ᠡᠳᠦᠷ ᠤᠨ ᠶᠠᠪᠣᠳᠠᠯ ᠦᠷᠯᠦᠭᠡ ᠳᠤ᠂ ᠵᠢᠯ ᠤᠨ ᠦᠢᠯᠨ ᠬᠠᠪᠤᠷ ᠲᠤ ᠪᠠᠨ᠃ ᠣᠳᠣᠬᠠᠨ ᠤ ᠪᠤᠭᠤᠲᠤ | ᠬᠡᠳᠦ᠋ᠢᠪᠡᠷ ᠰᠢᠨ᠎ᠡ ᠲᠢᠲᠢᠮ ᠤᠨ ᠬᠢᠵᠢᠭ ᠤᠨ ᠪᠠᠶᠢᠳᠠᠯ ᠳᠤ ᠳᠠᠭᠠᠷᠢᠭᠳᠠᠵᠤ ᠪᠠᠶᠢᠭ᠎ᠠ ᠪᠣᠯᠪᠠᠴᠤ ᠳᠡᠭᠡᠳᠦ ᠰᠢᠨ᠎ᠡ | ᠮᠡᠷᠭᠡᠵᠢᠯ ᠤᠨ ᠣᠷᠣᠨ ᠤ ︽ᠡᠭᠦᠳᠡ ᠪᠠᠨ ᠰᠠᠶᠢᠳᠣᠷ ᠨᠡᠭᠡᠭᠡᠬᠦ︾ ᠰᠢᠪᠲᠤᠯᠤᠯᠲᠠ ᠶᠢᠨ ᠡᠷᠴᠢᠮ ᠨᠢ ᠬᠠᠷᠢᠨ | ᠥᠩᠭᠡᠷᠡᠭᠰᠡᠨ ᠤ ᠬᠢ ᠠᠴᠠ ᠪᠠᠨ ᠨᠠᠩ ᠬᠦᠴᠦᠲᠡᠶ ᠪᠣᠯᠵᠠᠶ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ | ᠨᠢᠭᠡᠳᠦᠯᠲᠡᠶ ᠲᠥᠯᠥᠪᠯᠡᠬᠦ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠳᠡᠭᠡᠳᠦ ᠰᠢᠨ᠎ᠡ ᠮᠡᠷᠭᠡᠵᠢᠯ ᠤᠨ ᠣᠷᠣᠨ | ᠤ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ | ᠵᠢᠴᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠪᠥᠬᠦ ᠬᠦᠴᠦᠨ ᠢᠶᠠᠷ ᠢᠶᠠᠨ ᠪᠠᠲᠤᠯᠠᠨ ᠦᠢᠯᠡᠴᠢᠯᠡᠪᠡ᠃ | ᠣᠳᠣᠬᠠᠨ ᠳᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠭᠤᠣᠯᠳᠠᠯᠭ᠎ᠠ ᠲᠠᠢ ᠮᠥᠷᠳᠡᠯᠲᠡ ᠶᠢᠨ 34 | ᠲᠦᠷᠦᠯ ᠵᠦᠢᠯ ᠢ ᠥᠨᠳᠥᠷ ᠪᠦᠲᠦᠮᠵᠢᠲᠡᠢ ᠥᠷᠨᠢᠭᠦᠯᠬᠦ ᠶᠢ ᠢᠳᠡᠪᠬᠢᠲᠡᠢ ᠠᠬᠢᠭᠤᠯᠵᠤ ᠪᠠᠶᠢᠨ᠎ᠠ᠃ | ︽ᠰᠦᠯᠵᠢᠶᠡᠨ︾ ᠵᠦᠪᠳᠡᠯᠴᠡᠭᠡ ᠨᠢ ᠲᠦᠷᠦᠯ ᠵᠦᠢᠯ ᠤᠨ ᠨᠠᠶᠢᠷᠠᠪᠦᠷᠢᠵᠢᠭᠤᠯᠣᠯᠳᠠ ᠶᠢ ᠠᠬᠢᠭᠤᠯᠵᠣ ᠪᠣᠢ | 2 ᠰᠠᠷ᠎ᠠ ᠶᠢᠨ 22 ᠤᠨ ᠡᠳᠦᠷ᠂ ᠬᠤᠳᠠ ᠶᠢᠨ ᠵᠠᠰᠠᠭ ᠤᠨ ᠣᠷᠳᠣᠨ ᠱᠤᠸᠠᠩ ᠯᠢᠶᠠᠩ ᠡᠨᠧᠷᠭᠢ ᠠᠷᠪᠢᠯᠠᠬᠤ | ᠰᠢᠰᠲ᠋ᠧᠮ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠲᠦᠷᠦᠯ ᠵᠦᠢᠯ ᠤᠨ ᠭᠡᠷ᠎ᠡ ᠲᠣᠭᠲᠠᠬᠤ | ᠶᠣᠰᠣᠯᠠᠯ ᠶᠠᠪᠤᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 62 ᠳ᠋ᠦᠩᠰᠢᠭᠤᠷ ᠲᠥᠭᠦᠷᠢᠭ ᠤᠨ ᠱᠤᠸᠠᠩ ᠯᠢᠶᠠᠩ | ᠴᠠᠬᠢᠭᠤᠷ ᠤᠨ ᠮᠠᠲᠸᠡᠷᠢᠶᠠᠯ ᠤᠨ ᠬᠤᠶᠠᠳᠤᠭᠠᠷ ᠬᠤᠭᠤᠴᠠᠭᠠᠨ ᠤ 20GW ᠲᠠᠩ ᠲᠠᠯᠠᠰᠲᠤ ᠴᠠᠬᠢᠭᠤᠷ ᠤᠨ | ᠲᠦᠷᠦᠯ ᠵᠦᠢᠯ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠵᠢᠩᠬᠢᠨᠢ ᠪᠠᠷ ᠨᠤᠲᠤᠭᠰᠢᠪᠠ᠃ ᠲᠤᠰ ᠲᠦᠷᠦᠯ | ᠵᠦᠢᠯ ᠨᠢ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠤᠯᠤᠰ ᠤᠨ ᠳᠣᠲᠣᠭᠠᠳᠤ ᠶᠢᠨ ᠲᠡᠷᠢᠭᠦᠨ ᠤ ᠬᠤᠷᠠᠮᠠᠯ | ᠴᠠᠬᠢᠯᠭᠠᠨ ᠬᠡᠯᠬᠢᠶ᠎ᠡ ᠶᠢᠨ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠪᠣᠯᠬᠤ ᠶᠢ ᠪᠦᠲᠦᠮᠵᠢᠲᠡᠢ ᠠᠬᠢᠭᠤᠯᠵᠤ᠂ | ᠭᠡᠷᠡᠯ ᠴᠡᠨᠡᠭ ᠢ ᠨᠢᠭᠡ ᠴᠤᠬᠴᠠᠵᠢᠭᠤᠯᠤᠬᠰᠠᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠪᠦᠬᠦ ᠵᠢᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠳᠤ ᠰᠠᠶᠢᠨ ᠰᠠᠶᠢᠬᠠᠨ | ᠡᠬᠢᠯᠡᠯᠲᠡ ᠶᠢ ᠠᠪᠴᠢᠷᠠᠵᠠᠢ᠃ | ᠱᠤᠸᠠᠩ ᠯᠢᠶᠠᠩ ᠴᠠᠬᠢᠭᠤᠷ ᠤᠨ ᠮᠠᠲ᠋ᠧᠷᠢᠶᠠᠯ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠬᠤᠭᠤᠴᠠᠭ᠎ᠠ ᠨᠢ ᠬᠤᠶᠠᠷ ᠵᠢᠯ ᠪᠣᠯᠤᠨ᠎ᠠ᠂ ᠲᠥᠷᠥᠯ ᠵᠦᠢᠯ ᠢ ᠪᠠᠶᠢᠭᠤᠯᠤᠭᠰᠠᠨ ᠤ | ᠳᠠᠷᠠᠭ᠎ᠠ ᠵᠢᠱᠢᠯᠲᠡ ᠪᠠᠷ ᠵᠢᠯ ᠤᠨ ᠦᠢᠯᠥᠡᠭᠦᠨ ᠤ ᠥᠷᠲᠡᠭ ᠨᠢ 126 ᠳ᠋ᠦᠩᠰᠢᠭᠤᠷ ᠲᠥᠭᠦᠷᠢᠭ ᠲᠤ ᠬᠦᠷᠴᠦ᠂ | 3200 ᠭᠠᠷᠤᠶ ᠬᠥᠮᠦᠨ ᠤ ᠠᠵᠢᠯ ᠣᠯᠭᠤᠯᠲᠠ ᠶᠢ ᠰᠢᠢᠳᠪᠦᠷᠢᠯᠡᠨ᠎ᠡ᠃ ᠣᠳᠣᠬᠠᠨ ᠳᠤ᠂ ᠲᠣᠰ ᠲᠥᠷᠥᠯ ᠵᠦᠢᠯ | ᠨᠢ ᠶᠠᠭ ᠪᠠᠷᠢᠯᠭ᠎ᠠ ᠡᠬᠢᠯᠡᠬᠦ ᠠᠴᠠ ᠡᠮᠦᠨᠡᠬᠢ ᠬᠠᠮᠤᠭ ᠡᠴᠦᠰ ᠤᠨ ᠪᠡᠯᠡᠳᠬᠡᠯ ᠠᠵᠢᠯ ᠢ ᠬᠢᠵᠦ ᠪᠣᠶ᠃ | ᠴᠠᠭ ᠲᠤᠬᠠᠶ ᠳᠤᠨᠢ ᠲᠤᠰᠠᠯᠠᠵᠤ ᠠᠵᠤ ᠠᠬᠤᠶᠢᠯᠠᠯ ᠤᠨ ᠦᠢᠯᠡᠳᠪᠦᠷᠢᠯᠡᠯ ᠢ ᠪᠠᠳᠣᠯᠠᠵᠣ ᠪᠣᠢ | 2 ᠰᠠᠷ᠎ᠠ ᠶᠢᠨ 25 ᠤ ᠡᠳᠦᠷ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ | ᠬᠡᠷᠡᠭᠯᠡᠭᠡᠨ ᠤ ᠠᠵᠤ ᠦᠢᠯᠡᠰ ᠤᠨ ᠬᠦᠷᠢᠶᠡᠯᠡᠩ ᠤᠨ 120 ᠭᠠᠷᠤᠢ ᠮᠦ ᠭᠠᠵᠠᠷ ᠡᠵᠡᠯᠡᠵᠦ ᠪᠠᠶᠢᠭ᠎ᠠ ᠪᠤᠭᠤᠲᠤ ᠶᠢᠨ | ᠵᠢᠨᠱᠠᠨ ᠰᠣᠷᠢᠨᠵᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ ᠨᠢᠭᠡ ᠪᠦᠯᠦᠭ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠮᠠᠰᠢᠨ ᠤ ᠠᠵᠤ ᠠᠬᠤᠶᠢᠯᠠᠯ ᠢ ᠦᠢᠯᠡᠳᠪᠦᠷᠢᠯᠡᠬᠦ ᠪᠠᠷ | ᠪᠡᠯᠡᠳᠬᠡᠵᠦ ᠪᠠᠶᠢᠭ᠎ᠠ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠴᠣᠭᠴᠠ ᠶᠢ ᠶᠠᠭ ᠱᠠᠯᠠᠪᠳᠠᠨ ᠦᠢᠯᠡᠳᠪᠦᠷᠢᠯᠡᠵᠦ | ᠪᠠᠶᠢᠯ᠎ᠠ᠃ | ᠵᠢᠨᠱᠠᠨ ᠤ ᠰᠣᠷᠢᠨᠵᠢᠨ ᠮᠠᠲ᠋ᠧᠷᠢᠶᠠᠯ ᠤᠨ ᠨᠧᠦᠳᠢᠮ ᠲᠡᠮᠦᠷ ᠪᠤᠷ ᠤᠨ ᠵᠢᠯ ᠤᠨ ᠭᠠᠷᠤᠯᠲᠠ ᠨᠢᠭᠡᠨᠲᠡ 3500 | ᠲᠣᠨ ᠳᠤ ᠬᠦᠷᠴᠦ᠂ ᠦᠢᠯᠡᠳᠬᠦᠨ ᠤ 40% ᠨᠢ ᠢᠲ᠋ᠠᠯᠢ᠂ ᠭᠧᠷᠮᠠᠨ ᠵᠡᠷᠭᠡ ᠤᠯᠤᠰ ᠲᠤ ᠪᠣᠷᠣᠯᠠᠭᠤᠯᠵᠣ ᠪᠠᠶᠢᠨ᠎ᠠ᠃ | ︽ᠬᠢᠵᠢᠭ ᠤᠨ ᠪᠠᠶᠢᠳᠠᠯ ᠳᠤ ᠣᠳᠣᠬᠠᠨ ᠳᠤ ᠠᠵᠤ ᠠᠬᠤᠶᠢᠯᠠᠯ ᠤᠳ ᠬᠡᠪ ᠤᠨ ᠶᠣᠰᠣᠭᠠᠷ ᠲᠣᠭᠲᠠᠭᠤᠨ ᠢᠶᠠᠷ | ᠠᠵᠢᠯᠯᠠᠵᠤ ᠪᠠᠶᠢᠭ᠎ᠠ ᠨᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠶᠢᠯᠠᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠠᠯ᠎ᠠ ᠪᠠᠷ ᠬᠢ ᠬᠦᠴᠦᠲᠡᠶ ᠵᠢᠯᠣᠭᠤᠳᠣᠯᠭ᠎ᠠ ᠶᠢᠨ | ᠠᠴᠢ ᠪᠠᠷ ᠪᠣᠯᠵᠠᠶ︾ ᠭᠡᠵᠦ ᠠᠵᠤ ᠠᠬᠤᠶᠢᠯᠠᠯ ᠤᠨ ᠳᠡᠳ᠋ ᠶᠡᠷᠦᠩᠬᠡᠢ ᠳᠠᠭᠠᠭᠠᠮᠠᠯ ᠸᠠᠩ ᠢᠦᠢ ᠬᠡᠯᠡᠪᠡ᠃ | 2 ᠳ᠋ᠤᠭᠠᠷ ᠰᠠᠷ᠎ᠠ ᠶᠢᠨ 23 ᠤ ᠡᠳᠦᠷ᠂ ᠪᠤᠭᠤᠲᠤ ᠶᠢᠨ ᠶᠠ ᠰᠢᠨ ᠮᠧᠶ ᠰᠣᠷᠢᠨᠵᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠶᠤᠸᠠᠢ ᠸᠧᠨ ᠯᠢ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠨᠡᠭᠦᠳᠡᠯ ᠪᠥᠭᠡᠮ | ᠬᠦᠴᠢᠯ ᠤᠨ ᠪᠠᠶᠢᠴᠠᠭᠠᠯᠲᠠ ᠶᠢᠨ ᠲᠡᠷᠭᠡ ᠪᠠᠷ ᠳᠠᠮᠵᠢᠭᠤᠯᠤᠨ ᠠᠵᠢᠯᠲᠠᠳ ᠲᠤ ᠨᠢᠭᠡᠳᠦᠯᠲᠡᠶ ᠥᠯᠢᠭᠡᠷ ᠠᠪᠴᠤ | ᠥᠭᠬᠦ ᠪᠠᠷ ᠭᠤᠶᠤᠴᠢᠯᠠᠵᠠᠶ᠃ ᠡᠭᠦᠨ ᠤ ᠵᠡᠷᠭᠡ ᠳᠤ ᠲᠡᠷᠡ ᠪᠠᠰᠠ ᠠᠵᠢᠯᠲᠠᠳ ᠢ ᠳᠠᠶᠢᠴᠢᠯᠠᠨ ᠨᠡᠶᠢᠭᠡᠮ | ᠲᠣᠭᠤᠷᠢᠭ ᠲᠤ ᠢᠳᠡᠪᠬᠢᠲᠡᠶ ᠪᠠᠷ ᠬᠠᠮᠵᠢᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢᠨ ᠬᠠᠮᠲᠤ ᠴᠢᠯᠥᠭᠡ | ᠭᠤᠶᠤᠬᠤ ᠶᠢ ᠴᠠᠭ ᠲᠤᠬᠠᠶ ᠳᠤᠨᠢ ᠵᠥᠪᠰᠢᠶᠡᠷᠡᠬᠦ᠂ ᠴᠠᠯᠢᠩ ᠢ ᠬᠠᠰᠤᠬᠤ ᠦᠭᠡᠶ᠂ ᠵᠠᠮ ᠬᠠᠷᠢᠯᠴᠠᠭᠠᠨ ᠤ ᠪᠠᠭᠠᠵᠢ | ᠬᠠᠩᠭᠠᠬᠤ ᠵᠡᠷᠭᠡ ᠠᠯᠢ ᠣᠯᠠᠨ ᠳᠡᠮᠵᠢᠬᠦ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠶᠢ ᠬᠡᠪ ᠢᠶᠠᠷ ᠪᠠᠶᠢᠯᠭᠠᠬᠤ ᠶᠢ ᠪᠠᠳᠣᠯᠠᠪᠠ᠃ | 2 ᠰᠠᠷ᠎ᠠ ᠶᠢᠨ 22 ᠤᠨ ᠡᠳᠦᠷ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠭᠤᠤᠯᠳᠠᠯᠭ᠎ᠠ ᠲᠠᠢ ᠣᠷᠣᠨ | ᠪᠦᠰᠡ ᠶᠢᠨ ᠳᠣᠲᠣᠷᠠᠬᠢ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ | ᠥᠷᠨᠢᠭᠦᠯᠦᠭᠰᠡᠨ ᠠᠴᠠ ᠨᠠᠰᠢ᠂ ᠨᠢᠭᠡᠨᠲᠡ 100 ᠭᠠᠷᠤᠶ ᠭᠤᠤᠯᠳᠠᠯᠭ᠎ᠠ ᠲᠠᠢ ᠠᠵᠤ ᠠᠬᠤᠶᠢᠯᠠᠯ ᠤᠨ 22000 | ᠰᠢᠬᠠᠮ ᠠᠵᠢᠯᠲᠠᠨ ᠳᠤ ᠪᠥᠭᠡᠮ ᠬᠦᠴᠢᠯ ᠤᠨ ᠲᠥᠪᠯᠡᠷᠡᠩᠭᠦᠶ ᠥᠯᠢᠭᠡᠷ ᠠᠪᠴᠤ ᠥᠭᠭᠦᠭᠰᠡᠨ ᠪᠠᠶᠢᠨ᠎ᠠ᠃ | ᠤᠨᠢᠨ ᠳᠡᠭᠡᠷ᠎ᠡ ᠨᠢ ᠠᠪᠴᠣ ᠠᠵᠤ ᠠᠬᠤᠶᠢᠯᠠᠯ ᠤᠨ ᠬᠥᠭᠵᠢᠯᠲᠡ ᠶᠢ ᠪᠠᠳᠣᠯᠠᠵᠣ ᠪᠣᠢ | ᠤᠢᠢᠷ᠎ᠠ ᠶᠢᠨ ᠡᠳᠦᠷ ᠤᠳ ᠲᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠰᠢᠨᠵᠢᠯᠡᠬᠦ ᠤᠬᠠᠭᠠᠨᠴᠢ ᠪᠠᠷ | ᠰᠤᠳᠤᠯᠤᠨ ᠮᠠᠭᠠᠳᠯᠠᠵᠤ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠡᠯ᠎ᠡ ᠠᠵᠤ | ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠤᠷᠢᠲᠠᠯ ᠳᠣᠣᠷ᠎ᠠ | ᠦᠢᠯᠡᠳᠪᠦᠷᠢᠯᠡᠯ ᠡᠵᠡᠩᠨᠡᠯᠲᠡ ᠶᠢ ᠨᠥᠯᠥᠭᠡᠯᠡᠬᠦ ᠦᠭᠡᠢ ᠪᠠᠶᠢᠬᠤ ᠶᠢ ᠦᠨᠡᠨᠬᠦ ᠪᠠᠲᠤᠯᠠᠪᠠ᠃ | ᠣᠷᠣᠨ ᠤ ᠱᠠᠲᠤᠨ ᠤ ᠤᠳᠤᠷᠢᠳᠤᠯᠭ᠎ᠠ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠠᠵᠤ | ᠠᠬᠤᠶᠢᠯᠠᠯ ᠲᠠᠢ ᠬᠠᠷᠢᠯᠴᠠᠵᠤ ᠦᠢᠯᠡᠴᠢᠯᠡᠭᠦ ᠲᠦᠷᠢᠮ ᠢ ᠪᠠᠶᠢᠭᠤᠯᠵᠤ᠂ ᠠᠵᠤ ᠠᠬᠤᠶᠢᠯᠠᠯ ᠤᠨ ᠲᠦᠭᠦᠬᠡᠶ | ᠮᠠᠲ᠋ᠧᠷᠢᠶᠠᠯ ᠤᠨ ᠲᠡᠭᠡᠭᠡᠪᠦᠷᠢ᠂ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠪᠠᠯᠠ ᠮᠥᠩᠭᠦ᠂ ᠠᠵᠢᠯᠴᠢᠨ ᠬᠡᠷᠡᠭᠯᠡᠬᠦ | ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠰᠠᠶᠢᠲᠤᠷ ᠬᠢᠵᠠᠢ᠃ ᠴᠢᠬᠤᠯᠠ ᠶᠡᠭᠡ ᠲᠥᠷᠥᠯ ᠵᠦᠢᠯ ᠤᠨ ᠡᠯ᠎ᠡ ᠵᠦᠢᠯ | ᠤᠨ ᠡᠮᠦᠨᠡᠬᠢ ᠬᠤᠭᠤᠴᠠᠭᠠᠨ ᠤ ᠭᠠᠷᠳᠠᠮ ᠢ ᠬᠦᠢᠴᠡᠳᠭᠡᠭᠦ ᠠᠬᠢᠴᠠ ᠶᠢ ᠴᠢᠩᠭ᠎ᠠ ᠠᠩᠬᠠᠷᠴᠤ᠂ ᠨᠢᠭᠤᠷ ᠵᠣᠯᠭᠠᠬᠤ | ᠥᠬᠡᠶ ᠪᠠᠷ ᠬᠢᠨᠠᠨ ᠵᠥᠪᠰᠢᠶᠡᠷᠡᠬᠦ ᠵᠡᠷᠭᠡ ᠲᠣᠭᠲᠠᠴᠠ ᠪᠠᠷ ᠳᠠᠮᠵᠢᠭᠤᠯᠤᠨ᠂ ᠥᠨᠳᠥᠷ ᠦᠷ᠎ᠡ ᠪᠦᠲᠦᠮᠵᠢᠲᠡᠶ᠂ | ᠲᠦᠷᠭᠡᠨ ᠦᠢᠯᠡᠴᠢᠯᠡᠭᠡ ᠶᠢ ᠬᠠᠩᠭᠠᠪᠠ᠃ ︽ᠨᠢᠭᠡ ᠠᠵᠤ ᠠᠬᠤᠶᠢᠯᠠᠯ ᠨᠢᠭᠡ ᠪᠤᠳᠤᠯᠭ᠎ᠠ︾ ︽ᠨᠢᠭᠡ ᠠᠵᠢᠯ | ᠲᠦᠷᠦᠯ ᠳᠤ ᠨᠢᠭᠡ ᠪᠤᠳᠤᠯᠭ᠎ᠠ︾ ᠶᠢᠨ ᠲᠥᠰᠦᠯ ᠢ ᠲᠣᠭᠲᠠᠭᠠᠵᠤ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ | ᠡᠵᠡᠩᠨᠡᠯᠲᠡ ᠶᠢ ᠪᠦᠬᠦ ᠬᠦᠴᠦᠨ ᠢᠶᠠᠷ ᠢᠶᠠᠨ ᠪᠠᠳᠣᠯᠠᠪᠠ᠃ ᠠᠵᠤ ᠠᠬᠤᠶ ᠶᠢᠨ ᠠᠵᠢᠯᠯᠠᠭᠠᠨ ᠤ ᠲᠤᠬᠠᠶ ᠵᠠᠳᠠᠯᠤᠯᠲᠠ ᠶᠢ | ᠴᠢᠩᠭᠠᠳᠬᠠᠵᠤ᠂ ᠡᠯ᠎ᠡ ᠠᠵᠢᠯ ᠲᠦᠷᠦᠯ ᠤᠨ ᠨᠡᠮᠡᠭᠳᠡᠯ ᠤᠨ ᠴᠡᠭ᠂ ᠲᠤᠯᠭᠠᠭᠤᠷᠢᠯᠠᠬᠤ ᠴᠡᠭ ᠢ ᠭᠦᠨᠵᠡᠭᠡᠶ ᠰᠣᠳᠣᠯᠣᠨ | ᠂ ᠪᠦᠬᠦ ᠵᠢᠯ ᠤᠨ ᠠᠵᠤ ᠠᠬᠤᠶ ᠶᠢᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠳᠣᠯᠠᠵᠣ | ᠪᠠᠶᠢᠨ᠎ᠠ᠃ |