ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠤᠨ ᠬᠤᠷᠢᠶ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠶᠡᠭᠡ | ᠲᠠᠯ᠎ᠠ ᠲᠠᠢ ᠨᠢᠭᠲᠠ ᠤᠶᠠᠯᠳᠤᠭᠤᠯᠤᠨ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ | ᠦᠢᠯᠡᠳᠦᠯᠭᠡ ᠶᠢᠨ ᠠᠵᠢᠯᠯᠠᠭ᠎ᠠ ᠪᠣᠯᠤᠨ ᠨᠡᠭᠡᠭᠡᠯᠳᠡ ᠶᠢᠨ ᠣᠷᠣᠨ ᠤ ᠬᠦᠷᠢᠶᠡᠨ ᠤ ᠢᠯᠵᠢᠷᠡᠯ ᠤᠨ ᠠᠰᠠᠭᠤᠳᠠᠯ ᠳᠤ | ᠬᠢᠨᠠᠯᠲᠠ ᠲᠠᠯᠪᠢᠵᠤ ᠴᠡᠭᠴᠡᠯᠡᠨ ᠵᠠᠰᠠᠬᠤ ᠲᠠᠢ ᠨᠢᠭᠲᠠ ᠤᠶᠠᠯᠳᠤᠭᠤᠯᠵᠤ᠂ ᠣᠷᠣᠨ ᠪᠦᠰᠡ ᠶᠢᠨ ᠳᠣᠲᠣᠷ᠎ᠠ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠰᠬᠠᠢ ᠬᠢᠨᠠᠯᠲᠠ | ᠲᠠᠯᠪᠢᠯᠲᠠ ᠶᠢ ᠭᠦᠨᠵᠡᠭᠡᠢ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ | ᠠᠵᠢᠯ ᠢ ᠪᠦᠲᠦᠮᠵᠢᠲᠡᠢ ᠥᠷᠨᠢᠭᠦᠯᠬᠦ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠭᠠᠩᠬᠭᠠᠵᠣ ᠪᠠᠶᠢᠨ᠎ᠠ᠃ | ᠲᠤᠰᠢᠶᠠᠯ ᠬᠠᠷᠢᠭᠤᠴᠠᠯᠭ᠎ᠠ ᠪᠠᠨ ᠮᠦᠷᠦᠯᠳᠦᠨ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠵᠣ | ᠪᠠᠶᠢᠨ᠎ᠠ | ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠤ ᠶᠠᠪᠤᠳᠠᠯ ᠤᠨ ᠲᠣᠪᠴᠢᠶ᠎ᠠ ᠵᠡᠷᠭᠡ ᠭᠤᠤᠯ | ᠬᠠᠷᠢᠭᠤᠴᠠᠯᠭᠠᠲᠤ ᠰᠠᠯᠠᠭ᠎ᠠ ᠮᠥᠴᠢᠷ ᠯᠦᠭᠡ ᠬᠠᠮᠵᠢᠯᠴᠠᠬᠤ ᠲᠣᠭᠲᠠᠴᠠ ᠶᠢ ᠴᠠᠭ ᠲᠤᠬᠠᠶ ᠳᠤᠨᠢ ᠪᠠᠶᠢᠭᠤᠯᠵᠤ᠂ | ᠬᠢᠨᠠᠯᠲᠠ ᠲᠠᠯᠪᠢᠬᠤ ᠬᠠᠷᠢᠭᠤᠴᠠᠯᠭᠠᠲᠤ ᠨᠢᠭᠡᠴᠡ ᠨᠢ ᠢᠵᠢ ᠪᠦᠷᠢᠳᠦᠯᠳᠡ ᠶᠢᠨ ᠲᠥᠰᠦᠯ ᠢ ᠲᠣᠭᠲᠠᠭᠠᠨ᠂ 4 | ᠲᠠᠯ᠎ᠠ ᠶᠢᠨ 14 ᠵᠦᠢᠯ ᠤᠨ ᠬᠢᠨᠠᠯᠲᠠ ᠲᠠᠯᠪᠢᠬᠤ ᠡᠭᠦᠷᠭᠡ ᠶᠢᠨ ᠨᠠᠷᠢᠨ ᠬᠠᠭᠤᠳᠠᠰᠤ ᠶᠢ ᠪᠠᠶᠢᠭᠤᠯᠵᠤ᠂ ᠡᠯ᠎ᠡ | ᠬᠠᠷᠢᠭᠤᠴᠠᠯᠭᠠᠲᠤ ᠰᠠᠯᠠᠭ᠎ᠠ ᠮᠥᠴᠢᠷ ᠤᠨ ᠠᠵᠢᠯ ᠬᠤᠪᠢᠶᠠᠷᠢᠯᠠᠨ ᠬᠠᠷᠢᠭᠤᠴᠠᠬᠤ᠂ ᠨᠢᠭᠡᠳᠦᠯᠲᠡᠶ ᠲᠥᠯᠥᠪᠯᠡᠨ | ᠨᠠᠶᠢᠳᠠᠪᠤᠷᠢᠵᠢᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠲᠦᠷᠢᠮ ᠢ ᠲᠣᠳᠣᠷᠬᠠᠶᠢᠯᠠᠵᠤ᠂ | ᠬᠠᠷᠢᠭᠤᠴᠠᠯᠭ᠎ᠠ ᠲᠣᠳᠣᠷᠬᠠᠶ᠂ ᠠᠬᠢᠴᠠ ᠲᠣᠳᠣᠷᠬᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ | ᠲᠣᠭᠲᠠᠭᠠᠵᠤ᠂ ᠡᠭᠦᠷᠭᠡᠯᠡᠵᠦ ᠪᠠᠶᠢᠭ᠎ᠠ 1 ᠲᠠᠯ᠎ᠠ ᠶᠢᠨ 3 ᠠᠰᠠᠭᠤᠳᠠᠯ ᠳᠤ 7 ᠵᠦᠢᠯ ᠤᠨ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠲᠣᠭᠲᠠᠭᠠᠵᠤ᠂ ᠬᠠᠷᠢᠭᠤᠴᠠᠯᠭ᠎ᠠ ᠪᠠ ᠪᠡᠶᠡᠯᠡᠭᠦᠯᠬᠦ | ᠴᠠᠭ ᠤᠨ ᠬᠢᠵᠠᠭᠠᠷ ᠢ ᠲᠣᠳᠣᠷᠬᠠᠶᠢᠯᠠᠨ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠵᠤ᠂ ᠠᠷᠭ᠎ᠠ | ᠬᠡᠮᠵᠢᠶ᠎ᠡ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠦᠷᠢᠵᠢᠭᠤᠯᠣᠯᠳᠠ ᠶᠢ ᠦᠨᠡᠨ ᠬᠦ | ᠪᠠᠲᠤᠯᠠᠪᠠ᠃ ︽ᠡᠷᠬᠢᠨ ᠬᠠᠷᠠᠬᠤ︾ ᠶᠢ ᠬᠢᠨᠠᠨ ᠵᠢᠯᠣᠭᠤᠳᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠵᠦ᠂ ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠴᠢᠩᠭ᠎ᠠ ᠰᠠᠬᠢᠯᠭ᠎ᠠ | ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ | ᠭᠤᠣᠯᠳᠠᠯᠭ᠎ᠠ ᠲᠠᠢ ᠬᠢᠨᠠᠯᠲᠠ ᠲᠠᠯᠪᠢᠬᠤ ᠶᠢ ᠠᠩᠬᠠᠷᠴᠤ᠂ ᠪᠣᠷᠪᠢᠳᠠᠨ ᠲᠠᠭᠠᠯᠳᠠ ᠪᠠᠷ ᠦᠷ᠎ᠡ ᠪᠦᠲᠦᠮᠵᠢ ᠶᠢ ᠨᠢ | ᠯᠠᠪᠯᠠᠨ᠎ᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠯᠤᠰ | ᠲᠦᠷᠦ ᠶᠢᠨ ᠬᠢᠨᠠᠯᠲᠠ ᠶᠢᠨ ᠡᠬᠡ ᠳᠠᠩᠰᠠᠨ ᠳᠤ ᠣᠷᠣᠭᠤᠯᠵᠤ᠂ ᠴᠠᠭ ᠲᠤᠬᠠᠢ ᠳᠤᠨᠢ ᠬᠢᠨᠠᠯᠲᠠ ᠲᠠᠯᠪᠢᠵᠤ᠂ ᠣᠷᠣᠨ ᠢ | ᠬᠥᠭᠵᠢᠭᠦᠯᠦᠨ ᠮᠠᠨᠳᠤᠭᠤᠯᠬᠤ ᠠᠯᠪᠠᠨ ᠭᠡᠷ ᠢ ᠱᠠᠯᠠᠪᠳᠠᠭᠤᠯᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠲᠠᠪᠤᠨ | ᠱᠠᠲᠤᠨ ᠤ ᠱᠦᠵᠢ︾ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠠᠷᠭ᠎ᠠ ᠶᠢ ᠰᠤᠳᠤᠯᠤᠨ ᠲᠣᠭᠲᠠᠭᠠᠯᠭᠠᠵᠤ᠂ | ᠪᠠᠶᠢᠴᠠᠭᠠᠨ ᠰᠤᠳᠤᠯᠬᠤ᠂ ᠬᠤᠷᠠᠯ ᠢ ᠵᠣᠬᠢᠶᠠᠨ ᠪᠠᠶᠢᠭᠤᠯᠬᠤ᠂ ᠠᠰᠠᠭᠤᠳᠠᠯ ᠢ ᠰᠢᠢᠳᠪᠦᠷᠢᠯᠡᠬᠦ ᠵᠡᠷᠭᠡ ᠶᠢ | ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠮᠥᠷᠳᠡᠨ ᠳᠠᠭᠠᠵᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ | 2021 ᠣᠨ ᠳᠤ ᠣᠶᠢᠲᠤ ᠭᠠᠵᠠᠷ ᠨᠤᠲᠤᠭ ᠪᠡᠯᠴᠢᠭᠡᠷ ᠢ ᠡᠪᠳᠡᠬᠦ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠤᠨ | ᠡᠭᠦᠷᠭᠡ ᠶᠢ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠳᠤ ᠬᠤᠯᠪᠣᠭᠳᠠᠭᠰᠠᠨ 17 ᠵᠢᠷᠤᠭ ᠨᠢ ᠨᠢᠭᠡᠨᠲᠡ | ᠥᠪᠡᠷᠲᠡᠭᠡᠨ ᠵᠠᠰᠠᠬᠤ ᠣᠷᠣᠨ ᠤ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠭᠠᠯᠳᠠ ᠳᠤ ᠬᠢᠷᠢ ᠲᠡᠩᠴᠡᠪᠡ᠃ | ᠡᠭᠦᠨ ᠤ ᠬᠠᠮᠲᠤ᠂ ᠣᠷᠣᠨ ᠤ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠤ ᠬᠠᠮᠢᠶᠠᠷᠤᠯᠲᠠ ᠶᠢᠨ | ᠲᠣᠪᠴᠢᠶ᠎ᠠ ᠶᠢ ᠰᠢᠪᠠᠳᠠᠨ ᠲᠣᠤᠷᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠣᠶᠢᠲᠤ | ᠭᠠᠵᠠᠷ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠦᠨ᠂ ᠲᠣᠭᠠᠴᠢᠯᠠᠭᠰᠠᠨ ᠬᠠᠮᠢᠶᠠᠷᠤᠨ ᠡᠵᠡᠮᠳᠡᠬᠦ ᠲᠠᠪᠴᠠᠩ ᠢ | ᠲᠡᠭᠦᠯᠳᠡᠷᠵᠢᠭᠦᠯᠵᠦ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠠᠯᠳᠠᠭᠳᠠᠯ ᠢ ᠤᠯᠠᠮ | ᠨᠢᠭᠡ ᠠᠯᠬᠤᠮ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ | ᠲᠤᠰᠬᠠᠶ ᠵᠠᠰᠠᠯᠲᠠ ᠳᠤ ᠲᠦᠰᠢᠭᠯᠡᠨ᠂ ᠰᠠᠬᠢᠯᠭ᠎ᠠ ᠪᠠᠲᠤ ᠶᠢ ᠬᠡᠷᠡᠭᠵᠢᠭᠦᠯᠵᠦ ᠬᠠᠷᠢᠭᠤᠴᠠᠯᠭ᠎ᠠ ᠨᠡᠬᠡᠮᠵᠢᠯᠡᠬᠦ ᠶᠢ | ᠴᠢᠩᠭᠠᠳᠬᠠᠨ᠎ᠠ | ᠦᠨᠳᠦᠰᠦᠨ ᠠᠴᠠ ᠨᠢ ᠵᠠᠰᠠᠬᠤ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠰᠠᠯᠠᠭ᠎ᠠ ᠮᠥᠴᠢᠷ ᠢ | ᠰᠢᠮᠳᠠᠭᠤᠯᠵᠤ ᠪᠠᠶᠢᠭᠠᠳ ᠪᠥᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠥᠷᠥᠯ ᠤᠨ | ᠲᠥᠷᠥᠯ ᠵᠦᠢᠯ ᠢ ᠡᠮᠬᠢᠯᠡᠨ ᠳᠢᠭᠯᠡᠵᠦ᠂ ᠲᠥᠷᠥᠯ ᠵᠦᠢᠯ ᠤᠨ ᠪᠠᠯᠠ ᠮᠥᠩᠭᠦ ᠶᠢ ᠰᠠᠯᠭᠠᠨ ᠥᠭᠴᠦ ᠬᠡᠷᠡᠭᠯᠡᠬᠦ | ᠬᠠᠮᠢᠶᠠᠷᠤᠯᠲᠠ ᠶᠢᠨ ᠶᠠᠪᠤᠴᠠ ᠳᠤ ᠤᠷᠢᠳᠠᠪᠠᠷ ᠬᠢᠨᠠᠯᠲᠠ ᠲᠠᠯᠪᠢᠬᠤ ᠶᠢ ᠬᠡᠷᠡᠭᠵᠢᠭᠦᠯᠦᠨ᠎ᠡ᠃ ᠣᠷᠣᠨ ᠤ ᠨᠠᠮ ᠤᠨ | ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ | ᠬᠠᠷᠢᠭᠤᠴᠠᠯᠭ᠎ᠠ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ | ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ᠂ ᠬᠠᠮᠢᠶ᠎ᠠ ᠪᠥᠬᠦᠶ ᠡᠭᠦᠷᠭᠡ ᠴᠢᠳᠠᠪᠤᠷᠢᠲᠤ | ᠰᠠᠯᠠᠭ᠎ᠠ ᠮᠥᠴᠢᠷ ᠤᠨ ᠠᠵᠢᠯ ᠤᠨ ᠡᠭᠦᠷᠭᠡ ᠪᠠᠨ ᠴᠠᠭ ᠲᠤᠬᠠᠶ ᠳᠤᠨᠢ ᠴᠢᠨᠠᠷ ᠢ ᠪᠠᠲᠤᠯᠠᠨ ᠪᠡᠶᠡᠯᠡᠭᠦᠯᠬᠦ ᠶᠢ | ᠰᠢᠮᠳᠠᠭᠤᠯᠤᠨ᠎ᠠ᠃ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ | ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ | ᠰᠢᠢᠳᠪᠦᠷᠢᠢᠯᠡᠵᠣ ᠂ ᠨᠡᠶᠢᠲᠡᠯᠢᠭ ᠠᠰᠠᠭᠤᠳᠠᠯ ᠢ ᠢᠯᠡ ᠪᠠᠷ ᠨᠡᠶᠢᠲᠡᠯᠡᠨ ᠢᠯᠡᠴᠢᠯᠡᠵᠦ᠂ ᠰᠡᠷᠡᠮᠵᠢᠯᠡᠭᠦᠯᠬᠦ | ᠬᠥᠮᠦᠵᠢᠯ ᠤᠨ ᠦᠷ᠎ᠡ ᠪᠦᠲᠦᠮᠵᠢ ᠶᠢ ᠴᠢᠩᠭᠠᠳᠬᠠᠨ᠎ᠠ᠃ ᠦᠨᠳᠦᠰᠦᠨ ᠱᠠᠲᠤᠨ ᠤ ︽ᠪᠢᠴᠢᠯ ᠢᠯᠵᠠᠷᠠᠯ︾ ᠢ | ᠶᠡᠭᠡ ᠪᠠᠷ ᠴᠡᠪᠡᠷᠯᠡᠨ ᠠᠷᠢᠯᠭᠠᠬᠤ ᠪᠠ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠠᠵᠢᠯ ᠢ | ᠨᠠᠷᠢᠨ ᠬᠢᠨᠠᠮᠠᠭᠠᠶ ᠥᠷᠨᠢᠭᠦᠯᠵᠦ᠂ ᠤᠳᠤ ᠪᠣᠯᠲᠠᠯ᠎ᠠ 5 ᠠᠰᠠᠭᠤᠳᠠᠯ ᠤᠨ ᠰᠦᠪᠡᠭᠴᠢ ᠶᠢ ᠨᠢᠭᠡᠨᠲᠡ ᠪᠥᠬᠦᠳᠡ ᠶᠢ | ᠰᠢᠢᠳᠪᠦᠷᠢᠯᠡᠨ ᠰᠢᠢᠳᠪᠦᠷᠢᠯᠡᠯᠳᠡ ᠶᠢᠨ ᠨᠤᠷᠮ᠎ᠠ ᠨᠢ 100% ᠳᠤ ᠬᠦᠷᠴᠦ᠂ 1 ᠬᠡᠷᠡᠭ ᠢ ᠬᠡᠷᠡᠭ ᠲᠤ ᠲᠠᠩᠰᠠᠯᠠᠵᠤ᠂ | 1 ᠬᠥᠮᠦᠨ ᠳᠤ ᠨᠠᠮ ᠤᠨ ᠰᠠᠬᠢᠯᠭ᠎ᠠ ᠪᠠᠲᠤ ᠶᠢᠨ ᠵᠠᠰᠠᠭ ᠤᠨ ᠶᠠᠪᠤᠳᠠᠯ ᠤᠨ ᠰᠢᠢᠳᠭᠡᠯ ᠦᠭᠭᠦᠨ᠂ 1 ᠬᠥᠮᠦᠨ ᠳᠤ | ᠵᠣᠬᠢᠶᠠᠨ ᠪᠠᠶᠢᠭᠤᠯᠤᠯᠲᠠ ᠶᠢᠨ ᠲᠠᠯ᠎ᠠ ᠠᠴᠠ ᠰᠢᠢᠳᠪᠦᠷᠢᠯᠡᠵᠣ᠂ 5 ᠬᠡᠷᠡᠭ ᠢ ᠬᠠᠷᠢᠭᠤ ᠲᠤᠰᠬᠠᠵᠤ᠂ ᠠᠷᠠᠳ ᠲᠦᠮᠡᠨ | ᠤ ᠬᠠᠨᠣᠮᠵᠢ 100% ᠳᠤ ᠬᠦᠷᠴᠡᠶ᠃ | ᠳᠠᠷᠠᠭᠠᠴᠢ ᠶᠢᠨ ᠠᠯᠬᠤᠮ ᠳᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠠᠬᠢᠯᠭ᠎ᠠ | ᠪᠠᠲᠤ ᠬᠢᠨᠠᠨ ᠪᠠᠶᠢᠴᠠᠭᠠᠬᠤ ᠠᠵᠢᠯ ᠤᠨ ᠬᠤᠷᠢᠶ᠎ᠠ ᠲᠤᠰ ᠤᠳᠠᠭ᠎ᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢᠶᠠᠷ | ᠠᠵᠠ ᠲᠣᠬᠢᠶᠠᠯ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠲᠤᠰᠬᠠᠢ ᠬᠢᠨᠠᠯᠲᠠ ᠲᠠᠯᠪᠢᠬᠤ ᠠᠵᠢᠯ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ ᠨᠠᠷᠢᠨ ᠬᠢᠨᠠᠮᠠᠭᠠᠢ ᠪᠠᠷ | ᠠᠯᠳᠠᠭᠳᠠᠯ ᠢ ᠪᠠᠶᠢᠴᠠᠭᠠᠨ ᠳᠤᠲᠠᠭᠤᠳᠠᠯ ᠢ ᠨᠥᠬᠦᠪᠥᠷᠢᠯᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠪᠣᠯᠤᠨ ᠲᠤᠰᠬᠠᠢ | ᠬᠢᠨᠠᠯᠲᠠ ᠲᠠᠯᠪᠢᠬᠤ ᠠᠵᠢᠯ ᠢ ᠨᠢᠭᠲᠠ ᠤᠶᠠᠯᠳᠤᠭᠤᠯᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ | ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠬᠠᠮᠤᠭ ᠤᠨ ᠶᠡᠭᠡ ᠪᠣᠯᠭᠠᠬᠤ ᠪᠠᠷ ᠮᠡᠷᠡᠶᠢᠵᠣ ᠪᠣᠢ᠃ |