ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠠᠬ᠎ᠠ ᠳᠡᠯᠭᠡᠭᠦᠷ ᠤᠨ ᠪᠠᠶᠢᠴᠠᠭᠠᠯᠲᠠ ᠶᠢ ᠴᠢᠩᠭᠠᠳᠬᠠᠵᠤ ᠬᠢᠵᠢᠭ ᠤᠨ ᠰᠡᠷᠭᠡᠶᠢᠯᠡᠯᠲᠡ ᠶᠢ ᠴᠢᠩᠭᠠᠳᠬᠠᠵᠣ ᠪᠣᠢ
ᠨᠡᠶᠢᠲᠡᠯᠡᠭᠰᠡᠨ ᠴᠠᠭ᠄
2022/12/17
    ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠢᠳᠡᠪᠬᠢᠲᠡᠢ ᠠᠷᠭᠠᠴᠠᠬᠤ ᠶᠢᠨ ᠲᠥᠯᠥᠭᠡ᠂ ᠣᠶᠢᠷ᠎ᠠ ᠳᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠤᠲᠠ᠂ ᠣᠷᠣᠨ ᠬᠤᠶᠠᠷ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ  ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠪᠠᠶᠢᠴᠠᠭᠠᠯᠲᠠ ᠶᠢᠨ ᠲᠣᠭᠲᠠᠴᠠ ᠶᠢ ᠪᠠᠶᠢᠭᠤᠯᠤᠨ᠂ ᠬᠦᠴᠦᠨ ᠢᠶᠠᠨ ᠲᠥᠪᠯᠡᠷᠡᠭᠦᠯᠦᠨ ᠮᠠᠨ ᠤ ᠣᠷᠣᠨ ᠤ ᠲᠦᠷ ᠴᠠᠭ ᠤᠨ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠴᠠᠭᠠᠯᠲᠠ ᠶᠢ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠠᠯᠳᠠᠭᠳᠠᠯ ᠭᠠᠵᠠᠷ ᠦᠭᠡᠢ ᠪᠠᠶᠢᠬᠤ ᠶᠢ ᠦᠨᠡᠨ ᠬᠦ ᠪᠠᠲᠤᠯᠠᠪᠠ᠃     ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠲᠤᠨᠢ ᠯᠠᠪᠯᠠᠨ ᠠᠰᠠᠭᠤᠬᠤ᠂ ᠲᠤᠬᠠᠢ ᠶᠢᠨ ᠭᠠᠵᠠᠷ ᠎ ᠲᠤᠨᠢ ᠪᠠᠶᠢᠴᠠᠭᠠᠨ ᠦᠵᠡᠬᠦ᠂ ᠲᠤᠬᠠᠢ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠷᠠᠳ ᠲᠤ ᠲᠦᠷ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭ᠎ᠠ ᠰᠠᠬᠢᠵᠤ᠂ ᠬᠠᠮᠢᠶᠠᠷᠤᠯᠲᠠ ᠶᠢᠨ ᠨᠢᠭᠡᠴᠡ ᠶᠢ ᠰᠢᠮᠳᠠᠭᠤᠯᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠲᠤ ᠰᠢᠪᠠᠳᠠᠨ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠵᠤ᠂ ᠣᠲᠣ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 150 ᠭᠠᠷᠤᠢ ᠬᠥᠮᠥᠨ ᠤᠳᠠᠭ᠎ᠠ ᠬᠥᠳᠡᠯᠭᠡᠵᠦ᠂ ᠡᠳᠦᠷ ᠪᠦᠷᠢ ᠡᠯ᠎ᠡ ᠵᠠᠬ᠎ᠠ ᠳᠡᠯᠭᠡᠭᠦᠷ ᠢ 2 ᠤᠳᠠᠭ᠎ᠠ ᠪᠠᠶᠢᠴᠠᠭᠠᠵᠤ ᠪᠠᠶᠢᠨ᠎ᠠ᠃     ᠬᠠᠤᠯᠢ ᠬᠡᠷᠡᠭᠵᠢᠭᠦᠯᠬᠦ ᠠᠵᠢᠯᠲᠠᠳ ᠪᠠᠶᠢᠴᠠᠭᠠᠬᠤ ᠠᠵᠢᠯᠯᠠᠭ᠎ᠠ ᠥᠷᠨᠢᠭᠦᠯᠬᠦ ᠶᠢᠨ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠮᠡᠳᠡᠯᠭᠡ ᠶᠢ ᠭᠦᠨᠵᠡᠭᠡᠢ ᠤᠬᠠᠭᠤᠯᠵᠤ ᠂ ᠡᠵᠡᠩᠨᠡᠯᠲᠡ ᠶᠢᠨ ᠡᠷᠦᠬᠡ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠬᠠᠮᠲᠤ ᠪᠠᠷ ᠣᠷᠣᠯᠴᠠᠨ ᠮᠠᠨ ᠤ ᠣᠷᠣᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠡᠮᠬᠢ ᠵᠢᠷᠤᠮ ᠲᠠᠢ ᠰᠡᠷᠭᠦᠭᠡᠬᠦ ᠶᠢ ᠦᠨᠡᠨᠬᠦ ᠪᠠᠲᠤᠯᠠᠵᠤ᠂ ᠬᠠᠷᠢᠶᠠᠲᠤ ᠣᠷᠣᠨ ᠤ ᠥᠷᠭᠡᠨ ᠣᠯᠠᠨ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠠᠭᠠᠯᠠᠬᠤ ᠬᠡᠷᠡᠭᠲᠡᠢ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号