ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠠᠬ᠎ᠠ ᠳᠡᠯᠭᠡᠭᠦᠷ ᠤᠨ ᠪᠠᠶᠢᠴᠠᠭᠠᠯᠲᠠ ᠶᠢ ᠴᠢᠩᠭᠠᠳᠬᠠᠵᠤ ᠬᠢᠵᠢᠭ ᠤᠨ ᠰᠡᠷᠭᠡᠶᠢᠯᠡᠯᠲᠡ ᠶᠢ ᠴᠢᠩᠭᠠᠳᠬᠠᠵᠣ ᠪᠣᠢ
ᠨᠡᠶᠢᠲᠡᠯᠡᠭᠰᠡᠨ ᠴᠠᠭ᠄
2022/12/17
    ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠢᠳᠡᠪᠬᠢᠲᠡᠢ ᠠᠷᠭᠠᠴᠠᠬᠤ ᠶᠢᠨ ᠲᠥᠯᠥᠭᠡ᠂ ᠣᠶᠢᠷ᠎ᠠ ᠳᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠤᠲᠠ᠂ ᠣᠷᠣᠨ ᠬᠤᠶᠠᠷ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ  ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠪᠠᠶᠢᠴᠠᠭᠠᠯᠲᠠ ᠶᠢᠨ ᠲᠣᠭᠲᠠᠴᠠ ᠶᠢ ᠪᠠᠶᠢᠭᠤᠯᠤᠨ᠂ ᠬᠦᠴᠦᠨ ᠢᠶᠠᠨ ᠲᠥᠪᠯᠡᠷᠡᠭᠦᠯᠦᠨ ᠮᠠᠨ ᠤ ᠣᠷᠣᠨ ᠤ ᠲᠦᠷ ᠴᠠᠭ ᠤᠨ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠴᠠᠭᠠᠯᠲᠠ ᠶᠢ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠠᠯᠳᠠᠭᠳᠠᠯ ᠭᠠᠵᠠᠷ ᠦᠭᠡᠢ ᠪᠠᠶᠢᠬᠤ ᠶᠢ ᠦᠨᠡᠨ ᠬᠦ ᠪᠠᠲᠤᠯᠠᠪᠠ᠃     ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠲᠤᠨᠢ ᠯᠠᠪᠯᠠᠨ ᠠᠰᠠᠭᠤᠬᠤ᠂ ᠲᠤᠬᠠᠢ ᠶᠢᠨ ᠭᠠᠵᠠᠷ  ᠲᠤᠨᠢ ᠪᠠᠶᠢᠴᠠᠭᠠᠨ ᠦᠵᠡᠬᠦ᠂ ᠲᠤᠬᠠᠢ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠷᠠᠳ ᠲᠤ ᠲᠦᠷ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭ᠎ᠠ ᠰᠠᠬᠢᠵᠤ᠂ ᠬᠠᠮᠢᠶᠠᠷᠤᠯᠲᠠ ᠶᠢᠨ ᠨᠢᠭᠡᠴᠡ ᠶᠢ ᠰᠢᠮᠳᠠᠭᠤᠯᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠲᠤ ᠰᠢᠪᠠᠳᠠᠨ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠵᠤ᠂ ᠣᠲᠣ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 150 ᠭᠠᠷᠤᠢ ᠬᠥᠮᠥᠨ ᠤᠳᠠᠭ᠎ᠠ ᠬᠥᠳᠡᠯᠭᠡᠵᠦ᠂ ᠡᠳᠦᠷ ᠪᠦᠷᠢ ᠡᠯ᠎ᠡ ᠵᠠᠬ᠎ᠠ ᠳᠡᠯᠭᠡᠭᠦᠷ ᠢ 2 ᠤᠳᠠᠭ᠎ᠠ ᠪᠠᠶᠢᠴᠠᠭᠠᠵᠤ ᠪᠠᠶᠢᠨ᠎ᠠ᠃     ᠬᠠᠤᠯᠢ ᠬᠡᠷᠡᠭᠵᠢᠭᠦᠯᠬᠦ ᠠᠵᠢᠯᠲᠠᠳ ᠪᠠᠶᠢᠴᠠᠭᠠᠬᠤ ᠠᠵᠢᠯᠯᠠᠭ᠎ᠠ ᠥᠷᠨᠢᠭᠦᠯᠬᠦ ᠶᠢᠨ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠮᠡᠳᠡᠯᠭᠡ ᠶᠢ ᠭᠦᠨᠵᠡᠭᠡᠢ ᠤᠬᠠᠭᠤᠯᠵᠤ ᠂ ᠡᠵᠡᠩᠨᠡᠯᠲᠡ ᠶᠢᠨ ᠡᠷᠦᠬᠡ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠬᠠᠮᠲᠤ ᠪᠠᠷ ᠣᠷᠣᠯᠴᠠᠨ ᠮᠠᠨ ᠤ ᠣᠷᠣᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠡᠮᠬᠢ ᠵᠢᠷᠤᠮ ᠲᠠᠢ ᠰᠡᠷᠭᠦᠭᠡᠬᠦ ᠶᠢ ᠦᠨᠡᠨᠬᠦ ᠪᠠᠲᠤᠯᠠᠵᠤ᠂ ᠬᠠᠷᠢᠶᠠᠲᠤ ᠣᠷᠣᠨ ᠤ ᠥᠷᠭᠡᠨ ᠣᠯᠠᠨ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠠᠭᠠᠯᠠᠬᠤ ᠬᠡᠷᠡᠭᠲᠡᠢ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号