ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ᠄ ︽ᠬᠡᠯᠬᠢᠶᠡᠵᠢᠯ︾ ᠳᠤ ᠪᠣᠬᠢᠷᠳᠤᠯ ᠦᠭᠡᠢ ᠠᠵᠤ ᠦᠢᠯᠡᠰ ᠢ ᠬᠥᠭᠵᠢᠭᠦᠯᠦᠨ᠎ᠡ
ᠨᠡᠶᠢᠲᠡᠯᠡᠭᠰᠡᠨ ᠴᠠᠭ᠄
2022/12/17
    ᠬᠤᠪᠣᠷ ᠰᠢᠷᠣᠢ ᠪᠣᠯ ᠤᠯᠤᠰ ᠤᠨ ᠴᠢᠬᠤᠯᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠪᠣᠯᠬᠤ ᠪᠥᠭᠡᠳ ᠪᠠᠰᠠ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠭᠤᠣᠯ ᠡᠵᠡᠩᠨᠡᠯᠲᠡ ᠶᠢᠨ ᠣᠨᠴᠠᠯᠢᠭᠲᠤ ᠲᠤᠯᠭᠠᠭᠤᠷᠢ ᠠᠵᠤ ᠦᠢᠯᠡᠰ ᠪᠣᠯᠣᠨ᠎ᠠ᠃ ᠲᠡᠭᠡᠪᠡᠯ᠂ ᠬᠡᠷᠬᠢᠨ ᠠᠵᠤ ᠦᠢᠯᠡᠰ ᠤᠨ ᠣᠳᠣᠬᠢ ᠪᠠᠶᠢᠳᠠᠯ ᠤᠨ ᠲᠣᠭᠤᠷᠢᠨ ᠳᠤ ︽ᠰᠦᠷᠦᠭᠵᠢᠯ ᠤᠨ ᠳᠠᠪᠠᠭᠤᠯᠢᠭ︾ ᠢ ᠭᠦᠨᠵᠡᠭᠡᠢ ᠬᠦᠷᠦᠰᠦᠵᠢᠭᠦᠯᠦᠨ᠂ ︽ᠬᠡᠯᠬᠢᠶᠡᠵᠢᠯ ᠤᠨ ᠠᠷᠭ᠎ᠠ ᠤᠬᠠᠭᠠᠨ︾ ᠢ ᠰᠦᠪᠡᠭᠴᠢᠯᠡᠵᠦ᠂ ᠬᠤᠪᠣᠷ ᠰᠢᠷᠣᠢ ᠶᠢᠨ ᠠᠵᠤ ᠦᠢᠯᠡᠰ ᠤᠨ ᠪᠣᠬᠢᠷᠳᠤᠯ ᠦᠭᠡᠢ᠂ ᠣᠶᠤᠨᠴᠢᠯᠠᠯᠲᠠ᠂ ᠳᠡᠭᠡᠳᠦ ᠲᠠᠰ ᠤᠨ ᠬᠡᠯᠪᠡᠷᠢ ᠳᠠᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠣᠶ︖     ᠣᠶᠢᠷ᠎ᠠ ᠶᠢᠨ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠬᠤᠪᠣᠷ ᠰᠢᠷᠣᠢ ᠶᠢᠨ ᠠᠵᠤ ᠦᠢᠯᠡᠰ ᠤᠨ ᠡᠬᠢ ᠪᠠᠶᠠᠯᠢᠭ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠵᠡᠷᠭᠡ ︽ᠭᠤᠷᠪᠠᠨ ᠬᠦᠴᠦᠨ ᠢ ᠵᠡᠷᠭᠡᠪᠡᠷ ᠬᠥᠭᠵᠢᠭᠦᠯᠵᠦ︾᠂ ᠬᠡᠯᠬᠢᠶᠡᠵᠢᠯ ᠢ ᠤᠷᠲᠤᠳᠬᠠᠬᠤ᠂ ᠬᠡᠯᠬᠢᠶᠡᠵᠢᠯ ᠢ ᠴᠢᠩᠭᠠᠳᠬᠠᠬᠤ᠂ ᠬᠡᠯᠬᠢᠶᠡᠵᠢᠯ ᠢ ᠨᠥᠬᠦᠪᠦᠷᠢᠯᠡᠬᠦ᠂ ᠬᠡᠯᠬᠢᠶᠡᠵᠢᠯ ᠢ ᠴᠢᠩᠭᠠᠷᠠᠭᠤᠯᠬᠤ ᠳᠤ ᠠᠰᠢᠭᠲᠠᠢ ᠬᠤᠪᠣᠷ ᠰᠢᠷᠣᠢ ᠶᠢᠨ ᠲᠣᠮᠣ ᠲᠥᠷᠥᠯ ᠵᠦᠢᠯ ᠤᠨ ᠰᠠᠶᠢᠨ ᠲᠥᠷᠥᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠨᠢᠭᠡ ᠪᠦᠯᠦᠭ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠥᠪᠯᠡᠷᠡᠭᠦᠯᠦᠨ ᠬᠡᠷᠡᠭᠵᠢᠭᠦᠯᠵᠦ᠂ ᠬᠤᠪᠣᠷ ᠰᠢᠷᠣᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠪᠠ ᠦᠢᠯᠡᠳᠬᠦᠨ ᠤ ᠨᠡᠮᠡᠯᠲᠡ ᠥᠷᠲᠡᠭ ᠢ ᠦᠷᠭᠦᠯᠵᠢᠯᠡᠨ ᠳᠡᠭᠡᠭᠰᠢᠯᠡᠭᠦᠯᠵᠦ᠂ ᠣᠯᠠᠨ ᠡᠰᠢᠵᠢᠭᠦᠯᠦᠨ ᠬᠥᠭᠵᠢᠭᠦᠯᠦᠭᠰᠡᠨ᠂ ᠣᠯᠠᠨ ᠲᠤᠶᠢᠯ ᠢᠶᠠᠷ ᠲᠤᠯᠭᠠᠭᠤᠷᠢᠯᠠᠭᠰᠠᠨ ᠣᠲᠣ ᠦᠶ᠎ᠡ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠰᠢᠰᠲ᠋ᠧᠮᠵᠢ ᠶᠢ ᠪᠥᠬᠦ ᠬᠦᠴᠦᠨ ᠢᠶᠠᠷ ᠢᠶᠠᠨ ᠪᠠᠶᠢᠭᠤᠯᠵᠣ ᠪᠠᠶᠢᠨ᠎ᠠ᠃     ᠪᠤᠭᠤᠲᠤ ᠶᠢᠨ ᠶᠦᠨ ᠱᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ︽ᠵᠢᠯ ᠳᠤ 15000 ᠲᠣᠨ ᠥᠨᠳᠥᠷ ᠴᠢᠳᠠᠪᠬᠢᠲᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠣᠶᠤᠨᠴᠢ ᠦᠢᠯᠡᠳᠬᠦ ᠲᠦᠷᠦᠯ ᠵᠦᠢᠯ︾ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠬᠦᠷᠦᠭᠰᠡᠨ ᠭᠠᠵᠠᠷ ᠪᠣᠯᠭᠠᠨ ᠳᠤ ︽ᠶᠡᠬᠡᠪᠡᠷ ᠠᠵᠢᠯᠯᠠᠵᠤ ᠲᠦᠷᠭᠡᠨ ᠠᠵᠢᠯᠯᠠᠬᠤ︾  ᠠᠵᠢᠯᠯᠠᠭᠠᠨ ᠤ ᠠᠭᠤᠷ ᠠᠮᠢᠰᠬᠤᠯ ᠢᠶᠠᠷ ᠪᠢᠯᠬᠠᠵᠤ᠂ ᠬᠥᠮᠥᠰ ᠲᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠦᠬᠦ ᠬᠤᠷᠳᠤᠴᠠ ᠶᠢᠨ ᠰᠢᠪᠲᠤᠯᠤᠯᠲᠠ ᠶᠢᠨ ︽ᠬᠤᠷᠳᠤᠴᠠ︾ ᠪᠠ ︽ᠣᠷᠭᠢᠯᠤᠮ᠎ᠠ ᠰᠡᠳᠬᠢᠯᠭᠡ︾ ᠶᠢ ᠮᠡᠳᠡᠷᠡᠭᠦᠯᠦᠨ᠎ᠡ᠃     ᠡᠨᠡ ᠬᠦ ᠶᠡᠷᠦᠩᠬᠡᠢ ᠪᠡᠯᠡ ᠣᠷᠣᠭᠤᠯᠤᠯᠲᠠ ᠨᠢ 11 ᠳ᠋ᠦᠩᠰᠢᠭᠤᠷ ᠲᠥᠭᠦᠷᠢᠭ᠂ 130 ᠮᠦ ᠭᠠᠵᠠᠷ ᠡᠵᠡᠯᠡᠵᠦ ᠂ ᠥᠨᠳᠥᠷ ᠮᠦ ᠶᠢᠨ ᠳᠤᠮᠳᠠᠴᠢ ᠪᠡᠯᠡ ᠣᠷᠣᠭᠤᠯᠤᠯᠲᠠ᠂ ᠥᠨᠳᠥᠷ ᠮᠦ ᠶᠢᠨ ᠳᠤᠮᠳᠠᠴᠢ ᠦᠢᠯᠡᠳᠬᠦᠨ ᠤ ᠥᠷᠲᠡᠭ᠂ ᠥᠨᠳᠥᠷ ᠮᠦ ᠶᠢᠨ ᠳᠤᠮᠳᠠᠴᠢ ᠭᠠᠶᠢᠯᠢ ᠲᠠᠲᠠᠪᠤᠷᠢ ᠶᠢᠨ ᠣᠨᠴᠠᠯᠢᠭ ᠲᠠᠢ ᠴᠢᠬᠤᠯᠠ ᠶᠡᠭᠡ ᠲᠥᠷᠥᠯ ᠵᠦᠢᠯ ᠪᠣᠯ ᠠᠵᠢᠯ ᠲᠥᠷᠥᠯ ᠤᠨ ᠳᠣᠲᠣᠷᠠᠬᠢ ᠠᠩᠬᠠᠳᠠᠭᠴᠢ ︽ᠲᠣᠭᠠᠴᠢᠯᠠᠭᠰᠠᠨ ᠦᠢᠯᠡᠳᠪᠦᠷᠢ ᠶᠢᠨ ᠲᠠᠰᠤᠭ︾ ᠪᠠ ︽ᠬᠠᠷ᠎ᠠ ᠳ᠋ᠧᠩ ᠤᠨ ᠦᠢᠯᠡᠳᠪᠦᠷᠢ︾ ᠶᠢ ᠳᠤᠷᠠᠳᠤᠨ ᠭᠠᠷᠭᠠᠵᠤ ᠬᠡᠷᠡᠭᠵᠢᠭᠦᠯᠦᠭᠰᠡᠨ ᠣᠶᠤᠨᠴᠢ ᠦᠶᠯᠡᠳᠬᠦ ᠲᠥᠷᠥᠯ ᠵᠦᠢᠯ ᠪᠣᠯᠣᠨ᠎ᠠ᠃ ᠲᠦᠷᠦᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠪᠤᠭᠤᠲᠤ ᠶᠢᠨ ᠶᠦᠨ ᠱᠧᠩ ᠪᠦᠬᠦ ᠪᠥᠮᠪᠥᠷᠴᠡᠭ ᠤᠨ ᠲᠠᠩ ᠴᠣᠭᠴᠠ ᠶᠢᠨ ᠬᠡᠪᠴᠢᠶ᠎ᠡ ᠪᠠᠷ ᠬᠠᠮᠤᠭ ᠤᠨ ᠶᠡᠭᠡ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠬᠤ ᠪᠣᠯᠣᠨ᠎ᠠ᠃    ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠠᠵᠤ ᠦᠢᠯᠡᠰ ᠨᠢ ᠮᠢᠩᠭᠠᠨ ᠳ᠋ᠦᠩᠰᠢᠭᠤᠷ ᠤᠨ ᠲᠠᠰ ᠤᠨ ᠠᠵᠤ ᠦᠢᠯᠡᠰ ᠤᠨ ᠰᠠᠭᠤᠷᠢᠨ ᠭᠠᠵᠠᠷ ᠪᠠ ᠳᠡᠯᠡᠬᠡᠢ ᠳᠤ ᠨᠥᠯᠥᠭᠡᠯᠡᠬᠦ ᠬᠦᠴᠦᠨ ᠪᠦᠬᠦᠢ ︽ᠰᠣᠷᠢᠨᠵᠢᠨ ᠬᠥᠨᠳᠡᠢ︾ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠬᠤᠪᠣᠷ ᠰᠢᠷᠣᠢ ᠶᠢᠨ ᠠᠵᠤ ᠠᠬᠤᠶᠢᠯᠠᠯ ᠤᠨ ᠶᠡᠷᠦᠩᠬᠡᠢ ᠬᠡᠮᠵᠢᠶ᠎ᠡ ᠨᠢ ᠵᠠᠭᠤ ᠶᠢ ᠳᠠᠪᠠᠵᠤ᠂ ᠠᠵᠢᠯᠯᠠᠵᠤ ᠪᠠᠶᠢᠭ᠎ᠠ ᠬᠥᠮᠥᠰ ᠨᠢ ᠲᠦᠮᠡᠨ ᠬᠥᠮᠥᠨ ᠢ ᠳᠠᠪᠠᠵᠤ᠂ ᠪᠥᠬᠦ ᠤᠯᠤᠰ ᠤᠨ ᠠᠷᠪᠠᠨ ᠬᠦᠴᠦᠷᠬᠡᠭ ᠬᠤᠪᠣᠷ ᠰᠢᠷᠣᠢ ᠶᠢᠨ ᠰᠣᠷᠢᠨᠵᠢᠨ ᠮᠠᠲ᠋ᠧᠷᠢᠶᠠᠯ ᠤᠨ ᠠᠵᠤ ᠠᠬᠤᠶᠢᠯᠠᠯ ᠤᠨ 6 ᠨᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠨᠤᠲᠤᠭᠰᠢᠪᠠ᠃ ᠤᠮᠠᠷᠠᠲᠤ ᠶᠢᠨ ᠬᠤᠪᠣᠷ ᠰᠢᠷᠣᠢ᠂ ᠨᠢᠩᠪᠦ᠋ᠸᠧ ᠶᠢᠨ ᠶᠦᠨ ᠱᠧᠩ᠂ ᠳᠤᠮᠳᠠᠳᠤ ᠤᠯᠤᠰ ᠤᠨ ᠵᠦᠩ ᠴᠧ᠂ ᠳ᠋ᠠ ᠳ᠋ᠢ ᠰᠢᠶᠦ᠋ᠩ᠂ ᠶᠢᠨ ᠯᠢ ᠲᠣᠭᠲᠠᠮᠠᠯ ᠰᠣᠷᠢᠨᠵᠢᠨ᠂ ᠶᠢᠨ ᠲᠢᠶᠠᠨ ᠵᠡᠰ ᠤᠨ ᠦᠢᠯᠡᠰ᠂ ᠠᠨ ᠲᠠᠢ ᠰᠢᠨᠵᠢᠯᠡᠬᠦ ᠤᠬᠠᠭᠠᠨ ᠮᠡᠷᠭᠡᠵᠢᠯ᠂ ᠱᠧᠩ ᠾᠧ ᠡᠬᠢ ᠪᠠᠶᠠᠯᠢᠭ ᠵᠡᠷᠭᠡ ᠬᠤᠪᠣᠷ ᠰᠢᠷᠣᠢ ᠶᠢᠨ ᠭᠤᠣᠯ ᠡᠵᠡᠩᠨᠡᠯᠲᠡ ᠶᠢᠨ 8 ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠪᠡᠯᠡ ᠣᠷᠣᠭᠤᠯᠤᠨ ᠦᠢᠯᠡᠰ ᠪᠣᠰᠬᠠᠵᠠᠢ᠃    ᠡᠭᠦᠨ ᠤ ᠵᠡᠷᠭᠡᠪᠡᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ︽2+2+N︾ ᠤᠳᠤ ᠦᠶ᠎ᠡ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠨ ᠬᠥᠭᠵᠢᠭᠦᠯᠵᠦ᠂ ᠲᠣᠭᠲᠠᠮᠠᠯ ᠰᠣᠷᠢᠨᠵᠢᠨ᠂ ᠤᠰᠤᠲᠥ᠋ᠷᠥᠭᠴᠢ ᠬᠠᠳᠠᠭᠠᠯᠠᠬᠤ ᠮᠠᠲ᠋ᠧᠷᠢᠶᠠᠯ ᠤᠨ ᠠᠵᠤ ᠦᠢᠯᠡᠰ ᠢ ᠤᠷᠢᠳᠠᠪᠠᠷ ᠬᠥᠭᠵᠢᠭᠦᠯᠵᠦ᠂ ᠭᠢᠯᠠᠶᠢᠯᠭᠠᠬᠤ᠂ ᠭᠡᠷᠡᠯ ᠭᠠᠷᠭᠠᠬᠤ᠂ ᠲᠦᠷᠭᠡᠳᠬᠡᠬᠦ ᠮᠠᠲᠧᠷᠢᠶᠠᠯ ᠤᠨ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ᠂ ᠬᠤᠪᠣᠷ ᠰᠢᠷᠣᠢ ᠶᠢᠨ ᠣᠨᠴᠠ ᠲᠦᠷᠦᠯ ᠤᠨ ᠬᠠᠶᠢᠯᠤᠰᠢ ᠵᠡᠷᠭᠡ ︽ᠬᠤᠪᠣᠷ ᠰᠢᠷᠣᠢ +︾ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠤ ᠦᠵᠦᠭᠦᠷ ᠤᠨ ᠬᠡᠷᠡᠭᠯᠡᠭᠡᠨ ᠤ ᠠᠵᠤ ᠦᠢᠯᠡᠰ ᠤᠨ ᠦᠳᠲᠡᠷ ᠲᠦᠷᠭᠡᠨ ᠬᠥᠭᠵᠢᠬᠦ ᠶᠢ ᠪᠦᠬᠦ ᠬᠦᠴᠦᠨ ᠢᠶᠠᠷ ᠢᠶᠠᠨ ᠳᠠᠶᠢᠴᠢᠯᠠᠨ᠎ᠠ᠃     ᠶᠢᠨ ᠯᠢ ᠲᠣᠭᠲᠠᠮᠠᠯ ᠰᠣᠷᠢᠨᠵᠢᠨ᠂ ᠶᠦᠨ ᠱᠧᠩ ᠴᠢᠩᠭ᠎ᠠ ᠰᠣᠷᠢᠨᠵᠢᠨ᠂ ᠶᠢᠨ ᠱᠠᠨ ᠰᠣᠷᠢᠨᠵᠢᠨ ᠮᠠᠲ᠋ᠧᠷᠢᠶᠠᠯ ᠢᠶᠠᠷ ᠲᠥᠯᠥᠭᠡᠯᠡᠭᠦᠯᠦᠭᠰᠡᠨ ᠲᠣᠭᠲᠠᠮᠠᠯ ᠰᠣᠷᠢᠨᠵᠢᠨ ᠤ ᠠᠵᠤ ᠠᠬᠤᠶᠢᠯᠠᠯ ᠨᠢ ᠡᠮᠴᠢᠯᠡᠭᠡᠨ ᠤ ᠪᠠᠭᠠᠵᠢ ᠬᠡᠷᠡᠭᠰᠡᠯ᠂ ᠺᠣᠮᠫᠢᠦ᠋ᠲ᠋ᠧᠷ᠂ ᠣᠶᠤᠨᠲᠤ ᠭᠠᠷ ᠤᠲᠠᠰᠤ᠂ ᠦᠢᠯᠡᠴᠢᠯᠡᠭᠡᠨ ᠤ ᠴᠠᠬᠢᠯᠭᠠᠨ ᠮᠠᠰᠢᠨ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠮᠠᠰᠢᠨ ᠵᠡᠷᠭᠡ ᠥᠨᠳᠥᠷ ᠴᠢᠳᠠᠪᠬᠢᠲᠤ ᠲᠡᠮᠦᠷ ᠪᠤᠷ ᠤᠨ ᠰᠣᠷᠢᠨᠵᠢᠨ ᠮᠠᠲ᠋ᠧᠷᠢᠶᠠᠯ ᠢ ᠪᠥᠭᠡᠮ ᠢᠶᠠᠷ ᠦᠢᠯᠡᠳᠪᠦᠷᠢᠯᠡᠵᠦ ᠪᠣᠯᠣᠨ᠎ᠠ᠃ ᠶᠢᠩ ᠰᠧ ᠲᠧ ᠰᠢᠩᠭᠡᠨ ᠰᠣᠷᠢᠨᠵᠢᠨ᠂ ᠲᠢᠶᠠᠨ ᠾᠧ ᠰᠣᠷᠢᠨᠵᠢᠨ ᠮᠠᠲ᠋ᠧᠷᠢᠶᠠᠯ᠂ ᠵᠢᠶᠠᠩ ᠰᠢᠨ ᠪᠢᠴᠢᠯ ᠴᠠᠬᠢᠯᠭᠠᠨ ᠮᠠᠰᠢᠨ ᠵᠡᠷᠭᠡ ᠪᠠᠷ ᠲᠥᠯᠥᠭᠡᠯᠡᠭᠦᠯᠦᠭᠰᠡᠨ ᠬᠤᠪᠣᠷ ᠰᠢᠷᠣᠢ ᠶᠢᠨ ᠦᠵᠦᠭᠦᠷ ᠤᠨ ᠬᠡᠷᠡᠭᠯᠡᠭᠡᠨ ᠤ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠰᠣᠷᠢᠨᠵᠢᠨ ᠲᠣᠨᠣᠭᠯᠠᠭᠠᠰᠤ ᠶᠢᠨ ᠦᠢᠯᠡᠳᠬᠦᠨ ᠨᠢ ᠨᠢᠭᠡᠨᠲᠡ ᠮᠢᠺᠷᠤᠰᠤᠹᠲ᠂ ᠠᠯᠮᠤᠷᠠᠳ᠂ ᠰᠠᠨ ᠰᠢᠩ᠂ ᠬᠤᠸᠠ ᠸᠧᠢ ᠵᠡᠷᠭᠡ ᠠᠵᠤ ᠠᠬᠤᠶᠢᠯᠠᠯ ᠤᠨ ᠲᠣᠭᠲᠠᠮᠠᠯ ᠰᠣᠷᠢᠨᠵᠢᠨ ᠲᠣᠨᠣᠭᠯᠠᠭᠠᠰᠤ ᠶᠢᠨ ᠴᠢᠬᠤᠯᠠ ᠪᠠᠷᠠᠭ᠎ᠠ ᠬᠠᠩᠭᠠᠬᠤ ᠬᠤᠳᠠᠯᠳᠤᠭᠠᠴᠢᠨ ᠪᠣᠯᠵᠠᠢ᠃     ᠣᠶᠢᠯᠠᠭᠠᠭᠰᠠᠨ ᠢᠶᠠᠷ᠂ ᠪᠤᠭᠤᠲᠤ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠳᠤ ᠨᠢᠭᠡᠨᠲᠡ ︽ᠬᠡᠯᠬᠢᠶᠡᠨ ᠤ ᠡᠵᠡᠨ︾ ᠠᠵᠤ ᠠᠬᠤᠶᠢᠯᠠᠯ ᠪᠠ ᠮᠠᠰᠢ ᠣᠯᠠᠨ ᠵᠠᠩᠭᠢᠯᠠᠭ᠎ᠠ ᠶᠢᠨ ᠢᠵᠢ ᠪᠦᠷᠢᠳᠦᠭᠦᠯᠬᠦ ᠠᠵᠤ ᠠᠬᠤᠶᠢᠯᠠᠯ ᠬᠤᠷᠠᠨ ᠴᠤᠭᠯᠠᠷᠠᠵᠤ᠂ ᠨᠢᠭᠡ ᠪᠦᠯᠦᠭ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠬᠤᠪᠣᠷ ᠰᠢᠷᠣᠢ ᠶᠢᠨ ᠬᠡᠷᠡᠭᠯᠡᠭᠡᠨ ᠤ ᠦᠢᠯᠡᠳᠬᠦᠨ ᠢ ᠪᠣᠶ ᠪᠣᠯᠭᠠᠵᠤ᠂ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠢ ᠲᠤᠬᠠᠢ ᠶᠢᠨ ᠭᠠᠵᠠᠷ ᠲᠤᠨᠢ ᠬᠤᠪᠢᠷᠠᠭᠤᠯᠬᠤ ᠨᠣᠷᠮ᠎ᠠ ᠨᠢ 80% ᠬᠦᠷᠴᠦ᠂ ᠪᠤᠭᠤᠲᠤ ᠴᠤ ᠡᠭᠦᠨ ᠠᠴᠠ ᠪᠣᠯᠵᠤ ᠪᠥᠬᠦ ᠤᠯᠤᠰ ᠤᠨ ᠠᠩᠬᠠᠳᠠᠭᠴᠢ ᠪᠦᠯᠦᠭ ᠠᠵᠤ ᠦᠢᠯᠡᠰ ᠤᠨ ᠬᠡᠯᠬᠢᠶᠡᠨ ᠤ ᠬᠠᠩᠭᠠᠯᠭ᠎ᠠ ᠶᠢᠨ ᠬᠡᠯᠬᠢᠶᠡᠨ ᠤ ᠠᠮᠢ ᠠᠬᠤᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢᠨ ᠬᠤᠲᠠ ᠪᠣᠯᠤᠭᠰᠠᠨ ᠪᠠᠶᠢᠨ᠎ᠠ᠃     ᠪᠤᠭᠤᠲᠤ ᠬᠤᠳᠠ ᠶᠢᠨ ᠶᠢᠩ ᠰᠧ ᠣᠨᠴᠠ ᠰᠣᠷᠢᠨᠵᠢᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠦᠵᠡᠭᠦᠯᠦᠯᠭᠡ ᠳᠤ᠂ ᠨᠢᠭᠡ ᠮᠥᠷ ᠤᠷᠳᠤ ᠳᠥᠷᠪᠡᠯᠵᠢᠨ᠂ ᠲᠡᠭᠰᠢ ᠳᠥᠷᠪᠡᠯᠵᠢᠨ ᠪᠣᠯᠣᠨ ᠣᠷᠣᠨ ᠬᠡᠯᠪᠡᠷᠢ ᠲᠠᠢ ᠰᠣᠷᠢᠨᠵᠢᠨ ᠲᠡᠮᠦᠷ ᠲᠠᠯᠪᠢᠭᠠᠰᠤᠲᠠᠢ᠃ ᠲᠣᠰ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠹᠠᠨ ᠯᠢ ᠵᠥᠩ ᠲᠠᠨᠢᠯᠴᠠᠭᠤᠯᠬᠤ ᠳᠠᠭᠠᠨ ︽ᠡᠲᠡᠭᠡᠷ ᠦᠢᠯᠡᠳᠬᠦᠨ ᠨᠢ ᠡᠯᠧᠺᠲᠷᠣᠨ 3C ᠲᠥᠷᠥᠯ ᠤᠨ ᠦᠢᠯᠡᠳᠬᠦᠨ ᠳᠤ ᠥᠷᠭᠡᠨ ᠢᠶᠠᠷ ᠬᠡᠷᠡᠭᠯᠡᠭᠳᠡᠵᠦ ᠪᠠᠶᠢᠨ᠎ᠠ᠃ ᠵᠢᠱᠢᠶᠡᠯᠡᠪᠡᠯ᠂ ᠪᠢᠴᠢᠯ ᠺᠣᠮᠫᠢᠦ᠋ᠲ᠋ᠧᠷ ᠪᠣᠯᠣᠨ ᠭᠠᠷ ᠤᠲᠠᠰᠤᠨ ᠤ ᠬᠠᠮᠠᠭᠠᠯᠠᠯᠲᠠ ᠶᠢᠨ ᠳᠤᠭᠲᠤᠢ ᠳᠤ ᠬᠡᠷᠡᠭᠯᠡᠪᠡᠯ᠂ ᠲᠡᠭᠦᠨ ᠢ ᠲᠡᠯᠡᠬᠦ ᠦᠶ᠎ᠡ ᠳᠤ ᠪᠠᠭ᠎ᠠ ᠬᠡᠮᠵᠢᠶᠡᠨ ᠤ ᠰᠣᠷᠣᠬᠤ ᠬᠦᠴᠦᠨ ᠲᠠᠢ ᠪᠣᠯᠭᠠᠨ᠎ᠠ᠃ ᠡᠶᠢᠮᠦᠷᠬᠦᠦ ᠰᠣᠷᠣᠬᠤ ᠬᠦᠴᠦᠨ ᠢ ᠡᠭᠦᠰᠬᠡᠬᠦ ᠶᠢᠨ ᠵᠠᠩᠭᠢᠯᠠᠭ᠎ᠠ ᠨᠢ ᠲᠡᠭᠦᠨ ᠤ ᠲᠥᠬᠦᠭᠡᠷᠦᠮᠵᠢ ᠶᠢᠨ ᠳᠣᠲᠣᠭᠠᠳᠤ ᠳᠤ ᠰᠣᠷᠢᠨᠵᠢᠨ ᠲᠡᠮᠦᠷ ᠲᠠᠢ ᠪᠠᠶᠢᠳᠠᠭ ᠲᠤ ᠣᠷᠣᠰᠢᠨ᠎ᠠ᠂ ᠤᠴᠢᠷ ᠨᠢ ᠰᠣᠷᠢᠨᠵᠢᠨ ᠲᠡᠮᠦᠷ ᠤᠨ ᠳᠣᠲᠣᠷ᠎ᠠ ᠬᠤᠪᠣᠷ ᠰᠢᠷᠣᠢ ᠠᠭᠤᠯᠤᠭᠳᠠᠵᠤ᠂ ᠳᠠᠷᠤᠵᠤ ᠤᠷᠲᠤᠳᠬᠠᠨ ᠪᠣᠯᠪᠠᠰᠤᠷᠠᠭᠤᠯᠤᠭᠰᠠᠨ ᠤ ᠲᠡᠷᠠᠭ᠎ᠠ ᠠᠳᠠᠯᠢ  ᠲᠦᠷᠦᠯ ᠤᠨ ᠰᠣᠷᠢᠨᠵᠢᠨ ᠲᠡᠮᠦᠷ ᠤᠨ ᠰᠣᠷᠢᠨᠵᠢᠨ ᠬᠦᠴᠦᠨ ᠠᠴᠠ ᠨᠡᠩ ᠴᠢᠩᠭ᠎ᠠ ᠪᠠᠶᠢᠵᠤ᠂ ᠳᠡᠭᠡᠳᠦ ᠲᠡᠰ ᠤᠨ ᠲᠡᠮᠳᠡᠭᠯᠡᠯ ᠤᠨ ᠳᠡᠪᠲᠡᠷ ᠤᠨ ᠦᠢᠯᠡᠳᠪᠦᠷᠢ ᠶᠢᠨ ᠬᠠᠮᠤᠭ ᠲᠡᠷᠢᠭᠦᠨ ᠳᠤ ᠰᠣᠩᠭᠤᠬᠤ ᠰᠣᠷᠢᠨᠵᠢᠨ ᠲᠡᠮᠦᠷ ᠤᠨ ᠦᠢᠯᠡᠳᠬᠦᠨ ᠪᠣᠯᠤᠭᠰᠠᠨ ᠪᠠᠶᠢᠨ᠎ᠠ︾ ᠭᠡᠪᠠ᠃    ᠢᠨᠰᠲ᠋ᠥᠷ ᠤᠨ ᠰᠢᠩᠭᠡᠨ ᠰᠣᠷᠢᠨᠵᠢᠨ ᠦᠢᠯᠡᠳᠪᠦᠷᠢᠯᠡᠯ ᠤᠨ ᠲᠠᠰᠤᠭ ᠲᠤ ᠣᠷᠣᠬᠤ ᠳᠤ᠂ ᠹᠠᠨ ᠯᠢ ᠵᠦᠩ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠣᠷᠢᠶᠠᠮᠠᠭ ᠢ ᠰᠢᠭᠢᠳᠬᠡᠭᠰᠡᠨ ᠬᠥᠬᠡ ᠥᠩᠭᠡ ᠲᠠᠢ ᠨᠢᠮᠭᠡᠨ ᠰᠦᠯᠢᠶᠥᠦ ᠢᠯᠲᠠᠰᠤ ᠶᠢ ᠳᠡᠯᠭᠡᠨ ᠦᠵᠡᠭᠦᠯᠵᠦ᠂ ᠬᠤᠶᠠᠷ ᠭᠠᠷ ᠤᠲᠠᠰᠤᠨ ᠤ ᠠᠷᠤ ᠲᠠᠯ᠎ᠠ ᠳᠤ ᠪᠦᠷ ᠡᠶᠢᠮᠦᠷᠬᠦᠦ ᠨᠢᠮᠭᠡᠨ ᠰᠦᠯᠢᠶᠥᠦ ᠢᠯᠲᠠᠰᠤ ᠤᠭᠰᠠᠷᠠᠵᠤ᠂ ᠴᠠᠬᠢᠯᠭᠠᠨ ᠬᠡᠯᠬᠢᠶ᠎ᠡ ᠶᠢ ᠨᠡᠪᠲᠡᠷᠡᠭᠦᠯᠦᠭᠰᠡᠨ ᠤ ᠳᠠᠷᠠᠭ᠎ᠠ᠂ ᠴᠠᠬᠢᠯᠭᠠᠨ ᠭᠦᠶᠦᠳᠡᠯ ᠤᠨ ᠰᠣᠷᠢᠨᠵᠢᠨ ᠦᠢᠯᠡᠴᠢᠯᠡᠭᠡ ᠪᠣᠯᠣᠨ ᠴᠠᠬᠢᠯᠭᠠᠨ ᠰᠣᠷᠢᠨᠵᠢᠨ ᠨᠥᠯᠥᠭᠡᠯᠡᠯ ᠤᠨ ᠤᠭ ᠶᠣᠰᠣ ᠪᠠᠷ ᠳᠠᠮᠵᠢᠵᠤ᠂ ᠬᠤᠶᠠᠷ ᠭᠠᠷ ᠤᠲᠠᠰᠤ ᠨᠢ ᠤᠲᠠᠰᠤ ᠦᠭᠡᠢ ᠴᠠᠬᠢᠯᠭᠠᠨ ᠴᠡᠨᠡᠭᠯᠡᠬᠦ ᠶᠢ ᠪᠡᠶᠡᠯᠡᠭᠦᠯᠵᠦ ᠳᠡᠶᠢᠯᠳᠡᠭ᠃     ︽ᠬᠤᠸᠠ ᠸᠧᠢ ᠶᠢᠨ ᠭᠠᠷ ᠤᠲᠠᠰᠤᠨ ᠤ ᠤᠲᠠᠰᠤ ᠦᠭᠡᠢ ᠪᠠᠷ ᠴᠠᠬᠢᠯᠭᠠᠨ ᠴᠡᠨᠡᠭᠯᠡᠬᠦ ᠴᠢᠳᠠᠪᠤᠷᠢ ᠨᠢ ᠶᠠᠭ ᠴᠠᠬᠢᠯᠭᠠᠨ ᠭᠦᠶᠦᠳᠡᠯ ᠤᠨ ᠰᠣᠷᠢᠨᠵᠢᠨ ᠦᠢᠯᠡᠴᠢᠯᠡᠭᠡ ᠪᠣᠯᠣᠨ ᠴᠠᠬᠢᠯᠭᠠᠨ ᠰᠣᠷᠢᠨᠵᠢᠨ ᠨᠥᠯᠥᠭᠡᠯᠡᠯ ᠤᠨ ᠵᠢᠷᠤᠮᠯᠠᠯ ᠢ ᠬᠡᠷᠡᠭᠯᠡᠵᠦ ᠪᠠᠶᠢᠨ᠎ᠠ︾ ᠭᠡᠵᠦ ᠹᠠᠨ ᠯᠢ ᠵᠦᠩ ᠬᠡᠯᠡᠪᠡ᠃     ᠵᠥᠪᠬᠡᠨ ᠳᠥᠭᠦᠮᠬᠡᠨ ᠬᠤᠪᠣᠷ ᠰᠢᠷᠣᠢ ᠶᠢᠨ ᠪᠦᠲᠦᠭᠡᠭᠳᠡᠬᠦᠨ ᠢ ᠨᠠᠶᠢᠳᠠᠨ ᠡᠳ᠋ᠰᠢᠭᠦᠯᠵᠦ ᠪᠣᠯᠬᠤ ᠦᠢᠯᠡᠳᠪᠦᠷᠢ ᠠᠴᠠ ᠡᠳᠦᠭᠡ ᠡᠷᠬᠡ ᠣᠯᠭᠤᠭᠰᠠᠨ 22 ᠵᠦᠢᠯ ᠤᠨ ᠲᠤᠰᠬᠠᠢ ᠠᠰᠢᠭ ᠤᠨ ᠡᠷᠬᠡ ᠶᠢ ᠣᠯᠵᠤ᠂ ᠤᠯᠤᠰ ᠤᠨ ᠲᠡᠰ ᠤᠨ ︽ᠲᠤᠰᠬᠠᠢ ᠨᠠᠷᠢᠯᠢᠭ ᠣᠨᠴᠠ ᠰᠢᠨ᠎ᠡ︾ ᠲᠣᠮᠣ ᠬᠥᠮᠥᠨ ᠤ ᠠᠵᠤ ᠠᠬᠤᠶᠢᠯᠠᠯ ᠢᠶᠠᠷ ᠦᠨᠡᠯᠡᠭᠳᠡᠬᠦ ᠪᠣᠯᠲᠠᠯ᠎ᠠ᠂ ᠶᠢᠩ ᠰᠧ ᠣᠨᠴᠠ ᠬᠤᠪᠣᠷ ᠰᠣᠷᠢᠨᠵᠢᠨ ᠪᠣᠯ ᠪᠤᠭᠤᠲᠤ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠨᠢᠰᠬᠦ ᠮᠡᠲᠦ ᠲᠦᠷᠭᠡᠨ ᠬᠥᠭᠵᠢᠯᠲᠡ ᠶᠢᠨ ᠬᠤᠷᠢᠶᠠᠩᠭᠤᠢ ᠳᠦᠷᠰᠦ ᠪᠣᠯᠣᠨ᠎ᠠ᠃ ᠣᠳᠣᠬᠠᠨ ᠳᠤ᠂ ᠲᠤᠰ ᠺᠣᠮᠫᠠᠨᠢ ᠭᠤᠣᠯᠳᠠᠭᠤ ᠬᠤᠪᠣᠷ ᠰᠢᠷᠣᠢ ᠪᠠᠷ ᠲᠦᠭᠦᠬᠡᠢ ᠮᠠᠲ᠋ᠧᠷᠢᠶᠠᠯ ᠪᠣᠯᠭᠠᠨ ᠲᠣᠭᠲᠠᠮᠠᠯ ᠰᠣᠷᠢᠨᠵᠢᠨ ᠮᠠᠲ᠋ᠧᠷᠢᠶᠠᠯ ᠦᠢᠯᠡᠳᠴᠦ᠂ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠨᠢ ᠺᠣᠮᠫᠢᠦ᠋ᠲ᠋ᠧᠷ᠂ ᠴᠢᠮᠡᠭᠡ ᠬᠤᠯᠪᠣᠭ᠎ᠠ᠂ ᠬᠡᠷᠡᠭᠯᠡᠭᠡᠨ ᠤ ᠲᠦᠷᠦᠯ ᠤᠨ ᠡᠯᠧᠺᠲᠷᠣᠨ ᠦᠢᠯᠡᠳᠬᠦᠨ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠬᠦᠷᠢᠶ᠎ᠡ ᠬᠡᠪᠴᠢᠶ᠎ᠡ ᠶᠢ ᠬᠠᠮᠤᠷᠴᠤ ᠪᠤᠢ᠃     ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠲᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠰᠬᠠᠢ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠰᠢᠨ᠎ᠡ ᠶᠢ ᠡᠭᠦᠳᠬᠦ ᠲᠠᠪᠴᠠᠩ ᠢ ᠭᠦᠢᠴᠡᠳ ᠠᠰᠢᠭᠯᠠᠨ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠥᠷᠨᠢᠭᠦᠯᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ᠂ ᠳᠣᠲᠣᠷ ᠰᠠᠯᠠᠭᠠᠨ ᠤ ᠶᠡᠭᠡ ᠰᠤᠷᠭᠠᠭᠤᠯᠢ ᠵᠡᠷᠭᠡ ᠬᠦᠷᠢᠶᠡᠯᠡᠩ ᠭᠠᠵᠠᠷ ᠯᠤᠭ᠎ᠠ ᠶᠢᠨ ᠪᠠᠶᠢᠩᠭᠤ ᠶᠢᠨ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ᠂ ᠤᠯᠤᠰ ᠤᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠲᠦᠷᠭᠡᠳᠬᠡᠨ ᠪᠠᠶᠢᠭᠤᠯᠵᠤ᠂ ᠠᠵᠢᠯ ᠮᠡᠷᠭᠡᠵᠢᠯ ᠤᠨ ᠪᠠ ᠡᠩ ᠤᠨ ᠬᠢ ᠶᠢ ᠠᠭᠤᠰᠤᠯᠴᠠᠭᠤᠯᠬᠤ᠂ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠶᠢ ᠠᠬᠢᠭᠤᠯᠤᠨ᠂ ᠴᠢᠳᠠᠪᠤᠷᠢᠲᠠᠨ ᠤ ᠪᠡᠶ᠎ᠡ ᠪᠠᠨ ᠳᠠᠭᠠᠭᠠᠵᠤ ᠬᠥᠮᠥᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠵᠦ᠂ ᠬᠤᠪᠣᠷ ᠰᠢᠷᠣᠢ ᠶᠢᠨ ᠠᠵᠤ ᠦᠢᠯᠡᠰ ᠤᠨ ᠪᠥᠬᠦ ᠬᠦᠴᠦᠨ ᠵᠦᠢᠯ᠂ ᠪᠥᠬᠦ ᠬᠡᠯᠬᠢᠶᠡᠵᠢᠭᠰᠡᠨ ᠰᠢᠨ᠎ᠡ ᠶᠢ ᠡᠭᠦᠳᠬᠦ ᠠᠮᠢ ᠠᠬᠤᠢ ᠶᠢ ᠲᠦᠷᠭᠡᠳᠬᠡᠨ ᠪᠠᠶᠢᠭᠤᠯᠤᠨ᠎ᠠ᠃     ᠡᠨᠡ ᠵᠢᠯ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠴᠢᠩᠭ᠎ᠠ ᠪᠠᠶᠢᠵᠤ᠂ 10 ᠰᠠᠷ᠎ᠠ ᠶᠢᠨ ᠰᠡᠭᠦᠯᠴᠢ ᠪᠣᠯᠲᠠᠯ᠎ᠠ᠂ ᠬᠡᠪᠴᠢᠶᠡᠵᠢᠯ ᠠᠴᠠ ᠳᠡᠭᠡᠭᠰᠢᠬᠢ 39 ᠬᠤᠪᠣᠷ ᠰᠢᠷᠣᠢ ᠶᠢᠨ ᠠᠵᠤ ᠠᠬᠤᠶᠢᠯᠠᠯ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ ᠨᠡᠶᠢᠲᠡ 380.38 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 130% ᠨᠡᠮᠡᠭᠳᠡᠪᠡ  ᠃ ᠪᠠᠶᠢᠭᠤᠯᠵᠤ ᠪᠠᠶᠢᠭ᠎ᠠ ᠬᠤᠪᠣᠷ ᠰᠢᠷᠣᠢ ᠶᠢᠨ ᠲᠥᠷᠥᠯ ᠵᠦᠢᠯ 48 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 122 ᠳ᠋ᠦᠩᠰᠢᠭᠤᠷ ᠲᠥᠭᠦᠷᠢᠭ ᠲᠤ ᠬᠦᠷᠴᠦ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠲᠤᠭ᠎ᠠ ᠬᠡᠮᠵᠢᠶ᠎ᠡ᠂ ᠶᠡᠷᠦᠩᠬᠡᠢ ᠪᠡᠯᠡ ᠣᠷᠣᠭᠤᠯᠤᠯᠲᠠ ᠶᠢᠨ ᠲᠤᠭ᠎ᠠ ᠬᠡᠮᠵᠢᠶ᠎ᠡ ᠨᠢ ᠴᠥᠮ ᠲᠡᠦᠬᠡ ᠶᠢᠨ ᠬᠠᠮᠤᠭ ᠥᠨᠳᠥᠷ ᠲᠡᠮᠳᠡᠭᠯᠡᠯ ᠢ ᠡᠭᠦᠳᠪᠡ᠃     ︽ᠮᠠᠨ ᠤ ᠣᠷᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂  ︿ᠲᠦᠷᠦᠯ ᠵᠦᠢᠯ + ᠰᠢᠨᠵᠢᠯᠡᠬᠦ ᠤᠬᠠᠭᠠᠨ ᠮᠡᠷᠭᠡᠵᠢᠯ﹀﹀﹀ ᠤᠨ ᠬᠤᠣᠰ ᠬᠥᠳᠡᠯᠭᠡᠭᠦᠷ ᠢ ᠭᠦᠢᠴᠡᠳ ᠰᠠᠶᠢᠲᠤᠷ ᠬᠡᠷᠡᠭᠯᠡᠵᠦ᠂ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠪᠣᠯᠣᠨ ᠦᠢᠯᠡᠳᠬᠦᠨ ᠤ ᠨᠡᠮᠡᠯᠲᠡ ᠦᠷᠳᠡᠭ ᠢ ᠦᠷᠭᠦᠯᠵᠢᠯᠡᠨ ᠳᠡᠭᠡᠭᠰᠢᠯᠡᠭᠦᠯᠵᠦ᠂ ᠪᠦᠬᠦ ᠤᠯᠤᠰ ᠴᠢᠨᠠᠭᠰᠢᠯᠠᠪᠠᠯ ᠳᠡᠯᠡᠬᠡᠢ ᠶᠢᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠪᠣᠯᠣᠨ ᠦᠵᠦᠭᠦᠷ ᠤᠨ ᠬᠡᠷᠡᠭᠯᠡᠭᠡᠨ ᠤ ᠠᠵᠤ ᠦᠢᠯᠡᠰ ᠤᠨ ᠰᠠᠭᠤᠷᠢᠨ ᠢ ᠲᠦᠷᠭᠡᠨ ᠴᠣᠭᠴᠠᠯᠠᠨ᠎ᠠ︾ ᠭᠡᠵᠦ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠭᠡᠰᠢᠭᠦᠨ ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠠᠩ ᠴᠢᠶᠠᠩ ᠶᠠᠷᠢᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号