ᠣᠶᠢᠷ᠎ᠠ ᠶᠢᠨ ᠡᠳᠦᠷ ᠤᠳ ᠲᠤ᠂ ᠬᠠᠷᠢᠶ᠎ᠠ ᠣᠷᠣᠨ ᠤ ᠵᠡᠭᠡᠯᠢ ᠳᠠᠭᠠᠤ ᠳᠡᠯᠭᠡᠭᠦᠷ ᠣᠯᠠᠨ᠂ ᠬᠥᠮᠦᠨ ᠬᠠᠷ᠎ᠠ | ᠣᠯᠠᠨ ᠪᠠᠶᠢᠬᠤ ᠪᠣᠳᠠᠲᠤ ᠪᠠᠶᠢᠳᠠᠯ ᠳᠤ ᠴᠢᠭᠯᠡᠭᠦᠯᠦᠨ᠂ ᠮᠢᠨ ᠰᠢᠨ ᠵᠠᠮ ᠵᠡᠭᠡᠯᠢ ᠭᠤᠳᠤᠮᠵᠢ ᠶᠢᠨ ᠬᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠥᠨᠳᠥᠷ ᠪᠠᠷᠢᠮᠵᠢᠶ᠎ᠠ ᠪᠠᠷ ᠦᠷᠭᠦᠯᠵᠢᠯᠡᠨ ᠰᠠᠶᠢᠲᠤᠷ | ᠨᠠᠶᠢᠳᠠᠪᠤᠷᠢᠵᠢᠭᠤᠯᠵᠤ᠂ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭ᠎ᠠ ᠨᠢᠮᠪᠠᠶ ᠰᠠᠶᠢᠲᠤᠷ ᠬᠢᠨ | ᠬᠢᠵᠢᠭ ᠢ ᠰᠡᠷᠭᠡᠶᠢᠯᠡᠬᠦ ᠬᠠᠯᠬᠠᠪᠴᠢ ᠶᠢ ᠪᠥᠬᠦ ᠲᠠᠯ᠎ᠠ ᠪᠠᠷ ᠪᠠᠬᠢᠵᠢᠭᠦᠯᠪᠡ᠃ | ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ᠂ ᠰᠡᠷᠭᠡᠶᠢᠯᠡᠯᠲᠡ ᠶᠢᠨ ᠱᠤᠭᠤᠮ ᠢ ᠪᠠᠲᠤ | ᠴᠣᠭᠴᠠᠯᠠᠨ᠎ᠠ᠃ ︽ᠨᠢᠭᠡ ᠡᠳᠦᠷ ᠲᠤ ᠨᠢᠭᠡ ᠤᠳᠠᠭ᠎ᠠ ᠵᠣᠬᠢᠴᠠᠭᠤᠯᠬᠤ︾ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠵᠡᠭᠡᠯᠢ ᠭᠤᠳᠤᠮᠵᠢ ᠶᠢᠨ ᠭᠤᠤᠯ ᠤᠳᠤᠷᠢᠳᠤᠯᠭ᠎ᠠ ᠥᠷᠯᠥᠭᠡ | ᠪᠦᠷᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠢ ᠬᠤᠷᠠᠯᠳᠤᠭᠤᠯᠵᠤ᠂ ᠡᠯ᠎ᠡ ᠵᠦᠢᠯ ᠤᠨ | ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠳ᠋ᠦᠩᠨᠡᠨ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠤᠰᠬᠠᠶ | ᠰᠡᠳᠦᠪ ᠢᠶᠠᠷ ᠪᠠᠶᠢᠷᠢᠯᠠᠭᠤᠯᠪᠠ᠃ ᠲᠣᠤᠷᠵᠢᠭᠤᠯᠤᠭᠰᠠᠨ ᠬᠠᠮᠢᠶᠠᠷᠤᠯᠲᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠷ᠎ᠠ ᠠᠴᠠ ᠴᠤᠭᠯᠠᠷᠠᠬᠤ ᠶᠢ | ᠰᠡᠷᠭᠡᠶᠢᠯᠡᠬᠦ︾ ᠠᠵᠢᠯ ᠢ ᠰᠠᠶᠢᠲᠤᠷ ᠬᠢᠨ᠎ᠠ᠃ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠶᠢᠨ ᠠᠵᠢᠯ ᠤᠨ ᠵᠥᠪᠯᠡᠯ | ᠲᠣᠭᠤᠷᠢᠨ ᠬᠢᠨᠠᠨ ᠵᠢᠯᠣᠭᠤᠳᠴᠤ᠂ ᠪᠠᠶᠢᠴᠠᠭᠠᠬᠤ ᠵᠠᠷᠯᠠᠯ ᠢ ᠨᠠᠶᠢᠷᠠᠭᠤᠯᠤᠨ ᠨᠡᠶᠢᠳᠡᠯᠡᠨ᠂ ᠠᠵᠢᠯ ᠤᠨ ᠰᠠᠬᠢᠯᠭ᠎ᠠ | ᠪᠠᠲᠤ ᠶᠢ ᠴᠢᠩᠳᠠᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ᠱᠠᠭᠠᠷᠳᠠᠯᠭ᠎ᠠ ᠪᠠᠨ ᠳᠡᠭᠡᠭᠰᠢᠯᠡᠭᠦᠯᠵᠦ᠂ ᠴᠢᠩᠭ᠎ᠠ ᠬᠠᠮᠢᠶᠠᠷᠤᠨ ᠡᠵᠡᠮᠳᠡᠨ᠎ᠡ᠃ ᠰᠠᠭᠤᠭᠠᠯᠢ ᠠᠷᠠᠳ ᠤᠨ | ᠲᠣᠭᠤᠷᠢᠭ᠂ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ ᠵᠡᠷᠭᠡ ᠲᠠᠯᠠᠪᠤᠷ ᠤᠨ ᠣᠷᠣᠵᠤ ᠭᠠᠷᠬᠤ | ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ 24 ᠴᠠᠭ ᠤᠨ ᠵᠢᠵᠢᠭᠦᠷᠯᠡᠨ ᠰᠠᠬᠢᠬᠤ ᠺᠠᠷᠲ ᠳᠣᠭᠢᠷᠠᠭᠤᠯᠤᠨ᠂ | ︽ᠬᠤᠤᠰ ᠺᠣᠳ᠋︾ ᠢ ᠪᠠᠶᠢᠴᠠᠭᠠᠨ ᠰᠢᠯᠭᠠᠬᠤ᠂ ᠳᠤᠯᠠᠭᠠᠨ ᠢ ᠬᠡᠮᠵᠢᠬᠦ᠂ ᠳᠡᠩᠰᠡᠯᠡᠨ ᠲᠡᠮᠳᠡᠭᠯᠡᠬᠦ᠂ ᠠᠷᠢᠭᠤᠳᠬᠠᠬᠤ | ᠵᠡᠷᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠲᠠᠨ ᠤ ᠨᠡᠭᠦᠳᠡᠯ ᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ | ᠪᠦᠬᠦ ᠠᠷᠠᠳ ᠢᠶᠠᠨ ᠳᠠᠶᠢᠴᠢᠯᠠᠵᠤ᠂ ᠪᠦᠬᠦ ᠬᠥᠮᠦᠰ ᠤᠨ ᠪᠥᠭᠡᠮ ᠬᠦᠴᠢᠯ ᠢ ᠪᠠᠶᠢᠴᠠᠭᠠᠨ ᠰᠢᠯᠭᠠᠨ᠎ᠠ᠃ 2 | ᠰᠠᠷ᠎ᠠ ᠶᠢᠨ 22 ᠤᠨ ᠡᠳᠦᠷ ᠠᠴᠠ ᠡᠬᠢᠯᠡᠨ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ | ᠠᠵᠢᠯ ᠢ ᠡᠬᠢᠯᠡᠭᠦᠯᠵᠦ᠂ ᠣᠳᠣᠬᠠᠨ ᠳᠤ 3 ᠡᠭᠡᠵᠢᠯᠡᠭᠦᠯᠦᠨ᠂ ᠪᠠᠶᠢᠴᠠᠭᠠᠨ ᠰᠢᠯᠭᠠᠬᠤ ᠶᠠᠪᠤᠴᠠ ᠳᠤ 26 ᠪᠥᠭᠡᠮ | ᠬᠦᠴᠢᠯ ᠤᠨ ᠪᠠᠶᠢᠴᠠᠭᠠᠨ ᠰᠢᠯᠭᠠᠬᠤ ᠥᠯᠢᠭᠡᠷ ᠠᠪᠬᠤ ᠴᠡᠭ ᠢ ᠪᠦᠭᠦᠨ ᠢ ᠠᠵᠢᠯᠯᠠᠭᠤᠯᠵᠤ᠂ ᠥᠷᠯᠥᠭᠡ ᠶᠢᠨ 6᠄ | 00 ᠴᠠᠭ ᠠᠴᠠ ᠡᠬᠢᠯᠡᠨ ᠪᠠᠶᠢᠴᠠᠭᠠᠨ ᠰᠢᠯᠭᠠᠨ᠂ ᠬᠠᠷᠢᠶᠠᠲᠤ ᠣᠷᠣᠨ ᠤ 3.4 ᠲᠦᠮᠡᠨ ᠰᠠᠭᠤᠭᠠᠯᠢ ᠠᠷᠠᠳ᠂ | ᠬᠤᠳᠠᠯᠳᠤᠭᠠᠴᠢᠨ ᠤ ᠪᠥᠭᠡᠮ ᠬᠦᠴᠢᠯ ᠤᠨ ᠥᠯᠢᠭᠡᠷ ᠠᠪᠬᠤ ᠠᠵᠢᠯ ᠢ ᠨᠢᠭᠡ ᠡᠳᠦᠷ ᠴᠦ ᠪᠣᠯᠤᠭ᠎ᠠ ᠥᠬᠡᠶ ᠪᠠᠷ | ᠪᠡᠶᠡᠯᠡᠭᠦᠯᠵᠦ᠂ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠳᠤ | ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | ᠬᠢᠵᠢᠭ ᠢ ᠰᠡᠷᠭᠡᠶᠢᠯᠡᠭᠦ ᠤᠬᠠᠭᠤᠯᠭ᠎ᠠ ᠦᠷᠨᠢᠴᠨ ᠶᠡᠭᠡ ᠲᠠᠢ ᠶᠠᠪᠣᠭᠳᠠᠪᠠ᠃ ᠮᠠᠨ ᠤ ᠵᠡᠭᠡᠯᠢ ᠳᠡᠭᠡᠷ᠎ᠡ 100 | ᠭᠠᠷᠤᠶ ᠬᠥᠨᠳᠡᠯᠡᠨ ᠪᠢᠴᠢᠭᠡᠰᠦ ᠲᠠᠢ᠃ ᠣᠯᠠᠨ ᠨᠡᠶᠢᠲᠡ ᠶᠢᠨ ᠲᠠᠯᠠᠪᠤᠷ ᠤᠨ 6 LED ᠲᠣᠮᠣ ᠳᠡᠯᠭᠡᠴᠡᠨ ᠳᠤ | ᠬᠢᠵᠢᠭ ᠤᠨ ᠪᠠᠶᠢᠳᠠᠯ ᠤᠨ ᠮᠡᠳᠡᠭᠡ ᠵᠠᠩᠭᠢ᠂ ᠰᠡᠷᠭᠡᠶᠢᠯᠡᠨ ᠡᠵᠡᠮᠳᠡᠬᠦ ᠮᠡᠳᠡᠯᠭᠡ᠂ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ | ᠵᠡᠷᠭᠡ ᠠᠭᠤᠯᠭ᠎ᠠ ᠶᠢ ᠪᠦᠭᠦᠯᠢ ᠡᠳᠦᠷ ᠢᠶᠠᠷ ᠢᠶᠠᠨ ᠵᠠᠯᠭᠠᠭ᠎ᠠ ᠵᠠᠯᠭᠠᠭ᠎ᠠ ᠪᠠᠷ ᠨᠡᠪᠲᠡᠷᠡᠭᠦᠯᠦᠨ᠎ᠡ᠃ 18 ᠲᠣᠭᠲᠠᠮᠠᠯ | ᠪᠦᠷᠢᠶ᠎ᠡ᠂ 50 ᠭᠠᠷᠤᠶ ᠨᠡᠭᠦᠳᠡᠯ ᠵᠢᠵᠢᠭ ᠪᠦᠷᠢᠶ᠎ᠡ ᠨᠡᠶᠢᠭᠡᠮ ᠣᠷᠣᠨ ᠤ ᠲᠣᠭᠤᠷᠢᠨ ᠤᠬᠠᠭᠤᠯᠭ᠎ᠠ ᠶᠢ ᠬᠦᠢᠴᠡᠳ | ᠶᠠᠪᠣᠭᠳᠠᠭᠤᠯᠪᠠ᠃ ᠸᠢᠴᠠᠲ ᠤᠨ ᠨᠡᠶᠢᠲᠡ ᠶᠢᠨ ᠳ᠋ᠤᠭᠠᠷ᠂ ᠪᠢᠴᠢᠯ ᠸᠢᠳᠢᠤ᠋ ᠵᠡᠷᠭᠡ ᠲᠠᠪᠴᠠᠩ ᠢᠶᠠᠷ ᠳᠠᠮᠵᠢᠭᠤᠯᠤᠨ | ᠬᠠᠮᠤᠭ ᠤᠨ ᠰᠢᠨ᠎ᠡ ᠬᠢᠵᠢᠭ ᠤᠨ ᠪᠠᠶᠢᠳᠠᠯ ᠢ ᠴᠠᠭ ᠲᠤᠬᠠᠶ ᠳᠤᠨᠢ ᠨᠡᠶᠢᠲᠡᠯᠡᠵᠦ᠂ 250 ᠭᠠᠷᠤᠶ ᠵᠤᠷᠪᠤᠰ ᠰᠡᠷᠭᠡᠶᠢᠯᠡᠨ | ᠡᠵᠡᠮᠳᠡᠬᠦ ᠮᠡᠳᠡᠯᠭᠡ ᠶᠢ ᠴᠠᠭ ᠲᠤᠬᠠᠶ ᠳᠤᠨᠢ ᠨᠡᠶᠢᠲᠡᠯᠡᠨ ᠨᠠᠮ ᠤᠨ ᠪᠠᠶᠢᠭᠤᠯᠤᠯᠲᠠ ᠶᠢᠨ ᠬᠤᠯᠪᠣᠭ᠎ᠠ᠂ ᠰᠠᠭᠤᠭᠠᠯᠢ | ᠠᠷᠠᠳ ᠤᠨ ᠰᠦᠯᠵᠢᠶᠡᠨ ᠤ ᠸᠢᠴᠠᠲ ᠤᠨ ᠪᠦᠯᠦᠭᠯᠡᠯ ᠢ ᠳᠠᠶᠢᠴᠢᠯᠠᠨ ᠱᠠᠲᠤ ᠱᠠᠲᠤ ᠪᠠᠷ ᠳᠠᠮᠵᠢᠭᠤᠯᠤᠨ ᠲᠠᠷᠬᠠᠭᠠᠵᠤ᠂ | ᠬᠢᠵᠢᠭ ᠢ ᠰᠡᠷᠭᠡᠶᠢᠯᠡᠬᠦ ᠦᠳᠭᠡᠨ ᠠᠭᠤᠷ ᠠᠮᠢᠰᠬᠤᠯ ᠢ ᠪᠣᠶ ᠪᠣᠯᠭᠠᠪᠠ᠃ | ᠰᠠᠶᠢᠨ ᠳᠤᠷ᠎ᠠ ᠶᠢᠨ ᠦᠢᠯᠡᠴᠢᠯᠡᠭᠡ ᠳᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ᠎ᠠ᠃ ᠥᠷᠭᠡᠨ ᠤᠯᠠᠨ | ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ ᠴᠢᠳᠠᠯ ᠢᠶᠠᠨ | ᠡᠷᠭᠦᠵᠦ᠂ 100 ᠭᠠᠷᠤᠢ ᠰᠠᠶᠢᠨ ᠳᠤᠷ᠎ᠠ ᠶᠢᠨ ᠠᠵᠢᠯᠯᠠᠭᠴᠢ ᠬᠤᠷᠢᠭ᠎ᠠ ᠴᠡᠭ ᠲᠤ ᠵᠢᠵᠢᠭᠦᠷᠯᠡᠬᠦ᠂ ᠪᠥᠭᠡᠮ ᠬᠦᠴᠢᠯ ᠢ | ᠪᠠᠶᠢᠴᠠᠭᠠᠨ ᠬᠡᠮᠵᠢᠬᠦ᠂ ᠤᠬᠠᠭᠤᠯᠤᠨ ᠵᠢᠯᠣᠭᠤᠳᠬᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ | ᠦᠢᠯᠡᠴᠢᠯᠡᠭᠡᠨ ᠤ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠪᠠ᠃ |