵᠢᠶ᠎ᠡ ᠶᠢᠨ | ᠬᠠᠰᠤᠭᠳᠠᠬᠤ ᠠᠴᠠ ᠪᠢᠰᠢ ᠨᠡᠮᠡᠭᠳᠡᠬᠦ ᠦᠭᠡᠢ ᠪᠠᠶᠢᠬᠤ ᠶᠢ ᠦᠨᠡᠨ ᠬᠦ ᠪᠠᠲᠤᠯᠠᠵᠤ᠂ 《 ᠨᠠᠷᠢᠯᠠᠵᠤ ᠠᠮᠢᠳᠤᠷᠠᠬᠤ 》 | ᠶᠢ ᠬᠡᠪ ᠤᠨ ᠪᠠᠶᠢᠳᠠᠯ ᠪᠣᠯᠭᠠᠬᠤ ᠬᠡᠷᠡᠭᠲᠡᠢ ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠰᠢᠨ᠎ᠡ ᠢᠯᠡᠷᠡᠯ ᠳᠤ | ᠠᠩᠬᠠᠷᠤᠯ ᠢᠶᠠᠨ ᠲᠥᠪᠯᠡᠷᠡᠭᠦᠯᠵᠦ᠂ 《 ᠲᠦᠷᠪᠡᠨ ᠰᠤᠷᠲᠠᠯ 》 ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ | ᠵᠠᠯᠬᠠᠭᠤ ᠵᠠᠰᠠᠭ ᠤᠨ ᠠᠷᠬᠠᠭ ᠭᠡᠮ ᠢ ᠶᠡᠭᠡ ᠪᠠᠷ ᠴᠡᠭᠴᠡᠯᠡᠨ ᠵᠠᠰᠠᠵᠤ᠂ ᠠᠷᠠᠳ ᠤᠨ ᠲᠥᠯᠥᠭᠡ ᠪᠣᠳᠠᠲᠠᠢ ᠶᠢ | ᠡᠷᠬᠢᠮᠯᠡᠨ ᠠᠷᠢᠭᠤᠨ ᠴᠢᠬᠡᠴᠢ ᠪᠠᠶᠢᠬᠤ ᠤᠯᠤᠰ ᠲᠦᠷᠦ ᠶᠢᠨ ᠮᠥᠨ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ ᠃ | | ᠨᠥᠬᠦᠳ ᠡ᠂ ᠪᠢᠳᠡ ᠰᠠᠶ᠋ᠢᠬᠠᠨ ᠨᠢᠭᠡ ᠡᠭᠡᠯᠵᠢ ᠶᠢᠨ ᠬᠢᠵᠢᠭ ᠤᠨ ᠪᠠᠶᠢᠳᠠᠯ ᠤᠨ ᠰᠢᠯᠭᠠᠯᠲᠠ ᠶᠢ | ᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠪᠣᠯᠤᠨ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠦᠴᠦᠲᠡᠶ ᠵᠢᠯᠣᠭᠤᠳᠣᠯᠭ᠎ᠠ ᠳᠣᠤᠷ᠎ᠠ᠂ ᠪᠥᠬᠦ ᠣᠷᠣᠨ ᠤ ᠳᠡᠭᠡᠳᠦ | ᠳᠣᠤᠷᠠᠳᠤ ᠱᠠᠲᠤᠨ ᠤ ᠬᠠᠮᠲᠤ ᠶᠢᠨ ᠴᠢᠷᠮᠠᠶᠢᠯᠭ᠎ᠠ ᠪᠠᠷ ᠬᠢᠵᠢᠭ ᠤᠨ ᠪᠠᠶᠢᠳᠠᠯ ᠲᠦᠷᠭᠡᠨ ᠪᠥᠭᠡᠳ ᠪᠦᠲᠦᠮᠵᠢᠲᠡᠶ | ᠬᠢᠵᠠᠭᠠᠷᠯᠠᠭᠳᠠᠭᠰᠠᠨ ᠪᠣᠯᠪᠠᠴᠤ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠯᠡ ᠬᠦᠨᠳᠦ ᠨᠣᠴᠢᠲᠠᠶ ᠪᠠᠶᠢᠨ᠎ᠠ ᠃ ᠪᠢᠳᠡ | ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠬᠡᠷᠡᠭᠲᠡᠢ᠂ ᠠᠮᠢ ᠨᠠᠰᠤ ᠡᠷᠬᠢᠮ ᠳᠡᠭᠡᠳᠦ᠂ ᠪᠦᠬᠦ ᠬᠡᠯᠬᠢᠶᠡᠨ ᠤ | ᠣᠨᠣᠴᠠᠲᠠᠢ ᠰᠡᠷᠭᠡᠶᠢᠯᠡᠨ ᠡᠵᠡᠮᠳᠡᠬᠦ ᠶᠢ ᠰᠢᠨᠵᠢᠯᠡᠬᠦ ᠤᠬᠠᠭᠠᠨᠴᠢ ᠬᠦᠴᠦᠲᠡᠢ ᠰᠠᠶᠢᠲᠤᠷ ᠠᠳᠬᠤᠨ᠎ᠠ᠂ 《 ᠭᠠᠳᠠᠨ᠎ᠠ | ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ 》 | ᠶᠡᠷᠦᠩᠬᠡᠶ ᠠᠷᠭ᠎ᠠ ᠪᠣᠳᠣᠯᠭ᠎ᠠ ᠪᠠ 《 ᠬᠥᠳᠡᠯᠦᠩᠭᠦᠶ ᠪᠠᠶᠢᠳᠠᠯ ᠢ ᠦᠭᠡᠶᠢᠰᠬᠡᠬᠦ 》 ᠶᠡᠷᠦᠩᠬᠡᠶ ᠴᠢᠭᠯᠡᠯᠲᠡ᠂ 《 | ᠬᠥᠮᠦᠨ᠂ ᠪᠣᠳᠠᠰ᠂ ᠣᠷᠴᠢᠨ ᠲᠣᠭᠤᠷᠢᠨ 》 ᠢ ᠬᠠᠮᠲᠤ ᠪᠠᠷ ᠰᠡᠷᠭᠡᠶᠢᠯᠡᠬᠦ᠂ 《 ᠳᠥᠷᠪᠡᠨ ᠲᠠᠯ᠎ᠠ ᠶᠢᠨ | ᠬᠠᠷᠢᠭᠤᠴᠠᠯᠭ᠎ᠠ 》 ᠶᠢ ᠪᠣᠲᠠᠲᠠᠶᠢᠵᠢᠭᠤᠯᠵᠤ᠂ 《 ᠳᠥᠷᠪᠡᠨ ᠡᠷᠲᠡ 》 ᠶᠢᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠶᠢ ᠮᠡᠳᠡᠵᠦ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠬᠠᠷᠢᠭᠤᠴᠠᠯᠭ᠎ᠠ ᠪᠠᠨ | ᠰᠠᠬᠢᠵᠤ ᠬᠠᠷᠢᠭᠤᠴᠠᠯᠭ᠎ᠠ ᠡᠭᠦᠷᠭᠡᠯᠡᠬᠦ᠂ ᠬᠠᠷᠢᠭᠤᠴᠠᠯᠭ᠎ᠠ ᠪᠠᠨ ᠭᠦᠢᠴᠡᠳᠬᠡᠬᠦ᠂ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠠᠵᠢᠯ ᠢ ᠪᠣᠳᠠᠲᠠᠶ ᠨᠠᠷᠢᠯᠢᠭ ᠠᠳᠬᠤᠬᠤ ᠬᠡᠷᠡᠭᠲᠡᠶ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ᠂ | ᠤᠷᠤᠰᠬᠠᠯ ᠤᠨ ᠡᠬᠢ ᠶᠢ ᠡᠷᠢᠬᠦ᠂ ᠡᠳ᠋ ᠪᠣᠳᠠᠰ ᠤᠨ ᠨᠥᠭᠡᠴᠡ᠂ ᠨᠡᠶᠢᠭᠡᠮ ᠤᠨ ᠡᠮᠬᠢ ᠳᠢᠭᠯᠢᠮ ᠢ ᠬᠠᠮᠠᠭᠠᠯᠠᠬᠤ ᠵᠡᠷᠭᠡ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠬᠰᠠᠨ ᠠᠵᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠤᠷᠢᠭ᠎ᠠ ᠱᠤᠭᠤᠮ ᠢ ᠡᠷᠡᠰ ᠪᠠᠲᠤ ᠴᠣᠭᠴᠠᠯᠠᠨ᠎ᠠ᠂ ᠠᠷᠠᠳ ᠣᠯᠠᠨ ᠤ ᠡᠷᠡᠭᠦᠯ ᠮᠡᠨᠳᠦ ᠶᠢᠨ ᠠᠮᠤᠷ | ᠲᠦᠪᠰᠢᠨ ᠢ ᠪᠠᠲᠤ ᠰᠠᠬᠢᠨ᠎ᠠ ᠃ | ᠨᠥᠬᠦᠳ ᠡ᠂ ᠡᠬᠢᠯᠡᠯᠲᠡ ᠪᠣᠯ ᠰᠢᠢᠳᠪᠦᠷᠢᠲᠦ ᠪᠠᠶᠢᠯᠳᠤᠭᠠᠨ ᠮᠥᠨ᠂ ᠡᠬᠢᠯᠡᠯᠲᠡ ᠪᠣᠯ ᠰᠢᠪᠲᠤᠯᠤᠯᠲᠠ | ᠮᠥᠨ ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠠᠩ ᠨᠢᠭᠲᠠᠷᠠᠨ ᠪᠦᠯᠬᠦᠮᠳᠡᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠣᠷᠣᠨ ᠤ ᠨᠠᠮ | ᠤᠨ ᠠᠵᠢᠯᠯᠠᠬᠤ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠴᠢ ᠵᠣᠷᠢᠭ ᠢᠶᠠᠨ ᠬᠥᠪᠴᠢᠯᠡᠨ᠂ | ᠰᠢᠨᠲᠠᠷᠠᠰᠢ ᠦᠭᠡᠢ ᠴᠢᠷᠮᠠᠶᠢᠵᠤ᠂ ᠰᠢᠷᠭᠠᠭᠤ ᠬᠠᠲᠠᠭᠤᠵᠢᠯᠲᠠᠢ ᠠᠵᠢᠯᠯᠠᠨ᠂ ᠡᠷᠡᠯᠬᠡᠭᠯᠡᠨ ᠤᠷᠤᠭᠰᠢᠯᠠᠵᠤ᠂ ᠪᠦᠬᠦ | ᠬᠤᠲᠠ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠭᠤᠣᠯ ᠬᠦᠴᠦᠨ᠂ ᠲᠦᠷᠭᠡᠨ ᠬᠥᠭᠵᠢᠯᠲᠡ ᠶᠢᠨ ᠬᠥᠳᠡᠯᠭᠡᠭᠦᠷ᠂ | ᠴᠢᠨᠠᠷ ᠰᠠᠶᠢᠲᠠᠢ ᠬᠥᠭᠵᠢᠯᠲᠡ ᠶᠢᠨ ᠳᠠᠭᠠᠭᠤᠯᠤᠭᠴᠢ ᠪᠣᠯᠬᠤ ᠪᠠᠷ ᠴᠢᠷᠮᠠᠶᠢᠵᠤ᠂ ᠲᠣᠭᠲᠠᠭᠤᠨ ᠡᠷᠡᠭᠦᠯ ᠠᠵᠤ ᠠᠬᠤᠢ | ᠶᠢᠨ ᠣᠷᠴᠢᠨ ᠲᠣᠭᠤᠷᠢᠨ᠂ ᠲᠥᠷᠥ ᠲᠦᠪᠰᠢᠨ ᠠᠷᠠᠳ ᠠᠮᠤᠭᠤᠯᠠᠩ ᠨᠡᠢᠭᠡᠮ ᠤᠨ ᠣᠷᠴᠢᠨ ᠲᠣᠭᠤᠷᠢᠨ᠂ ᠰᠤᠷᠲᠠᠯ | ᠴᠢᠬᠡᠴᠢ ᠣᠪᠣᠷ ᠲᠥᠪ ᠤᠯᠤᠰ ᠲᠥᠷᠦ ᠶᠢᠨ ᠣᠷᠴᠢᠨ ᠲᠣᠭᠤᠷᠢᠨ ᠢ ᠪᠤᠢ ᠪᠣᠯᠭᠠᠬᠤ ᠳᠤ ᠢᠳᠡᠪᠬᠢᠲᠡᠢ ᠬᠤᠪᠢ | ᠨᠡᠮᠡᠷᠢ ᠦᠵᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠶᠢ ᠤᠭᠲᠤᠵᠠᠭᠠᠶ᠎ᠠ ᠃ |